ᠥᠬᠡᠯᠥᠨ ᠬᠡᠥᠬᠡᠥᠨ ᠤᠨ ᠴᠡᠴᠡᠷᠯᠢᠭ ᠲᠠᠭᠤᠣ ᠬᠥᠭᠵᠢᠮ ᠤᠨ ᠵᠢᠭᠠᠨ ᠰᠣᠷᠭᠠᠯᠳᠠ ᠶᠢᠨ ᠭᠥᠳᠡᠯᠪᠥᠷᠢ ᠠᠵᠢᠯᠯᠠᠭ᠎ᠠ ᠬᠢᠵᠠᠢ
ᠨᠡᠶᠢᠲᠡᠯᠡᠭᠰᠡᠨ ᠴᠠᠭ᠄
2016/10/21
   
    ᠰᠢᠯᠤᠭᠤᠨ ᠬᠥᠬᠡ ᠬᠤᠰᠢᠭᠤᠨ ᠤ ᠥᠬᠡᠯᠥᠨ ᠬᠡᠥᠬᠡᠥᠨ ᠤᠨ ᠴᠡᠴᠡᠷᠯᠢᠭ ᠨᠢ ᠰᠣᠷᠭᠠᠭᠤᠯᠢ ᠶᠢᠨ  ᠡᠮᠥᠨᠡᠬᠢ ᠨᠠᠰᠣᠨ ᠤ  ᠰᠣᠷᠭᠠᠨ ᠬᠥᠮᠥᠵᠢᠯ ᠤᠨ ᠡᠩᠨᠡᠬᠡᠨ ᠤ ᠬᠠᠷᠢᠯᠴᠠᠨ ᠰᠣᠷᠣᠯᠴᠠᠵᠤ᠂ ᠬᠠᠮᠳᠣᠪᠡᠷ ᠲᠠᠪᠰᠢᠬᠤ ᠣᠷᠢᠶᠠᠯᠭ᠎ᠠ ᠶᠢ ᠴᠣᠣᠷᠢᠶᠠᠳᠣᠨ ᠲᠠᠭᠠᠵᠤ᠂ ᠰᠢᠯᠢᠳᠡᠭ ᠴᠡᠴᠡᠷᠯᠢᠭ ᠢ ᠪᠥᠳᠥᠬᠡᠨ ᠪᠠᠶᠢᠭᠤᠯᠤᠨ᠂ ᠵᠢᠭᠠᠨ ᠰᠣᠷᠭᠠᠯᠳᠠ ᠶᠢᠨ ᠴᠢᠨᠠᠷ ᠴᠢᠨᠰᠠᠭ᠎ᠠ ᠪᠠᠨ ᠴᠢᠩᠭᠠᠣᠬᠠᠬᠤ ᠡᠭᠦᠳᠡᠨ ᠠᠴᠠ2016 ᠤᠨ ᠤ10 ᠰᠠᠷ᠎ᠠ ᠶᠢᠨ18᠎ ᠳᠤ ︿︿ᠲᠠᠭᠤᠣ ᠬᠥᠭᠵᠢᠮ ᠤᠨ ᠵᠢᠭᠠᠨ ᠰᠣᠷᠭᠠᠯᠳᠠ ᠎ ᠶᠢᠨ ᠴᠢᠨᠠᠷ ᠴᠢᠨᠰᠠᠭ᠎ᠠ ᠪᠠᠨ ᠣᠯᠠᠮ ᠨᠢᠬᠡ ᠠᠯᠬᠤᠮ ᠲᠡᠭᠡᠭᠰᠢᠯᠡᠭᠦᠯᠭᠦ ᠭᠥᠳᠡᠯᠪᠥᠷᠢ ᠠᠵᠢᠯᠯᠠᠭ᠎ᠠ﹀﹀ ᠥᠷᠨᠢᠬᠦᠯᠵᠠᠢ᠃
    ᠰᠢᠯᠤᠭᠤᠨ ᠬᠥᠬᠡ ᠬᠤᠰᠢᠭᠤᠨ ᠤ ᠥᠬᠡᠯᠥᠨ ᠬᠡᠥᠬᠡᠥᠨ ᠤᠨ ᠴᠡᠴᠡᠷᠯᠢᠭ ᠨᠢ ᠵᠠᠯᠠᠭᠤ ᠪᠠᠭᠰᠢ ᠨᠠᠷ ᠲᠤ ᠬᠠᠷᠢᠯᠴᠠᠨ ᠰᠣᠷᠣᠯᠴᠠᠵᠤ᠂ ᠰᠢᠯᠢᠳᠡᠭ ᠪᠠᠭᠰᠢ ᠨᠠᠷ ᠠᠴᠠ ᠰᠣᠷᠣᠯᠴᠠᠬᠤ ᠵᠠᠪᠰᠢᠶᠠᠨ ᠤᠯᠭᠤᠬᠤ ᠶᠢᠨ ᠲᠣᠰᠠᠳᠠ ᠰᠢᠯᠤᠭᠤᠨ ᠴᠠᠭᠠᠨ ᠬᠤᠰᠢᠭᠤᠨ ᠤ ᠬᠡᠥᠭᠡᠥᠨ ᠤᠨ ᠴᠡᠴᠡᠷᠯᠢᠭ ᠤᠨ ᠰᠣᠯᠣᠩᠭᠤᠸ᠎ᠡ᠂ ᠰᠡᠷᠭᠦᠯᠡᠩ ᠬᠤᠶᠠᠷ ᠪᠠᠭᠰᠢ ᠶᠢ ᠤᠷᠢᠨ ᠵᠠᠯᠠᠵᠤ ᠲᠠᠭᠤᠤ ᠬᠥᠭᠵᠢᠮ ᠤᠨ ᠨᠡᠭᠡᠭᠡᠯᠳᠡ ᠶᠢᠨ ᠬᠥᠳᠡᠯᠪᠥᠷᠢ ᠬᠢᠯᠬᠡᠭᠰᠡᠨ ᠪᠠᠶᠢᠨ᠎ᠠ᠃ ᠲᠤᠰ ᠣᠳᠠᠭᠠᠨ ᠤ ᠠᠵᠢᠯᠯᠠᠭᠠᠨ ᠳᠤ ᠬᠤᠰᠢᠭᠤ ᠵᠢᠭᠠᠬᠤ ᠶᠢ ᠰᠣᠳᠣᠯᠬᠤ ᠲᠠᠰᠤᠭ ᠤᠨ ᠡᠷᠬᠢᠯᠡᠭᠴᠢ ᠰᠠᠷᠠᠨᠴᠢᠮᠡᠭ᠂ ᠬᠤᠩ ᠮᠸᠢ ᠪᠠᠭᠰᠢ ᠪᠠ ᠥᠬᠡᠯᠥᠨ ᠬᠡᠥᠬᠡᠥᠨ ᠤᠨ ᠴᠡᠴᠡᠷᠯᠢᠭ ᠤᠨ ᠪᠥᠬᠦ ᠪᠠᠭᠰᠢ ᠨᠠᠷ ᠤᠷᠤᠯᠴᠠᠵᠤ ᠬᠢᠴᠢᠶᠡᠯ ᠢ ᠰᠤᠨᠤᠰᠴᠤ᠂ ᠲᠠᠷᠠᠭ᠎ᠠ ᠨᠢ ᠬᠠᠮᠳᠣᠪᠡᠷ ᠶᠠᠷᠢᠯᠴᠠᠭ᠎ᠠ  ᠬᠢᠵᠠᠢ᠃
    ᠨᠡᠭᠡᠭᠡᠯᠳᠡ ᠶᠢᠨ ᠬᠥᠳᠡᠯᠪᠥᠷᠢ ᠪᠠᠷ ᠲᠠᠮᠵᠢᠨ᠂ ᠬᠤᠶᠠᠷ ᠴᠡᠴᠡᠷᠯᠢᠭ  ᠎ ᠤᠨ ᠵᠢᠭᠠᠨ ᠰᠣᠷᠭᠠᠯᠳᠠ ᠶᠢᠨ ᠠᠷᠭ᠎ᠠ ᠮᠠᠶ᠋ᠢᠭ᠂ ᠪᠠᠭᠰᠢ ᠨᠠᠷ ᠤᠨ ᠲᠠᠭᠤᠣ ᠬᠥᠭᠵᠢᠮ ᠤᠨ ᠬᠢᠴᠢᠶᠡᠯ ᠭᠥᠳᠡᠯᠪᠥᠷᠢ ᠳᠤ ᠤᠷᠤᠰᠢᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ ᠨᠡᠩ ᠬᠥᠨᠵᠡᠭᠡᠢ ᠰᠣᠳᠣᠯᠣᠨ ᠶᠠᠷᠢᠯᠴᠠᠵᠤ᠂ ᠬᠤᠶᠢᠰᠢᠳᠠ ᠶᠢᠨ ᠠᠵᠢᠯ ᠤᠨ ᠬᠥᠭᠵᠢᠯᠳᠡ ᠳᠤ ᠪᠠᠨ ᠰᠠᠶᠢᠬᠠᠨ ᠰᠠᠭᠤᠷᠢ  ᠲᠠᠯᠪᠢᠵᠠᠢ᠃           ᠢᠷᠡᠯᠳᠡ᠄ ᠰᠢᠯᠤᠭᠤᠨ ᠬᠥᠬᠡ ᠬᠤᠰᠢᠭᠤᠨ ᠤ ᠥᠬᠡᠯᠥᠨ ᠬᠡᠥᠬᠡᠥᠨ ᠤᠨ ᠴᠡᠴᠡᠷᠯᠢᠭ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号