ᠮᠤᠩᠭᠤᠯ ᠦᠨᠳᠦᠰᠦᠲᠡᠨ ᠤ ᠤᠷᠴᠢᠨ ᠦᠶ᠎ᠡ ᠶᠢᠨ ᠠᠯᠳᠠᠷᠲᠦ ᠵᠢᠷᠤᠭᠴᠢᠨ ᠠᠭᠸᠠᠩ
ᠨᠡᠶᠢᠲᠡᠯᠡᠭᠰᠡᠨ ᠴᠠᠭ᠄
2016/7/20
      ᠮᠤᠩᠭᠤᠯ ᠦᠨᠳᠦᠰᠦᠲᠡᠨ ᠤ ᠤᠯᠠᠮᠵᠢᠯᠠᠯᠲᠦ ᠵᠢᠷᠤᠭ ᠤᠷᠠᠯᠢᠭ ᠤᠨ ᠠᠭᠤᠯᠬᠤᠨ ᠨᠢ ᠪᠠᠶᠠᠯᠢᠭ᠂ ᠲᠦᠷᠦᠯ ᠵᠦᠢᠯ ᠨᠢ ᠤᠯᠠᠨ᠂ ᠲᠡᠭᠦᠨ ᠤ ᠲᠤᠲᠤᠷᠠᠬᠢ ᠬᠡ ᠤᠭᠠᠯᠵᠠ ᠪᠤᠯ ᠮᠤᠩᠭᠤᠯ ᠶᠤᠧᠠᠨ ᠤ ᠰᠤᠶᠤᠯ᠂ ᠲᠠᠯ᠎ᠠ ᠨᠤᠲᠤᠭ ᠤᠨ ᠰᠤᠶᠤᠯ᠂ ᠪᠤᠳ᠋ᠳ᠋ᠾᠠ ᠶᠢᠨ ᠱᠠᠰᠢᠨ ᠤ ᠰᠤᠶᠤᠯ ᠵᠡᠷᠭᠡ ᠤᠯᠠᠨ ᠵᠦᠢᠯ ᠤᠨ ᠰᠤᠶᠤᠯ ᠤᠨ ᠶᠡᠭᠡ ᠠᠭᠤᠰᠤᠯᠴᠠᠯ ᠮᠦᠨ᠃ ᠮᠤᠩᠭᠤᠯ ᠦᠨᠳᠦᠰᠦᠲᠡᠨ ᠤ ᠤᠷᠴᠢᠨ ᠦᠶ᠎ᠡ ᠶᠢᠨ ᠠᠯᠳᠠᠷᠲᠦ ᠵᠢᠷᠤᠭᠴᠢᠨ ᠠᠭᠸᠠᠩ ᠪᠤᠯ ᠲᠡᠳᠡᠨ ᠤ ᠲᠤᠲᠤᠷᠠᠬᠢ ᠨᠡᠶᠢᠲᠡᠯᠢᠭ ᠲᠦᠯᠦᠭᠡᠯᠡᠭᠴᠢ ᠮᠦᠨ᠃ ᠠᠭᠸᠠᠩ 1914 ᠤᠨ ᠳᠤ ᠰᠢᠯᠤᠭᠤᠨ ᠬᠦᠭᠡ ᠬᠤᠰᠢᠭᠤᠨ ᠤ ᠪᠤᠱᠤᠤᠳᠠᠢ ᠰᠤᠮᠤ ᠶᠢᠨ ᠪᠠᠶᠠᠨᠪᠤᠯᠠᠭ ᠭᠠᠴᠠᠭ᠎ᠠ ︵ᠤᠤᠯ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠬᠦᠯᠦ ᠴᠠᠭᠠᠨ ᠬᠤᠨᠢᠨ ᠰᠦᠷᠦᠭ︶᠎ ᠶᠢᠨ ᠮᠠᠯᠴᠢᠨ ᠪᠤᠷᠤᠦ᠋ᠬᠢᠨ ᠤ ᠭᠡᠷ ᠲᠤ ᠲᠦᠷᠦᠵᠠᠢ᠃ ᠲᠡᠷᠡ ᠬᠠᠷᠠᠬᠠᠨ ᠪᠠᠭ᠎ᠠ ᠠᠴᠠ ᠪᠠᠨ ᠵᠢᠷᠤᠭ ᠵᠢᠷᠤᠬᠤ ᠠᠪᠢᠶᠠᠰ ᠲᠠᠢ᠂ 5 ᠨᠠᠰᠤᠲᠠᠢ ᠳᠠᠭᠠᠨ ᠠᠭᠤᠯᠠ ᠤᠰᠤ᠂ ᠨᠠᠪᠴᠢ ᠴᠡᠴᠡᠭ ᠮᠤᠳᠦ ᠪᠤᠯᠤᠨ ᠲᠠᠪᠤᠨ ᠬᠤᠰᠢᠭᠤ ᠮᠠᠯ ᠢ ᠵᠢᠷᠤᠵᠦ ᠴᠢᠳᠠᠬᠤ ᠪᠤᠯᠵᠠᠢ᠃ ᠬᠡᠤᠬᠡᠳ ᠤᠨ ᠦᠶ᠎ᠡ ᠳᠡᠭᠡᠨ ᠠᠭᠸᠠᠩ ᠰᠢᠯᠤᠭᠤᠨ ᠬᠦᠬᠡ ᠬᠤᠰᠢᠭᠤᠨ ᠤ ᠬᠠᠳᠠᠨ ᠬᠤᠰᠢᠭᠤ ᠰᠦᠮ᠎ᠡ ᠳᠤ ᠪᠠᠨᠳᠢ ᠪᠤᠯᠵᠦ ᠪᠠᠶᠢᠬᠤ ᠳᠠᠭᠠᠨ ᠰᠦᠮ᠎ᠡ ᠶᠢᠨ ᠲᠤᠭᠠᠩ ᠳᠠᠬᠢ ᠡᠯᠳᠡᠪ ᠶᠠᠩᠵᠦ ᠲᠦᠷᠬᠦ ᠶᠢᠨ ᠪᠤᠷᠬᠠᠳ ᠤᠨ ᠵᠢᠷᠤᠭ᠂ ᠪᠠᠭᠠᠨ᠎ᠠ ᠲᠤᠯᠭᠠᠭᠤᠷᠢ᠂ ᠬᠠᠨ᠎ᠠ ᠭᠡᠷᠡᠮ ᠳᠡᠭᠡᠷᠡᠬᠢ ᠬᠡ ᠤᠭᠠᠯᠵᠠ ᠶᠢ ᠲᠤᠩ ᠪᠠᠭ᠋ᠠᠷᠠᠵᠦ᠂ ᠷᠠᠪᠵᠠᠮᠪᠠ ᠰᠠᠮᠪᠤᠤ ᠶᠢ ᠪᠠᠭᠰᠢ ᠪᠠᠷᠢᠵᠦ᠂ ᠮᠤᠤᠲ᠋ᠤᠤ ᠴᠠᠭᠠᠰᠤ ᠪᠤᠶᠤ ᠲᠤᠰᠦᠯᠡᠵᠦ ᠦᠨᠡᠰᠦᠳᠡᠭᠰᠡᠨ ᠮᠤᠳᠤᠨ ᠬᠠᠪᠲᠠᠰᠤᠨ ᠳᠡᠭᠡᠷ᠎ᠡ ᠵᠢᠷᠤᠭ ᠵᠢᠷᠤᠳᠠᠭ ᠪᠦᠭᠡᠳ ᠰᠡᠶᠢᠯᠬᠦ᠂ ᠱᠤᠭᠤᠬᠤ ᠤᠷ᠎ᠠ ᠮᠡᠷᠭᠡᠵᠢᠯ ᠢ ᠴᠦ ᠮᠠᠰᠢ ᠲᠦᠷᠭᠡᠨ ᠡᠵᠡᠮᠰᠢᠵᠠᠢ᠃ 13 ᠨᠠᠰᠤᠲᠠᠢ ᠪᠠᠶᠢᠬᠤ ᠳᠠᠭᠠᠨ ︽ᠴᠠᠭᠠᠨ ᠪᠠᠷᠰ ᠤᠨ ᠰᠦᠭ ᠰᠦᠯᠲᠡ︾᠂ ︽ᠴᠠᠭᠠᠨ ᠡᠪᠤᠭᠡᠨ︾ ᠵᠡᠷᠭᠡ ᠬᠦᠷᠦᠭ ᠵᠢᠷᠤᠭ ᠪᠠ ︽ᠮᠤᠯᠤᠨ ᠲᠦᠢᠨ ᠡᠬᠡ ᠶᠢᠨ ᠢᠶᠠᠨ ᠠᠴᠢ ᠶᠢ ᠬᠠᠷᠢᠭᠤᠯᠤᠭᠰᠠᠨ ᠠᠨᠤ︾ ᠭᠡᠳᠡᠭ ᠦᠯᠢᠭᠡᠷᠴᠢᠯᠡᠭᠰᠡᠨ ᠵᠢᠷᠤᠭ ᠤᠨ ᠲᠡᠪᠲᠡᠷ ᠢ ᠵᠢᠷᠤᠵᠦ ᠭᠠᠷᠭᠠᠵᠠᠢ᠂ 17 ᠨᠠᠰᠤᠲᠠᠢ ᠪᠠᠶᠢᠬᠤ ᠳᠠᠭᠠᠨ ᠨᠠᠷᠠᠸ᠎ᠠ ᠯᠠᠮ᠎ᠠ ᠶᠢᠨ ᠰᠦᠮ᠎ᠡ ᠳᠤ ᠴᠠᠮ ᠤᠨ ᠪᠠᠭ ᠴᠠᠷᠳᠠᠵᠦ ᠴᠠᠮ ᠤᠨ ᠬᠤᠪᠴᠠᠰᠦ ᠬᠢᠵᠦ ᠦᠭᠭᠦᠭᠡᠳ ᠬᠦᠮᠦᠰ ᠤᠨ ᠮᠠᠭᠲᠠᠭᠠᠯ ᠰᠠᠶᠢᠰᠢᠶᠠᠯ ᠢ ᠤᠯᠵᠤ ᠪᠠᠶᠢᠪᠠ᠃      ᠠᠭᠸᠠᠩ ᠪᠠᠨᠳᠢᠳᠠ ᠬᠡᠬᠡᠨ ᠬᠡᠶᠢᠳ ᠲᠤ ᠯᠠᠮ᠎ᠠ ᠪᠤᠯᠵᠦ ᠪᠠᠶᠢᠬᠤ ᠳᠠᠭᠠᠨ ᠤᠷᠠᠯᠠᠵᠦ ᠪᠦᠲᠦᠭᠡᠭᠰᠡᠨ ᠬᠦᠷᠦᠭ ᠵᠢᠷᠤᠭ᠂ ᠱᠤᠭᠤᠮᠠᠯ ᠴᠠᠷᠳᠠᠮᠠᠯ ᠵᠡᠷᠭᠡ ᠤᠷᠠᠨ ᠨᠠᠷᠢᠯᠢᠬ ᠤᠷᠠᠯᠢᠭ ᠤᠨ ᠪᠦᠲᠦᠭᠡᠯ ᠪᠤᠯᠤᠨ ᠬᠡ ᠤᠭᠠᠯᠵᠠ ᠨᠢ ᠮᠤᠩᠭᠤᠯ ᠦᠨᠳᠦᠰᠦᠲᠡᠨ ᠤ ᠡᠳᠦᠷ ᠲᠤᠲᠤᠮ ᠤᠨ ᠠᠮᠢᠳᠤᠷᠠᠯ ᠳᠤ ᠦᠷᠭᠡᠨ ᠢᠶᠠᠷ ᠬᠡᠷᠡᠭᠯᠡᠭᠳᠡᠵᠦ᠂ ᠮᠠᠯᠴᠢᠳ ᠲᠤ ᠶᠡᠭᠡ ᠲᠤᠭᠤᠭᠳᠠᠵᠦ᠂ ︽ᠴᠠᠬᠠᠷ ᠵᠢᠷᠣᠭᠴᠢᠨ︾ ᠭᠡᠵᠦ ᠠᠯᠳᠠᠷ ᠴᠤᠤ ᠨᠢ ᠶᠡᠬᠡᠪᠡᠷ ᠮᠠᠨᠳᠤᠵᠠᠢ᠃ 1843 ᠤᠨ ᠳᠤ᠂ ᠲᠡᠷᠡ ᠴᠢᠭᠤᠯᠤᠯᠲᠦ ᠬᠠᠭᠠᠯᠭ᠎ᠠ ᠳᠤ ᠤᠴᠢᠵᠦ ᠵᠢᠷᠤᠭ ᠤᠨ ᠪᠤᠯᠪᠠᠰᠤᠷᠠᠯ ᠤᠨ ᠠᠩᠬᠢ ᠳᠤ ᠰᠤᠷᠤᠯᠴᠠᠵᠦ ᠪᠠᠶᠢᠬᠤ ᠳᠠᠭᠠᠨ ᠶᠠᠫᠤᠨ ᠬᠦᠮᠦᠨ ᠤᠤᠨᠢᠰᠢ ᠠᠴᠠ ᠤᠳᠤ ᠦᠶ᠎ᠡ ᠶᠢᠨ ᠵᠢᠷᠤᠭ ᠵᠢᠷᠤᠬᠤ ᠮᠡᠷᠭᠡᠵᠢᠯ ᠢ ᠰᠤᠷᠤᠭᠠᠳ ᠤᠯᠠᠮᠵᠢᠯᠠᠯᠲᠦ ᠮᠤᠩᠭᠤᠯ ᠵᠢᠷᠤᠭ ᠤᠨ ᠮᠡᠷᠭᠡᠵᠢᠯ ᠢᠶᠠᠨ ᠰᠢᠨ᠎ᠡ ᠲᠦᠪᠰᠢᠨ ᠳᠤ ᠬᠦᠷᠭᠡᠪᠡ᠃ 1950 ᠤᠨ ᠳᠤ ᠬᠤᠪᠢᠰᠬᠠᠯ ᠳᠤ ᠤᠷᠤᠯᠴᠠᠵᠦ᠂ ᠤᠷᠢᠳ ᠬᠤᠵᠢᠳ ᠴᠠᠬᠠᠷ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠴᠠᠬᠠᠷ ᠠᠢᠮᠠᠭ ᠤᠨ ᠤᠬᠠᠭᠤᠯᠬᠤ ᠠᠩᠭᠢ᠂ ᠰᠢᠯᠤᠭᠤᠨ ᠬᠦᠬᠡ ᠬᠤᠰᠢᠭᠤᠨ ᠤ ᠰᠤᠶᠤᠯ ᠤᠨ ᠤᠷᠳᠤᠨ᠂ ᠤᠯᠠᠭᠠᠨᠮᠦ᠋ᠴᠢᠷ ᠵᠡᠷᠭᠡ ᠨᠢᠭᠡᠴᠡ ᠳᠤ ᠠᠵᠢᠯᠯᠠᠵᠦ᠂ ︽ᠭᠤᠤᠯ ᠤᠨ ᠲᠤᠬᠤᠢ ᠳᠤ ᠪᠡᠯᠴᠢᠵᠦ ᠪᠠᠶᠢᠭ᠎ᠠ ᠦᠬᠡᠷ ᠤᠨ ᠰᠦᠷᠦᠭ︾᠂ ︽ᠬᠤᠶᠠᠷ ᠪᠤᠤᠷ᠎ᠠ ᠶᠢᠨ ᠲᠡᠮᠡᠴᠡᠭᠡᠨ︾᠂ ︽ᠲᠠᠯ᠎ᠠ ᠨᠤᠲᠤᠭ ᠤᠨ ᠮᠠᠯᠴᠢᠳ︾᠂ ︽ᠬᠤᠨᠢᠴᠢᠨ ᠬᠡᠤᠬᠡᠨ︾᠂ ︽ᠪᠠᠭ᠎ᠠ ᠡᠷᠢᠶᠡᠨ ᠤ ᠪᠠᠶᠢᠯᠳᠤᠭᠠᠨ︾ ᠵᠡᠷᠭᠡ ᠰᠢᠯᠢᠳᠡᠭ ᠪᠦᠲᠦᠭᠡᠯ ᠵᠤᠬᠢᠶᠠᠨ ᠪᠦᠲᠦᠭᠡᠵᠠᠢ᠃      ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠦᠪ ᠢ ᠤᠷᠬᠢᠭᠳᠠᠭᠤᠯᠬᠤ ᠦᠭᠡᠢ ᠶᠢᠨ ᠲᠤᠯᠠᠳᠠ᠂ 1962 ᠤᠨ ᠤ 2 ᠰᠠᠷ᠎ᠠ ᠳᠤ ᠲᠡᠷᠡ ᠬᠤᠲᠠ ᠤᠰᠤ᠂ ᠮᠠᠯᠴᠢᠨ ᠠᠶᠢᠯ ᠢᠶᠠᠷ ᠲᠤᠭᠤᠷᠢᠨ ᠶᠠᠪᠤᠵᠦ ᠮᠠᠲ᠋ᠧᠷᠢᠶᠠᠯ ᠴᠤᠭᠯᠠᠭᠤᠯᠤᠨ ᠡᠮᠬᠢᠳᠭᠡᠵᠦ ︽ᠮᠤᠩᠭᠤᠯ ᠦᠨᠳᠦᠰᠦᠲᠡᠨ ᠤ ᠬᠡ ᠤᠭᠠᠯᠵᠠ︾᠎ ᠶᠢ ᠵᠤᠬᠢᠶᠠᠨ ᠪᠦᠲᠦᠭᠡᠪᠡ᠃ ᠲᠡᠷᠡ ᠪᠠᠷ ᠡᠨᠡᠬᠦ ᠵᠢᠷᠤᠭᠲᠦ ᠲᠡᠪᠳᠡᠷ ᠤᠨ ᠢᠶᠠᠨ ᠡᠮᠤᠨᠡᠬᠢ ᠦᠭᠡ ᠳᠤ ︽ᠡᠨᠡᠬᠦ ᠬᠡ ᠤᠭᠠᠯᠵᠠ ᠶᠢᠨ ᠡᠮᠬᠢᠳᠭᠡᠯ ᠨᠢ ᠭᠤᠤᠯᠳᠠᠭᠤ ᠴᠠᠬᠠᠷ ᠨᠤᠲᠤᠭ ᠤᠨ ᠮᠤᠩᠭᠤᠯ ᠦᠨᠳᠦᠰᠦᠲᠡᠨ ᠤ ᠬᠤᠪᠴᠠᠰᠦ ᠵᠠᠰᠠᠯ ᠪᠤᠯᠤᠨ ᠠᠮᠢᠳᠤᠷᠠᠯ ᠤᠨ ᠬᠡᠷᠡᠭᠰᠡᠯ ᠳᠡᠭᠡᠷᠡᠬᠢ ᠬᠡ ᠤᠭᠠᠯᠵᠠ ᠪᠠᠷ ᠪᠦᠷᠢᠯᠳᠦᠭᠰᠡᠨ ᠶᠤᠮ᠂ ᠵᠠᠷᠢᠮ ᠳᠤᠨᠢ ᠪᠠᠭ᠎ᠠ ᠵᠠᠰᠠᠯᠲᠠ ᠤᠷᠤᠭᠤᠯᠪᠠ᠂ ᠵᠠᠷᠢᠮ ᠨᠢ ᠪᠤᠳᠠᠲᠠᠢ ᠶᠠᠭᠤᠮ᠎ᠠ ᠶᠢ ᠲᠡᠷᠡ ᠬᠡᠪ ᠢᠶᠠᠷ ᠨᠢ ᠵᠢᠷᠤᠵᠦ ᠪᠠᠭᠤᠯᠭᠠᠭᠰᠠᠨ ᠵᠦᠢᠯ ᠪᠤᠯᠤᠨ᠎ᠠ︾ ᠭᠡᠵᠦ ᠲᠠᠨᠢᠯᠴᠠᠭᠤᠯᠵᠠᠢ᠃ ᠲᠤᠰ ᠨᠤᠮ ᠨᠢ ᠵᠢᠷᠤᠭ ᠤᠨ ᠬᠡᠯᠪᠡᠷᠢ ᠪᠠᠷ ᠮᠤᠩᠭᠤᠯ ᠦᠨᠳᠦᠰᠦᠲᠡᠨ ᠤ ᠤᠷᠠᠯᠢᠭ ᠤᠨ ᠰᠤᠶᠤᠯ ᠢ ᠦᠵᠡᠭᠦᠯᠥᠭᠰᠡᠨ ᠲᠤᠩ ᠶᠡᠭᠡ ᠮᠠᠲ᠋ᠧᠷᠢᠶᠠᠯ ᠤᠨ ᠦᠨ᠎ᠡ ᠴᠠᠨ᠎ᠠ ᠲᠠᠢ ᠶᠤᠮ᠃ 1963 ᠤᠨ ᠳᠤ ᠦᠪᠤᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠥᠪᠤᠷ ᠮᠤᠩᠭᠤᠯ ᠤᠨ ᠮᠦᠽᠧᠢ ᠶᠢ ᠠᠩᠬ᠎ᠠ ᠪᠠᠶᠢᠭᠤᠯᠬᠤ ᠳᠤ᠂ ᠠᠭᠸᠠᠩ ᠬᠦᠬᠡᠬᠤᠲᠠ ᠳᠤ ᠤᠷᠢᠭᠳᠠᠨ ᠢᠷᠡᠵᠦ ᠮᠦᠽᠧᠢ ᠶᠢᠨ ᠲᠤᠲᠤᠷ᠎ᠠ ᠭᠠᠳᠠᠨᠠᠬᠢ ᠵᠢᠷᠤᠭ ᠤᠷᠠᠯᠠᠯ ᠱᠤᠭᠤᠮᠠᠯ ᠴᠠᠷᠳᠠᠮᠠᠯ ᠤᠨ ᠠᠵᠢᠯ ᠳᠤ ᠤᠷᠤᠯᠴᠠᠵᠠᠢ᠃ ᠲᠡᠷᠡ ᠪᠠᠰᠠ ᠦᠪᠡᠷ ᠤᠨ ᠬᠢᠭᠰᠡᠨ ᠡᠳᠦᠢ ᠲᠡᠳᠦᠢ ᠪᠠᠭ ᠢᠶᠠᠨ ᠮᠦᠽᠧᠢ ᠳᠤ ᠪᠡᠯᠡᠭᠯᠡᠨ ᠦᠭᠭᠦᠭᠰᠡᠨ ᠪᠠᠶᠢᠨ᠎ᠠ᠃ 1962 ᠤᠨ ᠳᠤ ᠵᠢᠷᠤᠭᠴᠢᠨ ᠮᠠᠨᠢ ᠴᠢᠭᠤᠯᠤᠯᠲᠦ ᠬᠠᠭᠠᠯᠭ᠎ᠠ ᠳᠤ ᠡᠪᠡᠳᠴᠢᠨ ᠢᠶᠠᠷ ᠨᠠᠰᠦ ᠪᠠᠷᠠᠵᠠᠢ᠂ ᠨᠠᠰᠤ ᠰᠡᠭᠦᠳᠡᠷ ᠨᠢ 49 ᠠᠵᠢ᠃ 2014 ᠤᠨ ᠳᠤ᠂ ᠰᠢᠯᠤᠭᠤᠨ ᠬᠦᠬᠡ ᠬᠤᠰᠢᠭᠤ ᠳᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠢᠷᠤᠭ ᠤᠨ ᠦᠵᠡᠰᠭᠦᠯᠡᠩ᠂ ᠡᠷᠳᠡᠮ ᠰᠢᠨᠵᠢᠯᠡᠭᠡᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ ᠵᠡᠷᠭᠡ ᠬᠡᠯᠪᠡᠷᠢ ᠪᠠᠷ ᠮᠤᠩᠭᠤᠯ ᠦᠨᠳᠦᠰᠦᠲᠡᠨ ᠤ ᠤᠷᠴᠢᠨ ᠦᠶ᠎ᠡ ᠶᠢᠨ ᠠᠯᠳᠠᠷᠲᠦ ᠵᠢᠷᠤᠭᠴᠢᠨ ᠠᠭᠸᠠᠩ ᠤᠨ ᠮᠡᠨᠳᠦᠯᠡᠭᠰᠡᠨ 100 ᠵᠢᠯ ᠤᠨ ᠤᠢ ᠶᠢ ᠲᠤᠷᠠᠰᠬᠠᠪᠠ᠃ ᠤᠳᠤ ᠰᠢᠯᠤᠭᠤᠨ ᠬᠦᠭᠡ ᠬᠤᠰᠢᠭᠤᠨ ᠤ ᠰᠢᠨ᠎ᠡ ᠦᠶ᠎ᠡ ᠶᠢᠨ ᠠᠷᠠᠳ ᠤᠨ ᠤᠷᠠᠯᠢᠬᠴᠢᠳ ᠤᠨ ᠲᠤᠲᠤᠷ᠎ᠠ ᠠᠭᠸᠠᠩ ᠤᠨ ᠤᠭ ᠬᠡᠪᠯᠡᠯ ᠤᠨ ︽ᠮᠤᠩᠭᠤᠯ ᠦᠨᠳᠦᠰᠦᠲᠡᠨ ᠤ ᠬᠡ ᠤᠭᠠᠯᠵᠠ︾᠎ ᠶᠢ ᠬᠠᠳᠠᠭᠠᠯᠠᠵᠦ ᠪᠠᠶᠢᠬᠤ ᠬᠦᠮᠦᠨ ᠪᠤᠢ᠂ ᠡᠨᠡ ᠨᠢ ᠠᠭᠸᠠᠩ ᠤᠨ ᠵᠠᠰᠠᠯ ᠴᠢᠮᠡᠭᠯᠡᠯ ᠤᠨ ᠬᠡ ᠤᠭᠠᠯᠵᠠ ᠶᠢᠨ ᠪᠦᠲᠦᠭᠡᠯ ᠤᠨ ᠲᠦᠯᠦᠭᠡᠯᠡᠬᠦ ᠪᠦᠲᠦᠭᠡᠯ ᠪᠤᠯᠬᠤ ᠪᠠᠷ ᠪᠠᠷᠠᠬᠤ ᠦᠭᠡᠢ᠂ ᠮᠤᠩᠭᠤᠯ ᠦᠨᠳᠦᠰᠦᠲᠡᠨ ᠤ ᠤᠯᠠᠮᠵᠢᠯᠠᠯᠲᠦ ᠬᠡ ᠤᠭᠠᠯᠵᠠ ᠶᠢ ᠵᠠᠯᠭᠠᠮᠵᠢᠯᠠᠵᠦ ᠬᠦᠭᠵᠢᠬᠦᠯᠦᠭᠰᠡᠨ ᠭᠠᠷᠮᠠᠭᠠᠢ ᠪᠦᠲᠦᠭᠡᠯ ᠮᠦᠨ᠂ ᠬᠦᠮᠦᠰ ᠡᠭᠦᠨ ᠢ ᠤᠯᠠᠮ ᠰᠠᠶᠢᠨ ᠰᠤᠷᠴᠤ ᠰᠤᠳᠤᠯᠤᠭᠤᠰᠢᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号