ᠰᠢᠯᠤᠭᠤᠨ ᠭᠦᠭᠡ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠶᠢᠨ ᠡᠮᠡᠭᠳᠠᠢ ᠶᠢᠨ ᠭᠦᠯ ᠪᠦᠮᠪᠦᠭᠡ ᠶᠢᠨ ᠠᠩᠭᠢ ᠥᠪᠥᠷ ᠮᠣᠩᠭᠤᠯ ᠤᠷᠤᠨ ᠤ ︽ᠲᠡᠷᠢᠭᠦᠯᠡᠭᠴᠢ ᠬᠤᠨᠳᠠᠭᠠᠳᠤ︾ ᠭᠦᠯ ᠪᠦᠮᠪᠦᠭᠡ ᠶᠢᠨ ᠤᠷᠤᠯᠳᠤᠭᠠᠨ ᠳᠤ ᠲᠡᠷᠢᠭᠦᠯᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2016/7/26
     6 ᠳ᠋ᠤᠭᠠᠷ ᠰᠠᠷ᠎ᠠ ᠶᠢᠨ 17 ᠠᠴᠠ 21 ᠤ ᠡᠳᠤᠷ ᠪᠤᠯᠳᠠᠯ᠎ᠠ᠂ 2016 ᠤᠨ ᠤ ᠪᠦᠭᠦ ᠤᠷᠤᠨ ᠤ ︽ᠲᠡᠷᠢᠭᠦᠯᠡᠭᠴᠢ ᠬᠤᠨᠳᠠᠭᠠᠳᠤ︾ ᠰᠤᠷᠭᠠᠭᠤᠯᠢ ᠶᠢᠨ ᠭᠦᠷᠢᠶᠡᠨ ᠤ ᠭᠦᠯ ᠪᠦᠮᠪᠦᠭᠡ ᠶᠢᠨ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠡᠮᠡᠭᠳᠠᠢ ᠶᠢᠨ ᠲᠤᠭᠤᠶᠢᠯᠡᠩ ᠤᠨ ᠲᠤᠮᠳᠠ ᠭᠡᠰᠡᠭ ᠭᠠᠵᠠᠷ ᠤᠷᠤᠨ ᠤ ᠬᠤᠯᠪᠤᠭᠠᠳᠤ ᠤᠷᠤᠯᠳᠤᠭᠠᠨ ᠤᠯᠠᠭᠠᠨᠴᠠᠪ ᠬᠤᠳᠠᠨ ᠳᠤ ᠶᠠᠪᠤᠭᠳᠠᠭᠰᠠᠨ ᠪᠠᠶᠢᠨ᠎ᠠ᠃
     ᠲᠤᠰ ᠤᠷᠤᠯᠳᠤᠭᠠᠨ ᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠭᠤᠯᠢ ᠶᠢᠨ ᠭᠦᠷᠢᠶᠡᠨ ᠤ ᠭᠦᠯ ᠪᠦᠮᠪᠦᠭᠡ ᠶᠢᠨ ᠤᠳᠤᠷᠢᠳᠬᠤ ᠪᠠᠭ᠎ᠠ ᠲᠤᠭᠤᠶᠢᠯᠡᠩ ᠤᠨ ᠠᠯᠪᠠᠨ ᠭᠡᠷ ᠠᠴᠠ ᠭᠤᠤᠯᠯᠠᠨ ᠡᠷᠬᠢᠯᠡᠵᠤ ᠂ ᠦᠪᠤᠷ ᠮᠤᠩᠭᠤᠯ ᠤᠨ ᠲᠤᠮᠳᠠ ᠭᠡᠰᠡᠭ ᠭᠠᠵᠠᠷ ᠤᠷᠤᠨ ᠤ ᠭᠦᠭᠡᠬᠤᠳᠠ᠂ ᠪᠤᠭᠤᠳᠤ᠂ ᠤᠯᠠᠭᠠᠨᠴᠠᠪ ᠵᠡᠷᠭᠡ 4 ᠠᠶᠢᠮᠠᠭ ᠬᠤᠳᠠ ᠶᠢᠨ ︽ᠠᠶᠢᠮᠠᠭ ᠤᠨ ᠲᠠᠷᠤᠭ᠎ᠠ︾ ᠬᠤᠨᠳᠠᠭᠠᠳᠤ ᠭᠦᠯ ᠪᠦᠮᠪᠦᠭᠡ ᠶᠢᠨ ᠤᠷᠤᠯᠳᠤᠭᠠᠨ ᠳᠤ ᠲᠡᠷᠢᠭᠦᠨ ᠂ ᠲᠡᠳ᠋ ᠳᠤ ᠰᠢᠯᠭᠠᠷᠠᠭᠰᠠᠨ 8 ᠲᠦᠯᠦᠭᠡᠯᠡᠭᠴᠢ ᠶᠢᠨ 140 ᠭᠦᠮᠤᠨ ᠤᠷᠤᠯᠴᠠᠵᠤ᠂ 5 ᠡᠳᠤᠷ ᠤᠨ ᠦᠷᠢᠰᠤᠯᠳᠤᠭᠡᠨ ᠢᠶᠠᠷ ᠲᠠᠮᠵᠢᠵᠤ᠂ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠭᠦᠭᠡ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠶᠢᠨ ᠡᠮᠡᠭᠳᠠᠢ ᠶᠢᠨ ᠭᠦᠯ ᠪᠦᠮᠪᠦᠭᠡ ᠶᠢᠨ ᠠᠩᠭᠢ ᠭᠦᠭᠡᠬᠤᠳᠠ ᠶᠢᠨ ᠱᠠᠨ ᠱᠦᠢ ᠪᠠᠭ᠎ᠠ ᠰᠤᠷᠭᠠᠭᠤᠯᠢ᠂ ᠭᠦᠭᠡᠬᠤᠳᠠ ᠶᠢᠨ ᠮᠤᠩᠭᠤᠯ ᠦᠨᠳᠤᠰᠤᠳᠡᠨ ᠤ ᠰᠤᠷᠭᠠᠭᠤᠯᠢ᠂ ᠤᠯᠠᠭᠠᠨᠴᠠᠪ ᠬᠤᠳᠠ ᠶᠢᠨ ᠭᠤᠸᠠᠩ ᠮᠢᠩ ᠪᠠᠭ᠎ᠠ ᠰᠤᠷᠭᠠᠭᠤᠯᠢ᠂ ᠰᠢᠯᠢ ᠶᠢᠨ ᠬᠤᠳᠠ ᠶᠢᠨ ᠮᠤᠩᠭᠤᠯ ᠦᠨᠳᠤᠰᠤᠳᠡᠨ ᠤ ᠰᠤᠷᠭᠠᠭᠤᠯᠢ ᠵᠡᠷᠭᠡ ᠤᠷᠤᠨ ᠤ ᠨᠠᠷᠠᠳᠤ ᠪᠦᠮᠪᠤᠭᠡᠨ ᠤ ᠠᠩᠭᠢ ᠶᠢ ᠵᠠᠯᠭᠠᠪᠠᠷ ᠢᠯᠡᠵᠤ᠂ ᠪᠦᠭᠦ ᠤᠷᠤᠨ ᠤ ︽ᠲᠡᠷᠢᠭᠦᠯᠡᠭᠴᠢ ᠬᠤᠨᠳᠠᠭᠠᠳᠤ︾ ᠰᠤᠷᠭᠠᠭᠤᠯᠢ ᠶᠢᠨ ᠭᠦᠷᠢᠶᠡᠨ ᠤ ᠭᠦᠯ ᠪᠦᠮᠪᠦᠭᠡ ᠶᠢᠨ ᠤᠷᠤᠯᠳᠤᠭᠠᠨ ᠤ ᠲᠡᠷᠢᠭᠦᠨ ᠪᠠᠶᠢᠷᠢᠨ ᠳᠤ ᠲᠤᠳᠤᠷᠠᠭᠰᠠᠨ ᠪᠠᠶᠢᠨ᠎ᠠ᠃
︵ᠤᠶᠤᠩᠭᠤᠸ᠎ᠠ  ᠰᠡᠭᠦᠳᠡᠷᠯᠡᠨ ᠮᠡᠳᠡᠭᠡᠯᠡᠪᠡ︶
 
ᠢᠷᠡᠯᠲᠡ᠄ ᠱᠠᠩᠳᠣ ᠶᠢᠨ ᠰᠣᠨᠢᠨ ᠮᠡᠳᠡᠭᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号