ᠵᠢᠭᠤᠯᠴᠢᠯᠠᠯ ᠤᠨ ᠵᠠᠭᠠᠯᠳᠤᠯᠭ᠎ᠠ ᠬᠢᠬᠦ ᠳᠤ ᠮᠡᠳᠡᠪᠡᠰᠦ ᠵᠣᠬᠢᠬᠤ ᠵᠦᠢᠯ
ᠨᠡᠶᠢᠲᠡᠯᠡᠭᠰᠡᠨ ᠴᠠᠭ᠄
2016/7/19
     ᠨᠢᠭᠡ᠂ ᠵᠢᠭᠤᠯᠴᠢᠯᠠᠭᠴᠢᠳ ᠵᠠᠭᠠᠯᠳᠤᠯᠭ᠎ᠠ ᠬᠢᠬᠦ ᠳᠤ ᠡᠷᠬᠡᠪᠰᠢ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠬᠦᠯᠬᠦ ᠬᠡᠷᠡᠭᠲᠡᠢ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾᠎ ᠢ ᠦᠨᠳᠦᠰᠦᠯᠡᠪᠡᠯ᠂ ᠵᠢᠭᠤᠯᠴᠢᠯᠠᠭᠴᠢᠳ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠵᠠᠭᠠᠯᠳᠤᠯᠭ᠎ᠠ ᠬᠢᠬᠦ ᠳᠤ ᠡᠷᠬᠡᠪᠰᠢ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠦᠯᠬᠦ ᠬᠡᠷᠡᠭᠲᠡᠢ᠄     ︵ᠨᠢᠭᠡ︶ ᠵᠠᠭᠠᠯᠳᠤᠭᠴᠢ ᠨᠢ ᠲᠤᠰ ᠬᠡᠷᠡᠭ ᠯᠦᠭᠡ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠵᠢᠭᠤᠯᠴᠢᠯᠠᠭᠴᠢᠳ᠂ ᠭᠠᠳᠠᠭᠠᠳᠤ ᠶᠢᠨ ᠵᠢᠭᠤᠯᠴᠢᠯᠠᠯ ᠤᠨ ᠬᠤᠳᠠᠯᠳᠤᠭᠠᠴᠢᠨ᠂ ᠤᠯᠤᠰ ᠤᠨ ᠲᠣᠲᠤᠭᠠᠳᠤ ᠶᠢᠨ ᠵᠢᠭᠤᠯᠴᠢᠯᠠᠯ ᠤᠨ ᠡᠵᠡᠩᠨᠡᠭᠴᠢ ᠪᠠ ᠠᠵᠢᠯᠯᠠᠭᠰᠠᠳ ᠪᠠᠶᠢᠬᠤ᠃     ︵ᠬᠤᠶᠠᠷ︶ ᠲᠣᠳᠣᠷᠬᠠᠢ ᠵᠠᠭᠠᠯᠳᠤᠭᠳᠠᠭᠴᠢ ᠲᠠᠢ᠂ ᠪᠣᠲᠠᠲᠠᠢ ᠵᠠᠭᠠᠯᠳᠤᠬᠰᠠᠨ ᠭᠤᠶᠤᠴᠢᠯᠠᠯ ᠪᠠ ᠪᠣᠳᠠᠲᠤ ᠬᠡᠷᠡᠭ ᠤᠨ ᠦᠨᠳᠦᠰᠦᠯᠡᠯ ᠪᠠᠶᠢᠬᠤ᠃      ︵ᠭᠤᠷᠪᠠ︶ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾᠎ ᠳᠤ ᠵᠢᠭᠰᠠᠭᠠᠭᠰᠠᠨ ᠵᠢᠭᠤᠯᠴᠢᠯᠠᠯ ᠤᠨ ᠵᠠᠭᠠᠯᠳᠤᠬᠤ ᠬᠡᠪᠴᠢᠶᠡᠨ ᠳᠤ ᠬᠠᠷᠢᠶᠠᠯᠠᠭᠳᠠᠬᠤ᠃     ᠬᠤᠶᠠᠷ᠂ ᠵᠢᠭᠤᠯᠴᠢᠯᠠᠭᠴᠢᠳ ᠳᠣᠣᠷ᠎ᠠ ᠵᠢᠭᠰᠠᠭᠠᠭᠰᠠᠨ ᠪᠠᠶᠢᠳᠠᠯ ᠤᠨ ᠳᠣᠣᠷ᠎ᠠ ᠵᠢᠭᠤᠯᠴᠢᠯᠠᠯ ᠤᠨ ᠵᠠᠭᠠᠯᠳᠤᠯᠭ᠎ᠠ ᠬᠢᠬᠦ ᠬᠠᠮᠢᠶᠠᠷᠤᠯᠲᠠ ᠶᠢᠨ ᠪᠠᠶᠢᠭᠤᠯᠭ᠎ᠠ ᠳᠤ ᠵᠠᠭᠠᠯᠳᠤᠵᠤ ᠪᠣᠯᠣᠨ᠎ᠠ     ︵ᠨᠢᠭᠡ︶ ᠵᠢᠭᠤᠯᠴᠢᠯᠠᠯ ᠤᠨ ᠡᠵᠡᠩᠨᠡᠭᠴᠢ ᠭᠡᠷ᠎ᠡ ᠪᠣᠶᠤ ᠵᠦᠪᠯᠡᠯᠴᠡᠭᠡᠷ ᠢᠶᠠᠨ ᠭᠦᠢᠴᠡᠳᠬᠡᠭᠰᠡᠨ ᠦᠭᠡᠢ ᠭᠡᠵᠦ ᠦᠵᠡᠬᠦ᠃     ︵ᠬᠤᠶᠠᠷ︶ ᠵᠢᠭᠤᠯᠴᠢᠯᠠᠯ ᠤᠨ ᠡᠵᠡᠩᠨᠡᠭᠴᠢ ᠦᠨ᠎ᠡ ᠬᠠᠩᠰᠢ ᠶᠠᠰᠤ ᠴᠢᠨᠠᠷ ᠨᠢ ᠨᠡᠶᠢᠴᠡᠭᠰᠡᠨ ᠵᠢᠭᠤᠯᠴᠢᠯᠠᠯ ᠤᠨ ᠦᠢᠯᠡᠴᠢᠯᠡᠭᠡ ᠬᠠᠩᠭᠠᠭᠰᠠᠨ ᠦᠭᠡᠢ ᠭᠡᠵᠦ ᠦᠵᠡᠬᠦ᠃     ︵ᠭᠤᠷᠪᠠ︶ ᠵᠢᠭᠤᠯᠴᠢᠯᠠᠯ ᠤᠨ ᠡᠵᠡᠩᠨᠡᠭᠴᠢ ᠵᠣᠷᠢᠭᠤᠳᠠ ᠪᠣᠶᠤ ᠣᠰᠣᠯ ᠠᠴᠠ ᠪᠣᠯᠵᠤ ᠵᠠᠭᠠᠯᠳᠤᠭᠴᠢ ᠶᠢᠨ ᠲᠡᠭᠡᠭᠡᠰᠢ ᠶᠠᠭᠤᠮ᠎ᠠ ᠬᠡᠤᠮ᠎ᠠ ᠶᠢ ᠰᠦᠢᠳᠭᠡᠭᠰᠡᠨ ᠪᠤᠶᠤ ᠭᠡᠭᠡᠭᠰᠡᠨ ᠭᠡᠵᠦ ᠦᠵᠡᠬᠦ᠃     ︵ᠳᠥᠷᠪᠡ︶ ᠵᠢᠭᠤᠯᠴᠢᠯᠠᠯ ᠤᠨ ᠡᠵᠡᠩᠨᠡᠭᠴᠢ ᠵᠣᠷᠢᠭᠤᠳᠠ ᠪᠣᠶᠤ ᠣᠰᠣᠯ ᠠᠴᠠ ᠪᠣᠯᠵᠤ ᠵᠠᠭᠠᠯᠳᠤᠭᠴᠢ ᠶᠢᠨ ᠪᠡᠶ᠎ᠡ ᠮᠠᠬᠠᠪᠤᠳ ᠢ ᠭᠡᠮᠲᠦᠭᠡᠭᠰᠡᠨ ᠭᠡᠵᠦ ᠦᠵᠡᠬᠦ᠃     ︵ᠲᠠᠪᠤ︶ ᠵᠢᠭᠤᠯᠴᠢᠯᠠᠯ ᠤᠨ ᠡᠵᠡᠩᠨᠡᠭᠴᠢ ᠵᠠᠭᠠᠯᠳᠤᠭᠴᠢ ᠶᠢ ᠮᠡᠬᠡᠯᠡᠨ ᠬᠢᠬᠠᠵᠤ᠂ ᠵᠠᠭᠠᠯᠳᠤᠭᠴᠢ ᠶᠢᠨ ᠠᠰᠢᠭ ᠲᠤᠰᠠ ᠶᠢ ᠬᠤᠬᠢᠷᠠᠭᠤᠯᠤᠭᠰᠠᠨ ᠭᠡᠵᠦ ᠦᠵᠡᠬᠦ᠃     ︵ᠵᠢᠷᠭᠤᠭ᠎ᠠ︶ ᠵᠢᠭᠤᠯᠴᠢᠯᠠᠯ ᠤᠨ ᠡᠵᠡᠩᠨᠡᠯᠲᠡ ᠬᠢᠵᠦ ᠪᠠᠶᠢᠭ᠎ᠠ ᠨᠢᠭᠡᠴᠡ ᠶᠢᠨ ᠠᠵᠢᠯᠲᠠᠨ ᠠᠵᠢᠯᠴᠢᠨ ᠳᠠᠯᠳᠠᠭᠤᠷ ᠰᠠᠭᠤᠳᠬᠠᠯ ᠬᠦᠯᠢᠶᠡᠨ ᠠᠪᠤᠭᠰᠠᠨ ᠪᠠ ᠭᠠᠷ ᠴᠠᠶᠢᠯᠭᠠᠬᠤ ᠮᠦᠩᠭᠦ ᠨᠡᠬᠡᠵᠦ ᠠᠪᠤᠭᠰᠠᠨ᠃    ︵ᠳᠣᠯᠤᠭ᠎ᠠ︶ ᠵᠠᠭᠠᠯᠳᠤᠭᠴᠢ ᠶᠢᠨ ᠠᠰᠢᠭ ᠲᠤᠰᠡ ᠶᠢ ᠬᠤᠬᠢᠷᠠᠭᠤᠯᠤᠭᠰᠠᠨ ᠪᠣᠰᠤᠳ ᠵᠦᠢᠯ᠃    ᠭᠤᠷᠪᠡ᠂ ᠵᠢᠭᠤᠯᠴᠢᠯᠠᠭᠴᠢᠳ ᠵᠠᠭᠠᠯᠳᠤᠬᠤ ᠪᠢᠴᠢᠭ ᠪᠢᠴᠢᠭᠯᠡᠬᠦ ᠳᠤ ᠳᠣᠣᠷ᠎ᠠ ᠵᠢᠭᠰᠠᠭᠠᠭᠰᠠᠨ ᠵᠦᠢᠯᠡᠰ ᠢ ᠲᠣᠳᠤᠷᠬᠠᠢ ᠲᠡᠮᠳᠡᠭᠯᠡᠬᠦ ᠬᠡᠷᠡᠭᠲᠡᠢ     ︵ᠨᠢᠭᠡ︶ ᠵᠠᠭᠠᠯᠳᠤᠭᠴᠢ ᠶᠢᠨ ᠣᠪᠣᠭ ᠨᠡᠷ᠎ᠡ᠂ ᠬᠦᠢᠰᠦ ᠶᠢᠨ ᠢᠯᠭᠠᠯ᠂ ᠤᠯᠤᠰ ᠤᠨ ᠬᠠᠷᠢᠶ᠎ᠡ᠂ ᠡᠷᠬᠢᠯᠡᠭᠰᠡᠨ ᠠᠵᠢᠯ᠂ ᠨᠠᠰᠤ᠂ ᠨᠢᠭᠡᠴᠡ ︵ᠪᠥᠯᠬᠦᠮ ᠨᠡᠶᠢᠲᠡ︶᠎ ᠶᠢᠨ ᠨᠡᠷᠡᠶᠢᠳᠦᠯ ᠪᠣᠯᠣᠨ ᠬᠠᠶ᠋ᠢᠭ᠃     ︵ᠬᠤᠶᠠᠷ︶ ᠵᠠᠭᠠᠯᠳᠤᠭᠳᠠᠭᠴᠢ ᠶᠢᠨ ᠨᠢᠭᠡᠴᠡ ᠶᠢᠨ ᠨᠡᠷᠡᠶᠢᠳᠦᠯ ᠪᠣᠶᠤ ᠣᠪᠣᠭ ᠨᠡᠷ᠎ᠡ᠂ ᠪᠠᠶᠢᠭ᠎ᠠ ᠭᠠᠵᠠᠷ᠃     ︵ᠭᠤᠷᠪᠠ︶ ᠵᠠᠭᠠᠯᠳᠤᠭᠰᠠᠨ ᠬᠦᠰᠡᠯ ᠱᠠᠭᠠᠷᠳᠠᠯᠭ᠎ᠠ ᠪᠠ ᠦᠨᠳᠦᠰᠦᠯᠡᠭᠰᠡᠨ ᠪᠣᠳᠠᠲᠤ ᠬᠡᠷᠡᠭ ᠬᠢᠭᠡᠳ ᠰᠢᠯᠲᠠᠭᠠᠨ᠃     ᠳᠥᠷᠪᠡ᠂ ᠵᠢᠭᠤᠯᠴᠢᠯᠠᠯ ᠤᠨ ᠵᠠᠭᠠᠯᠳᠤᠯᠭ᠎ᠠ ᠬᠢᠭᠰᠡᠳ ᠤᠨ ᠡᠷᠬᠡ ᠵᠠᠭᠠᠯᠳᠤᠭᠴᠢᠳ ᠵᠢᠭᠤᠯᠴᠢᠯᠠᠯ ᠤᠨ ᠵᠠᠭᠠᠯᠳᠤᠯᠭ᠎ᠠ ᠬᠢᠬᠦ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠠᠦᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠪᠠᠷ ᠱᠠᠭᠠᠷᠳᠠᠬᠤ ᠵᠠᠭᠠᠯᠳᠤᠯᠭ᠎ᠠ ᠬᠢᠬᠦ ᠬᠦᠴᠦᠨ ᠲᠠᠢ ᠬᠤᠭᠤᠴᠠᠭ᠎ᠠ ᠨᠢ 60 ᠡᠳᠦᠷ ︵ᠵᠠᠭᠠᠯᠳᠤᠯᠭ᠎ᠠ ᠬᠢᠬᠦ ᠬᠦᠴᠦᠨ ᠲᠠᠢ ᠬᠤᠭᠤᠴᠠᠭ᠎ᠠ ᠶᠢ ᠵᠠᠭᠠᠯᠳᠤᠭᠴᠢ ᠠᠴᠠ ᠡᠷᠬᠡ ᠠᠰᠢᠭ ᠨᠢ ᠬᠠᠯᠳᠠᠭᠳᠠᠭᠰᠠᠨ ᠢ ᠮᠡᠳᠡᠭᠰᠡᠨ ᠪᠣᠶᠤ ᠮᠡᠳᠡᠪᠡᠰᠦ ᠵᠣᠬᠢᠬᠤ ᠦᠶ᠎ᠡ ᠠᠴᠠ ᠡᠬᠢᠯᠡᠵᠦ ᠪᠣᠳᠣᠨ᠎ᠠ︶᠃ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭᠠᠨ ᠳᠤ᠂ ᠵᠠᠭᠠᠯᠳᠤᠭᠴᠢ ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠣᠶᠢᠯᠠᠭᠠᠬᠤ ᠡᠷᠬᠡ ᠲᠠᠢ︔ ᠡᠶᠡᠳᠡᠭᠦᠯᠬᠦ ᠶᠢ ᠭᠤᠶᠤᠴᠢᠯᠠᠬᠤ ᠡᠷᠬᠡ ᠲᠠᠢ︔ ᠵᠠᠭᠠᠯᠳᠤᠭᠳᠠᠭᠴᠢ ᠯᠤᠭ᠎ᠠ ᠦᠪᠡᠷ ᠲᠡᠭᠡᠨ ᠡᠶᠡᠳᠡᠬᠦ ᠡᠷᠬᠡ ᠲᠠᠢ︔ ᠵᠠᠭᠠᠯᠳᠤᠭᠰᠠᠨ ᠭᠤᠶᠤᠴᠢᠯᠠᠯ ᠢᠶᠠᠨ ᠪᠣᠯᠢᠬᠤ ᠪᠣᠶᠤ ᠬᠤᠪᠢᠷᠠᠭᠠᠬᠤ ᠡᠷᠬᠡ ᠲᠠᠢ᠃ ᠲᠠᠪᠤ᠂ ᠵᠢᠭᠤᠯᠴᠢᠯᠠᠯ ᠤᠨ ᠵᠠᠭᠠᠯᠳᠤᠯᠭ᠎ᠠ ᠬᠢᠭᠰᠡᠨ ᠬᠡᠷᠡᠭ ᠢ ᠰᠢᠬᠦᠬᠦ ᠳᠤ ᠲᠣᠬᠢᠷᠠᠬᠤ ᠵᠢᠭᠤᠯᠴᠢᠯᠠᠯ ᠤᠨ ᠬᠠᠦᠯᠢ ᠲᠣᠭᠲᠠᠭᠠᠯ᠂ ᠳᠦᠷᠢᠮ ᠲᠣᠭᠲᠠᠭᠠᠯ ︽ᠵᠢᠭᠤᠯᠴᠢᠯᠠᠯ ᠤᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ︾ ᠪᠣᠯᠣᠨ ᠲᠡᠭᠦᠨ ᠢ ᠬᠡᠷᠡᠭᠵᠢᠭᠦᠯᠬᠦ ᠨᠠᠷᠢᠨ ᠳᠦᠷᠢᠮ᠂ ︽ᠵᠢᠭᠤᠯᠴᠢᠯᠠᠭᠤᠯᠬᠤ ᠠᠵᠢᠯᠲᠠᠨ ᠤ ᠬᠠᠮᠢᠶᠠᠷᠤᠯᠲᠠ ᠶᠢᠨ ᠳᠦᠷᠢᠮ︾᠂ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾᠂ ︽ᠵᠢᠭᠤᠯᠴᠢᠯᠠᠯ ᠤᠨ ᠬᠤᠷᠢᠶ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢᠨ ᠲᠦᠷ ᠬᠡᠷᠡᠭᠵᠢᠭᠦᠯᠬᠦ ᠲᠣᠭᠲᠠᠭᠠᠯ︾ ᠬᠢᠭᠡᠳ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠂ ︽ᠵᠢᠭᠤᠯᠴᠢᠯᠠᠯ ᠤᠨ ᠬᠤᠷᠢᠶ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠲᠥᠯᠦᠬᠦ ᠲᠦᠷ ᠬᠡᠷᠡᠭᠵᠢᠭᠦᠯᠬᠦ ᠠᠷᠭ᠎ᠠ︾᠂ ︽ᠵᠢᠭᠤᠯᠴᠢᠯᠠᠯ ᠤᠨ ᠬᠤᠷᠢᠶ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠲᠥᠯᠦᠬᠦ ᠲᠤᠷᠰᠢᠨ ᠬᠡᠷᠡᠭᠵᠢᠭᠦᠯᠬᠦ ᠪᠠᠷᠢᠮᠵᠢᠶ᠎ᠡ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ︾ ᠵᠡᠷᠭᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号