ᠵᠢᠭᠤᠯᠴᠢᠯᠠᠭᠴᠢ ᠨᠢ ᠬᠡᠷᠡᠭᠯᠡᠭᠴᠢ ᠪᠣᠯᠬᠤ ᠶᠢᠨ ᠬᠤᠪᠢ ᠳᠤ ᠬᠠᠤᠯᠢ ᠴᠠᠭᠠᠵᠠ ᠠᠴᠠ ᠣᠯᠭᠤᠭᠰᠠᠨ ᠡᠷᠬᠡ ᠶᠢ | ᠮᠡᠳᠡᠬᠦ ᠬᠡᠷᠡᠭᠲᠡᠢ᠃ ᠮᠠᠨ ᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠥᠰᠥᠯᠡᠪᠡᠯ᠂ ᠵᠢᠭᠤᠯᠴᠢᠯᠠᠭᠴᠢ ᠭᠤᠣᠯᠳᠠᠭᠤ ᠳᠣᠣᠷᠠᠬᠢ ᠬᠡᠳᠦᠨ ᠵᠦᠢᠯ ᠤᠨ ᠡᠷᠬᠡ ᠲᠠᠢ᠃ | ᠵᠢᠭᠤᠯᠴᠢᠯᠠᠬᠤ ᠪᠠᠨ ᠡᠵᠡᠨ ᠮᠡᠳᠡᠨ ᠰᠤᠩᠭᠤᠬᠤ ᠡᠷᠬᠡ ᠵᠢᠭᠤᠯᠴᠢᠯᠠᠬᠤ ᠪᠠᠨ ᠡᠵᠡᠨ ᠮᠡᠳᠡᠨ ᠰᠤᠩᠭᠤᠬᠤ | ᠡᠷᠬᠡ ᠪᠣᠯ ᠵᠢᠭᠤᠯᠴᠢᠯᠠᠭᠴᠢᠳ ᠤᠨ ᠦᠨᠳᠦᠰᠦᠨ ᠡᠷᠬᠡ ᠪᠣᠯᠣᠨ᠎ᠠ᠃ ᠡᠩ ᠲᠡᠷᠢᠭᠦᠨ ᠳᠤ᠂ ᠵᠢᠭᠤᠯᠴᠢᠯᠠᠭᠴᠢᠳ | ᠦᠪᠡᠷ ᠤᠨ ᠬᠦᠰᠡᠯ ᠰᠠᠨᠠᠭ᠎ᠠ ᠪᠠᠨ ᠦᠨᠳᠦᠰᠦᠯᠡᠨ᠂ ᠵᠢᠭᠤᠯᠴᠢᠯᠠᠬᠤ ᠪᠠᠷ ᠵᠣᠷᠢᠭᠰᠠᠨ ᠭᠠᠵᠠᠷ᠂ ᠵᠢᠭᠤᠯᠴᠢᠯᠠᠬᠤ ᠠᠷᠭ᠎ᠠ | ᠮᠠᠶ᠋ᠢᠭ᠂ ᠵᠢᠭᠤᠯᠴᠢᠯᠠᠬᠤ ᠴᠠᠭ ᠬᠤᠭᠤᠴᠠᠭ᠎ᠠ᠂ ᠵᠢᠭᠤᠯᠴᠢᠯᠠᠬᠤ ᠲᠦᠷᠦᠯ ᠵᠦᠢᠯ ᠵᠡᠷᠭᠡ ᠶᠢ ᠴᠢᠯᠦᠭᠡ ᠲᠠᠢ ᠪᠠᠷ | ᠰᠤᠩᠭᠤᠵᠦ ᠪᠣᠯᠤᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠪᠠᠶᠢᠳᠠᠯ ᠢ ᠣᠶᠢᠯᠠᠭᠠᠨ᠂ ᠵᠢᠭᠤᠯᠴᠢᠯᠠᠯ ᠡᠵᠡᠩᠨᠡᠭᠴᠢ ᠶᠢ | ᠦᠢᠯᠡᠴᠢᠯᠡᠭᠡᠨ ᠤ ᠠᠭᠤᠯᠭ᠎ᠠ᠂ ᠬᠡᠪᠴᠢᠶ᠎ᠡ᠂ ᠴᠠᠭ ᠬᠤᠭᠤᠴᠠᠭ᠎ᠠ᠂ ᠵᠠᠷᠤᠳᠠᠯ ᠵᠡᠷᠭᠡ ᠶᠢ ᠱᠠᠭᠠᠷᠳᠠᠨ ᠬᠠᠩᠭᠠᠯᠭᠠᠨ᠎ᠠ᠃ | ᠬᠤᠶᠠᠳᠤᠭᠠᠷ ᠲᠤ᠂ ᠵᠢᠭᠤᠯᠴᠢᠯᠠᠭᠴᠢᠳ ᠦᠪᠡᠷ ᠤᠨ ᠲᠣᠭᠲᠠᠭᠰᠠᠨ ᠵᠢᠭᠤᠯᠴᠢᠯᠠᠬᠤ ᠠᠶᠠᠨ ᠵᠠᠮ ᠪᠤᠶᠤ | ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠠᠩᠭᠠᠭᠰᠠᠨ ᠵᠢᠭᠤᠯᠴᠢᠯᠠᠬᠤ ᠵᠠᠮ ᠱᠤᠭᠤᠮ ᠢ ᠦᠨᠳᠥᠰᠥᠯᠡᠨ᠂ | ᠵᠢᠭᠤᠯᠴᠢᠨ ᠳᠤ ᠦᠢᠯᠡᠴᠢᠯᠡᠬᠦ ᠭᠠᠵᠠᠷ ᠢ ᠡᠵᠡᠨ ᠮᠡᠳᠡᠨ ᠰᠤᠩᠭᠤᠵᠦ ᠪᠣᠯᠤᠨ᠎ᠠ᠃ ᠣᠳᠣᠬᠠᠨ ᠳᠤ᠂ ᠮᠠᠨ ᠤ ᠤᠯᠤᠰ | ᠵᠢᠭᠤᠯᠴᠢᠨ ᠳᠤ ᠦᠢᠯᠡᠴᠢᠯᠡᠬᠦ ᠭᠠᠵᠠᠷ ᠤᠨ ᠡᠵᠡᠩᠨᠡᠯᠲᠡ ᠶᠢᠨ ᠬᠡᠪᠴᠢᠶ᠎ᠡ ᠶᠣᠰᠤᠭᠠᠷ᠂ ᠣᠯᠠᠨ ᠤᠯᠤᠰ ᠤᠨ | ᠵᠢᠭᠤᠯᠴᠢᠨ ᠳᠤ ᠦᠢᠯᠡᠴᠢᠯᠡᠬᠦ ᠭᠠᠵᠠᠷ ᠪᠣᠯᠣᠨ ᠤᠯᠤᠰ ᠤᠨ ᠲᠣᠲᠤᠭᠠᠳᠦ ᠶᠢᠨ ᠵᠢᠭᠤᠯᠴᠢᠨ ᠳᠤ ᠦᠢᠯᠡᠴᠢᠯᠡᠬᠦ ᠭᠠᠵᠠᠷ | ᠭᠡᠵᠦ ᠬᠤᠪᠢᠶᠠᠵᠦ ᠪᠣᠢ᠃ ᠣᠯᠠᠨ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠤᠨ ᠡᠵᠡᠩᠨᠡᠯᠳᠡ ᠶᠢᠨ | ᠬᠡᠪᠴᠢᠶ᠎ᠡ ᠳᠤ ᠬᠢᠯᠢ ᠪᠠᠷ ᠣᠷᠣᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ᠂ ᠬᠢᠯᠢ ᠪᠠᠷ ᠭᠠᠷᠬᠤ ᠵᠢᠭᠤᠯᠴᠢᠯᠠᠯ ᠤᠨ | ᠲᠣᠬᠠᠶᠢᠯᠠᠭᠰᠠᠨ ᠠᠵᠢᠯ᠂ ᠤᠯᠤᠰ ᠤᠨ ᠲᠣᠳᠤᠭᠠᠳᠤ ᠶᠢᠨ ᠵᠢᠭᠤᠯᠴᠢᠯᠠᠯ ᠤᠨ ᠲᠣᠬᠠᠶᠢᠯᠠᠭᠰᠠᠨ ᠠᠵᠢᠯ᠂ ᠤᠯᠤᠰ ᠤᠨ | ᠲᠣᠳᠤᠭᠠᠳᠤ ᠶᠢᠨ ᠵᠢᠭᠤᠯᠴᠢᠨ ᠳᠤ ᠦᠢᠯᠡᠴᠢᠯᠡᠬᠦ ᠭᠠᠵᠠᠷ ᠤᠨ ᠡᠵᠡᠩᠨᠡᠯᠳᠡ ᠶᠢᠨ ᠬᠡᠪᠴᠢᠶ᠎ᠡ ᠨᠢ ᠵᠥᠪᠬᠡᠨ ᠤᠯᠤᠰ ᠤᠨ | ᠲᠣᠳᠤᠭᠠᠳᠤ ᠶᠢᠨ ᠵᠢᠭᠤᠯᠴᠢᠯᠠᠯ ᠤᠨ ᠲᠣᠬᠠᠶᠢᠯᠠᠭᠰᠠᠨ ᠠᠵᠢᠯ ᠢᠶᠠᠷ ᠬᠢᠵᠠᠭᠠᠷᠯᠠᠭᠳᠠᠨ᠎ᠠ᠃ ᠤᠯᠠᠨ ᠤᠯᠤᠰ ᠤᠨ | ᠵᠢᠭᠤᠯᠴᠢᠨ ᠳᠤ ᠦᠢᠯᠡᠴᠢᠯᠡᠬᠦ ᠭᠠᠵᠠᠷ ᠨᠢ ᠬᠢᠯᠢ ᠪᠠᠷ ᠭᠠᠷᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ | ᠡᠵᠡᠩᠨᠡᠬᠦ ᠳᠤ ᠤᠯᠤᠰ ᠢᠶᠠᠷ ᠵᠥᠪᠰᠢᠶᠡᠷᠡᠬᠦᠯᠬᠦ ᠬᠡᠷᠡᠭᠲᠡᠢ ᠪᠠᠶᠢᠳᠠᠭ᠃ | ᠵᠢᠭᠤᠯᠴᠢᠯᠠᠯ ᠤᠨ ᠦᠢᠯᠡᠴᠢᠯᠡᠭᠡᠨ ᠤ ᠪᠠᠶᠢᠳᠠᠯ ᠢ ᠣᠶᠢᠯᠠᠭᠠᠬᠤ ᠡᠷᠬᠡ ︽ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ︾ ᠶᠢᠨ 8 ᠳ᠋ᠤᠭᠠᠷ ᠵᠦᠢᠯ ᠳᠤ᠄ ︽ᠬᠡᠷᠡᠭᠯᠡᠭᠴᠢᠳ ᠬᠤᠳᠠᠯᠳᠤᠨ ᠠᠪᠤᠭᠰᠠᠨ᠂ | ᠬᠡᠷᠡᠭᠯᠡᠵᠦ ᠪᠠᠶᠢᠭ᠎ᠠ ᠲᠠᠸᠠᠷ ᠪᠤᠶᠤ ᠬᠦᠯᠢᠶᠡᠨ ᠠᠪᠤᠭᠰᠠᠨ ᠦᠢᠯᠡᠴᠢᠯᠡᠭᠡᠨ ᠤ ᠦᠨᠡᠨ ᠪᠤᠳᠠᠲᠠᠢ ᠪᠠᠶᠢᠳᠠᠯ ᠢ ᠣᠶᠢᠯᠠᠭᠠᠵᠤ | ᠮᠡᠳᠡᠬᠦ ᠡᠷᠬᠡ ᠲᠠᠢ︾ ᠭᠡᠵᠦ ᠲᠣᠳᠤᠷᠬᠠᠢ ᠲᠤᠭᠲᠠᠭᠠᠭᠰᠠᠨ ᠪᠠᠶᠢᠳᠠᠭ᠃ ᠵᠢᠭᠤᠯᠴᠢᠯᠠᠭᠴᠢᠳ ᠵᠢᠭᠤᠯᠴᠢᠯᠠᠯ ᠤᠨ | ᠦᠢᠯᠡᠴᠢᠯᠡᠭᠡ ᠬᠦᠯᠢᠶᠡᠬᠦ ᠳᠡᠭᠡᠨ᠂ ᠵᠢᠭᠤᠯᠴᠢᠯᠠᠯ ᠡᠵᠡᠩᠨᠡᠭᠴᠢᠳ ᠠᠴᠠ ᠵᠢᠭᠤᠯᠴᠢᠯᠠᠭᠴᠢᠳ ᠲᠤ ᠦᠨᠡᠨ ᠪᠤᠳᠠᠲᠠᠢ | ᠮᠡᠳᠡᠭᠡ ᠵᠠᠩᠭᠢ ᠬᠠᠩᠭᠠᠬᠤ ᠡᠭᠦᠷᠭᠡ ᠶᠢ ᠬᠠᠷᠢᠭᠤᠴᠠᠵᠤ᠂ ᠵᠢᠭᠤᠯᠴᠢᠯᠠᠭᠴᠢᠳ ᠢ ᠮᠡᠬᠡᠯᠡᠨ ᠬᠢᠬᠠᠵᠤ ᠬᠠᠭᠤᠷᠴᠤ ᠪᠣᠯᠬᠤ | ᠦᠭᠡᠢ᠂ ᠵᠢᠭᠤᠯᠴᠢᠯᠠᠭᠴᠢᠳ ᠵᠠᠮ ᠬᠠᠷᠢᠯᠴᠠᠭᠠᠨ ᠤ ᠪᠠᠭᠠᠵᠢ ᠶᠢᠨ ᠪᠠᠷᠢᠮᠵᠢᠶ᠎ᠠ᠂ ᠵᠤᠭᠠᠴᠠᠨ ᠦᠵᠡᠬᠦ ᠦᠵᠡᠮᠵᠢ᠂ | ᠬᠤᠨᠤᠭ ᠤᠨ ᠪᠠᠷᠢᠮᠵᠢᠶ᠎ᠠ᠂ ᠬᠤᠭᠤᠯᠠ ᠤᠮᠳᠠ ᠶᠢᠨ ᠪᠠᠷᠢᠮᠵᠢᠶ᠎ᠠ᠂ ᠨᠠᠶᠢᠷ ᠨᠠᠭᠠᠳᠤᠮ ᠤᠨ ᠪᠠᠷᠢᠮᠵᠢᠶ᠎ᠠ᠂ ᠪᠠᠷᠠᠭ᠎ᠠ | ᠬᠤᠳᠠᠯᠳᠤᠨ ᠠᠪᠬᠤ ᠤᠳᠠᠭ᠎ᠠ︔ ᠵᠢᠭᠤᠯᠴᠢᠯᠠᠯ ᠤᠨ ᠦᠨ᠎ᠡ ᠬᠠᠩᠰᠢ︔ ᠭᠡᠷ᠎ᠡ ᠠᠴᠠ ᠵᠦᠷᠢᠴᠡᠭᠰᠡᠨ ᠤ | ᠬᠠᠷᠢᠭᠤᠴᠠᠯᠭ᠎ᠠ ᠵᠡᠷᠭᠡ ᠶᠢ ᠪᠠᠭᠲᠠᠭᠠᠭᠰᠠᠨ ᠵᠢᠭᠤᠯᠴᠢᠯᠠᠬᠤ ᠠᠶᠠᠨ ᠵᠠᠮ ᠤᠨ ᠲᠣᠬᠢᠷᠠᠭᠤᠯᠭ᠎ᠠ ᠶᠢ ᠨᠠᠷᠢᠨ ᠪᠤᠳᠠᠲᠠᠢ | ᠣᠶᠢᠯᠠᠭᠠᠬᠤ ᠬᠡᠷᠡᠭᠲᠡᠢ᠃ ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠠᠩᠭᠠᠭᠰᠠᠨ ᠵᠢᠭᠤᠯᠴᠢᠯᠠᠬᠤ ᠵᠠᠮ | ᠱᠤᠭᠤᠮ ᠤᠨ ᠬᠦᠰᠥᠨᠥᠭᠲᠦ ᠪᠣᠯ ᠭᠡᠷ᠎ᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠬᠤ ᠲᠤᠯᠠ᠂ ᠭᠡᠷ᠎ᠡ | ᠲᠣᠭᠲᠠᠬᠤ ᠠᠴᠠ ᠡᠮᠦᠨ᠎ᠡ ᠵᠠᠪᠠᠯ ᠨᠠᠷᠢᠨ ᠨᠢᠮᠪᠠᠢ ᠤᠩᠰᠢᠵᠦ ᠦᠵᠡᠬᠦ ᠬᠡᠷᠡᠭᠲᠡᠢ᠃ ᠲᠣᠭᠲᠠᠭᠰᠠᠨ ᠭᠡᠷ᠎ᠡ ᠨᠢ | ᠵᠢᠭᠤᠯᠴᠢᠨ ᠳᠤ ᠦᠢᠯᠡᠴᠢᠯᠡᠬᠦ ᠭᠠᠵᠠᠷ ᠠᠴᠠ ᠵᠢᠭᠤᠯᠴᠢᠯᠠᠯ ᠤᠨ ᠭᠡᠷ᠎ᠡ ᠶᠢᠨ ᠦᠯᠢᠭᠡᠷ ᠳᠡᠪᠲᠡᠷ ᠤᠨ ᠶᠣᠰᠣᠭᠠᠷ᠂ | ᠵᠢᠭᠤᠯᠴᠢᠯᠠᠬᠤ ᠠᠶᠠᠨ ᠵᠠᠮ ᠤᠨ ᠲᠣᠬᠢᠷᠠᠭᠤᠯᠭ᠎ᠠ︔ ᠵᠢᠭᠤᠯᠴᠢᠯᠠᠯ ᠤᠨ ᠦᠨ᠎ᠡ ᠬᠠᠩᠰᠢ︔ ᠭᠡᠷ᠎ᠡ ᠠᠴᠠ | ᠵᠦᠷᠢᠴᠡᠭᠰᠡᠨ ᠤ ᠬᠠᠷᠢᠭᠤᠴᠠᠯᠭ᠎ᠠ ᠵᠡᠷᠭᠡ ᠶᠢ ᠲᠣᠳᠤᠷᠬᠠᠢ ᠪᠣᠯᠵᠣᠨ ᠲᠣᠭᠲᠠᠭᠰᠠᠨ ᠪᠠᠶᠢᠬᠤ ᠬᠡᠷᠡᠭᠲᠡᠢ᠃ | ᠵᠢᠭᠤᠯᠴᠢᠯᠠᠯ ᠤᠨ ᠡᠷᠬᠡ ᠲᠡᠭᠰᠢ ᠪᠠᠷ ᠠᠷᠠᠯᠵᠢᠶᠠᠯᠠᠬᠤ ᠡᠷᠬᠡ ᠡᠷᠬᠡ ᠲᠡᠭᠰᠢ ᠪᠠᠷ ᠠᠷᠠᠯᠵᠢᠶᠠᠯᠠᠬᠤ ᠡᠷᠬᠡ | ᠭᠡᠳᠡᠭ ᠨᠢ ᠵᠢᠭᠤᠯᠴᠢᠯᠠᠯ ᠡᠵᠡᠩᠨᠡᠭᠴᠢ ᠠᠴᠠ ᠵᠢᠭᠤᠯᠴᠢᠯᠠᠭᠴᠢᠳ ᠯᠤᠭ᠎ᠠ ᠭᠡᠷ᠎ᠡ ᠲᠣᠭᠲᠠᠬᠤ ᠶᠢᠨ ᠬᠠᠮᠲᠤ ᠲᠥᠪ | ᠭᠤᠣᠯᠴᠢ᠂ ᠡᠷᠬᠡ ᠲᠡᠭᠰᠢ᠂ ᠦᠨᠡᠨᠴᠢ ᠰᠢᠳᠤᠷᠭᠤ᠂ ᠢᠲᠡᠭᠡᠯ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ | ᠵᠢᠭᠤᠯᠴᠢᠯᠠᠯ ᠡᠵᠡᠩᠨᠡᠭᠴᠢ ᠠᠴᠠ ᠠᠯᠪᠠᠳᠠᠯᠭ᠎ᠠ ᠪᠠᠷ ᠪᠤᠶᠤ ᠵᠢᠭᠤᠯᠴᠢᠯᠠᠭᠴᠢᠳ ᠤᠨ ᠬᠦᠰᠡᠯ ᠰᠠᠨᠠᠭ᠎ᠠ ᠶᠢ ᠵᠦᠷᠢᠴᠡᠭᠰᠡᠨ | ᠤᠷᠤᠮᠴᠢᠯᠠᠭᠰᠠᠨ ᠦᠢᠯᠡᠴᠢᠯᠡᠭᠡ ᠬᠠᠩᠭᠠᠵᠤ ᠪᠣᠯᠬᠤ ᠦᠭᠡᠢ᠂ ᠭᠡᠷ᠎ᠡ ᠳᠤ ᠵᠢᠭᠤᠯᠴᠢᠯᠠᠯ ᠡᠵᠡᠩᠨᠡᠭᠴᠢ ᠶᠢᠨ | ᠵᠢᠭᠤᠯᠴᠢᠯᠠᠭᠴᠢᠳ ᠲᠤ ᠭᠦᠢᠴᠡᠳᠬᠡᠬᠦ ᠡᠭᠦᠷᠭᠡ᠂ ᠵᠢᠱᠢᠶᠡᠯᠡᠪᠡᠯ ᠵᠠᠮᠴᠢᠯᠠᠬᠤ ᠦᠢᠯᠡᠴᠢᠯᠡᠭᠡ᠂ ᠵᠢᠭᠤᠯᠴᠢᠯᠠᠯ | ᠡᠵᠡᠩᠨᠡᠭᠴᠢ ᠶᠢᠨ ᠭᠡᠷ᠎ᠡ ᠠᠴᠠ ᠵᠦᠷᠢᠴᠡᠭᠰᠡᠨ ᠤ ᠬᠠᠷᠢᠭᠤᠴᠠᠯᠭ᠎ᠠ᠂ ᠵᠢᠭᠤᠯᠴᠢᠯᠠᠬᠤ ᠳᠠᠬᠢ ᠰᠠᠨᠠᠭᠠᠨ ᠳᠤ ᠦᠭᠡᠢ | ᠠᠳᠡᠯ ᠤᠨ ᠳᠠᠭᠠᠳᠬᠠᠯ ᠵᠡᠷᠭᠡ ᠶᠢ ᠲᠣᠳᠣᠷᠬᠠᠢ ᠪᠢᠴᠢᠬᠦ ᠬᠡᠷᠡᠭᠲᠡᠢ᠃ ᠵᠢᠭᠤᠯᠴᠢᠯᠠᠯ ᠡᠵᠡᠩᠨᠡᠭᠴᠢ ᠵᠢᠭᠤᠯᠴᠢᠯᠠᠯ ᠤᠨ | ᠰᠦᠢᠳᠬᠡᠯ ᠬᠤᠷᠢᠶᠠᠬᠤ ᠳᠠᠭᠠᠨ᠂ ᠡᠷᠬᠡᠪᠰᠢ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠣᠯᠣᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠯᠪᠣᠭᠳᠠᠯ | ᠪᠦᠬᠦᠢ ᠵᠢᠭᠤᠯᠴᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠃ ᠵᠢᠭᠤᠯᠴᠢᠯᠠᠯ | ᠡᠵᠡᠩᠨᠡᠭᠴᠢ ᠠᠴᠠ ᠵᠢᠭᠤᠯᠴᠢᠯᠠᠭᠴᠢᠳ ᠢ ᠠᠯᠪᠠᠳᠠᠨ ᠬᠤᠪᠢ ᠪᠠᠷ ᠢᠶᠠᠨ ᠵᠠᠷᠤᠳᠠᠯ ᠭᠠᠷᠭᠠᠬᠤ ᠲᠦᠷᠦᠯ ᠵᠦᠢᠯ ᠳᠤ | ᠣᠷᠣᠯᠴᠠᠭᠤᠯᠵᠤ᠂ ᠠᠯᠪᠠᠳᠠᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠵᠦ᠂ ᠭᠠᠷ ᠴᠠᠶᠢᠯᠭᠠᠬᠤ ᠮᠦᠩᠭᠦ ᠠᠪᠴᠤ | ᠪᠣᠯᠬᠤ ᠦᠭᠡᠢ᠃ ᠦᠨ᠎ᠡ ᠬᠠᠩᠰᠢ ᠬᠢᠭᠡᠳ ᠦᠢᠯᠡᠴᠢᠯᠡᠭᠡ ᠪᠣᠯ ᠬᠠᠷᠢᠯᠴᠠᠨ ᠵᠣᠬᠢᠴᠠᠯᠳᠤᠵᠦ ᠪᠠᠶᠢᠳᠠᠭ᠂ ᠬᠢᠮᠳᠠ | ᠦᠨ᠎ᠡ ᠶᠢᠨ ᠮᠦᠷᠲᠡᠭᠡᠨ ᠦᠨᠳᠦᠷ ᠳᠡᠰ ᠤᠨ ᠦᠢᠯᠡᠴᠢᠯᠡᠭᠡ ᠭᠡᠵᠦ ᠪᠠᠶᠢᠬᠤ ᠪᠣᠯᠣᠮᠵᠢ ᠦᠭᠡᠢ ᠭᠡᠳᠡᠭ ᠢ | ᠵᠢᠭᠤᠯᠴᠢᠯᠠᠯ ᠤᠨ ᠬᠡᠷᠡᠭᠯᠡᠭᠴᠢᠳ ᠲᠤ ᠰᠠᠨᠠᠭᠤᠯᠤᠶ᠎ᠠ᠃ | ᠪᠡᠶ᠎ᠡ ᠮᠠᠬᠠᠪᠤᠳ ᠡᠳ᠋ ᠬᠤᠭᠰᠢᠯ ᠤᠨ ᠠᠮᠤᠷ ᠲᠦᠪᠰᠢᠨ ᠳᠤ ᠬᠤᠬᠢᠷᠠᠯ ᠦᠯᠦ ᠤᠴᠠᠷᠠᠭᠤᠯᠬᠤ ᠡᠷᠬᠡ ᠪᠡᠶ᠎ᠡ | ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠪᠣᠯ ᠵᠢᠭᠤᠯᠴᠢᠯᠠᠭᠴᠢᠳ ᠤᠨ ᠬᠠᠮᠤᠭ ᠠᠴᠠ ᠠᠩᠬᠠᠷᠬᠤ | ᠶᠠᠪᠤᠳᠠᠯ ᠪᠣᠯᠬᠤ ᠪᠦᠭᠡᠳ ᠮᠥᠨ ᠴᠦ ᠵᠥᠩᠳᠡᠭᠡᠨ ᠬᠢᠯᠪᠠᠷᠬᠠᠨ ᠡᠭᠦᠰᠳᠡᠭ ᠵᠢᠭᠤᠯᠴᠢᠯᠠᠯ ᠤᠨ ᠵᠢᠭᠤᠷᠠᠯᠳᠤᠭᠠᠨ ᠤ | ᠭᠤᠭᠴᠤᠭ᠎ᠠ ᠪᠣᠯᠣᠨ᠎ᠠ᠃ ᠵᠢᠱᠢᠶᠡᠯᠡᠪᠡᠯ᠂ ᠵᠢᠭᠤᠯᠴᠢᠯᠠᠭᠴᠢᠳ ᠵᠢᠭᠤᠯᠴᠢᠯᠠᠵᠦ ᠪᠠᠶᠢᠬᠤ ᠬᠤᠭᠤᠴᠠᠭᠠᠨ ᠳᠤ | ᠰᠠᠨᠠᠭᠠᠨ ᠳᠤ ᠦᠭᠡᠢ ᠠᠳᠡᠯ ᠭᠠᠷᠴᠦ᠂ ᠵᠢᠭᠤᠯᠴᠢᠯᠠᠭᠴᠢ ᠦᠬᠦᠵᠦ ᠰᠢᠷᠬᠠᠲᠤᠬᠤ᠂ ᠲᠦᠷᠭᠡᠨ ᠴᠢᠨᠠᠷᠲᠠᠢ ᠡᠪᠡᠳᠴᠢᠨ | ᠡᠮᠭᠡᠭ ᠭᠡᠨᠡᠳᠲᠡ ᠡᠭᠦᠰᠬᠦ ᠪᠤᠶᠤ ᠦᠬᠦᠬᠦ᠂ ᠶᠠᠭᠤᠮ᠎ᠠ ᠬᠡᠤᠮ᠎ᠠ ᠨᠢ ᠭᠡᠭᠡᠭᠳᠡᠬᠦ᠂ ᠡᠪᠳᠡᠷᠡᠬᠦ ᠪᠤᠶᠤ ᠬᠤᠯᠠᠭᠠᠶᠢᠯᠠᠭᠳᠠᠬᠤ | ᠵᠡᠷᠭᠡ ᠨᠢ ᠴᠦᠮ ᠵᠢᠭᠤᠯᠴᠢᠯᠠᠭᠴᠢᠳ ᠤᠨ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠤ | ᠡᠷᠬᠡ ᠳᠤ ᠤᠴᠠᠷᠠᠭᠤᠯᠤᠭᠰᠠᠨ ᠬᠦᠨᠦᠭᠡᠯ ᠪᠣᠯᠣᠨ᠎ᠠ᠃ ᠵᠢᠭᠤᠯᠴᠢᠯᠠᠭᠴᠢᠳ ᠵᠢᠭᠤᠯᠴᠢᠯᠠᠬᠤ ᠠᠵᠢᠯᠯᠠᠭ᠎ᠠ ᠬᠢᠵᠦ ᠪᠠᠶᠢᠬᠤ | ᠶᠠᠪᠤᠴᠠ ᠳᠤ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠨᠢ ᠬᠠᠯᠳᠠᠯᠭ᠎ᠠ ᠳᠤ ᠦᠯᠦ ᠤᠴᠠᠷᠠᠬᠤ | ᠪᠣᠯ ᠵᠢᠭᠤᠯᠴᠢᠯᠠᠭᠴᠢᠳ ᠲᠤ ᠪᠠᠶᠢᠬᠤ ᠬᠠᠮᠤᠭ ᠤᠨ ᠦᠨᠳᠦᠰᠦᠨ ᠡᠷᠬᠡ ᠪᠣᠯᠬᠤ ᠲᠤᠯᠠ᠂ ᠵᠢᠭᠤᠯᠴᠢᠯᠠᠯ ᠡᠵᠡᠩᠨᠡᠭᠴᠢ | ᠪᠦᠲᠦᠮᠵᠢᠲᠠᠢ ᠠᠷᠭ᠎ᠠ ᠬᠡᠮᠵᠢᠶ᠎ᠡ ᠨᠦᠭᠦᠳ ᠢ ᠠᠪᠬᠤ ᠡᠭᠦᠷᠭᠡ ᠲᠠᠢ ᠪᠦᠭᠡᠳ ᠠᠮᠤᠷ ᠲᠦᠪᠰᠢᠨ ᠵᠢᠭᠤᠯᠴᠢᠯᠠᠬᠤ | ᠣᠷᠴᠢᠨ ᠲᠣᠭᠤᠷᠢᠨ ᠢ ᠡᠭᠦᠳᠴᠦ᠂ ᠵᠢᠭᠤᠯᠴᠢᠯᠠᠭᠴᠢᠳ ᠤᠨ ᠪᠡᠶ᠎ᠡ ᠮᠠᠬᠠᠪᠤᠳ ᠡᠳ᠋ ᠬᠤᠭᠰᠢᠯ ᠤᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ᠵᠢᠭᠤᠯᠴᠢᠨ ᠳᠤ ᠦᠢᠯᠡᠴᠢᠯᠡᠬᠦ ᠭᠠᠵᠠᠷ ᠤᠳ ᠡᠵᠡᠩᠨᠡᠯᠲᠡ ᠶᠢᠨ | ᠠᠵᠢᠯᠯᠠᠭ᠎ᠠ ᠳᠠᠭᠠᠨ ︽ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠠᠮᠢᠶᠠᠷᠤᠯᠲᠠ ᠶᠢᠨ ᠳᠦᠷᠢᠮ︾ ᠤᠨ ᠬᠤᠷᠢᠨ | ᠬᠤᠶᠠᠳᠤᠭᠠᠷ ᠵᠦᠢᠯ ᠤᠨ ᠲᠣᠭᠲᠠᠭᠠᠯ ᠶᠣᠰᠤᠭᠠᠷ᠄ ︽ᠵᠢᠭᠤᠯᠴᠢᠨ ᠳᠤ ᠦᠢᠯᠡᠴᠢᠯᠡᠬᠦ ᠭᠠᠵᠠᠷ ᠤᠳ ᠵᠢᠭᠤᠯᠴᠢᠯᠠᠯ | ᠵᠤᠬᠢᠶᠠᠨ ᠪᠠᠶᠢᠭᠤᠯᠬᠤ ᠳᠤ᠂ ᠵᠢᠭᠤᠯᠴᠢᠯᠠᠭᠴᠢᠳ ᠲᠤ ᠵᠢᠭᠤᠯᠴᠢᠯᠠᠯ ᠤᠨ ᠰᠠᠨᠠᠭᠠᠨ ᠲᠤ ᠦᠭᠡᠢ ᠠᠳᠡᠯ ᠤᠨ | ᠳᠠᠭᠠᠳᠬᠠᠯ ᠢ ᠭᠦᠢᠴᠡᠳᠬᠡᠬᠦ ᠶᠢᠨ ᠬᠠᠮᠲᠤ ᠬᠠᠩᠭᠠᠬᠤ ᠦᠢᠯᠡᠴᠢᠯᠡᠭᠡ ᠨᠢ ᠵᠢᠭᠤᠯᠴᠢᠯᠠᠭᠴᠢᠳ ᠤᠨ ᠪᠡᠶ᠎ᠡ ᠮᠠᠬᠠᠪᠤᠳ᠂ | ᠡᠳ᠋ ᠬᠤᠭᠰᠢᠯ ᠤᠨ ᠠᠮᠤᠷ ᠲᠦᠪᠰᠢᠨ ᠢ ᠪᠠᠳᠤᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ | ᠵᠢᠭᠤᠯᠴᠢᠯᠠᠭᠴᠢᠳ ᠤᠨ ᠪᠡᠶ᠎ᠡ ᠮᠠᠬᠠᠪᠤᠳ᠂ ᠡᠳ᠋ ᠬᠤᠭᠰᠢᠯ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠪᠣᠯᠵᠦ | ᠮᠡᠳᠡᠬᠦ ᠤᠴᠢᠷ ᠢ ᠵᠢᠭᠤᠯᠴᠢᠯᠠᠭᠴᠢᠳ ᠲᠤ ᠦᠨᠡᠨ ᠪᠤᠳᠠᠲᠠᠢ ᠲᠣᠲᠤᠷᠬᠠᠶᠢᠯᠠᠵᠦ ᠦᠭᠬᠦ ᠪᠠ ᠲᠣᠳᠤᠷᠬᠠᠢ | ᠰᠡᠷᠡᠮᠵᠢᠯᠡᠭᠦᠯᠬᠦ ᠶᠢᠨ ᠬᠠᠮᠲᠤ ᠬᠦᠨᠦᠭᠡᠯ ᠭᠠᠷᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃︾ | ᠵᠢᠭᠤᠯᠴᠢᠯᠠᠯ ᠤᠨ ᠦᠢᠯᠡᠴᠢᠯᠡᠭᠡ ᠡᠳ᠋ᠯᠡᠬᠦ ᠡᠷᠬᠡ ᠵᠢᠭᠤᠯᠴᠢᠯᠠᠭᠴᠢᠳ ᠭᠡᠷ᠎ᠡ ᠳᠤ ᠪᠣᠯᠵᠣᠨ ᠲᠣᠭᠲᠠᠭᠰᠠᠨ | ᠦᠢᠯᠡᠴᠢᠯᠡᠭᠡ ᠡᠳ᠋ᠯᠡᠬᠦ ᠡᠷᠬᠡ ᠲᠠᠢ᠂ ᠵᠢᠭᠤᠯᠴᠢᠯᠠᠯ ᠡᠵᠡᠩᠨᠡᠭᠴᠢ ᠶᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠠᠮ | ᠬᠠᠷᠢᠯᠴᠠᠭ᠎ᠠ᠂ ᠬᠤᠨᠤᠭ᠂ ᠬᠤᠭᠤᠯᠠ ᠤᠮᠳᠠ᠂ ᠵᠤᠭᠠᠴᠠᠨ ᠦᠵᠡᠬᠦ᠂ ᠵᠠᠮᠴᠢᠯᠠᠬᠤ ᠵᠡᠷᠭᠡ ᠦᠢᠯᠡᠴᠢᠯᠡᠭᠡ | ᠬᠠᠩᠭᠠᠯᠭᠠᠬᠤ ᠪᠠᠷ ᠱᠠᠭᠠᠷᠳᠠᠬᠤ ᠡᠷᠬᠡ ᠲᠠᠢ᠃ ᠵᠢᠭᠤᠯᠴᠢᠯᠠᠯ ᠡᠵᠡᠩᠨᠡᠭᠴᠢ ᠪᠣᠯᠵᠣᠭᠰᠠᠨ ᠶᠤᠰᠤᠭᠠᠷ ᠵᠢᠭᠤᠯᠴᠢᠯᠠᠯ ᠤᠨ | ᠦᠢᠯᠡᠴᠢᠯᠡᠭᠡ ᠬᠠᠩᠭᠠᠬᠤ ᠬᠡᠷᠡᠭᠲᠡᠢ ᠪᠦᠭᠡᠳ ᠬᠠᠩᠭᠠᠭᠰᠠᠨ ᠦᠢᠯᠡᠴᠢᠯᠡᠭᠡ ᠨᠢ ᠤᠯᠤᠰ ᠤᠨ ᠪᠠᠷᠢᠮᠵᠢᠶ᠎ᠠ ᠪᠤᠶᠤ ᠠᠵᠢᠯ | ᠲᠦᠷᠦᠯ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ | ᠵᠢᠭᠤᠯᠴᠢᠯᠠᠯ ᠤᠨ ᠦᠢᠯᠡᠴᠢᠯᠡᠭᠡ ᠳᠤ ᠬᠢᠨᠠᠯᠲᠠ ᠲᠠᠯᠪᠢᠬᠤ ᠡᠷᠬᠡ ᠪᠠ ᠲᠦᠯᠦᠭᠦᠯᠬᠦ ᠡᠷᠬᠡ ᠬᠢᠨᠠᠯᠲᠠ ᠲᠠᠯᠪᠢᠬᠤ | ᠡᠷᠬᠡ ᠭᠡᠳᠡᠭ ᠨᠢ ᠵᠢᠭᠤᠯᠴᠢᠯᠠᠭᠴᠢᠳ ᠵᠢᠭᠤᠯᠴᠢᠯᠠᠬᠤ ᠶᠠᠪᠤᠴᠠ ᠳᠤ᠂ ᠵᠢᠭᠤᠯᠴᠢᠯᠠᠯ ᠡᠵᠡᠩᠨᠡᠭᠴᠢ ᠶᠢᠨ ᠭᠡᠷ᠎ᠡ ᠳᠤ | ᠪᠣᠯᠵᠣᠨ ᠲᠣᠭᠲᠠᠭᠰᠠᠨ ᠲᠦᠷᠦᠯ ᠵᠦᠢᠯ᠂ ᠳᠡᠰ ᠤᠨ ᠶᠣᠰᠣᠭᠠᠷ ᠦᠢᠯᠡᠴᠢᠯᠡᠭᠡ ᠬᠠᠩᠭᠠᠵᠦ᠂ ᠬᠠᠩᠭᠠᠭᠰᠠᠨ | ᠦᠢᠯᠡᠴᠢᠯᠡᠭᠡ ᠨᠢ ᠤᠯᠤᠰ ᠵᠢᠴᠢ ᠠᠵᠢᠯ ᠲᠦᠷᠦᠯ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠲᠤᠰ | ᠪᠡᠶ᠎ᠡ ᠶᠢᠨ ᠬᠠᠤᠯᠢ ᠶᠤᠰᠤᠨ ᠤ ᠡᠷᠬᠡ ᠠᠰᠢᠭ ᠬᠤᠬᠢᠷᠠᠯ ᠳᠤ ᠤᠴᠠᠷᠠᠬᠤ ᠦᠭᠡᠢ ᠪᠠᠶᠢᠬᠤ ᠶᠢ ᠬᠠᠮᠠᠭᠠᠯᠠᠵᠦ ᠪᠠᠶᠢᠭ᠎ᠠ ᠳᠤ | ᠬᠢᠨᠠᠯᠲᠠ ᠲᠠᠯᠪᠢᠬᠤ ᠡᠷᠬᠡ ᠲᠠᠢ ᠭᠡᠳᠡᠭ ᠢ ᠵᠢᠭᠠᠵᠦ ᠪᠣᠢ᠃ ᠵᠢᠭᠤᠯᠴᠢᠯᠠᠵᠦ ᠪᠠᠶᠢᠬᠤ ᠶᠠᠪᠤᠴᠠ ᠳᠤ ᠵᠢᠭᠤᠯᠴᠢᠯᠠᠯ | ᠡᠵᠡᠩᠨᠡᠭᠴᠢ ᠭᠡᠷ᠎ᠡ ᠳᠤ ᠪᠣᠯᠵᠣᠨ ᠲᠣᠭᠲᠠᠭᠰᠠᠨ ᠦᠢᠯᠡᠴᠢᠯᠡᠭᠡᠨ ᠤ ᠶᠠᠰᠦ ᠴᠢᠨᠠᠷ ᠤᠨ ᠪᠠᠷᠢᠮᠵᠢᠶ᠎ᠠ ᠳᠤ ᠬᠦᠷᠥᠭᠦᠯᠥᠭᠰᠡᠨ | ᠦᠭᠡᠢ︔ ᠤᠯᠤᠰ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠬᠦᠷᠦᠭᠦᠯᠥᠭᠰᠡᠨ ᠦᠭᠡᠢ︔ ᠠᠯᠪᠠᠳᠠᠵᠦ ᠪᠠᠶᠢᠭᠠᠳ | ᠪᠠᠷᠠᠭ᠎ᠠ ᠬᠤᠳᠠᠯᠳᠤᠨ ᠠᠪᠤᠭᠤᠯᠤᠭᠰᠠᠨ᠂ ᠭᠠᠷ ᠴᠠᠶᠢᠯᠭᠠᠬᠤ ᠮᠦᠩᠭᠦ ᠠᠪᠤᠭᠰᠠᠨ᠂ ᠬᠤᠪᠢ ᠪᠠᠷ ᠢᠶᠠᠨ ᠰᠦᠢᠳᠬᠡᠯ | ᠭᠠᠷᠭᠠᠬᠤ ᠲᠦᠷᠦᠯ ᠵᠦᠢᠯ ᠳᠤ ᠠᠯᠪᠠᠳᠠᠵᠦ ᠪᠠᠶᠢᠭᠠᠳ ᠤᠷᠤᠯᠴᠠᠭᠤᠯᠤᠭᠰᠠᠨ ᠵᠡᠷᠭᠡ ᠠᠰᠠᠭᠤᠳᠠᠯ ᠭᠠᠷᠤᠭᠰᠠᠨ ᠪᠣᠯ | ᠵᠢᠭᠤᠯᠴᠢᠯᠠᠭᠴᠢᠳ ᠭᠡᠷ᠎ᠡ ᠳᠤ ᠪᠣᠯᠵᠣᠨ ᠲᠤᠭᠲᠠᠭᠰᠠᠨ ᠢ ᠦᠨᠳᠥᠰᠥᠯᠡᠨ ᠵᠢᠭᠤᠯᠴᠢᠨ ᠳᠤ ᠦᠢᠯᠡᠴᠢᠯᠡᠬᠦ ᠭᠠᠵᠠᠷ ᠲᠠᠢ | ᠬᠡᠯᠡᠯᠴᠡᠵᠦ᠂ ᠬᠡᠯᠡᠯᠴᠡᠭᠡᠳ ᠪᠦᠲᠥᠬᠦ ᠦᠭᠡᠢ ᠪᠣᠯ ᠤᠷᠢᠳᠠᠪᠡᠷ ᠵᠢᠭᠤᠯᠴᠢᠯᠠᠬᠤ ᠶᠠᠪᠤᠴᠠ ᠪᠠᠨ ᠳᠠᠭᠤᠰᠬᠠᠵᠤ᠂ | ᠳᠠᠷᠠᠭ᠎ᠠ ᠨᠢ ᠵᠢᠭᠤᠷᠠᠯᠳᠤᠭᠠᠨ ᠢᠶᠠᠨ ᠰᠢᠢᠳᠪᠦᠷᠢᠯᠡᠬᠦ ᠬᠡᠷᠡᠭᠲᠡᠢ᠃ ᠵᠢᠭᠤᠯᠴᠢᠯᠠᠭᠴᠢᠳ ᠵᠢᠭᠤᠯᠴᠢᠯᠠᠵᠦ ᠪᠠᠶᠢᠬᠤ | ᠶᠠᠪᠤᠴᠠ ᠳᠤ ᠬᠤᠯᠪᠣᠭᠳᠠᠯ ᠪᠦᠬᠦᠢ ᠫᠢᠶᠤᠤ ᠪᠠᠷᠢᠮᠲᠠ᠂ ᠦᠰᠥᠭ ᠪᠢᠴᠢᠭ ᠤᠨ ᠮᠠᠲ᠋ᠧᠷᠢᠶᠠᠯ ᠢᠶᠠᠨ ᠬᠠᠳᠠᠭᠠᠯᠠᠬᠤ ᠶᠢ | ᠠᠩᠬᠠᠷᠴᠤ᠂ ᠵᠢᠭᠤᠯᠴᠢᠯᠠᠯ ᠤᠨ ᠶᠠᠰᠦ ᠴᠢᠨᠠᠷ ᠤᠨ ᠠᠰᠠᠭᠤᠳᠠᠯ ᠭᠠᠷᠪᠠᠯ᠂ ᠵᠢᠭᠤᠯᠴᠢᠨ ᠳᠤ ᠦᠢᠯᠡᠴᠢᠯᠡᠬᠦ ᠭᠠᠵᠠᠷ ᠢᠶᠠᠷ | ᠲᠦᠯᠥᠭᠦᠯᠬᠦ ᠪᠠᠷ ᠦᠨᠳᠥᠰᠦ ᠪᠠᠷᠢᠮᠲᠠ ᠲᠠᠢ ᠱᠠᠭᠠᠷᠳᠠᠵᠤ ᠪᠣᠯᠣᠨ᠎ᠠ᠃ ᠵᠢᠭᠤᠯᠴᠢᠨ ᠳᠤ ᠦᠢᠯᠡᠴᠢᠯᠡᠬᠦ ᠭᠠᠵᠠᠷ | ᠭᠡᠷ᠎ᠡ ᠠᠴᠠ ᠵᠦᠷᠢᠴᠡᠭᠰᠡᠨ ᠦᠢᠯᠡ ᠠᠵᠢᠯᠯᠠᠭ᠎ᠠ ᠲᠠᠢ ᠪᠣᠯ ᠵᠢᠭᠤᠯᠴᠢᠯᠠᠭᠴᠢᠳ ᠲᠦᠯᠥᠭᠦᠯᠬᠦ ᠪᠠᠷ ᠱᠠᠭᠠᠷᠳᠠᠬᠤ | ᠡᠷᠬᠡ ᠲᠠᠢ᠃ ᠵᠢᠭᠤᠯᠴᠢᠯᠠᠭᠴᠢᠳ ᠵᠢᠭᠤᠯᠴᠢᠯᠠᠯ ᠤᠨ ᠦᠢᠯᠡᠴᠢᠯᠡᠭᠡᠨ ᠤ ᠶᠠᠰᠦ ᠴᠢᠨᠠᠷ ᠤᠨ ᠠᠰᠠᠭᠤᠳᠠᠯ ᠢ | ᠵᠢᠭᠤᠯᠴᠢᠨ ᠳᠤ ᠦᠢᠯᠡᠴᠢᠯᠡᠬᠦ ᠭᠠᠵᠠᠷ ᠯᠤᠭ᠎ᠠ ᠵᠥᠪᠳᠡᠯᠴᠡᠭᠡᠳ ᠰᠢᠢᠳᠪᠦᠷᠢᠯᠡᠵᠦ ᠪᠣᠯᠤᠨ᠎ᠠ᠂ ᠵᠦᠪᠳᠡᠯᠴᠡᠭᠡᠳ | ᠪᠦᠲᠥᠬᠦ ᠦᠭᠡᠢ ᠪᠣᠯ ᠵᠢᠭᠤᠯᠴᠢᠯᠠᠭᠴᠢᠳ ᠵᠢᠭᠤᠯᠴᠢᠯᠠᠯ ᠤᠨ ᠶᠠᠰᠦ ᠴᠢᠨᠠᠷ ᠲᠤ ᠬᠢᠨᠠᠯᠲᠠ ᠲᠠᠯᠪᠢᠵᠦ ᠬᠠᠮᠢᠶᠠᠷᠬᠤ | ᠭᠠᠵᠠᠷ ᠲᠤ ᠵᠠᠭᠠᠯᠳᠤᠯᠭ᠎ᠠ ᠬᠢᠬᠦ ᠡᠷᠬᠡ ᠲᠠᠢ︔ ᠵᠢᠭᠤᠯᠴᠢᠯᠠᠭᠴᠢᠳ ᠪᠠᠰᠠ ᠰᠢᠭᠤᠳ ᠠᠷᠠᠳ ᠤᠨ ᠰᠢᠭᠦᠬᠦ | ᠬᠤᠷᠢᠶ᠎ᠠ ᠳᠤ ᠢᠷᠭᠡᠨ ᠤ ᠬᠡᠷᠡᠭ ᠤᠨ ᠵᠠᠷᠭᠤ ᠬᠢᠬᠦ ᠡᠷᠬᠡ ᠲᠠᠢ᠃ |