ᠴᠥᠬᠡᠨ ᠲᠤᠭᠠᠲᠦ ᠥᠨᠳᠦᠰᠦᠳᠡᠨ ᠤ ᠰᠢᠯᠭᠠᠭᠤᠯᠤᠭᠰᠠᠳ ᠲᠤ ᠬᠤᠪᠢ ᠨᠡᠮᠡᠬᠦ ᠲᠥᠷᠥ ᠶᠢᠨ ᠪᠤᠳᠤᠯᠭ᠎ᠠ
ᠨᠡᠶᠢᠲᠡᠯᠡᠭᠰᠡᠨ ᠴᠠᠭ᠄
2016/7/25
       ᠤᠶᠢᠷ᠎ᠠ ᠳᠤ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠦᠨᠳᠤᠰᠤᠲᠡᠨ ᠤ ᠰᠤᠷᠭᠠᠨ ᠬᠦᠮᠤᠵᠢᠯ ᠤᠨ ᠬᠦᠭᠵᠢᠯᠲᠡ ᠶᠢ ᠲᠦ᠋ᠷᠭᠡᠳᠭᠡᠬᠦ ᠲᠤᠬᠠᠢ ᠰᠠᠨᠠᠯ ᠨᠡᠶᠢᠲᠡᠯᠡᠵᠦ ᠲᠤᠲᠤᠷᠬᠠᠶᠢᠯᠠᠬᠤ ᠳᠠᠭᠠᠨ᠂ ᠤᠯᠤᠰ ᠤᠨ ᠰᠢᠯᠭᠠᠯᠳᠡ ᠪᠠᠷ ᠰᠤᠷᠤᠭᠴᠢ ᠡᠯᠰᠡᠬᠦ ᠲᠦᠷᠢᠮ ᠤᠨ ᠨᠢᠭᠡᠳᠤᠯᠲᠡᠢ ᠱᠠᠭᠠᠷᠳᠠᠯᠭ᠎ᠠ ᠶᠤᠰᠤᠭᠠᠷ᠂ ᠦᠪᠤᠷ ᠮᠤᠩᠭᠤᠯ ᠨᠢ ᠮᠤᠩᠭᠤᠯ ᠦᠨᠳᠤᠰᠤᠲᠡᠨ᠂ ᠤᠷᠴᠤᠨ ᠦᠨᠳᠤᠰᠤᠲᠡᠨ᠂ ᠡᠸᠡᠩᠭᠢ ᠦᠨᠳᠤᠰᠤᠲᠡᠨ᠂ ᠳᠠᠭᠤᠷ ᠦᠨᠳᠤᠰᠤᠲᠡᠨ ᠤ ᠰᠢᠯᠭᠠᠭᠤᠯᠤᠭᠰᠠᠳ ᠤᠨ ᠶᠡᠭᠡ ᠳᠡᠭᠡᠳᠤ ᠰᠤᠷᠭᠠᠭᠤᠯᠢ ᠳᠤ ᠰᠢᠯᠭᠠᠭᠤᠯᠬᠤ ᠳᠤ ᠦᠷᠭᠦᠯᠵᠢᠯᠡᠨ ᠬᠤᠪᠢ ᠨᠡᠮᠡᠬᠦ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠬᠡᠷᠡᠭᠵᠢᠬᠦᠯᠦᠨ᠎ᠡ ᠭᠡᠪᠡ᠃ ᠡᠭᠦᠨ ᠤ ᠬᠠᠮᠳᠤ ᠤᠷᠤᠨ ᠤ ᠲᠤᠲᠤᠷᠠᠬᠢ ᠶᠡᠭᠡ ᠳᠡᠭᠡᠳᠤ ᠰᠤᠷᠭᠠᠭᠤᠯᠢ ᠨᠤᠭᠤᠳ ᠮᠤᠩᠭᠤᠯ ᠬᠡᠯᠡ ᠪᠠᠷ ᠬᠢᠴᠢᠶᠡᠯᠯᠡᠬᠦ ᠰᠤᠷᠤᠭᠴᠢ ᠡᠯᠰᠡᠬᠦ ᠳᠡᠭᠡᠨ ᠰᠤᠷᠤᠭᠴᠢ ᠡᠯᠰᠡᠬᠦ ᠲᠦ᠋ᠯᠦᠪᠯᠡᠭᠡ ᠶᠢ ᠠᠰ ᠲᠤᠨᠢ ᠲᠦᠯᠦᠪᠯᠡᠬᠦ᠂ ᠡᠯᠰᠡᠬᠦ ᠬᠤᠪᠢ ᠶᠢᠨ ᠱᠤᠭᠤᠮ ᠢ ᠠᠰ ᠢᠶᠠᠷ ᠨᠢ ᠲᠤᠭᠲᠠᠭᠠᠬᠤ ᠂ ᠨᠢᠭᠡᠳᠤᠯᠲᠡᠢ ᠡᠯᠰᠡᠬᠦ ᠲᠦ᠋ᠷᠦ ᠶᠢᠨ ᠪᠤᠲᠤᠯᠭ᠎ᠠ ᠶᠢ ᠬᠡᠷᠡᠭᠵᠢᠭᠦᠯᠦᠨ᠎ᠡ ᠭᠡᠵᠡᠢ᠃       ᠲᠤᠬᠳᠠᠭᠠᠯ ᠳᠤ᠂ ᠲᠤᠲᠤᠷᠬᠠᠶᠢᠯᠠᠬᠤ ᠳᠠᠭᠠᠨ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠳᠡᠭᠡᠳᠤ ᠰᠤᠷᠭᠠᠭᠤᠯᠢ ᠳᠤ ᠰᠢᠯᠭᠠᠭᠤᠯᠤᠭᠰᠠᠳ ᠤᠷᠤᠨ ᠤ ᠲᠤᠲᠤᠷᠠᠬᠢ ᠶᠡᠭᠡ ᠳᠡᠭᠡᠳᠤ ᠰᠤᠷᠭᠠᠭᠤᠯᠢ ᠶᠢᠨ ᠬᠢᠲᠠᠳ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠳᠤ ᠬᠠᠪᠰᠤᠷᠭᠠᠨ ᠨᠡᠷ᠎ᠡ ᠮᠡᠳᠡᠭᠦᠯᠵᠦ ᠪᠤᠯᠤᠨ᠎ᠠ᠃       ᠤᠯᠤᠰ ᠠᠴᠠ ᠮᠠᠨ ᠤ ᠤᠷᠤᠨ ᠳᠤ ᠪᠠᠭᠤᠯᠭᠠᠭᠰᠠᠨ ᠴᠦᠭᠡᠨ ᠲᠤᠭᠠᠳᠤ ᠦᠨᠳᠤᠰᠤᠲᠡᠨ ᠤ ᠪᠡᠯᠡᠳᠭᠡᠯ ᠠᠩᠭᠢ ᠪᠤᠯᠤᠨ ᠦᠨᠳᠤᠰᠤᠲᠡᠨ ᠤ ᠠᠩᠭᠢ ᠶᠢᠨ ᠰᠤᠷᠤᠭᠴᠢ ᠡᠯᠰᠡᠬᠦ ᠲᠦᠯᠦᠪᠯᠡᠭᠡ᠂ ᠪᠠᠷᠠᠭᠤᠨ ᠤᠷᠤᠨ ᠢ ᠳᠡᠮᠵᠢᠬᠦ ᠰᠤᠷᠤᠭᠴᠢ ᠡᠯᠰᠡᠬᠦ ᠲᠦᠯᠦᠪᠯᠡᠭᠡ᠂ ᠬᠦᠳᠡᠭᠡ ᠲᠤᠰᠬᠤᠨ ᠤ ᠶᠠᠳᠠᠭᠤ ᠬᠦᠴᠢᠷᠳᠡᠯᠲᠡᠢ ᠤᠷᠤᠨ ᠠᠴᠠ ᠬᠠᠨᠳᠤᠯᠭ᠎ᠠ ᠲᠠᠢ ᠰᠤᠷᠤᠭᠴᠢ ᠡᠯᠰᠡᠬᠦ ᠲᠤᠰᠬᠠᠢ ᠲᠦᠯᠦᠪᠯᠡᠭᠡ᠂ ᠰᠤᠷᠭᠠᠨ ᠬᠦᠮᠤᠵᠢᠯ ᠤᠨ ᠭᠡᠯᠳᠡᠰ ᠤᠨ ᠰᠢᠭᠤᠳ ᠬᠠᠷᠢᠶ᠎ᠠ ᠶᠡᠭᠡ ᠳᠡᠭᠡᠳᠤ ᠰᠤᠷᠭᠠᠭᠤᠯᠢ ᠪᠤᠯᠤᠨ ᠡᠵᠡᠨ ᠮᠡᠳᠡᠵᠦ ᠰᠤᠷᠤᠭᠴᠢ ᠡᠯᠰᠡᠬᠦ ᠲᠤᠷᠰᠢᠯᠲᠡ ᠶᠢᠨ ᠶᠡᠭᠡ ᠳᠡᠭᠡᠳᠤ ᠰᠤᠷᠭᠠᠭᠤᠯᠢ ᠬᠦᠳᠡᠭᠡ ᠲᠤᠰᠬᠤᠨ ᠠᠴᠠ ᠰᠤᠷᠤᠭᠴᠢ ᠡᠯᠰᠡᠬᠦ ᠲᠤᠰᠬᠠᠢ ᠲᠦᠯᠦᠪᠯᠡᠭᠡ᠂ ᠰᠤᠷᠭᠠᠨ ᠬᠦᠮᠤᠵᠢᠯ ᠤᠨ ᠭᠡᠯᠳᠡᠰ ᠤᠨ ᠰᠢᠭᠤᠳ ᠬᠠᠷᠢᠶ᠎ᠠ ᠶᠡᠭᠡ ᠳᠡᠭᠡᠳᠤ ᠰᠤᠷᠭᠠᠭᠤᠯᠢ ᠮᠤᠵᠢ ᠤᠷᠤᠨ ᠬᠤᠪᠢᠶᠠᠨ ᠰᠤᠷᠤᠭᠴᠢ ᠡᠯᠰᠡᠬᠦ ᠲᠦᠯᠦᠪᠯᠡᠭᠡ ᠵᠡᠷᠭᠡ ᠠᠴᠠ ᠵᠤᠬᠢᠬᠤ ᠬᠠᠷᠢᠴᠠᠯ ᠭᠠᠷᠭᠠᠵᠦ᠂ ᠮᠤᠩᠭᠤᠯ ᠢᠶᠠᠷ ᠬᠢᠴᠢᠶᠡᠯᠯᠡᠬᠦ ᠶᠡᠭᠡ ᠳᠡᠭᠡᠳᠤ ᠰᠤᠷᠭᠠᠭᠤᠯᠢ ᠳᠤ ᠰᠢᠯᠭᠠᠭᠤᠯᠬᠤ ᠰᠤᠷᠤᠭᠴᠢ ᠡᠯᠰᠡᠵᠦ᠂ ᠬᠢᠲᠠᠳ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠳᠤ ᠤᠷᠤᠭᠤᠯᠤᠨ ᠲᠠᠪᠲᠠᠨ ᠰᠤᠷᠤᠯᠴᠠᠭᠤᠯᠤᠨ᠎ᠠ᠃ ᠮᠤᠩᠭᠤᠯ ᠬᠡᠯᠡ ᠪᠠᠷ ᠬᠢᠴᠢᠶᠡᠯᠯᠡᠨ ᠬᠢᠲᠠᠳ ᠬᠡᠯᠡ ᠨᠡᠮᠡᠵᠦ ᠰᠤᠷᠴᠤ ᠪᠠᠶᠢᠭ᠎ᠠ ᠦᠨᠳᠤᠷ ᠲᠤᠮᠳᠠᠳᠤ ᠲᠡᠭᠦᠰᠦᠭᠰᠡᠳ ᠶᠡᠭᠡ ᠲᠡᠭᠡᠳᠤ ᠰᠤᠷᠭᠠᠭᠤᠯᠢ ᠶᠢᠨ ᠰᠢᠯᠭᠠᠯᠲᠠ ᠳᠤ ᠤᠷᠤᠯᠴᠠᠪᠠᠯ᠂ ᠬᠢᠲᠠᠳ ᠬᠡᠯᠡᠨ ᠤ ᠬᠢᠴᠢᠶᠡᠯ ᠢ ︽ᠲᠤᠮᠳᠠᠳᠤ ᠤᠯᠤᠰ ᠤᠨ ᠴᠦᠭᠡᠨ ᠲᠤᠭᠠᠳᠤ ᠦᠨᠳᠤᠰᠤᠲᠡᠨ ᠤ ᠬᠢᠲᠠᠳ ᠬᠡᠯᠡᠨ ᠤ ᠬᠢᠷᠢ ᠳᠦᠪᠰᠢᠨ ᠤ ᠵᠡᠷᠭᠡ ᠲᠡᠰ ᠤᠨ ᠰᠢᠯᠭᠠᠯᠲᠠ︾᠎ ᠶᠢᠨ ᠭᠤᠷᠪᠠᠳᠤᠭᠠᠷ ᠲᠡᠰ ᠤᠨ ᠰᠢᠯᠭᠠᠯᠲᠠ ᠶᠢᠨ ᠬᠢᠷᠢ ᠪᠦᠳᠦᠮᠵᠢ ᠪᠠᠷ ᠤᠷᠤᠯᠠᠭᠤᠯᠵᠦ᠂ ᠶᠡᠭᠡ ᠳᠡᠭᠡᠳᠤ ᠰᠤᠷᠭᠠᠭᠤᠯᠢ ᠶᠢᠨ ᠭᠠᠳᠠᠭᠠᠳᠤ ᠬᠡᠯᠡᠨ ᠤ ᠰᠢᠯᠭᠠᠯᠲᠠ ᠶᠢᠨ ᠬᠢᠷᠢ ᠪᠦᠳᠦᠮᠵᠢ ᠶᠢᠨ 7᠄ 3᠎ ᠶᠢᠨ ᠬᠠᠷᠢᠴᠠᠯ ᠢᠶᠠᠷ ᠨᠤᠭᠤᠯᠤᠨ ᠨᠢᠭᠡ ᠲᠦᠷᠦᠯ ᠤᠨ ᠬᠢᠷᠢ ᠪᠦᠳᠦᠮᠵᠢ ᠪᠠᠷ ᠪᠤᠳᠤᠨ ᠶᠡᠷᠤᠩᠬᠡᠢ ᠬᠤᠪᠢ ᠳᠤ ᠤᠷᠤᠭᠤᠯᠤᠨ᠎ᠠ᠃ ᠬᠢᠲᠠᠳ ᠬᠡᠯᠡ ᠪᠠᠷ ᠬᠢᠴᠢᠶᠡᠯᠯᠡᠨ ᠮᠤᠩᠭᠤᠯ ᠬᠡᠯᠡ ᠨᠡᠮᠡᠵᠦ ᠰᠤᠷᠴᠤ ᠪᠠᠶᠢᠭ᠎ᠠ ᠦᠨᠳᠤᠷ ᠲᠤᠮᠳᠠᠳᠤ ᠲᠡᠭᠦᠰᠦᠭᠰᠡᠳ ᠶᠡᠭᠡ ᠳᠡᠭᠡᠳᠤ ᠰᠤᠷᠭᠠᠭᠤᠯᠢ ᠶᠢᠨ ᠰᠢᠯᠭᠠᠯᠲᠠ ᠳᠤ ᠤᠷᠤᠯᠴᠠᠪᠠᠯ᠂ ᠮᠤᠩᠭᠤᠯ ᠬᠡᠯᠡᠨ ᠤ ᠬᠢᠴᠢᠶᠡᠯ ᠢ ᠠᠯᠬᠤᠮ ᠠᠯᠬᠤᠮ ᠢᠶᠠᠷ ︽ᠮᠤᠩᠭᠤᠯ ᠬᠡᠯᠡ ᠪᠢᠴᠢᠭ ᠤᠨ ᠬᠡᠷᠡᠭᠯᠡᠭᠡᠨ ᠤ ᠬᠢᠷᠢ ᠳᠦᠪᠰᠢᠨ ᠤ ᠵᠡᠷᠭᠡ ᠲᠡᠰ ᠤᠨ ᠰᠢᠯᠭᠠᠯᠲᠠ︾᠎ ᠶᠢᠨ ᠲᠤᠮᠳᠠ ᠵᠠᠷᠭᠡ ᠶᠢᠨ ᠰᠢᠯᠭᠠᠯᠲᠠ ᠶᠢᠨ ᠬᠢᠷᠢ ᠪᠦᠳᠦᠮᠵᠢ ᠪᠠᠷ ᠤᠷᠤᠯᠠᠭᠤᠯᠵᠦ᠂ ᠶᠡᠭᠡ ᠳᠡᠭᠡᠳᠤ ᠰᠤᠷᠭᠠᠭᠤᠯᠢ ᠶᠢᠨ ᠭᠠᠳᠠᠭᠠᠳᠤ ᠬᠡᠯᠡᠨ ᠤ ᠰᠢᠯᠭᠠᠯᠲᠠ ᠶᠢᠨ ᠬᠢᠷᠢ ᠪᠦᠳᠦᠮᠵᠢ ᠶᠢᠨ 7᠄ 3᠎ ᠶᠢᠨ ᠬᠠᠷᠢᠴᠠᠯ ᠢᠶᠠᠷ ᠨᠤᠭᠤᠯᠤᠨ ᠨᠢᠭᠡ ᠲᠦᠷᠦᠯ ᠤᠨ ᠬᠢᠷᠢ ᠪᠦᠳᠦᠮᠵᠢ ᠪᠠᠷ ᠪᠤᠲᠤᠵᠦ ᠶᠡᠷᠤᠩᠬᠡᠢ ᠬᠤᠪᠢ ᠳᠤ ᠤᠷᠤᠭᠤᠯᠤᠨ᠎ᠠ᠃ ᠡᠭᠦᠨ ᠠᠴᠠ ᠭᠠᠳᠠᠨ᠎ᠠ ᠪᠠᠰᠠ ᠮᠤᠩᠭᠤᠯ ᠢᠶᠠᠷ ᠬᠢᠴᠢᠶᠡᠯᠯᠡᠭᠰᠡᠨ ᠤᠶᠤᠲᠠᠳ ᠤᠨ ᠠᠵᠢᠯ ᠤᠯᠭᠤᠯᠲᠠ ᠶᠢ ᠳᠡᠮᠵᠢᠨ ᠤᠯᠠᠨ ᠲᠤᠰᠬᠠᠢ ᠪᠤᠯᠪᠠᠰᠤᠷᠠᠯ ᠬᠦᠷᠲᠡᠭᠡᠬᠦ ᠪᠦᠭᠡᠳ ᠠᠵᠢᠯ ᠤᠯᠭᠤᠯᠳᠠ ᠶᠢᠨ ᠲᠤᠬᠠᠢ ᠠᠯᠢ ᠤᠯᠠᠨ ᠲᠦᠷᠦ ᠶᠢᠨ ᠪᠤᠲᠤᠯᠭ᠎ᠠ ᠶᠢ ᠲᠤᠭᠲᠠᠭᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号