| | | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 22 ᠳ᠋ᠤᠭᠠᠷ ᠤᠳᠠᠭᠠᠨ ᠤ ᠬᠤᠷᠠᠯ ᠠᠴᠠ | ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠤᠸᠠᠨ ᠤ ᠳᠡᠭᠡᠳᠦ ᠨᠡᠶᠢᠰᠯᠡᠯ ᠤᠨ | ᠪᠠᠭᠤᠷᠢ ᠶᠢ ᠬᠠᠮᠠᠭᠠᠯᠠᠬᠤ ᠳᠦᠷᠢᠮ︾ ᠢ ᠬᠢᠨᠠᠨ ᠵᠥᠪᠯᠡᠵᠦ ᠪᠠᠲᠤᠯᠠᠪᠠ᠃ ᠢᠩᠭᠢᠭᠡᠳ ᠳᠡᠯᠡᠬᠡᠢ ᠶᠢᠨ ᠰᠣᠶᠣᠯ ᠤᠨ | ᠥᠪ ᠪᠣᠯᠬᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠬᠠᠤᠯᠢ ᠶᠢᠨ ᠪᠠᠲᠤᠯᠠᠭ᠎ᠠ ᠲᠠᠢ | ᠪᠣᠯᠣᠭᠰᠠᠨ ᠪᠠᠶᠢᠨ᠎ᠠ᠃ ᠶᠤᠸᠠᠨ ᠤ ᠳᠡᠭᠡᠳᠦ ᠨᠡᠶᠢᠰᠯᠡᠯ ᠨᠢ ᠰᠢᠯᠤᠭᠤᠨ ᠬᠥᠬᠡ ᠬᠤᠰᠢᠭᠤᠨ ᠤ ᠲᠠᠯ᠎ᠠ ᠨᠤᠲᠤᠭ ᠲᠤ | ᠪᠠᠶᠢᠷᠢᠯᠠᠵᠤ᠂ ᠨᠡᠶᠢᠲᠡ ᠶᠢᠨ ᠣᠨ ᠲᠣᠭᠠᠯᠠᠯ ᠤᠨ 1260 ᠣᠨ ᠳᠤ ᠬᠤᠪᠢᠯᠠᠢ ᠰᠡᠴᠡᠨ ᠬᠠᠭᠠᠨ ᠠᠳᠡ | ᠨᠡᠶᠢᠰᠯᠡᠯ ᠢᠶᠠᠨ ᠪᠠᠶᠢᠭᠤᠯᠤᠭᠰᠠᠨ ᠶᠤᠮ᠃ ᠶᠤᠸᠠᠨ ᠤ ᠳᠡᠭᠡᠳᠦ ᠨᠡᠶᠢᠰᠯᠡᠯ ᠪᠣᠯ ᠳᠡᠯᠡᠬᠡᠢ ᠶᠢᠨ ᠨᠡᠭᠦᠳᠡᠯᠴᠢᠨ | ᠦᠨᠳᠦᠰᠦᠲᠡᠨ ᠤ ᠪᠠᠶᠢᠭᠤᠯᠤᠭᠰᠠᠨ ᠤ ᠴᠥᠭᠡᠨ ᠬᠡᠳᠦᠨ ᠨᠡᠶᠢᠰᠯᠡᠯ ᠬᠤᠲᠠ ᠶᠢᠨ ᠨᠢᠭᠡ ᠶᠤᠮ᠂ 2012 ᠣᠨ ᠳᠤ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠤᠨ | ᠪᠠᠶᠢᠭᠤᠯᠭ᠎ᠠ ᠠᠴᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ︽ᠳᠡᠯᠡᠬᠡᠢ ᠶᠢᠨ ᠰᠣᠶᠣᠯ ᠤᠨ ᠥᠪ | ᠦᠯᠡᠳᠡᠭᠳᠡᠯ ᠤᠨ ᠨᠡᠷᠡᠰ ᠤᠨ ᠵᠢᠭᠰᠠᠭᠠᠯ︾ ᠳᠤ ᠣᠷᠣᠭᠤᠯᠤᠭᠰᠠᠨ ᠪᠠᠶᠢᠨ᠎ᠠ᠃ ᠡᠨᠡ ᠳᠦᠷᠢᠮ ᠳᠤ | ᠲᠣᠭᠲᠠᠭᠠᠬᠤ ᠳᠠᠭᠠᠨ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠡᠪᠴᠢᠶᠡᠨ ᠳᠤ | ᠵᠥᠪᠬᠡᠨ ᠬᠠᠭᠤᠴᠢ ᠰᠤᠳᠤᠯᠤᠯ ᠤᠨ ᠪᠠᠶᠢᠴᠠᠭᠠᠯᠲᠠ᠂ ᠬᠠᠶᠢᠨ ᠰᠢᠨᠵᠢᠬᠦ᠂ ᠠᠭᠤᠳᠠᠯᠵᠤ ᠨᠡᠭᠡᠭᠡᠬᠦ᠂ ᠲᠡᠷᠡᠴᠢᠯᠡᠨ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠷᠥᠯ ᠵᠦᠢᠯ᠂ ᠬᠠᠮᠠᠭᠠᠯᠠᠬᠤ ᠳᠤ ᠬᠡᠷᠡᠭᠯᠡᠬᠦ ᠴᠢᠬᠤᠯᠠᠲᠠᠢ | ᠪᠡᠯᠡᠳᠬᠡᠯ ᠲᠥᠬᠦᠭᠡᠷᠦᠮᠵᠢ ᠪᠣᠯᠣᠨ ᠵᠢᠭᠤᠯᠴᠢᠳ ᠲᠤ ᠦᠢᠯᠡᠴᠢᠯᠡᠬᠦ ᠪᠡᠯᠡᠳᠬᠡᠯ ᠲᠥᠬᠦᠭᠡᠷᠦᠮᠵᠢ ᠶᠢᠨ ᠪᠠᠶᠢᠭᠤᠯᠤᠯᠲᠠ | ᠬᠢᠵᠦ ᠪᠣᠯᠣᠨ᠎ᠠ᠃ ᠶᠠᠮᠠᠷᠪᠠ ᠪᠠᠶᠢᠭᠤᠯᠭ᠎ᠠ ᠨᠢᠭᠡᠴᠠ ᠪᠣᠯᠣᠨ ᠬᠤᠪᠢ ᠬᠥᠮᠥᠨ ᠤ ᠳᠤᠷ᠎ᠠ ᠳᠠᠪᠠ ᠪᠠᠷ ᠢᠶᠠᠨ ᠳᠡᠯᠪᠡᠴᠢᠵᠦ | ᠡᠪᠳᠡᠬᠦ᠂ ᠥᠷᠥᠮᠳᠡᠵᠦ ᠬᠠᠶᠢᠬᠤ᠂ ᠠᠭᠤᠷᠬᠠᠢ ᠮᠠᠯᠲᠠᠬᠤ ᠪᠠ ᠰᠢᠷᠣᠢ ᠮᠠᠯᠲᠠᠬᠤ ᠵᠡᠷᠭᠡ ᠡᠯ᠎ᠡ ᠵᠦᠢᠯ ᠤᠨ | ᠠᠵᠢᠯᠯᠠᠭ᠎ᠠ ᠶᠢ ᠴᠠᠭᠠᠵᠠᠯᠠᠨ᠎ᠠ ᠭᠡᠵᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠤᠸᠠᠨ ᠤ | ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠳᠦᠷᠢᠮ︾ ᠢ 2016 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠬᠦ ᠪᠣᠯᠣᠨ᠎ᠠ᠃ | | |