ᠰᠢᠯᠤᠭᠤᠨ ᠭᠦᠭᠡ ᠬᠤᠰᠢᠭᠤᠨ ᠤ ᠨᠡᠶᠢᠭᠡᠮ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2016/7/18
    ᠱᠠᠩᠳᠤ ᠶᠢᠨ ᠮᠡᠳᠡᠭᠡ ︵ᠤᠨᠴᠠ ᠤᠷᠢᠭᠰᠠᠨ ᠰᠤᠷᠪᠤᠯᠵᠢᠯᠠᠭᠴᠢ ᠤᠶᠤᠩᠭᠤᠸ᠎ᠡ︶ 6 ᠳ᠋ᠤᠭᠠᠷ ᠰᠠᠷ᠎ᠡ ᠶᠢᠨ 12 ᠤᠨ ᠡᠳᠤᠷ᠂ ᠰᠢᠯᠤᠭᠤᠨ ᠭᠦᠭᠡ ᠬᠤᠰᠢᠭᠤᠨ ᠤ ᠤᠬᠠᠭᠤᠯᠬᠤ ᠭᠡᠯᠳᠡᠰ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ᠂ ᠭᠠᠵᠢᠭᠤ ᠨᠤᠮᠯᠠᠯ ᠢ ᠡᠰᠡᠷᠭᠦᠴᠡᠭᠦ ᠠᠯᠪᠠᠨ ᠭᠡᠷ᠂ ᠡᠷᠡᠭᠦᠯ ᠬᠠᠮᠠᠭᠠᠯᠠᠯ ᠤᠨ ᠲᠤᠪᠴᠢᠶ᠎ᠡ᠂ ᠬᠠᠤᠯᠢ ᠴᠠᠭᠠᠵᠠ ᠶᠢᠨ ᠲᠤᠪᠴᠢᠶ᠎ᠡ ᠵᠡᠷᠭᠡ ᠪᠠᠶᠢᠭᠤᠯᠭ᠎ᠠ ᠨᠢᠭᠡᠴᠡ ᠬᠠᠮᠳᠤᠷᠠᠵᠦ᠂ ᠨᠡᠶᠢᠭᠡᠮ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠭᠠᠷᠠᠭ ᠤᠨ ᠠᠵᠢᠯᠯᠠᠭ᠎ᠠ ᠶᠢ ᠡᠬᠢᠯᠡᠬᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠢᠨᠵᠢᠯᠡᠭᠦ ᠤᠬᠠᠭᠠᠨ ᠢ ᠲᠦᠭᠡᠮᠡᠯᠵᠢᠬᠦᠯᠬᠦ ᠮᠡᠳᠡᠯᠭᠡ ᠶᠢᠨ ᠬᠠᠪᠳᠠᠰᠤ ᠲᠤᠬᠢᠷᠠᠭᠤᠯᠵᠤ᠂ ᠬᠠᠤᠯᠢ ᠴᠠᠭᠠᠵᠠ᠂ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ᠂ ᠭᠡᠷ ᠪᠦᠯᠢ ᠶᠢᠨ ᠰᠤᠷᠭᠠᠨ ᠭᠦᠮᠤᠵᠢᠯ᠂ ᠡᠮ ᠡᠮᠨᠡᠯᠭᠡ ᠵᠡᠷᠭᠡ ᠠᠰᠠᠭᠤᠨ ᠯᠠᠪᠯᠠᠬᠤ ᠲᠠᠪᠴᠠᠩ ᠪᠠᠶᠢᠭᠤᠯᠤᠭᠰᠠᠨ ᠪᠠᠶᠢᠨ᠎ᠡ᠃ ᠬᠤᠰᠢᠭᠤᠨ ᠤ ᠬᠠᠮᠢᠶ᠎ᠡ ᠪᠦᠭᠦᠢ ᠰᠠᠯᠠᠭ᠎ᠠ ᠮᠦᠴᠢᠷ ᠤᠨ ᠲᠤᠰᠬᠠᠢ ᠮᠡᠷᠭᠡᠵᠢᠯ ᠤᠨ ᠠᠵᠢᠯᠳᠠᠨ ᠪᠠ ᠰᠠᠶᠢᠨ ᠲᠤᠷᠠᠴᠤᠤᠯ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ᠂ ᠬᠠᠤᠯᠢ ᠴᠠᠭᠠᠵᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠪᠠ ᠨᠤᠮ ᠪᠢᠴᠢᠭ ᠵᠡᠷᠭᠡ ᠶᠢ ᠲᠠᠷᠬᠠᠭᠠᠭᠰᠠᠨ ᠪᠠᠶᠢᠨ᠎ᠡ᠃ ᠡᠬᠦᠨ ᠤ ᠬᠠᠮᠳᠤ ᠱᠠᠩᠳᠤ ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠤᠨ ᠡᠮᠴᠢ ᠨᠠᠷ ᠴᠢᠰᠤᠨ ᠲᠠᠷᠤᠯᠳᠠ ᠦᠨᠳᠤᠷ ᠪᠤᠯᠬᠤ ᠶᠢ ᠭᠡᠷᠬᠢᠨ ᠤᠷᠢᠳᠴᠢᠯᠡᠨ ᠰᠡᠷᠭᠡᠶᠢᠯᠡᠭᠦ᠂ ᠠᠩᠬᠠᠷᠬᠤ ᠵᠤᠬᠢᠰᠳᠠᠢ ᠵᠦᠢᠯᠡᠰ ᠤᠨ ᠲᠠᠯ᠎ᠡ ᠪᠠᠷ ᠨᠠᠷᠢᠨ ᠲᠠᠶᠢᠯᠪᠤᠷᠢᠯᠠᠯᠳᠠ ᠬᠢᠵᠦ᠂ ︽ᠱᠠᠩᠳᠤ ᠶᠢᠨ ᠲᠠᠭᠤᠨ︾ ᠠᠷᠠᠤᠨ ᠤᠨ ᠲᠠᠭᠤᠤᠷᠢᠯᠢᠬ ᠤᠨ ᠨᠡᠶᠢᠭᠡᠮᠯᠢᠭ ᠤᠨ ᠬᠢᠨ ᠤᠯᠠᠨ ᠲᠦᠮᠡᠨ ᠳᠤ ᠭᠤᠴᠤ ᠰᠠᠶᠢᠬᠠᠨ ᠤᠷᠠᠯᠢᠭ ᠤᠨ ᠲᠤᠭᠯᠠᠯᠳᠠ ᠪᠠᠨ ᠰᠤᠨᠢᠷᠬᠠᠭᠤᠯᠵᠡᠢ᠃ ᠤᠢᠢᠯᠠᠭᠠᠭᠰᠠᠨ ᠢᠶᠠᠷ᠂ ᠭᠠᠷᠠᠭ ᠤᠨ ᠠᠵᠢᠯᠯᠠᠭᠠᠨ ᠤ ᠬᠤᠭᠤᠴᠠᠭᠠᠨ ᠳᠤ ᠬᠤᠰᠢᠭᠤᠨ ᠤ ᠬᠠᠮᠢᠶ᠎ᠡ ᠪᠦᠭᠦᠢ ᠰᠠᠯᠠᠭ᠎ᠠ ᠮᠦᠴᠢᠷ ᠨᠡᠶᠢᠭᠡᠮ ᠤᠨ ᠰᠢᠨᠵᠢᠯᠡᠭᠦ ᠤᠬᠠᠭᠠᠨ ᠤ ᠶᠡᠷᠤ ᠶᠢᠨ ᠮᠡᠳᠡᠯᠭᠡ ᠶᠢ ᠰᠤᠷᠭᠠᠭᠤᠯᠢ ᠶᠢᠨ ᠭᠦᠷᠢᠶ᠎ᠡ ᠪᠠ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠵᠤ᠂ ᠨᠡᠶᠢᠭᠡᠮ ᠤᠨ ᠰᠢᠨᠵᠢᠯᠡᠭᠦ ᠤᠬᠠᠭᠠᠨ ᠤ ᠶᠡᠷᠤ ᠶᠢᠨ ᠮᠡᠳᠡᠯᠭᠡ ᠶᠢᠨ ᠶᠠᠷᠢᠶᠠᠠ ᠤ ᠲᠠᠪᠴᠠᠩ ᠵᠡᠷᠭᠡ ᠰᠢᠷᠢᠰ ᠠᠵᠢᠯᠯᠠᠭ᠎ᠠ ᠦᠷᠨᠢᠭᠦᠯᠭᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号