ᠰᠢᠯᠤᠭᠤᠨ ᠬᠦᠬᠡ ᠬᠤᠰᠢᠭᠤ ᠨᠢ ᠫᠠᠶᠢᠰᠨ ᠢᠯᠡᠷᠭᠡᠶᠢᠯᠡᠯ ᠦᠢᠯᠡᠳᠬᠦ ᠨᠢᠭᠡᠴᠨ  ᠶᠢ ᠬᠦᠬᠢᠬᠦᠯᠥᠨ ᠰᠠᠶᠢᠰᠢᠶᠠᠵᠠᠢ
ᠨᠡᠶᠢᠲᠡᠯᠡᠭᠰᠡᠨ ᠴᠠᠭ᠄
2016/7/11
      6 ᠰᠠᠷ᠎ᠠ  ᠶᠢᠨ24  ᠤ ᠡᠳᠦᠷ᠂ ᠰᠢᠯᠤᠭᠤᠨ ᠬᠦᠬᠡ ᠬᠤᠰᠢᠭᠤᠨ ᠤ ᠦᠨᠳᠤᠰᠤᠳᠠᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠲᠤᠪᠴᠢᠶ᠎ᠠ ᠨᠢ ᠬᠤᠳᠠ  ᠶᠢᠨ ᠬᠠᠮᠢᠶᠠᠷᠤᠯᠳᠠ  ᠶᠢᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶ᠎ᠠ᠂ ᠦᠢᠯᠡᠳᠪᠤᠷᠢ ᠬᠤᠳᠠᠯᠳᠤᠭᠠᠨ  ᠤ ᠵᠠᠰᠠᠭ ᠵᠠᠬᠢᠷᠭᠠᠨ  ᠤ ᠬᠠᠮᠢᠶᠠᠷᠤᠯᠳᠠ  ᠶᠢᠨ ᠲᠤᠪᠴᠢᠶ᠎ᠠ ᠲᠠᠢ ᠬᠠᠮᠳᠤᠷᠠᠨ᠂ ᠮᠠᠨ  ᠤ ᠬᠤᠰᠢᠭᠤᠨ  ᠤ ᠨᠢᠭᠡ ᠪᠦᠯᠥᠭ ᠫᠠᠶᠢᠰᠨ ᠢᠯᠡᠷᠭᠡᠶᠢᠯᠡᠯ ᠤᠷᠠᠯᠠᠨ ᠦᠢᠯᠡᠳᠬᠦ ᠨᠢᠭᠡᠴᠨ  ᠪᠠᠷ ᠲᠤᠭᠤᠷᠢᠨ ᠰᠤᠷᠪᠤᠯᠵᠢᠯᠠᠵᠤ᠂ ᠫᠠᠶᠢᠰᠨ ᠢᠯᠡᠷᠭᠡᠶᠢᠯᠡᠯ ᠤᠷᠠᠯᠠᠨ ᠦᠢᠯᠡᠳᠬᠦ ᠨᠢᠭᠡᠴᠨ  ᠳᠤ ᠵᠢᠯᠤᠭᠤᠳᠤᠯᠭ᠎ᠠ ᠬᠢᠭᠰᠡᠨ ᠪᠦᠭᠡᠳ ︽ᠦᠪᠤᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ  ᠤ ᠮᠤᠩᠭᠤᠯ ᠭᠡᠯᠨ ᠪᠢᠴᠢᠭ  ᠤᠨ ᠠᠵᠢᠯ  ᠤᠨ ᠲᠦᠷᠢᠮ︾ ᠪᠠ ︽ᠰᠢᠯᠤᠭᠤᠨ ᠬᠦᠬᠡ ᠬᠤᠰᠢᠭᠤᠨ  ᠤ ᠫᠠᠶᠢᠰᠨ ᠢᠯᠡᠷᠭᠡᠶᠢᠯᠡᠯ ᠵᠤᠬᠢᠶᠠᠵᠤ ᠂ ᠦᠰᠦᠭ ᠰᠡᠶᠢᠯᠬᠦ ᠠᠵᠢᠯ  ᠤᠨ ᠡᠬᠦᠷᠭᠡ ᠬᠠᠷᠢᠭᠤᠴᠠᠯᠭ᠎ᠠ︾ ᠵᠡᠷᠭᠡ ᠪᠢᠴᠢᠭ ᠮᠠᠲ᠋ᠧᠷᠢᠶᠠᠯ  ᠢ ᠲᠠᠷᠬᠠᠭᠠᠵᠠᠢ᠃ ᠡᠬᠦᠨ  ᠤ ᠬᠠᠮᠳᠤ ᠮᠤᠩᠭᠤᠯ ᠬᠢᠳᠠᠳ ᠬᠤᠶᠠᠷ ᠭᠡᠯᠡᠨ  ᠤ ᠠᠵᠢᠯ  ᠳᠤ ᠲᠤᠪᠤᠶᠢᠮ᠎ᠠ ᠠᠮᠵᠢᠯᠳᠠ ᠭᠠᠷᠭᠠᠭᠰᠠᠨ ᠭᠤᠷᠪᠠᠨ ᠫᠠᠶᠢᠰᠨ ᠢᠯᠡᠷᠭᠡᠶᠢᠯᠡᠯ ᠤᠷᠠᠯᠠᠨ ᠦᠢᠯᠡᠳᠬᠦ ᠨᠢᠭᠡᠴᠨ  ᠶᠢ ᠬᠦᠬᠢᠬᠦᠯᠥᠨ ᠰᠠᠶᠢᠰᠢᠶᠠᠪᠠ᠃              
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号