ᠰᠢᠯᠤᠭᠤᠨ ᠬᠦᠬᠡ ᠬᠤᠰᠢᠭᠤᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2016/7/11
   ᠰᠢᠯᠤᠭᠤᠨ ᠬᠦᠬᠡ ᠬᠤᠰᠢᠭᠤ ᠨᠢ ᠦᠪᠦᠷ ᠮᠤᠩᠭᠤᠯ ᠤᠨ ᠲᠤᠮᠳᠠ ᠬᠡᠰᠡᠭ᠂ ᠰᠢᠯᠢ ᠶᠢᠨ ᠭᠤᠤᠯ ᠤᠨ ᠡᠮᠦᠨ᠎ᠡ ᠵᠠᠬ᠎ᠠ ᠎ ᠳᠤ ᠪᠠᠶᠢᠷᠢᠯᠠᠵᠦ ᠪᠤᠢ᠃ ᠨᠡᠶᠢᠰᠯᠡᠯ ᠪᠡᠭᠡᠵᠢᠩ ᠠᠴᠠ 260 ᠺᠢᠯᠤᠮᠧᠲᠷ ᠵᠠᠶᠢᠳᠠᠢ ᠪᠠᠶᠢᠵᠦ᠂ ᠪᠡᠭᠡᠵᠢᠩ ᠠᠴᠠ ᠬᠠᠮᠤᠭ ᠤᠶᠢᠷ᠎ᠠ ᠪᠠᠶᠢᠭ᠎ᠠ ᠴᠣᠯ ᠪᠠᠶᠢᠭᠠᠯᠢᠯᠢᠭ ᠲᠠᠯ᠎ᠠ ᠨᠤᠳᠤᠭ ᠪᠤᠯᠤᠨ᠎ᠠ᠃ ᠪᠦᠬᠦ ᠬᠤᠰᠢᠭᠤᠨ ᠤ ᠨᠤᠲᠤᠭ ᠲᠡᠪᠢᠰᠬᠡᠷ ᠤᠨ ᠶᠡᠷᠦᠩᠭᠡᠢ ᠲᠠᠯᠠᠪᠠᠢ 10182 ᠲᠡᠭᠰᠢ ᠲᠦᠷᠪᠡᠯᠵᠢᠨ ᠺᠢᠯᠤᠮᠧᠲᠷ ᠪᠠᠶᠢᠵᠦ᠂ ᠲᠦᠷᠪᠡᠨ ᠰᠤᠮᠤ᠂ ᠭᠤᠷᠪᠡᠨ ᠪᠠᠯᠭᠠᠰᠤ᠂ ᠬᠤᠶᠠᠷ ᠮᠠᠯᠵᠢᠯ ᠎ ᠤᠨ ᠲᠠᠯᠠᠪᠠᠢ ᠲᠠᠢ᠃ ᠪᠦᠬᠦ ᠬᠤᠰᠢᠭᠤᠨ ᠤ ᠬᠦᠮᠦᠨ ᠠᠮᠠ 8.3 ᠲᠦᠮᠡ ᠪᠠᠶᠢᠵᠦ᠂ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠵᠦ᠂ ᠬᠢᠲᠡᠳ ᠦᠨᠳᠦᠰᠦᠲᠡᠨ ᠵᠡᠷᠭᠡ ᠤᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠪᠤᠯᠤᠨ᠎ᠠ᠃ ᠲᠡᠬᠦᠨ ᠤ ᠤᠮᠠᠷᠠᠲᠦ ᠵᠠᠬ᠎ᠠ ᠨᠢ ᠬᠤᠯᠠᠨ ᠰᠢᠷᠭ᠎ᠠ ᠲᠠᠭ᠎ᠠ ᠶᠢᠨ ᠡᠯᠡᠰᠤ ᠲᠠᠢ ᠵᠠᠯᠭᠠᠯᠳᠤᠵᠦ᠂ ᠪᠠᠶᠢᠭᠠᠯᠢ ᠶᠢᠨ ᠦᠵᠡᠮᠵᠢ ᠨᠢ ᠡᠯᠡᠰᠦᠷᠭᠡᠭ ᠲᠠᠯ᠎ᠠ ᠨᠤᠳᠤᠭ ᠤᠨ ᠤᠨᠴᠠᠯᠢᠭ ᠲᠠᠢ᠂ ᠡᠮᠦᠨ᠎ᠡ ᠭᠡᠰᠡᠭ ᠨᠢ ᠨᠠᠮᠬᠠᠨ ᠠᠭᠤᠯᠠ ᠲᠤᠪᠤᠷᠴᠠᠭ ᠪᠠᠶᠢᠵᠦ᠂ ᠴᠢᠬᠢᠭᠯᠢᠭ ᠲᠠᠯ᠎ᠠ ᠨᠤᠳᠤᠭ ᠤᠨ ᠤᠨᠴᠠᠯᠢᠭᠳᠤ ᠦᠵᠡᠮᠵᠢ ᠶᠢ ᠪᠦᠷᠢᠳᠦᠬᠦᠯᠦᠭᠰᠡᠨ ᠪᠠᠶᠢᠳᠠᠭ᠃ ᠪᠠᠶᠠᠨ ᠲᠠᠩᠰᠤᠭ ᠰᠢᠯᠤᠭᠤᠨ ᠬᠦᠬᠡ ᠬᠤᠰᠢᠭᠤ ᠨᠢ ᠦᠨᠢ ᠣᠳᠠᠭᠠᠨ ᠰᠤᠶᠤᠯ ᠲᠡᠤᠭᠡ ᠶᠢᠨ ᠲᠠᠷᠬᠠᠨ ᠦᠪ ᠲᠠᠢ᠂ ᠮᠤᠩᠭᠤᠯ ᠶᠤᠸᠠᠨ ᠤ ᠰᠤᠶᠤᠯ ᠤᠨ ᠡᠭᠦᠰᠤᠨ ᠬᠦᠭᠵᠢᠭᠰᠡᠨ ᠤᠷᠤᠨ᠂ ᠶᠤᠸᠠᠨ ᠬᠦᠷᠦᠨ ᠤ ᠮᠠᠨᠳᠤᠵᠤ ᠬᠦᠭᠵᠢᠭᠰᠡᠨ ᠭᠠᠵᠠᠷ ᠮᠦᠨ᠃ ᠠᠳᠡ ᠦᠪᠦᠷ ᠮᠤᠩᠭᠤᠯ ᠤᠨ ᠴᠤᠷ ᠤᠨ ᠭᠠᠭᠴᠠ ᠲᠡᠯᠡᠭᠡᠢ ᠶᠢᠨ ᠰᠤᠶᠤᠯ ᠤᠨ ᠦᠪ ᠪᠤᠯᠬᠤ — ᠶᠤᠸᠠᠨ ᠤ ᠲᠡᠭᠡᠳᠤ ᠨᠡᠶᠢᠰᠯᠡᠯ ᠎ ᠤᠨ ᠪᠠᠭᠤᠷᠢ ᠪᠠᠶᠢᠳᠠᠭ᠃ ᠲᠤᠰ ᠨᠤᠳᠤᠭ ᠨᠢ ᠪᠠᠰᠠᠴᠤ ᠴᠠᠬᠠᠷ ᠵᠠᠩ ᠤᠶᠢᠯᠡ ᠶᠢᠨ ᠲᠦᠪᠯᠡᠷᠡᠩᠭᠦᠢ ᠤᠷᠤᠨ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ᠂ ᠲᠤᠮᠳᠠᠳᠤ ᠤᠯᠤᠰ ᠤᠨ ᠡᠷᠳᠡᠨ ᠤ ᠬᠠᠭᠠᠨ ᠤᠷᠳᠤᠨ ᠤ ᠴᠠᠭᠠᠨ ᠢᠳᠡᠭᠡᠨ ᠤ ᠬᠠᠩᠭᠠᠯᠭ᠎ᠠ ᠶᠢᠨ ᠭᠠᠵᠠᠷ᠂ ︽ᠲᠤᠮᠳᠠᠳᠤ ᠤᠯᠤᠰ ᠤᠨ ᠴᠠᠭᠠᠨ ᠢᠳᠡᠭᠡᠨ ᠤ ᠰᠤᠶᠤᠯ ᠤᠨ ᠦᠯᠤᠭᠡᠢ︾᠂ ︽ᠲᠤᠮᠳᠠᠳᠤ ᠤᠯᠤᠰ ᠤᠨ ᠴᠠᠭᠠᠨ ᠢᠳᠡᠭᠡᠨ ᠤ ᠰᠤᠶᠤᠯ ᠢ ᠦᠪᠯᠡᠨ ᠤᠯᠠᠮᠵᠢᠯᠠᠬᠤ ᠰᠠᠭᠤᠷᠢᠨ ᠭᠠᠵᠠᠷ︾ ᠮᠦᠨ᠃ ᠮᠦᠨᠴᠤ ᠮᠤᠩᠭᠤᠯ ᠦᠨᠳᠦᠰᠦᠲᠡᠨ ᠤ ᠤᠳᠤ ᠦᠶ᠎ᠡ ᠶᠢᠨ ᠤᠳᠬ᠎ᠠ ᠵᠤᠬᠢᠶᠠᠯ ᠤᠨ ᠰᠠᠭᠤᠷᠢᠯᠠᠭᠴᠢ ᠨᠠ᠊ ᠰᠠᠶᠢᠨᠴᠤᠭᠳᠤ ᠶᠢᠨ ᠮᠡᠨᠳᠤᠯᠡᠭᠰᠡᠨ ᠨᠤᠳᠤᠭ ᠪᠤᠯᠬᠤ ᠶᠤᠮ᠃    ᠰᠢᠯᠤᠭᠤᠨ ᠬᠦᠬᠡ ᠬᠤᠰᠢᠭᠤᠨ ᠤ ᠤᠰᠤᠨ ᠤ ᠡᠬᠢ ᠰᠤᠷᠪᠤᠯᠵᠢ ᠡᠯᠪᠡᠭ ᠪᠠᠶᠠᠯᠢᠭ ᠪᠠᠶᠢᠵᠦ᠂ ᠭᠡᠭᠡᠷ᠎ᠡ ᠶᠢᠨ ᠠᠮᠢᠳᠠᠨ ᠤ ᠲᠦᠷᠦᠯ ᠵᠤᠶᠢᠯ ᠴᠤ ᠤᠯᠠᠨ ᠪᠠᠶᠢᠳᠠᠭ᠃ ᠪᠦᠬᠦ ᠬᠤᠰᠢᠭᠤᠨ ᠳᠤ ᠨᠡᠶᠢᠳᠡ 147 ᠨᠠᠭᠤᠷ ᠪᠦᠷᠢᠳᠤ᠂ 21 ᠭᠤᠤᠯ ᠭᠤᠷᠤᠬ᠎ᠠ ᠪᠠᠶᠢᠵᠦ᠂ ᠤᠰᠤᠨ ᠤ ᠭᠠᠳᠠᠷᠭᠤ ᠶᠢᠨ ᠲᠠᠯᠠᠪᠠᠢ ᠨᠢ 110 ᠲᠡᠭᠰᠢ ᠲᠦᠷᠪᠡᠯᠵᠢᠨ ᠺᠢᠯᠤᠮᠧᠲᠷ ᠬᠦᠷᠳᠡᠭ᠃ ᠬᠤᠪᠤᠷ ᠦᠨᠡᠳᠤ ᠡᠪᠡᠰᠤᠨ ᠡᠮ ᠤᠨ ᠮᠠᠲ᠋ᠧᠷᠢᠶᠠᠯ ᠪᠤᠯᠬᠤ ᠰᠢᠬᠢᠷ ᠡᠪᠡᠰᠤ᠂ ᠵᠡᠭᠡᠷᠭᠡᠨ᠎ᠡ᠂ ᠬᠤᠨᠴᠢᠷ ᠮᠡᠳᠤ ᠶᠢᠨ ᠭᠡᠭᠡᠷ᠎ᠡ ᠶᠢᠨ ᠤᠷᠭᠤᠮᠠᠯ 700 ᠭᠠᠷᠤᠢ ᠲᠦᠷᠦᠯ ᠪᠠᠶᠢᠵᠦ᠂ ᠪᠤᠷᠤ ᠬᠦᠷᠦᠭᠡᠰᠤ᠂ ᠡᠯᠢᠶ᠎ᠡ᠂ ᠬᠤᠨ ᠭᠠᠯᠠᠭᠤ ᠵᠡᠷᠭᠡ ᠬᠤᠪᠤᠷ ᠴᠤᠬᠠᠭ ᠭᠡᠭᠡᠷ᠎ᠡ ᠶᠢᠨ ᠠᠮᠢᠲᠠᠨ 20 ᠭᠠᠷᠤᠢ ᠲᠦᠷᠦᠯ ᠪᠠᠶᠢᠳᠠᠭ᠃ ᠠᠭᠤᠷᠬᠠᠢ ᠶᠢᠨ ᠡᠬᠢ ᠪᠠᠶᠠᠯᠢᠭ ᠤᠨ ᠲᠦᠷᠦᠯ ᠵᠤᠶᠢᠯ ᠤᠯᠠᠨ᠂ ᠬᠠᠳᠠᠭᠠᠯᠠᠭᠳᠠᠴᠠ ᠶᠢᠨ ᠭᠡᠮᠵᠢᠶ᠎ᠡ ᠶᠡᠭᠡ ᠪᠠᠶᠢᠵᠦ᠂ 35 ᠵᠤᠶᠢᠯ ᠤᠨ ᠠᠭᠤᠷᠬᠠᠢ ᠶᠢᠨ ᠪᠤᠯᠠᠭᠳᠠᠴᠠ 96 ᠭᠠᠵᠠᠷ ᠲᠤ ᠲᠠᠷᠬᠠᠵᠦ ᠪᠤᠢ᠃ ᠵᠠᠮ ᠨᠡᠪᠳᠡᠷᠡᠯᠭᠡ ᠲᠦᠬᠦᠮ ᠲᠦᠳᠡ᠂ ᠲᠦᠷᠪᠡᠨ ᠵᠦᠭ ᠨᠡᠢᠮᠡᠨ ᠵᠤᠪᠬᠢᠰ ᠲᠤ ᠨᠡᠪᠳᠡᠷᠡᠨ᠂ ᠬᠤᠰᠢᠭᠤᠨ ᠤ ᠬᠢᠵᠠᠭᠠᠷ ᠲᠤ 207 ᠤᠯᠤᠰ ᠤᠨ ᠲᠡᠰ ᠤᠨ ᠵᠠᠮ᠂ 510 ᠤᠯᠤᠰ ᠤᠨ ᠲᠡᠰ ᠤᠨ ᠵᠠᠮ᠂ 308 ᠮᠤᠵᠢ ᠶᠢᠨ ᠲᠡᠰ ᠤᠨ ᠵᠠᠮ᠂ ᠬᠦᠬᠡᠬᠤᠲᠡ ᠠᠴᠠ ᠬᠠᠶᠢᠯᠠᠷ ᠬᠦᠷᠬᠦ ᠮᠤᠵᠢ ᠶᠢᠨ ᠲᠡᠰ ᠤᠨ ᠵᠠᠮ᠂ ᠰᠢᠯᠢ ᠶᠢᠨ ᠬᠤᠳᠠ ᠠᠴᠠ ᠰᠢᠯᠤᠭᠤᠨ ᠬᠦᠬᠡ ᠬᠦᠷᠬᠦ ᠲᠡᠮᠦᠷ ᠵᠠᠮ᠂ ᠰᠠᠩ ᠤᠨ ᠲᠠᠯᠠᠢ ᠠᠴᠠ ᠰᠢᠯᠤᠭᠤᠨ ᠬᠦᠬᠡ ᠬᠦᠷᠬᠦ ᠲᠡᠮᠦᠷ ᠵᠠᠮ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ᠂ ᠰᠢᠯᠤᠭᠤᠨ ᠬᠦᠬᠡ ᠠᠴᠠ ᠲᠤᠯᠤᠨᠨᠠᠭᠤᠷ ᠬᠦᠷᠬᠦ ᠲᠡᠮᠦᠷ ᠵᠠᠮ ᠵᠡᠷᠭᠡ ᠵᠠᠮ ᠤᠳ ᠰᠦᠯᠵᠢᠯᠳᠣᠨ᠂ ᠰᠢᠯᠤᠭᠤᠨ ᠬᠦᠬᠡ ᠠᠴᠠ ᠴᠢᠭᠤᠯᠤᠯᠲᠦ ᠬᠠᠭᠠᠯᠭ᠎ᠠ ᠬᠦᠷᠬᠦ ᠲᠡᠮᠦᠷ ᠵᠠᠮ ᠢ ᠪᠦᠳᠦᠭᠡᠨ ᠪᠠᠶᠢᠭᠤᠯᠵᠤ ᠪᠠᠶᠢᠬᠤ ᠪᠦᠭᠡᠳ ᠱᠠᠩᠳᠤ ᠨᠢᠰᠭᠡᠯ ᠎ ᠤᠨ ᠪᠠᠭᠤᠳᠠᠯ ᠢ ᠪᠠᠶᠢᠭᠤᠯᠬᠤ ᠪᠠᠷ ᠲᠦᠰᠦᠪᠯᠡᠵᠦ ᠪᠤᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号