ᠮᠠᠨ ᠤ ᠤᠷᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠠᠢ ᠳᠦᠷᠢᠮ ᠢ ᠬᠡᠷᠡᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2016/7/20
          ᠮᠠᠨ ᠤ ᠤᠷᠤᠨ ᠢᠷᠡᠬᠦ ᠵᠢᠯ ᠠᠴᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠨᠢᠭᠡᠳᠦᠯᠲᠠᠢ ᠲᠦᠷᠢᠮ ᠢ ᠡᠬᠢᠯᠡᠨ ᠬᠡᠷᠡᠭᠵᠢᠬᠦᠯᠵᠤ᠂ ᠬᠠᠮᠤᠷᠬᠤ ᠬᠡᠪᠴᠢᠶ᠎ᠡ᠂ ᠪᠡᠯᠡ ᠴᠤᠭᠯᠠᠭᠤᠯᠬᠤ ᠲᠦᠷᠦ ᠶᠢᠨ ᠪᠤᠳᠤᠯᠭ᠎ᠠ᠂ ᠪᠠᠳᠤᠯᠠᠭ᠎ᠠ ᠶᠢᠨ ᠬᠠᠷᠠᠭᠠᠯᠵᠠᠯ᠂ ᠡᠮ ᠡᠮᠨᠡᠯᠭᠡ ᠶᠢᠨ ᠲᠠᠭᠠᠳᠬᠠᠯ ᠤᠨ ᠭᠠᠷᠴᠠᠭ᠂ ᠴᠡᠭ ᠲᠤᠭᠲᠠᠭᠠᠬᠤ ᠬᠠᠮᠢᠶᠠᠷᠤᠯᠲᠠ᠂ ᠰᠠᠭᠤᠷᠢ ᠮᠦᠡᠭᠬᠦᠨ ᠤ ᠬᠠᠮᠢᠶᠠᠷᠤᠯᠲᠠ ᠵᠡᠷᠭᠡ ︽ᠵᠢᠷᠭᠤᠭ᠎ᠠ ᠶᠢ ᠨᠢᠭᠡᠳᠭᠡᠬᠦ︾ ᠪᠠᠷ ᠲᠦᠯᠦᠪᠯᠡᠵᠤ ᠪᠤᠢ᠃ ᠮᠠᠨ ᠤ ᠤᠷᠤᠨ ᠡᠨᠡ ᠵᠢᠯ ᠤᠨ 6 ᠰᠠᠷ᠎ᠠ ᠶᠢᠨ ᠰᠡᠬᠦᠯᠴᠢ ᠠᠴᠠ ᠡᠮᠦᠨ᠎ᠡ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠲᠠ ᠶᠢᠨ ᠡᠬᠦᠷᠭᠡ ᠴᠢᠳᠠᠪᠬᠢ ᠶᠢ ᠨᠡᠶᠢᠯᠡᠬᠦᠯᠬᠦ ᠠᠵᠢᠯ ᠢ ᠲᠠᠭᠤᠰᠬᠠᠵᠤ᠂ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠠᠵᠢᠯ ᠤᠨ ᠰᠠᠯᠠᠭ᠎ᠠ ᠮᠦᠴᠢᠷ ᠲᠠᠬᠢ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠬᠰᠠᠨ ᠡᠮᠨᠡᠯᠭᠡ ᠳᠤ ᠬᠤᠯᠪᠤᠭᠳᠠᠭᠰᠠᠨ ᠪᠠᠶᠢᠭᠤᠯᠤᠮᠵᠢ᠂ ᠡᠬᠦᠷᠭᠡ ᠴᠢᠳᠠᠪᠬᠢ᠂ ᠤᠷᠤᠨ ᠲᠤᠭ᠎ᠠ᠂ ᠠᠵᠢᠯᠲᠠᠨ᠂ ᠡᠳ᠋ ᠬᠦᠷᠦᠩᠭᠡ ᠪᠠ ᠵᠠᠷᠤᠳᠠᠯ ᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠲᠤ ᠪᠦᠬᠦᠯᠢ ᠴᠤᠭᠴᠠ ᠪᠠᠷ ᠨᠢ ᠬᠤᠪᠢᠶᠠᠨ ᠤᠷᠤᠭᠤᠯᠵᠤ᠂ ᠨᠢᠭᠡᠳᠦᠯᠲᠠᠢ ᠬᠠᠮᠢᠶᠠᠷᠴᠦ᠂ ᠨᠢᠭᠡᠲᠦᠯᠲᠠᠢ ᠠᠵᠢᠯᠯᠠᠭᠤᠯᠤᠨ᠂ ᠨᠢᠭᠡᠲᠦᠯᠲᠠᠢ ᠲᠤᠭᠠᠴᠠᠭ᠎ᠠ ᠬᠢᠵᠤ᠂ ᠵᠠᠷᠴᠢᠮ ᠲᠡᠭᠡᠷ᠎ᠡ ᠪᠠᠨ ᠠᠶᠢᠮᠠᠭ ᠬᠤᠲᠠ ᠶᠢᠨ ᠲᠡᠰ ᠢ ᠨᠢᠭᠡᠳᠦᠯᠲᠠᠢ ᠲᠦᠯᠦᠪᠯᠡᠬᠦ ᠪᠠᠷ ᠪᠤᠢ           ᠮᠠᠨ ᠤ ᠤᠷᠤᠨ ᠬᠠᠷᠠᠭᠠᠯᠵᠠᠯ ᠢ ᠠᠯᠢ ᠲᠡᠭᠡᠷ᠎ᠡ ᠪᠠᠷᠢᠮᠵᠢᠶ᠎ᠠ ᠪᠠᠷ ᠲᠤᠬᠢᠷᠠᠭᠤᠯᠬᠤ ᠵᠠᠷᠴᠢᠮ ᠶᠤᠰᠤᠭᠠᠷ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠢ ᠡᠮᠬᠢᠯᠡᠨ ᠨᠡᠶᠢᠯᠡᠬᠦᠯᠬᠦ ᠠᠵᠢᠯ ᠦᠷᠨᠢᠬᠦᠯᠬᠦ ᠪᠠᠷ ᠪᠠᠶᠢᠬᠤ ᠪᠦᠭᠡᠳ ᠡᠮᠬᠢᠯᠡᠨ ᠨᠡᠶᠢᠯᠡᠬᠦᠯᠦᠭᠰᠡᠨ ᠤ ᠲᠠᠷᠠᠭ᠎ᠠ ᠬᠤᠲᠠ ᠬᠦᠳᠡᠭᠡ ᠶᠢᠨ ᠰᠠᠭᠤᠭᠠᠯᠢ ᠠᠷᠠᠳ᠂ ᠢᠯᠠᠩᠭᠤᠶ᠎ᠠ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠡᠪᠡᠳᠴᠢᠨ ᠦᠵᠡᠬᠦᠯᠬᠦ ᠬᠡᠪᠴᠢᠶ᠎ᠡ ᠨᠡᠩ ᠦᠷᠭᠡᠵᠢᠵᠤ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠡᠮ ᠤᠨ ᠵᠦᠢᠯ ᠤᠨ ᠭᠠᠷᠴᠠᠭ ᠤᠤᠯ ᠤᠨ 1988 ᠵᠦᠢᠯ ᠪᠠᠶᠢᠭᠰᠠᠨ ᠠᠴᠠ 2600 ᠵᠦᠢᠯ ᠪᠤᠯᠤᠨ ᠨᠡᠮᠡᠭᠳᠡᠵᠤ᠂ ᠲᠠᠩᠰᠠᠨ ᠠᠴᠠ ᠲᠠᠶᠢᠯᠬᠤ ᠬᠠᠷᠢᠴᠠᠯ ᠪᠠ ᠲᠡᠭᠡᠳᠤ ᠬᠢᠵᠠᠭᠠᠷ ᠱᠤᠭᠤᠮ ᠨᠡᠶᠢᠲᠡᠮ ᠲᠡᠭᠡᠭᠰᠢᠯᠡᠵᠤ᠂ ᠡᠮ ᠡᠮᠨᠡᠯᠭᠡ ᠶᠢᠨ ᠲᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠦᠨ ᠦᠷᠬᠦᠯᠵᠢᠯᠡᠬᠦᠯᠬᠦ ᠳᠤ ᠨᠡᠩ ᠲᠦᠬᠦᠮ ᠪᠤᠯᠬᠤ ᠪᠤᠯᠤᠨ᠎ᠠ᠃ ᠮᠠᠨ ᠤ ᠤᠷᠤᠨ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠪᠠᠷ ᠲᠠᠮᠵᠢᠨ᠂ ᠤᠨᠳᠤᠤ ᠭᠠᠵᠡᠷ ᠲᠤ ᠡᠮᠴᠢᠯᠡᠬᠦᠯᠦᠭᠰᠡᠨ ᠡᠮᠨᠡᠯᠭᠡ ᠶᠢᠨ ᠵᠠᠷᠤᠳᠠᠯ ᠢ ᠲᠠᠰᠤᠯᠤᠨ ᠪᠤᠳᠤᠬᠤ ᠶᠢ ᠪᠡᠶᠡᠯᠡᠬᠦᠯᠬᠦ ᠶᠢᠨ ᠬᠠᠮᠳᠤ ᠤᠤᠯ ᠤᠨ ᠬᠦᠮᠦᠨ ᠤ ᠬᠦᠴᠦ ᠪᠠᠷ ᠲᠠᠩᠰᠠᠯᠠᠵᠤ᠂ ᠭᠠᠷ ᠢᠶᠠᠷ ᠬᠢᠨᠠᠨ ᠬᠠᠷᠭᠤᠭᠤᠯᠵᠤ ᠪᠠᠶᠢᠭᠰᠠᠨ ᠢ ᠮᠡᠳᠡᠭᠡ ᠵᠠᠩᠬᠢ ᠶᠢᠨ ᠰᠢᠰᠲ᠋ᠧᠮ ᠢᠶᠠᠷ ᠰᠢᠭᠤᠳ ᠲᠠᠰᠤᠯᠤᠨ ᠪᠤᠳᠤᠬᠤ ᠪᠤᠯᠭᠠᠨ ᠦᠭᠡᠷᠡᠴᠢᠯᠡᠵᠤ᠂ ᠲᠠᠭᠠᠳᠬᠠᠯ ᠳᠤ ᠤᠷᠤᠭᠰᠠᠨ ᠡᠪᠡᠳᠴᠢᠲᠡᠨ ᠳᠤ ᠦᠨᠡᠨ ᠬᠦ ︽ᠨᠢᠭᠡ ᠯᠡ ᠦᠷᠲᠡᠭᠡ ᠶᠢᠨ ᠮᠠᠶ᠋ᠢᠭ︾ ᠤᠨ ᠦᠢᠯᠡᠴᠢᠯᠡᠭᠡ ᠬᠦᠷᠲᠡᠭᠡᠬᠦ ᠪᠤᠯᠤᠨ᠎ᠠ᠃ ︵︽ᠠᠷᠠᠳ ᠤᠨ ᠰᠦᠯᠵᠢᠶ᠎ᠠ︾ ᠠᠴᠠ ᠰᠢᠯᠵᠢᠬᠦᠯᠪᠡ︶
 
ᠢᠷᠡᠯᠲᠡ᠄ ᠠᠷᠠᠳ ᠤᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号