︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠳᠦᠷᠢᠮ︾᠎ ᠢ ᠪᠠᠲᠤᠯᠠᠪᠠ
ᠨᠡᠶᠢᠲᠡᠯᠡᠭᠰᠡᠨ ᠴᠠᠭ᠄
2016/7/18
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 22 ᠳ᠋ᠤᠭᠠᠷ ᠤᠳᠠᠭᠠᠨ ᠤ ᠬᠤᠷᠠᠯ ᠠᠴᠠ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠳᠦᠷᠢᠮ︾᠎ ᠢ ᠬᠢᠨᠠᠨ ᠵᠥᠪᠯᠡᠵᠦ ᠪᠠᠲᠤᠯᠠᠪᠠ᠃ ᠢᠩᠭᠢᠭᠡᠳ ᠳᠡᠯᠡᠬᠡᠢ ᠶᠢᠨ ᠰᠣᠶᠣᠯ ᠤᠨ ᠥᠪ ᠪᠣᠯᠬᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠬᠠᠤᠯᠢ ᠶᠢᠨ ᠪᠠᠲᠤᠯᠠᠭ᠎ᠠ ᠲᠠᠢ ᠪᠣᠯᠣᠭᠰᠠᠨ ᠪᠠᠶᠢᠨ᠎ᠠ᠃ ᠶᠤᠸᠠᠨ ᠤ ᠳᠡᠭᠡᠳᠦ ᠨᠡᠶᠢᠰᠯᠡᠯ ᠨᠢ ᠰᠢᠯᠤᠭᠤᠨ ᠬᠥᠬᠡ ᠬᠤᠰᠢᠭᠤᠨ ᠤ ᠲᠠᠯ᠎ᠠ ᠨᠤᠲᠤᠭ ᠲᠤ ᠪᠠᠶᠢᠷᠢᠯᠠᠵᠤ᠂ ᠨᠡᠶᠢᠲᠡ ᠶᠢᠨ ᠣᠨ ᠲᠣᠭᠠᠯᠠᠯ ᠤᠨ 1260 ᠣᠨ ᠳᠤ ᠬᠤᠪᠢᠯᠠᠢ ᠰᠡᠴᠡᠨ ᠬᠠᠭᠠᠨ ᠠᠳᠡ ᠨᠡᠶᠢᠰᠯᠡᠯ ᠢᠶᠠᠨ ᠪᠠᠶᠢᠭᠤᠯᠤᠭᠰᠠᠨ ᠶᠤᠮ᠃ ᠶᠤᠸᠠᠨ ᠤ ᠳᠡᠭᠡᠳᠦ ᠨᠡᠶᠢᠰᠯᠡᠯ ᠪᠣᠯ ᠳᠡᠯᠡᠬᠡᠢ ᠶᠢᠨ ᠨᠡᠭᠦᠳᠡᠯᠴᠢᠨ ᠦᠨᠳᠦᠰᠦᠲᠡᠨ ᠤ ᠪᠠᠶᠢᠭᠤᠯᠤᠭᠰᠠᠨ ᠤ ᠴᠥᠭᠡᠨ ᠬᠡᠳᠦᠨ ᠨᠡᠶᠢᠰᠯᠡᠯ ᠬᠤᠲᠠ ᠶᠢᠨ ᠨᠢᠭᠡ ᠶᠤᠮ᠂ 2012 ᠣᠨ ᠳᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠤᠨ ᠪᠠᠶᠢᠭᠤᠯᠭ᠎ᠠ ᠠᠴᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ︽ᠳᠡᠯᠡᠬᠡᠢ ᠶᠢᠨ ᠰᠣᠶᠣᠯ ᠤᠨ ᠥᠪ ᠦᠯᠡᠳᠡᠭᠳᠡᠯ ᠤᠨ ᠨᠡᠷᠡᠰ ᠤᠨ ᠵᠢᠭᠰᠠᠭᠠᠯ︾᠎ ᠳᠤ ᠣᠷᠣᠭᠤᠯᠤᠭᠰᠠᠨ ᠪᠠᠶᠢᠨ᠎ᠠ᠃ ᠡᠨᠡ ᠳᠦᠷᠢᠮ ᠳᠤ ᠲᠣᠭᠲᠠᠭᠠᠬᠤ ᠳᠠᠭᠠᠨ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠡᠪᠴᠢᠶᠡᠨ ᠳᠤ ᠵᠥᠪᠬᠡᠨ ᠬᠠᠭᠤᠴᠢ ᠰᠤᠳᠤᠯᠤᠯ ᠤᠨ ᠪᠠᠶᠢᠴᠠᠭᠠᠯᠲᠠ᠂ ᠬᠠᠶᠢᠨ ᠰᠢᠨᠵᠢᠬᠦ᠂ ᠠᠭᠤᠳᠠᠯᠵᠤ ᠨᠡᠭᠡᠭᠡᠬᠦ᠂ ᠲᠡᠷᠡᠴᠢᠯᠡᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠷᠥᠯ ᠵᠦᠢᠯ᠂ ᠬᠠᠮᠠᠭᠠᠯᠠᠬᠤ ᠳᠤ ᠬᠡᠷᠡᠭᠯᠡᠬᠦ ᠴᠢᠬᠤᠯᠠᠲᠠᠢ ᠪᠡᠯᠡᠳᠬᠡᠯ ᠲᠥᠬᠦᠭᠡᠷᠦᠮᠵᠢ ᠪᠣᠯᠣᠨ ᠵᠢᠭᠤᠯᠴᠢᠳ ᠲᠤ ᠦᠢᠯᠡᠴᠢᠯᠡᠬᠦ ᠪᠡᠯᠡᠳᠬᠡᠯ ᠲᠥᠬᠦᠭᠡᠷᠦᠮᠵᠢ ᠶᠢᠨ ᠪᠠᠶᠢᠭᠤᠯᠤᠯᠲᠠ ᠬᠢᠵᠦ ᠪᠣᠯᠣᠨ᠎ᠠ᠃ ᠶᠠᠮᠠᠷᠪᠠ ᠪᠠᠶᠢᠭᠤᠯᠭ᠎ᠠ ᠨᠢᠭᠡᠴᠠ ᠪᠣᠯᠣᠨ ᠬᠤᠪᠢ ᠬᠥᠮᠥᠨ ᠤ ᠳᠤᠷ᠎ᠠ ᠳᠠᠪᠠ ᠪᠠᠷ ᠢᠶᠠᠨ ᠳᠡᠯᠪᠡᠴᠢᠵᠦ ᠡᠪᠳᠡᠬᠦ᠂ ᠥᠷᠥᠮᠳᠡᠵᠦ ᠬᠠᠶᠢᠬᠤ᠂ ᠠᠭᠤᠷᠬᠠᠢ ᠮᠠᠯᠲᠠᠬᠤ ᠪᠠ ᠰᠢᠷᠣᠢ ᠮᠠᠯᠲᠠᠬᠤ ᠵᠡᠷᠭᠡ ᠡᠯ᠎ᠡ ᠵᠦᠢᠯ ᠤᠨ ᠠᠵᠢᠯᠯᠠᠭ᠎ᠠ ᠶᠢ ᠴᠠᠭᠠᠵᠠᠯᠠᠨ᠎ᠠ ᠭᠡᠵᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠳᠦᠷᠢᠮ︾᠎ ᠢ 2016 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号