ᠤᠶᠤᠨ ᠪᠢᠯᠢᠭ ᠢ ᠬᠦᠮᠦᠵᠢᠬᠦᠯᠬᠦ ᠨᠢ ᠤᠨᠴᠠ ᠴᠢᠬᠤᠯᠠ
ᠨᠡᠶᠢᠲᠡᠯᠡᠭᠰᠡᠨ ᠴᠠᠭ᠄
2016/7/20
    ᠤᠶᠤᠨ ᠪᠢᠯᠢᠭ ᠢ ᠬᠦᠮᠦᠵᠢᠬᠦᠯᠬᠦ ᠨᠢ ᠤᠨᠴᠠ ᠴᠢᠬᠤᠯᠠ           ᠵᠣᠬᠢᠶᠠᠭᠴᠢ᠄ ᠢᠤᠢ ᠯᠠᠨ         ︽ᠰᠤᠷᠭᠠᠨ ᠬᠦᠮᠦᠵᠢᠯ ᠤᠨ ᠵᠢᠩᠬᠢᠨᠢ ᠠᠴᠢ ᠬᠤᠯᠪᠤᠬᠳᠠᠯ ᠪᠤᠯ ᠰᠤᠷᠤᠬᠴᠢᠳ ᠤᠨ ᠤᠶᠤᠨ ᠪᠢᠯᠢᠭ ᠢ ᠬᠦᠮᠦᠵᠢᠬᠦᠯᠵᠤ᠂ ᠡᠬᠦᠨ ᠢᠶᠠᠷ ᠢᠶᠠᠨ ᠲᠠᠮᠵᠢᠭᠤᠯᠤᠨ ᠪᠤᠢ ᠪᠦᠬᠦᠢ ᠠᠰᠠᠭᠤᠳᠠᠯ ᠤᠨ ᠬᠠᠷᠢᠭᠤᠯᠳᠠ ᠶᠢ ᠤᠯᠵᠤ ᠪᠤᠯᠤᠨ᠎ᠠ︾ ᠬᠡᠵᠤ ᠮᠡᠷᠭᠡᠳ ᠬᠡᠯᠡᠵᠤ ᠪᠢᠯᠡ᠃ ᠤᠶᠤᠨ ᠪᠢᠯᠢᠭ ᠬᠡᠳᠡᠭ ᠨᠢ ᠠᠭᠤᠯᠤᠨ ᠪᠠᠭᠳᠠᠭᠠᠬᠤ ᠴᠢᠳᠠᠪᠤᠷᠢ ᠪᠠᠶᠢᠵᠤ᠂ ᠴᠢᠯᠦᠬᠡᠳᠡᠢ ᠪᠠᠷ ᠪᠤᠳᠤᠵᠤ ᠰᠡᠳᠬᠢᠵᠤ ᠲᠠᠶᠢᠯᠳᠡᠭ᠃ ᠡᠬᠦᠨ ᠠᠴᠠ ᠪᠠᠨ ᠠᠶᠤᠯ ᠰᠦᠷᠳᠡᠯ ᠦᠬᠡᠢ᠂ ᠲᠤᠮᠢᠶᠠᠯᠠᠯ ᠬᠢᠵᠠᠭᠠᠷᠯᠠᠯ ᠦᠬᠡᠢ ᠤᠷᠴᠢᠨ ᠪᠠᠶᠢᠳᠠᠯ ᠲᠤᠤᠷ᠎ᠠ ᠦᠨᠡᠨ ᠤᠷᠤᠰᠢᠬᠤᠢ ᠵᠦᠢᠯᠡᠰ᠂ ᠵᠦᠪ ᠬᠡᠷᠡᠭ ᠪᠤᠳᠠᠰ ᠢ ᠢᠯᠡᠷᠡᠬᠦᠯᠵᠤ ᠭᠠᠷᠭᠠᠬᠤ ᠪᠤᠯᠤᠨ᠎ᠠ᠃ ᠬᠡᠬᠦ ᠳᠡᠭᠡᠨ ᠤᠳᠤ ᠶᠢᠨ ᠪᠢᠳᠡᠨᠠᠷ ᠬᠡᠦᠬᠡᠳ ᠤᠨ ᠮᠡᠳᠡᠯᠬᠡ ᠡᠵᠡᠮᠰᠢᠬᠦ ᠶᠢ ᠲᠡᠩᠳᠡᠬᠦᠦ ᠴᠢᠬᠤᠯᠠᠴᠢᠯᠠᠵᠤ᠂ ᠰᠡᠳᠬᠢᠵᠤ ᠪᠦᠲᠦᠬᠡᠬᠦ ᠴᠢᠳᠠᠪᠤᠷᠢ ᠶᠢ ᠨᠢ ᠲᠠᠩᠳᠠ ᠤᠮᠳᠤᠭᠠᠢᠢᠯᠠᠳᠠᠬ᠃ ᠬᠡᠳᠦᠢ ᠪᠠᠳᠠᠬ ᠡᠷᠳᠡᠨ ᠤ ᠰᠢᠯᠦᠭ ᠴᠡᠬᠡᠵᠢᠯᠠᠵᠤ᠂ ᠬᠡᠴᠢᠨᠡᠨ ᠠᠷᠪᠢᠨ ᠠᠩᠭ᠍ᠯᠢ ᠭᠡᠯᠡ ᠶᠠᠷᠢᠳᠠᠬ᠂ ᠬᠡᠳᠦᠨ ᠬᠦᠴᠢᠷ ᠰᠡᠳᠦᠪ ᠬᠢᠴᠢᠬᠡᠬᠦ ᠪᠠᠷ ᠨᠢ ᠬᠡᠦᠬᠡᠳ ᠤᠨ ᠰᠡᠴᠡᠨ ᠰᠡᠷᠭᠦᠯᠡᠩ ᠡᠰᠡᠬᠦ ᠶᠢ ᠬᠡᠮᠵᠢᠳᠡᠭ ᠢᠶᠠᠷ ᠮᠡᠳᠡᠯᠬᠡ ᠲᠠᠢ ᠪᠤᠯᠪᠠᠴᠤ ᠴᠢᠳᠠᠪᠤᠷᠢ ᠦᠬᠡᠢ ︽ᠲᠤᠯᠢ ᠪᠢᠴᠢᠭ ᠮᠠᠶ᠋ᠢᠭ︾᠎ ᠤᠨ ᠬᠡᠦᠬᠡᠳ ᠬᠦᠮᠦᠵᠢᠬᠦᠯᠬᠦ ᠢᠪᠴᠤᠤ ᠵᠠᠮ ᠢᠶᠠᠷ ᠮᠤᠩᠭᠠᠨᠢᠵᠤ ᠪᠠᠶᠢᠳᠠᠬ ᠪᠢᠯᠡ᠃ ᠲᠡᠬᠡᠬᠡᠳ ᠯᠡ ᠬᠡᠦᠬᠡᠳ ᠢᠶᠠᠨ ︽ᠦᠬᠡ ᠰᠤᠨᠤᠰᠬᠤ︾᠎ ᠪᠠᠷ ᠬᠡᠮᠵᠢᠵᠤ ᠡᠷᠭᠡ ᠴᠢᠯᠦᠬᠡ ᠶᠢ ᠨᠢ ᠪᠤᠭᠤᠮᠢᠯᠠᠵᠤ᠂ ︽ᠠᠴᠢᠯᠠᠯ ᠡᠯᠪᠡᠷᠢᠯ︾᠎ ᠢᠶᠠᠷ ᠱᠠᠭᠠᠷᠳᠠᠵᠤ ᠪᠡᠶ᠎ᠠ ᠪᠠᠨ ᠲᠠᠭᠠᠭᠠᠬᠤ ᠶᠢ ᠨᠢ ᠬᠦᠯᠢᠶᠠᠰᠦᠯᠠᠵᠤ᠂ ︽ᠪᠤᠰᠤᠳ ᠲᠠᠢ ᠠᠳᠠᠯᠢ ᠪᠠᠶᠢᠬᠤ︾᠎ ᠪᠠᠷ ᠪᠠᠷᠢᠮᠵᠢᠶᠠᠯᠠᠵᠤ ᠪᠤᠳᠠᠭᠠᠯᠢ ᠴᠢᠨᠠᠷ ᠢ ᠨᠢ ᠦᠬᠡᠶᠢᠰᠬᠡᠨ᠂ ︽ᠡᠯᠳᠡᠪ ᠵᠦᠯ ᠢ ᠤᠷᠤᠯᠳᠤᠬᠤ︾ ᠭᠡᠳᠡᠭ ᠢᠶᠠᠷ ᠪᠦᠲᠦᠬᠡᠯᠴᠢ ᠴᠢᠨᠠᠷ ᠢ ᠨᠢ ᠬᠠᠰᠢᠵᠤ᠂ ︽ᠦᠷᠦᠬᠡᠯ ᠤᠨ ᠶᠠᠪᠤᠳᠠᠯ ᠦᠪᠡᠷ ᠲᠤ ᠴᠢᠨᠢ ᠰᠠᠪᠠᠭ᠎ᠠ ᠦᠬᠡᠢ︾ ᠭᠡᠳᠡᠭ ᠢᠶᠠᠷ ᠨᠡᠶᠢᠬᠡᠮ ᠨᠡᠶᠢᠳᠡ ᠶᠢᠨ ᠶᠤᠰᠤ ᠰᠤᠷᠳᠠᠬᠤᠨ ᠲᠠᠢ ᠪᠤᠯᠬᠤ ᠵᠠᠮ ᠢ ᠨᠢ ᠬᠠᠭᠠᠵᠤ᠂ ︽ᠴᠢ ᠦᠨᠡᠬᠡᠷ ᠴᠤ ᠲᠤᠰᠠ ᠦᠬᠡᠢ︾ ᠬᠡᠳᠡᠭ ᠢᠶᠠᠷ ᠦᠪᠡᠷ ᠢ ᠪᠠᠨ ᠬᠦᠨᠳᠦᠳᠬᠡᠬᠦ ᠰᠡᠳᠬᠢᠯᠬᠡ ᠶᠢ ᠨᠢ ᠮᠢᠳᠠᠷᠠᠭᠤᠯᠵᠤ ᠪᠠᠶᠢᠳᠠᠬ ᠃ ᠢᠡᠭᠬᠢᠵᠤ ᠡᠷᠬᠡ ᠴᠢᠯᠦᠬᠡᠳᠡᠢ ᠦᠰᠦᠨ ᠪᠤᠶᠢᠵᠢᠬᠤ ᠤᠷᠴᠢᠨ ᠲᠤᠭᠤᠷᠢᠨ ᠢ ᠨᠢ ᠪᠢᠳᠡᠬᠦᠮᠵᠢᠯᠡᠭᠰᠡᠨ ᠪᠠᠶᠢᠳᠠᠯ ᠲᠤᠤᠷ᠎ᠠ ᠡᠨᠡᠬᠦ ᠬᠡᠦᠬᠡᠳ ᠬᠠᠮᠢᠭ᠎ᠠ ᠭᠠᠷᠪᠠᠴᠤ ᠬᠠᠳᠠᠭᠠᠰᠤ ᠮᠦᠷᠬᠦᠳᠡᠭ ᠪᠤᠯᠬᠤᠷ ᠬᠠᠮᠢᠭ᠎ᠠ ᠶᠠᠮᠠᠷ ᠰᠤᠷᠤᠯᠴᠠᠬᠤ ᠤᠷᠮᠠᠰ ᠬᠡᠵᠤ ᠪᠠᠶᠢᠳᠠᠬ ᠪᠢᠯᠡ᠃        ᠬᠡᠦᠬᠡᠳ ᠢᠶᠠᠨ ᠢᠳᠡᠪᠬᠢᠳᠡᠢ ᠰᠠᠶᠢᠨ ᠰᠤᠷᠤᠯᠴᠠᠬᠤ ᠤᠷᠮᠠᠰ ᠲᠠᠢ ᠪᠤᠯᠭᠠᠶ᠎ᠠ ᠬᠡᠪᠡᠯ ᠵᠠᠪᠠᠯ ᠬᠡᠦᠬᠡᠳ ᠴᠢᠨᠢ ᠦᠪᠡᠷ ᠤᠨ ᠢᠶᠠᠨ ᠠᠮᠢᠳᠤᠷᠠᠯ ᠤᠨ ᠬᠦᠰᠡᠯ ᠵᠤᠷᠢᠯ ᠲᠠᠢ ᠪᠠᠶᠢᠵᠤ᠂ ᠪᠡᠶ᠎ᠠ ᠪᠠᠨ ᠲᠠᠭᠠᠭᠠᠭᠰᠠᠨ ᠰᠡᠳᠬᠢᠬᠦ ᠴᠢᠳᠠᠪᠤᠷᠢ ᠶᠢ ᠪᠦᠷᠢᠯᠳᠦᠬᠦᠯᠦᠨ᠂ ᠬᠦᠢᠴᠡᠳ ᠲᠡᠬᠦᠯᠳᠡᠷ ᠲᠤᠷ᠎ᠠ ᠰᠤᠨᠢᠷᠬᠠᠯ ᠢᠶᠠᠷ ᠬᠤᠵᠢᠮ ᠤᠨ ᠵᠠᠮ ᠳᠠᠭᠠᠨ ᠵᠦᠭᠯᠡᠬᠦᠷ ᠪᠤᠯᠭᠠᠵᠤ᠂ ᠦᠪᠡᠷ ᠢ ᠪᠠᠨ ᠲᠠᠨᠢᠵᠤ ᠮᠡᠳᠡᠬᠦ ᠶᠠᠪᠤᠴᠠ ᠲᠤᠮᠳᠠ ᠰᠠᠶᠢᠨ ᠰᠠᠶᠢᠬᠠᠨ ᠢᠷᠡᠬᠡᠳᠦᠢ ᠪᠠᠨ ᠤᠬᠳᠤᠨ ᠠᠪᠬᠤ ᠶᠢ ᠬᠦᠢᠴᠡᠳᠬᠡᠬᠦ ᠴᠢᠬᠤᠯᠠᠳᠠᠢ᠃ ᠬᠦᠮᠦᠨ ᠢᠶᠠᠷ ᠦᠨᠳᠤᠰᠤ ᠪᠤᠯᠭᠠᠬᠤ ᠰᠤᠷᠭᠠᠨ ᠬᠦᠮᠦᠵᠢᠯ ᠰᠠᠶᠢ ᠬᠦᠮᠦᠨᠴᠢ ᠴᠢᠨᠠᠷ ᠢ ᠬᠦᠢᠴᠡᠳ ᠪᠠᠳᠠᠷᠠᠭᠤᠯᠵᠤ᠂ ᠬᠦᠮᠦᠨ ᠤ ᠡᠷᠬᠡ ᠶᠢ ᠬᠦᠢᠴᠡᠳ ᠪᠠᠳᠤᠯᠠᠵᠤ᠂ ᠠᠮᠢᠵᠢᠷᠠᠯ ᠤᠨ ᠬᠦᠴᠦᠨ ᠬᠦᠭᠵᠢᠯᠳᠡ ᠶᠢᠨ ᠬᠦᠴᠦᠨ ᠢ ᠬᠠᠮᠤᠭ ᠤᠨ ᠶᠡᠭᠡ ᠬᠡᠮᠵᠢᠶ᠎ᠠ ᠪᠠᠷ ᠢᠯᠡᠷᠡᠬᠦᠯᠵᠤ ᠴᠢᠳᠠᠨ᠎ᠠ᠃ ᠲᠠᠬᠢᠭᠠᠳ ᠬᠡᠯᠡᠪᠡᠯ ᠬᠡᠦᠬᠡᠳ ᠤᠨ ᠤᠷᠤᠬᠰᠢᠯᠠᠨ ᠲᠠᠪᠰᠢᠬᠤ ᠤᠮᠤᠬ ᠵᠤᠷᠢᠬ ᠢ ᠬᠦᠭᠵᠢᠬᠡᠬᠦ ᠨᠢ ᠮᠠᠰᠢ ᠴᠢᠬᠤᠯᠠ ᠵᠦᠢᠯ ᠪᠤᠯᠤᠨ᠎ᠠ᠃       ᠰᠤᠷᠤᠯᠴᠠᠬᠤ ᠪᠤᠯ ᠨᠢᠬᠡ ᠵᠦᠢᠯ ᠤᠨ ᠲᠠᠷᠢᠬᠢᠨ ᠤ ᠬᠦᠳᠡᠯᠮᠦᠷᠢ ᠶᠤᠮ᠃ ᠡᠨᠡᠬᠦ ᠬᠦᠳᠡᠯᠮᠦᠷᠢ ᠶᠢ ᠬᠦᠢᠴᠡᠳᠬᠡᠬᠦ ᠳᠤ ᠵᠠᠪᠠᠯ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠪᠠᠶᠢᠳᠠᠯ ᠳᠤ ᠤᠷᠤᠮᠠᠨᠵᠢᠨ ᠰᠠᠶᠢ ᠰᠠᠶᠢᠳᠤᠷ ᠰᠤᠷᠴᠤ ᠡᠵᠡᠮᠰᠢᠵᠤ ᠴᠢᠳᠠᠳᠠᠬ᠃ ᠡᠬᠦᠨ ᠤ ᠬᠠᠮᠳᠤ ᠬᠡᠦᠬᠡᠳ ᠤᠨ ᠰᠤᠷᠤᠯᠴᠠᠬᠤ ᠵᠢᠮ᠎ᠠ ᠶᠤᠰᠤ ᠪᠤᠯᠤᠨ ᠪᠤᠶᠢᠵᠢᠯᠳᠠ ᠶᠢᠨ ᠵᠢᠮ᠎ᠠ ᠶᠤᠰᠤ ᠶᠢ ᠬᠦᠢᠴᠡᠳ ᠬᠦᠨᠳᠤᠳᠬᠡᠨ ᠬᠡᠦᠬᠡᠳ ᠤᠨ ᠰᠤᠷᠤᠯᠴᠠᠬᠤ ᠲᠠᠯᠳᠠ ᠴᠢᠳᠠᠪᠤᠷᠢ ᠪᠤᠯᠤᠨ ᠮᠡᠳᠡᠯᠬᠡ ᠶᠢᠨ ᠬᠦᠰᠡᠯ ᠢ ᠬᠦᠢᠴᠡᠳ ᠬᠦᠭᠵᠢᠬᠡᠪᠡᠯ ᠬᠡᠦᠬᠡᠳ ᠰᠠᠶᠢ ᠪᠠᠶᠠᠷ ᠪᠠᠨᠬᠳᠤᠯ ᠤᠨ ᠲᠤᠮᠳᠠ ᠰᠤᠷᠤᠯᠴᠠᠨ ᠲᠡᠭᠡᠭᠰᠢᠯᠡᠵᠤ᠂ ᠠᠬᠠᠮᠠᠳ ᠨᠢ ᠴᠤ ᠠᠮᠤᠷ ᠲᠠᠪᠠᠳᠠᠢ ᠪᠠᠷ ᠵᠤᠷᠢᠯᠭ᠎ᠠ ᠳᠠᠭᠠᠨ ᠬᠦᠷᠴᠤ ᠴᠢᠳᠠᠨ᠎ᠠ᠃ ᠢᠡᠭᠬᠢᠬᠡᠳ ᠦᠵᠡᠪᠡᠯ ᠠᠳᠠᠯᠢ ᠪᠤᠰᠤ ᠶᠢᠨ ᠪᠠᠶᠢᠳᠠᠯ ᠳᠤᠨᠢ ᠲᠤᠬᠢᠷᠠᠭᠤᠯᠤᠨ ᠠᠮᠢᠳᠤᠯᠢᠬ ᠢᠶᠠᠷ ᠵᠢᠭᠠᠨ ᠰᠤᠷᠭᠠᠵᠤ ᠬᠡᠦᠬᠡᠳ ᠤᠨ ᠤᠶᠤᠨ ᠪᠢᠯᠢᠭ ᠢ ᠰᠠᠶᠢᠳᠤᠷ ᠬᠦᠮᠦᠵᠢᠬᠦᠯᠪᠠᠯ ᠠᠯᠢ ᠴᠤ ᠬᠡᠦᠬᠡᠳ ᠪᠦᠷ ᠤᠨᠴᠠᠯᠢᠬ ᠲᠠᠪᠠᠭᠤᠯᠢᠬ ᠢᠶᠠᠨ ᠪᠠᠳᠠᠷᠠᠭᠤᠯᠤᠬᠰᠠᠨ ᠴᠢᠳᠠᠪᠤᠷᠢᠳᠠᠨ ᠪᠤᠯᠵᠤ ᠪᠤᠯᠳᠠᠬ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号