ᠠᠷᠠᠳ ᠢᠷᠭᠡᠳ ᠡᠩ ᠤᠨ ᠫᠠᠰᠫᠣᠷᠲ ᠢᠶᠠᠨ ᠬᠤᠪᠢᠷᠠᠭᠤᠯᠵᠤ ᠨᠡᠮᠡᠨ ᠲᠣᠳᠣᠷᠬᠠᠶᠢᠯᠠᠬᠤ ᠶᠢ ᠭᠤᠶᠤᠴᠢᠯᠠᠬᠤ ᠪᠠᠶᠢᠳᠠᠯ
ᠨᠡᠶᠢᠲᠡᠯᠡᠭᠰᠡᠨ ᠴᠠᠭ᠄
2016/7/13
     ᠡᠩ ᠤᠨ ᠫᠠᠰᠫᠣᠷᠲ ᠢ ᠭᠠᠷᠳᠠᠭᠴᠢ ᠳᠤ ᠳᠤᠤᠷ᠎ᠠ ᠳᠤᠤᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠡᠷᠦᠬᠡ ᠠᠮᠠ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠡᠩ ᠤᠨ ᠫᠠᠰᠫᠣᠷᠲ ᠢᠶᠠᠨ ᠬᠤᠪᠢᠷᠠᠭᠤᠯᠵᠤ ᠨᠡᠮᠡᠨ ᠲᠣᠳᠣᠷᠬᠠᠶᠢᠯᠠᠬᠤ ᠶᠢ ᠭᠤᠶᠤᠴᠢᠯᠠᠵᠤ᠂ ᠡᠭᠦᠨ ᠤ ᠵᠡᠷᠭᠡᠴᠡᠪᠡᠷ ᠡᠩ ᠤᠨ ᠫᠠᠰᠫᠣᠷᠲ᠂ ᠬᠠᠭᠤᠯᠪᠤᠷᠢ ᠪᠣᠯᠣᠨ ᠬᠤᠪᠢᠷᠠᠭᠤᠯᠵᠦ ᠨᠡᠮᠡᠨ ᠲᠣᠳᠣᠷᠬᠠᠶᠢᠯᠠᠬᠤ ᠴᠢᠬᠤᠯᠠ ᠲᠠᠢ ᠬᠡᠷᠡᠭ ᠶᠠᠪᠤᠳᠠᠯ ᠤᠨ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠨ᠎ᠠ᠄ ︵ᠨᠢᠭᠡ︶ ᠥᠩᠭᠡᠷᠡᠭᠡᠭᠰᠡᠨ ᠳᠤ ᠬᠡᠷᠡᠭᠯᠡᠵᠦ ᠪᠠᠶᠢᠭᠰᠠᠨ ᠨᠡᠷ᠎ᠡ᠂ ᠬᠢᠲᠠᠳ ᠦᠰᠦᠭ ᠤᠨ ᠬᠠᠭᠤᠴᠢᠨ ᠪᠢᠴᠢᠯᠭᠡ ᠶᠢᠨ ᠨᠡᠷ᠎ᠡ᠂ ᠭᠠᠳᠠᠭᠠᠳᠤ ᠦᠰᠦᠭ ᠤᠨ ᠨᠡᠷ᠎ᠡ ᠪᠣᠶᠤ ᠪᠠᠷᠢᠮᠵᠢᠶ᠎ᠡ ᠪᠣᠰᠤ ᠬᠢᠲᠠᠳ ᠬᠡᠯᠡ ᠪᠠᠷ ᠠᠪᠢᠶᠠᠯᠠᠭᠰᠠᠨ ᠨᠡᠷ᠎ᠡ︔ ︵ᠬᠤᠶᠠᠷ︶ ᠥᠩᠭᠡ ᠵᠢᠰᠦ ᠨᠢ ᠨᠡᠯᠢᠶᠡᠳ ᠶᠡᠭᠡ ᠬᠤᠪᠢᠷᠠᠯᠲᠠ ᠭᠠᠷᠤᠭᠠᠳ᠂ ᠣᠶᠢᠷ᠎ᠠ ᠬᠤᠭᠤᠴᠠᠭᠠᠨ ᠤ ᠭᠡᠷᠡᠯ ᠵᠢᠷᠤᠭ ᠢᠶᠠᠨ ᠨᠡᠮᠡᠵᠦ ᠲᠣᠳᠣᠷᠬᠠᠶᠢᠯᠠᠬᠤ ᠴᠢᠬᠤᠯᠠ ᠲᠠᠢ ᠪᠠᠶᠢᠬᠤ︔ ︵ᠭᠤᠷᠪᠡ︶ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠭᠰᠡᠨ ᠪᠣᠰᠤᠳ ᠪᠠᠶᠢᠳᠠᠯ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号