ᠪᠦᠬᠦ ᠠᠶᠢᠮᠠᠭ ᠤᠨ 71 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2016/7/12
        5 ᠳ᠋ᠤᠭᠠᠷ ᠰᠠᠷ᠎ᠠ ᠶᠢᠨ 31᠎ ᠤ ᠡᠳᠦᠷ᠂ ᠰᠢᠯᠤᠭᠤᠨ ᠭᠦᠭᠡ ᠬᠤᠰᠢᠭᠤᠨ ᠤ ᠨᠠᠷᠠᠳᠦ ᠰᠤᠮᠤᠨ ᠤ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠲᠡᠭᠤᠰᠬᠤ ᠶᠢ ᠲᠠᠭᠠᠯᠳᠤᠨ᠂ 2 ᠰᠠᠷ᠎ᠠ ᠭᠠᠷᠦᠢ ᠶᠠᠪᠤᠭᠳᠠᠭᠰᠠᠨ ᠪᠦᠭᠦ ᠠᠶᠢᠮᠠᠭ ᠤᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠠᠮᠵᠢᠯᠳᠠᠳᠠᠢ ᠲᠠᠭᠤᠰᠤᠯ᠎ᠠ᠃ ᠠᠶᠢᠮᠠᠭ ᠤᠨ ᠨᠠᠮ ᠤᠨ ᠬᠤᠷᠢᠶᠠᠨ ᠠᠴᠠ ᠲᠤᠰ ᠤᠳᠠᠭᠠᠨ ᠤ ᠬᠤᠭᠤᠴᠠᠭ᠎ᠠ ᠰᠤᠯᠢᠬᠤ ᠠᠵᠢᠯ ᠢ ᠲᠦᠢᠯ ᠢᠶᠠᠷ ᠴᠢᠬᠤᠯᠠᠴᠢᠯᠠᠵᠦ᠂ 4 ᠳ᠋ᠤᠭᠡᠷ ᠰᠠᠷ᠎ᠠ ᠶᠢᠨ 1᠎ ᠤ ᠡᠳᠦᠷ ᠪᠦᠭᠦ ᠠᠶᠢᠮᠠᠭ ᠤᠨ ᠬᠤᠰᠢᠭᠤ ᠰᠢᠶᠠᠨ ᠬᠤᠳᠠ᠂ ᠰᠤᠮᠤ ᠰᠢᠶᠠᠩ ᠪᠠᠯᠭᠠᠰᠦᠨ ᠤ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠤᠨ ᠬᠤᠷᠠᠯ ᠬᠤᠷᠠᠯᠳᠤᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠦ ᠽᠠᠢ ᠬᠤᠷᠠᠯ ᠳᠤ ᠤᠷᠤᠯᠴᠠᠭᠰᠠᠨ ᠪᠦᠭᠡᠳ ᠪᠦᠭᠦ ᠠᠶᠢᠮᠠᠭ ᠤᠨ ᠬᠤᠭᠤᠴᠠᠭ᠎ᠠ ᠰᠤᠯᠢᠬᠤ ᠠᠵᠢᠯ ᠢ ᠶᠡᠷᠦᠩᠭᠡᠶᠢᠯᠡᠨ ᠪᠠᠶᠢᠷᠢᠯᠠᠭᠤᠯᠵᠦ᠂ ᠲᠡᠭᠡᠳᠦ ᠭᠡᠮᠵᠢᠶᠡᠨ ᠤ ᠬᠠᠷᠢᠭᠤᠴᠠᠯᠭᠠᠳᠦ ᠰᠡᠳᠭᠢᠯᠭᠡ ᠪᠠᠷ ᠬᠤᠭᠤᠴᠠᠭ᠎ᠠ ᠰᠤᠯᠢᠬᠤ ᠠᠵᠢᠯ ᠢ ᠰᠠᠶᠢᠳᠦᠷ ᠭᠢᠭᠦ ᠶᠢ ᠴᠢᠬᠤᠯᠠᠴᠢᠯᠠᠭᠰᠠᠨ ᠤ ᠬᠠᠮᠳᠦ᠂ 13 ᠬᠤᠰᠢᠭᠤ ᠰᠢᠶᠠᠨ ᠬᠤᠳᠠ ︵ᠤᠷᠤᠨ︶᠎ ᠶᠢᠨ ᠨᠠᠮ ᠤᠨ ᠬᠤᠷᠢᠶᠠᠨ ᠤ ᠱᠦᠵᠢ ᠲᠠᠢ ᠬᠤᠭᠤᠴᠠᠭ᠎ᠠ ᠰᠤᠯᠢᠬᠤ ᠠᠵᠢᠯ ᠤᠨ ᠬᠠᠷᠢᠭᠤᠴᠠᠯᠭ᠎ᠠ ᠶᠢᠨ ᠭᠡᠷ᠎ᠠ ᠲᠤᠭᠳᠠᠪᠠ᠃ ᠠᠶᠢᠮᠠᠭ ᠤᠨ ᠨᠠᠮ ᠤᠨ ᠬᠤᠷᠢᠶ᠎ᠠ ᠬᠤᠭᠤᠴᠠᠭ᠎ᠠ ᠰᠤᠯᠢᠬᠤ ᠠᠵᠢᠯ ᠤᠨ ᠶᠡᠷᠦᠩᠭᠡᠢ ᠱᠠᠭᠠᠷᠳᠠᠯᠭ᠎ᠠ᠂ ᠵᠤᠬᠢᠶᠠᠨ ᠪᠠᠶᠢᠭᠤᠯᠵᠤ ᠤᠳᠤᠷᠢᠳᠬᠤ᠂ ᠴᠠᠭ ᠬᠤᠭᠤᠴᠠᠭ᠎ᠠ ᠶᠢ ᠲᠤᠬᠢᠷᠠᠭᠤᠯᠬᠤ᠂ ᠭᠡᠷᠡᠭᠵᠢᠭᠦᠯᠭᠦ ᠠᠯᠬᠤᠮ ᠲᠠᠷᠠᠭ᠎ᠠ᠂ ᠰᠠᠬᠢᠯᠭ᠎ᠠ ᠪᠠᠳᠦ ᠶᠢᠨ ᠱᠠᠭᠠᠷᠳᠠᠯᠭ᠎ᠠ ᠵᠡᠷᠭᠡ ᠶᠢ ᠨᠠᠷᠢᠨ ᠲᠤᠳᠤᠷᠬᠠᠢᠢᠯᠠᠵᠦ᠂ ᠬᠤᠭᠤᠴᠠᠭ᠎ᠠ ᠰᠤᠯᠢᠬᠤ ᠠᠵᠢᠯ ᠳᠤ ᠵᠢᠷᠤᠮᠯᠠᠯ ᠬᠠᠨᠭ᠍ᠭᠠᠪᠠ᠃ ᠺᠠᠳ᠋ᠷ ᠢ ᠰᠤᠩᠭᠤᠵᠦ ᠤᠳᠤᠷᠢᠳᠬᠤ ᠪᠠᠭ ᠲᠤᠬᠢᠷᠠᠭᠤᠯᠬᠤ ᠶᠠᠪᠤᠴᠠ ᠳᠤ᠂ ᠮᠠᠨ ᠤ ᠠᠶᠢᠮᠠᠭ ᠤᠨ ᠡᠯ᠎ᠠ ᠭᠠᠵᠠᠷ ᠨᠠᠮ ᠤᠨ ᠬᠤᠷᠢᠶ᠎ᠠ ᠠᠴᠠ ᠤᠳᠤᠷᠢᠳᠬᠤ ᠪᠠ ᠬᠠᠷᠢᠭᠤᠴᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠦ᠂ ᠺᠠᠳ᠋ᠷ ᠢ ᠰᠤᠩᠭᠤᠨ ᠲᠡᠪᠰᠢᠭᠦᠯᠵᠦ ᠭᠡᠷᠡᠭᠯᠡᠭᠦ ᠠᠷᠭ᠎ᠠ ᠭᠡᠯᠪᠡᠷᠢ ᠶᠢ ᠰᠠᠶᠢᠵᠢᠷᠠᠭᠤᠯᠤᠨ ᠰᠢᠨ᠎ᠠ ᠶᠢ ᠡᠭᠦᠳᠴᠠᠢ᠃ ᠰᠤᠩᠭᠤᠭᠤᠯᠢ ᠶᠢᠨ ᠠᠵᠢᠯ ᠤᠨ ᠤᠳᠤᠷᠢᠳᠬᠤ ᠡᠷᠭᠡ ᠪᠠ ᠰᠠᠨᠠᠭᠠᠴᠢᠯᠠᠭᠠᠳᠦ ᠡᠷᠭᠡ ᠶᠢ ᠴᠢᠩᠭ᠎ᠠ ᠡᠵᠡᠮᠳᠡᠵᠦ᠂ ᠰᠢᠨᠵᠢᠯᠡᠭᠦ ᠤᠬᠠᠭᠠᠨᠴᠢ ᠵᠦᠢ ᠵᠤᠬᠢᠰᠳᠠᠢ ᠰᠤᠩᠭᠤᠭᠤᠯᠢ ᠶᠢᠨ ᠠᠷᠭ᠎ᠠ ᠶᠢ ᠲᠤᠭᠳᠠᠭᠠᠵᠦ᠂ ᠨᠠᠮ ᠤᠨ ᠲᠦᠯᠦᠭᠡᠯᠡᠭᠴᠢ ᠶᠢ ᠰᠤᠩᠭᠤᠨ ᠭᠠᠷᠭᠠᠬᠤ ᠠᠵᠢᠯ ᠢ ᠴᠢᠩᠭ᠎ᠠ ᠨᠢᠮᠪᠠᠢ ᠰᠠᠶᠢᠳᠦᠷ ᠬᠢᠵᠦ᠂ ᠰᠤᠩᠭᠤᠭᠤᠯᠢ ᠶᠢᠨ ᠬᠤᠷᠠᠯ ᠢ ᠬᠢᠨᠠᠮᠠᠭᠠᠢ ᠵᠤᠬᠢᠶᠠᠨ ᠪᠠᠶᠢᠭᠤᠯᠵᠦ᠂ ᠰᠤᠩᠭᠤᠭᠤᠯᠢ ᠶᠢᠨ ᠠᠵᠢᠯ ᠲᠦᠷᠢᠮ ᠲᠤᠭᠳᠠᠭᠠᠯ ᠲᠠᠢ ᠡᠮᠭᠢ ᠲᠢᠭᠯᠢᠮ ᠲᠠᠢ ᠶᠠᠪᠤᠭᠳᠠᠬᠤ ᠶᠢ ᠪᠠᠳᠤᠯᠠᠪᠠ᠃ ᠲᠤᠰ ᠤᠳᠠᠭᠠᠨ ᠤ ᠬᠤᠭᠤᠴᠠᠭ᠎ᠠ ᠰᠤᠯᠢᠬᠤ ᠠᠵᠢᠯ ᠳᠤ᠂ ᠰᠤᠮᠤ ᠰᠢᠶᠠᠩ ᠪᠠᠯᠭᠠᠰᠦᠨ ᠤ 637 ᠨᠠᠮ ᠤᠨ ᠬᠤᠷᠢᠶᠠᠨ ᠤ ᠭᠡᠰᠢᠭᠦᠨ᠂ 71 ᠨᠠᠮ ᠤᠨ ᠬᠤᠷᠢᠶᠠᠨ ᠤ ᠱᠦᠵᠢ᠂ 141 ᠨᠠᠮ ᠤᠨ ᠬᠤᠷᠢᠶᠠᠨ ᠤ ᠲᠡᠳ᠋ ᠱᠦᠵᠢ᠂ 427 ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠭᠡᠰᠢᠭᠦᠨ᠂ 71 ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠱᠦᠵᠢ ᠶᠢ ᠰᠤᠩᠭᠤᠨ ᠭᠠᠷᠭᠠᠪᠠ᠃ ᠪᠦᠭᠦ ᠠᠶᠢᠮᠠᠭ ᠤᠨ 71 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠰᠢᠨ᠎ᠠ ᠤᠳᠤᠷᠢᠳᠬᠤ ᠪᠠᠭ ᠤᠨ ᠲᠤᠳᠤᠷ᠎ᠠ᠂ 145 ᠡᠮᠡᠭᠳᠠᠢ ᠺᠠᠳ᠋ᠷ᠂ 508 ᠴᠦᠭᠡᠨ ᠲᠤᠭᠠᠳᠦ ᠦᠨᠳᠦᠰᠦᠳᠡᠨ ᠤ ᠺᠠᠳ᠋ᠷ᠂ 40 ᠨᠠᠰᠤᠨ ᠠᠴᠠ ᠳᠤᠷᠤᠬᠰᠢᠬᠢ ᠺᠠᠳ᠋ᠷ 352 ᠪᠠᠶᠢᠵᠦ᠂ ᠲᠤᠮᠳᠠᠴᠢ ᠨᠠᠰᠦ 38.82 ᠭᠦᠷᠴᠦ᠂ ᠲᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠲᠡᠭᠡᠭᠰᠢᠭᠢ ᠰᠤᠷᠤᠯᠭ᠎ᠠ ᠶᠢᠨ ᠨᠠᠮᠳᠠᠷ ᠲᠠᠢ ᠭᠦᠮᠦᠨ 620 ᠪᠤᠢ᠂ 2 ᠵᠢᠯ ᠦᠨᠳᠦᠰᠦᠨ ᠱᠠᠳᠤᠨ ᠳᠤ ᠠᠵᠢᠯᠯᠠᠭᠰᠠᠨ ᠦᠡᠭᠭᠡᠷᠡᠯᠳᠡ ᠲᠠᠢ ᠭᠦᠮᠦᠨ 569 ᠪᠠᠶᠢᠵᠦ᠂ ᠰᠤᠮᠤ ᠪᠠᠯᠭᠠᠰᠤᠨ ᠤ ᠠᠵᠢᠯ ᠦᠢᠯᠡᠰ ᠤᠨ ᠨᠢᠭᠡᠴᠡ ᠶᠢᠨ ᠤᠷᠤᠨ ᠲᠤᠭ᠎ᠠ ᠲᠠᠢ ᠭᠦᠮᠦᠨ᠂ ᠭᠠᠴᠠᠭ᠎ᠠ ᠲᠤᠰᠬᠤᠨ ᠤ ᠰᠢᠯᠢᠳᠡᠭ ᠺᠠᠳ᠋ᠷ ᠪᠤᠯᠤᠨ ᠤᠶᠤᠳᠠᠨ ᠭᠠᠴᠠᠭᠠᠨ ᠲᠠᠷᠤᠭ᠎ᠠ ᠨᠡᠶᠢᠳᠡ 84 ᠭᠦᠮᠦᠨ ᠨᠠᠮ ᠤᠨ ᠬᠤᠷᠢᠶᠠᠨ ᠤ ᠤᠳᠤᠷᠢᠳᠬᠤ ᠪᠠᠭ ᠲᠤ ᠰᠤᠩᠭᠤᠭᠳᠠᠨ ᠤᠷᠤᠵᠦ᠂ ᠤᠯᠠᠨ ᠲᠦᠮᠡᠨ ᠳᠤ ᠨᠡᠩ ᠰᠠᠶᠢᠳᠦᠷ ᠦᠢᠯᠡᠴᠢᠯᠡᠭᠦ ᠳᠤ ᠪᠠᠳᠦ ᠰᠠᠭᠤᠷᠢ ᠲᠠᠯᠪᠢᠵᠠᠢ᠃
 
ᠢᠷᠡᠯᠲᠡ᠄ ︽ᠰᠢᠯᠢ ᠶᠢᠨ ᠭᠤᠣᠯ ᠤᠨ ᠡᠳᠦᠷ ᠤᠨ ᠰᠣᠨᠢᠨ︾
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号