ᠤᠯᠠᠨ ᠤᠯᠤᠰ ᠤᠨ ᠵᠡᠮᠳᠡᠭᠴᠤᠳ ᠤᠨ ᠤᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠦᠪᠯᠡᠯ 8 ᠰᠠᠷ᠎ᠡ ᠶᠢᠨ 1 ᠤ ᠡᠳᠤᠷ ᠤᠷᠤᠰ ᠤᠨ ᠤᠷᠤᠯᠳᠤᠭᠠᠨ ᠳᠤ ᠤᠷᠤᠯᠴᠠᠬᠤ ᠶᠢ ᠴᠠᠭᠠᠵᠠᠯᠠᠬᠤ ᠡᠰᠡᠭᠦ ᠶᠢ ᠨᠡᠶᠢᠳᠡᠯᠡᠨ᠎ᠠ
ᠨᠡᠶᠢᠲᠡᠯᠡᠭᠰᠡᠨ ᠴᠠᠭ᠄
2016/7/26
     ᠰᠢᠨᠬᠤᠸᠠ ᠬᠤᠷᠢᠶᠠᠨ ᠤ ᠫᠠᠷᠢᠰ ᠤᠨ 7 ᠰᠠᠷ᠎ᠡ ᠶᠢᠨ 22 ᠤᠨ ᠴᠠᠬᠢᠯᠭᠠᠨ ᠮᠡᠳᠡᠭᠡ ᠠᠴᠠ ᠤᠯᠠᠨ ᠤᠯᠤᠰ ᠤᠨ ᠤᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠦᠪᠯᠡᠯ ︵IOC︶ ᠤᠷᠤᠰ ᠤᠨ ᠲᠦᠯᠦᠭᠡᠯᠡᠭᠴᠢᠳ ᠤᠨ ᠪᠦᠯᠭᠦᠮ ᠢ ᠷᠢᠦ᠋ ᠳ᠋ᠢ ᠿᠧᠨ᠋ᠸᠢᠢᠷᠦ᠋ ᠶᠢᠨ ᠤᠯᠢᠮᠫᠢᠺ ᠤᠨ ᠤᠷᠤᠯᠳᠤᠭᠠᠨ ᠳᠤ ᠤᠷᠤᠯᠴᠡᠭᠤᠯᠬᠤ ᠡᠰᠡᠬᠦ ᠶᠢ ᠬᠠᠷᠠᠬᠠᠨ ᠲᠤᠭᠳᠠᠭᠠᠳᠤᠢ ᠦᠶ᠎ᠠ ᠳᠤ᠂ ᠤᠯᠠᠨ ᠤᠯᠤᠰ ᠤᠨ ᠵᠡᠮᠳᠡᠭᠴᠤᠳ ᠤᠨ ᠤᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠦᠪᠯᠡᠯ ︵IPC︶ 22 ᠤᠨ ᠡᠳᠤᠷ ᠢᠯᠡᠷᠭᠡᠶᠢᠯᠡᠯᠳᠡ ᠨᠡᠶᠢᠳᠡᠯᠡᠵᠤ᠂ ᠲᠠᠯᠠᠬᠡᠢ ᠶᠢᠨ ᠭᠦᠭᠡᠷᠦᠯᠳᠡ ᠶᠢᠨ ᠡᠮ ᠢ ᠡᠰᠡᠷᠭᠦᠴᠡᠭᠦ ᠪᠠᠶᠢᠭᠤᠯᠤᠮᠵᠢ ︵WADA︶ ᠶᠢᠨ ᠲᠤᠰ ᠰᠠᠷ᠎ᠡ ᠳᠤ ᠤᠷᠤᠰ ᠲᠤ ᠬᠠᠨᠳᠤᠭᠤᠯᠤᠭᠰᠠᠨ 100 ᠰᠢᠬᠠᠮ ᠨᠢᠭᠤᠷ ᠪᠦᠬᠦᠢ ︽ᠲᠤᠰᠠᠭᠠᠷ ᠬᠤᠪᠢ ᠬᠦᠮᠤᠨ ᠤ ᠮᠡᠳᠡᠭᠦᠯᠦᠯᠳᠡ︾ ᠵᠡᠷᠭᠡ ᠮᠡᠳᠡᠭᠡ ᠵᠠᠩᠬᠢ ᠳᠤ ᠦᠨᠡᠯᠡᠯᠳᠡ ᠬᠢᠬᠦ ᠪᠠᠷ ᠳᠠᠮᠵᠢᠭᠤᠯᠤᠨ᠂ ᠲᠤᠰ ᠪᠠᠶᠢᠭᠤᠯᠤᠮᠵᠢ 8 ᠰᠠᠷ᠎ᠡ ᠶᠢᠨ 1 ᠤ ᠡᠳᠤᠷ ᠤᠷᠤᠰ ᠤᠨ ᠵᠡᠮᠳᠡᠭᠴᠤᠳ ᠤᠨ ᠤᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠦᠪᠯᠡᠯ ᠳᠤ ᠤᠷᠤᠯᠳᠤᠭᠠᠨ ᠳᠤ ᠤᠷᠤᠯᠴᠡᠬᠤ ᠶᠢ ᠴᠠᠭᠠᠵᠠᠯᠬᠤ ᠡᠰᠡᠭᠦ ᠶᠢ ᠨᠡᠶᠢᠳᠡᠯᠡᠨ᠎ᠡ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号