ᠰᠢᠯᠤᠭᠤᠨ ᠬᠥᠬᠡ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠳᠤ ᠡᠷᠬᠡᠲᠦ ᠠᠷᠠᠳ ᠰᠤᠯᠠ ᠤᠷᠤᠯᠴᠠᠬᠤ ᠠᠷᠭ᠎ᠠ ᠳᠤᠭᠲᠠᠭᠠᠪᠠ
ᠨᠡᠶᠢᠲᠡᠯᠡᠭᠰᠡᠨ ᠴᠠᠭ᠄
2016/7/18
     ᠱᠠᠩᠳᠦ ᠶᠢᠨ ᠮᠡᠳᠡᠭᠡ ︵ᠴᠢᠮᠡᠬᠡᠯᠡᠭᠴᠢ ᠰᠠᠷᠠᠨᠳᠤᠶᠠᠭ᠎ᠠ︶  ᠰᠢᠯᠣᠭᠤᠨ ᠬᠥᠬᠡ ᠬᠤᠰᠢᠭᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠠᠷᠭ᠎ᠠ ᠵᠠᠮ ᠢ ᠣᠯᠠᠮ ᠨᠢᠬᠡ ᠠᠯᠬᠤᠮ ᠥᠷᠬᠡᠳᠬᠡᠵᠣ᠂ ᠡᠷᠬᠡᠳᠣ ᠠᠷᠠᠳ ᠤᠨ ᠣᠯᠣᠰ ᠲᠥᠷᠣ ᠶᠢᠨ ᠠᠵᠢᠯᠯᠠᠭᠠᠨ ᠳᠤ ᠣᠷᠣᠯᠴᠠᠬᠤ ᠶᠢ ᠲᠠᠶᠢᠴᠢᠯᠠᠨ᠂ ᠠᠷᠠᠳᠴᠢᠯᠠᠯᠳᠣ ᠣᠯᠣᠰ ᠲᠥᠷᠣ ᠶᠢᠨ ᠪᠠᠶᠢᠭᠤᠯᠣᠯᠳᠠ ᠶᠢ ᠠᠬᠢᠭᠤᠯᠵᠣ᠂ ᠥᠨᠳᠣᠰᠣᠨ ᠬᠠᠣᠯᠢ ᠠᠴᠠ ᠠᠷᠠᠳ ᠢᠷᠬᠡᠳ ᠲᠤ ᠣᠯᠭᠤᠬᠰᠡᠨ ᠡᠷᠬᠡ ᠡᠬᠦᠷᠬᠡ ᠶᠢᠨ ᠬᠠᠮᠢᠶ᠎ᠠ ᠪᠥᠬᠦᠢ ᠲᠥᠷᠢᠮ ᠲᠣᠬᠳᠠᠭᠠᠯ ᠢ ᠥᠨᠳᠣᠰᠣᠯᠡᠵᠣ᠂ ᠥᠢᠷ᠎ᠡ ᠳᠤ ︽ᠰᠢᠯᠣᠭᠤᠨ ᠬᠥᠬᠡ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ ᠡᠷᠬᠡᠳᠣ ᠠᠷᠠᠳ ᠰᠣᠯᠠ ᠣᠷᠣᠯᠴᠠᠬᠤ ᠶᠢ ᠬᠡᠷᠡᠭᠵᠢᠬᠦᠯᠬᠦ ᠠᠷᠭ᠎ᠠ︾ ᠶᠢ ᠬᠢᠨᠠᠨ ᠵᠥᠪᠯᠡᠵᠣ ᠪᠠᠳᠣᠯᠠᠪᠠ᠃  ᠲᠣᠰ ︽ᠠᠷᠭ᠎ᠠ︾ ᠨᠢ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ ᠰᠣᠯᠠ ᠣᠷᠣᠯᠴᠠᠬᠤ ᠡᠷᠬᠡᠳᠣ ᠠᠷᠠᠳ ᠤᠨ ᠬᠥᠮᠣᠨ ᠤ ᠲᠤᠭ᠎ᠠ᠂ ᠨᠠᠰᠣ᠂ ᠡᠷᠣᠬᠡ ᠠᠮᠠ ᠶᠢᠨ ᠬᠠᠷᠢᠶ᠎ᠠ᠂ ᠨᠡᠷ᠎ᠡ ᠮᠡᠳᠡᠬᠦᠯᠬᠦ ᠠᠷᠭ᠎ᠠ᠂ ᠬᠤᠷᠠᠯ ᠳᠤ ᠰᠣᠯᠠ ᠣᠷᠣᠯᠴᠠᠬᠤ ᠶᠠᠪᠣᠴᠠ ᠪᠠ ᠣᠷᠣᠯᠴᠠᠬᠤ ᠬᠤᠭᠤᠴᠠᠭᠠᠨ ᠤ ᠰᠠᠭᠤᠵᠣ ᠢᠳᠡᠬᠦ᠂ ᠵᠠᠮ ᠤᠨ ᠰᠦᠢᠳᠬᠡᠯ ᠢ ᠬᠠᠷᠢᠭᠤᠴᠠᠬᠤ ᠲᠣᠬᠠᠢ ᠪᠣᠳᠠᠳᠣ ᠵᠥᠢᠯᠡᠰ ᠲᠤ ᠲᠣᠳᠣᠷᠬᠠᠢ ᠲᠥᠷᠢᠮ ᠲᠣᠬᠳᠠᠭᠠᠵᠣ ᠂ ᠰᠢᠯᠣᠭᠤᠨ ᠬᠥᠬᠡ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠢᠯᠡ ᠪᠣᠯᠭᠠᠵᠣ᠂ ᠡᠷᠬᠡᠳᠣ ᠠᠷᠠᠳ ᠤᠨ ᠠᠷᠠᠳᠴᠢᠯᠠᠯ ᠲᠠᠢ ᠣᠯᠣᠰ ᠲᠥᠷᠣ ᠳᠤ ᠣᠷᠣᠯᠴᠠᠬᠤ ᠠᠷᠭ᠎ᠠ ᠵᠠᠮ ᠢ ᠨᠡᠩ ᠰᠢᠯᠣᠭᠤᠳᠬᠬᠠᠰᠡᠨ ᠪᠠᠶᠢᠨ᠎ᠠ᠃    ᠲᠤᠰ ᠬᠤᠰᠢᠭᠤᠨ ᠤ ᠠᠷᠠᠳᠴᠢᠯᠠᠯ ᠬᠠᠣᠯᠢ ᠲᠥᠷᠢᠮ ᠤᠨ ᠬᠥᠷᠢᠶ᠎ᠡ ᠴᠠᠷᠠᠭ᠎ᠠ ᠳᠠᠬᠢ ᠥᠬᠡᠷᠡᠴᠢᠯᠡᠯᠳᠠ ᠡᠬᠢᠯᠡᠵᠣ ᠬᠡᠷᠡᠭᠵᠢᠬᠦᠯᠦᠭᠳᠡᠭᠰᠡᠨ ᠠᠴᠠ ᠨᠠᠰᠢ᠂ ᠰᠢᠯᠣᠭᠤᠨ ᠬᠥᠬᠡ ᠬᠤᠰᠢᠭᠤᠨ ᠤ ᠠᠷᠠᠳ ᠤᠨ ᠲᠥᠯᠣᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠥᠷᠣ ᠶᠢᠨ ᠵᠥᠪᠯᠡᠯᠬᠡᠨ᠂ ᠬᠠᠣᠯᠢ ᠴᠠᠭᠠᠵᠠ᠂ ᠥᠨᠳᠣᠰᠣᠳᠡᠨ ᠱᠠᠰᠢᠨ ᠰᠣᠷᠳᠠᠬᠤᠨ ᠵᠡᠷᠬᠡ ᠬᠠᠮᠢᠶ᠎ᠠ ᠪᠦᠬᠦᠢ ᠨᠢᠬᠡᠴᠠ ᠶᠢᠨ ᠬᠢᠨ ᠥᠬᠡᠷᠡᠴᠢᠯᠡᠯᠳᠠ ᠶᠢᠨ ᠠᠵᠢᠯ ᠢ ᠲᠥᠯᠬᠢᠨ ᠠᠬᠢᠭᠤᠯᠬᠤ ᠶᠢ ᠴᠢᠬᠤᠯᠠᠴᠢᠯᠠᠨ ᠴᠢᠩᠭ᠎ᠠ ᠠᠳᠬᠤᠵᠣ ᠢᠷᠡᠭᠰᠡᠨ ᠢᠶᠠᠷ ᠠᠵᠢᠯ ᠤᠨ ᠢᠯᠡᠷᠬᠡᠢ ᠠᠮᠵᠢᠯᠳᠠ ᠶᠢ ᠣᠯᠵᠠᠢ᠃ ᠥᠢᠯᠠᠭᠠᠬᠰᠡᠨ ᠢᠶᠠᠷ᠂ ᠰᠢᠯᠣᠭᠤᠨ ᠬᠥᠬᠡ ᠬᠤᠰᠢᠭᠤᠨ ᠤ ᠬᠠᠣᠯᠢ ᠪᠠᠷ ᠵᠠᠰᠠᠬᠤ ᠬᠥᠷᠢᠶ᠎ᠡ ᠴᠠᠷᠠᠭ᠎ᠠ ᠶᠢᠨ ᠥᠬᠡᠷᠡᠴᠢᠯᠡᠯᠳᠠ ᠶᠢᠨ ᠡᠬᠦᠷᠬᠡ ᠨᠡᠶᠢᠳᠠ 19 ᠲᠥᠷᠣᠯ ᠪᠠᠶᠢᠵᠣ᠂ 18 ᠲᠥᠷᠣᠯ ᠤᠨ ᠥᠬᠡᠷᠡᠴᠢᠯᠡᠯᠳᠠ ᠶᠢᠨ ᠡᠬᠦᠷᠬᠡ ᠶᠢ ᠨᠣᠣᠷᠠᠭᠯᠠᠨ ᠲᠥᠰᠥᠪᠯᠡᠵᠣ᠂ ᠣᠳᠣᠬᠠᠨ ᠪᠣᠯᠬᠤ ᠳᠤ ᠬᠠᠮᠢᠶ᠎ᠠ ᠪᠦᠬᠦᠢ ᠰᠠᠨᠠᠯ ᠲᠥᠰᠣᠯ ᠨᠢᠬᠡᠨᠳᠠ 13 ᠨᠡᠶᠢᠳᠡᠯᠡᠭᠳᠡᠨ᠂ ᠨᠣᠣᠷᠠᠭᠯᠠᠨ ᠲᠥᠰᠥᠪᠯᠡᠭᠰᠡᠨ ᠥᠬᠡᠷᠡᠴᠢᠯᠡᠯᠳᠠ ᠶᠢᠨ ᠡᠬᠦᠷᠬᠡ ᠶᠢᠨ ᠢᠶᠠᠨ 72% ᠢ ᠪᠠᠶᠡᠯᠡᠬᠦᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号