ᠱᠠᠩᠳᠦ ᠶᠢᠨ ᠮᠡᠳᠡᠭᠡ ︵ᠴᠢᠮᠡᠬᠡᠯᠡᠭᠴᠢ ᠰᠠᠷᠠᠨᠳᠤᠶᠠᠭ᠎ᠠ︶ ᠰᠢᠯᠣᠭᠤᠨ ᠬᠥᠬᠡ ᠬᠤᠰᠢᠭᠤ ᠠᠷᠠᠳᠴᠢᠯᠠᠯ ᠢᠶᠠᠷ | ᠬᠢᠨᠠᠯᠳᠠ ᠲᠠᠯᠪᠢᠬᠤ ᠠᠷᠭ᠎ᠠ ᠵᠠᠮ ᠢ ᠣᠯᠠᠮ ᠨᠢᠬᠡ ᠠᠯᠬᠤᠮ ᠥᠷᠬᠡᠳᠬᠡᠵᠣ᠂ ᠡᠷᠬᠡᠳᠣ ᠠᠷᠠᠳ ᠤᠨ ᠣᠯᠣᠰ | ᠲᠥᠷᠣ ᠶᠢᠨ ᠠᠵᠢᠯᠯᠠᠭᠠᠨ ᠳᠤ ᠣᠷᠣᠯᠴᠠᠬᠤ ᠶᠢ ᠲᠠᠶᠢᠴᠢᠯᠠᠨ᠂ ᠠᠷᠠᠳᠴᠢᠯᠠᠯᠳᠣ ᠣᠯᠣᠰ ᠲᠥᠷᠣ ᠶᠢᠨ | ᠪᠠᠶᠢᠭᠤᠯᠣᠯᠳᠠ ᠶᠢ ᠠᠬᠢᠭᠤᠯᠵᠣ᠂ ᠥᠨᠳᠣᠰᠣᠨ ᠬᠠᠣᠯᠢ ᠠᠴᠠ ᠠᠷᠠᠳ ᠢᠷᠬᠡᠳ ᠲᠤ ᠣᠯᠭᠤᠬᠰᠡᠨ ᠡᠷᠬᠡ | ᠡᠬᠦᠷᠬᠡ ᠶᠢᠨ ᠬᠠᠮᠢᠶ᠎ᠠ ᠪᠥᠬᠦᠢ ᠲᠥᠷᠢᠮ ᠲᠣᠬᠳᠠᠭᠠᠯ ᠢ ᠥᠨᠳᠣᠰᠣᠯᠡᠵᠣ᠂ ᠥᠢᠷ᠎ᠡ ᠳᠤ ︽ᠰᠢᠯᠣᠭᠤᠨ ᠬᠥᠬᠡ | ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ | ᠡᠷᠬᠡᠳᠣ ᠠᠷᠠᠳ ᠰᠣᠯᠠ ᠣᠷᠣᠯᠴᠠᠬᠤ ᠶᠢ ᠬᠡᠷᠡᠭᠵᠢᠬᠦᠯᠬᠦ ᠠᠷᠭ᠎ᠠ︾ ᠶᠢ ᠬᠢᠨᠠᠨ ᠵᠥᠪᠯᠡᠵᠣ ᠪᠠᠳᠣᠯᠠᠪᠠ᠃ ᠲᠣᠰ ︽ | ᠠᠷᠭ᠎ᠠ︾ ᠨᠢ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠠᠯ ᠳᠤ ᠰᠣᠯᠠ ᠣᠷᠣᠯᠴᠠᠬᠤ ᠡᠷᠬᠡᠳᠣ ᠠᠷᠠᠳ ᠤᠨ ᠬᠥᠮᠣᠨ ᠤ ᠲᠤᠭ᠎ᠠ᠂ ᠨᠠᠰᠣ᠂ ᠡᠷᠣᠬᠡ ᠠᠮᠠ ᠶᠢᠨ ᠬᠠᠷᠢᠶ᠎ᠠ᠂ | ᠨᠡᠷ᠎ᠡ ᠮᠡᠳᠡᠬᠦᠯᠬᠦ ᠠᠷᠭ᠎ᠠ᠂ ᠬᠤᠷᠠᠯ ᠳᠤ ᠰᠣᠯᠠ ᠣᠷᠣᠯᠴᠠᠬᠤ ᠶᠠᠪᠣᠴᠠ ᠪᠠ ᠣᠷᠣᠯᠴᠠᠬᠤ ᠬᠤᠭᠤᠴᠠᠭᠠᠨ ᠤ ᠰᠠᠭᠤᠵᠣ | ᠢᠳᠡᠬᠦ᠂ ᠵᠠᠮ ᠤᠨ ᠰᠦᠢᠳᠬᠡᠯ ᠢ ᠬᠠᠷᠢᠭᠤᠴᠠᠬᠤ ᠲᠣᠬᠠᠢ ᠪᠣᠳᠠᠳᠣ ᠵᠥᠢᠯᠡᠰ ᠲᠤ ᠲᠣᠳᠣᠷᠬᠠᠢ ᠲᠥᠷᠢᠮ ᠲᠣᠬᠳᠠᠭᠠᠵᠣ | ᠂ ᠰᠢᠯᠣᠭᠤᠨ ᠬᠥᠬᠡ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠢ ᠢᠯᠡ ᠪᠣᠯᠭᠠᠵᠣ᠂ ᠡᠷᠬᠡᠳᠣ ᠠᠷᠠᠳ ᠤᠨ ᠠᠷᠠᠳᠴᠢᠯᠠᠯ ᠲᠠᠢ ᠣᠯᠣᠰ ᠲᠥᠷᠣ ᠳᠤ ᠣᠷᠣᠯᠴᠠᠬᠤ | ᠠᠷᠭ᠎ᠠ ᠵᠠᠮ ᠢ ᠨᠡᠩ ᠰᠢᠯᠣᠭᠤᠳᠬᠬᠠᠰᠡᠨ ᠪᠠᠶᠢᠨ᠎ᠠ᠃ | ᠲᠤᠰ ᠬᠤᠰᠢᠭᠤᠨ ᠤ ᠠᠷᠠᠳᠴᠢᠯᠠᠯ ᠬᠠᠣᠯᠢ ᠲᠥᠷᠢᠮ ᠤᠨ ᠬᠥᠷᠢᠶ᠎ᠡ ᠴᠠᠷᠠᠭ᠎ᠠ ᠳᠠᠬᠢ ᠥᠬᠡᠷᠡᠴᠢᠯᠡᠯᠳᠠ ᠡᠬᠢᠯᠡᠵᠣ | ᠬᠡᠷᠡᠭᠵᠢᠬᠦᠯᠦᠭᠳᠡᠭᠰᠡᠨ ᠠᠴᠠ ᠨᠠᠰᠢ᠂ ᠰᠢᠯᠣᠭᠤᠨ ᠬᠥᠬᠡ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠥᠷᠣ ᠶᠢᠨ ᠵᠥᠪᠯᠡᠯᠬᠡᠨ᠂ ᠬᠠᠣᠯᠢ ᠴᠠᠭᠠᠵᠠ᠂ ᠥᠨᠳᠣᠰᠣᠳᠡᠨ | ᠱᠠᠰᠢᠨ ᠰᠣᠷᠳᠠᠬᠤᠨ ᠵᠡᠷᠬᠡ ᠬᠠᠮᠢᠶ᠎ᠠ ᠪᠦᠬᠦᠢ ᠨᠢᠬᠡᠴᠠ ᠶᠢᠨ ᠬᠢᠨ ᠥᠬᠡᠷᠡᠴᠢᠯᠡᠯᠳᠠ ᠶᠢᠨ ᠠᠵᠢᠯ ᠢ ᠲᠥᠯᠬᠢᠨ | ᠠᠬᠢᠭᠤᠯᠬᠤ ᠶᠢ ᠴᠢᠬᠤᠯᠠᠴᠢᠯᠠᠨ ᠴᠢᠩᠭ᠎ᠠ ᠠᠳᠬᠤᠵᠣ ᠢᠷᠡᠭᠰᠡᠨ ᠢᠶᠠᠷ ᠠᠵᠢᠯ ᠤᠨ ᠢᠯᠡᠷᠬᠡᠢ ᠠᠮᠵᠢᠯᠳᠠ ᠶᠢ ᠣᠯᠵᠠᠢ᠃ | ᠥᠢᠯᠠᠭᠠᠬᠰᠡᠨ ᠢᠶᠠᠷ᠂ ᠰᠢᠯᠣᠭᠤᠨ ᠬᠥᠬᠡ ᠬᠤᠰᠢᠭᠤᠨ ᠤ ᠬᠠᠣᠯᠢ ᠪᠠᠷ ᠵᠠᠰᠠᠬᠤ ᠬᠥᠷᠢᠶ᠎ᠡ ᠴᠠᠷᠠᠭ᠎ᠠ ᠶᠢᠨ | ᠥᠬᠡᠷᠡᠴᠢᠯᠡᠯᠳᠠ ᠶᠢᠨ ᠡᠬᠦᠷᠬᠡ ᠨᠡᠶᠢᠳᠠ 19 ᠲᠥᠷᠣᠯ ᠪᠠᠶᠢᠵᠣ᠂ 18 ᠲᠥᠷᠣᠯ ᠤᠨ ᠥᠬᠡᠷᠡᠴᠢᠯᠡᠯᠳᠠ ᠶᠢᠨ | ᠡᠬᠦᠷᠬᠡ ᠶᠢ ᠨᠣᠣᠷᠠᠭᠯᠠᠨ ᠲᠥᠰᠥᠪᠯᠡᠵᠣ᠂ ᠣᠳᠣᠬᠠᠨ ᠪᠣᠯᠬᠤ ᠳᠤ ᠬᠠᠮᠢᠶ᠎ᠠ ᠪᠦᠬᠦᠢ ᠰᠠᠨᠠᠯ ᠲᠥᠰᠣᠯ ᠨᠢᠬᠡᠨᠳᠠ 13 | ᠨᠡᠶᠢᠳᠡᠯᠡᠭᠳᠡᠨ᠂ ᠨᠣᠣᠷᠠᠭᠯᠠᠨ ᠲᠥᠰᠥᠪᠯᠡᠭᠰᠡᠨ ᠥᠬᠡᠷᠡᠴᠢᠯᠡᠯᠳᠠ ᠶᠢᠨ ᠡᠬᠦᠷᠬᠡ ᠶᠢᠨ ᠢᠶᠠᠨ 72% ᠢ ᠪᠠᠶᠡᠯᠡᠬᠦᠯᠵᠠᠢ᠃ | | |