ᠰᠢᠯᠣᠭᠤᠨ ᠬᠦᠬᠡ ᠬᠤᠰᠢᠭᠤᠨ ᠤ ᠦᠬᠡᠯᠦᠨ ᠬᠡᠣᠬᠡᠳ ᠤᠨ ᠴᠡᠴᠡᠷᠯᠢᠭ ᠎ ᠤᠨ ᠮᠣᠩᠭᠤᠯ ᠤᠯᠣᠰ ᠤᠨ ᠪᠠᠭᠰᠢᠨᠠᠷ ᠲᠠᠢ ᠬᠠᠮᠳᠣᠷᠠᠨ ᠠᠵᠢᠯᠯᠠᠬᠤ ᠠᠵᠢᠯᠯᠠᠭ᠎ᠠ
ᠨᠡᠶᠢᠲᠡᠯᠡᠭᠰᠡᠨ ᠴᠠᠭ᠄
2016/7/28
     ᠰᠢᠯᠣᠭᠤᠨ ᠬᠦᠬᠡ ᠬᠤᠰᠢᠭᠤᠨ ᠤ ᠦᠬᠡᠯᠦᠨ ᠬᠡᠣᠬᠡᠳ ᠤᠨ ᠴᠡᠴᠡᠷᠯᠢᠭ ᠨᠢ ᠡᠨᠡ ᠵᠢᠯ ᠤᠨ ᠵᠢᠷᠭᠤᠳᠣᠭᠠᠷ ᠰᠠᠷ᠎ᠠ ᠶᠢᠨ ᠰᠡᠭᠦᠯᠴᠢ ᠪᠠᠷ ᠮᠣᠩᠭᠤᠯ ᠣᠯᠣᠰ ᠤᠨ ᠣᠯᠠᠭᠠᠨᠪᠠᠭᠠᠳᠣᠷ ᠬᠤᠳᠠ ᠶᠢᠨ ᠬᠡᠣᠬᠡᠳ ᠤᠨ ᠴᠡᠴᠡᠷᠯᠢᠭ ᠯᠤᠭ᠎ᠠ ᠶᠢᠨ  ᠬᠠᠮᠳᠣᠷᠠᠨ ᠠᠵᠢᠯᠯᠠᠬᠤ ᠰᠠᠨᠠᠯ ᠪᠢᠴᠢᠭ ᠤᠨ ᠶᠣᠰᠣᠭᠠᠷ ᠵᠢᠷᠭᠤᠳᠣᠭᠠᠷ ᠣᠳᠠᠭᠠᠨ ᠤ ᠬᠠᠮᠳᠣ ᠶᠢᠨ ᠠᠵᠢᠯᠯᠠᠭ᠎ᠠ ᠪᠠᠨ ᠡᠷᠬᠢᠯᠡᠨ ᠶᠠᠪᠣᠭᠳᠠᠭᠤᠯᠣᠯ᠎ᠠ᠃ ᠲᠣᠰ ᠣᠳᠠᠭᠠᠨ ᠤ ᠠᠵᠢᠯᠯᠠᠭᠠᠨ ᠳᠤ ᠮᠣᠩᠭᠤᠯ ᠣᠯᠣᠰ ᠤᠨ ᠣᠯᠠᠭᠠᠨᠪᠠᠭᠠᠳᠣᠷ ᠬᠤᠳᠠ ᠶᠢᠨ  ᠪᠠᠶᠠᠨᠵᠢᠷᠦᠬᠡ ᠲᠡᠭᠦᠷᠭᠡ ᠶᠢᠨ50 ᠳ᠋ᠣᠭᠠᠷ ᠴᠡᠴᠡᠷᠯᠢᠭ ᠤᠨ  ᠣᠷᠠᠯᠢᠭ ᠤᠨ ᠪᠠᠭᠰᠢ᠂  ᠮᠣᠩᠭᠤᠯ ᠣᠯᠣᠰ ᠤᠨ ᠰᠣᠶᠣᠯ ᠤᠨ ᠲᠡᠷᠢᠭᠦᠨ ᠤ ᠠᠵᠢᠯᠳᠠᠨ ᠮᠦᠡᠭᠭᠡᠴᠡᠴᠡᠭ ᠪᠠᠭᠰᠢ ᠪᠠ ᠠᠬᠠᠯᠠᠭᠴᠢ ᠪᠠᠭᠰᠢ ᠪᠣᠯᠪᠠᠰᠣᠷᠠᠯ ᠤᠨ ᠲᠡᠷᠢᠭᠦᠨ ᠤ ᠠᠵᠢᠯᠳᠠᠨ ᠮᠦᠡᠭᠭᠡᠵᠢᠷᠭᠠᠯ  ᠪᠠᠭᠰᠢ ᠬᠦᠷᠦᠯᠴᠠᠨ ᠢᠷᠡᠵᠣ᠂  ᠦᠬᠡᠯᠦᠨ ᠴᠡᠴᠡᠷᠯᠢᠭ ᠲᠤ ᠬᠠᠭᠠᠰ ᠰᠠᠷ᠎ᠠ ᠶᠢᠨ ᠬᠤᠭᠤᠴᠠᠭ᠎ᠠ ᠲᠠᠢ ᠠᠵᠢᠯᠯᠠᠭᠰᠠᠨ ᠪᠠᠶᠢᠨ᠎ᠠ᠃
     
       ᠮᠣᠩᠭᠤᠯ ᠣᠯᠣᠰ ᠤᠨ ᠬᠤᠶᠠᠷ ᠪᠠᠭᠰᠢ ᠠᠴᠠ ᠬᠠᠭᠠᠰ ᠰᠠᠷ᠎ᠠ ᠶᠢᠨ ᠬᠤᠭᠤᠴᠠᠭᠠᠨ ᠳᠤ ᠬᠡᠣᠬᠡᠳ ᠲᠤ ᠨᠢᠭᠤᠷᠯᠠᠨ ᠬᠢᠴᠢᠶᠡᠯᠯᠡᠬᠦ᠂ ᠪᠠᠭᠰᠢ ᠶᠢᠨ ᠪᠣᠯᠪᠠᠰᠣᠷᠠᠯ ᠬᠢᠬᠦ ᠬᠤᠶᠠᠷ ᠲᠠᠯ᠎ᠠ ᠪᠠᠷ ᠭᠤᠣᠯᠴᠢᠯᠠᠨ ᠠᠵᠢᠯᠯᠯᠠᠵᠣ᠂ ᠬᠡᠣᠬᠡᠳ ᠤᠨ ᠨᠠᠰᠣᠨ ᠤ ᠣᠨᠴᠠᠯᠢᠭ ᠲᠤ ᠲᠣᠬᠢᠷᠠᠭᠤᠯᠣᠨ ᠲᠡᠳᠡᠨ ᠳᠤ ᠡᠯ᠎ᠠ ᠵᠦᠢᠯ ᠤᠨ ᠰᠣᠨᠢᠷᠬᠠᠯᠳᠠᠢ ᠰᠠᠶᠢᠬᠠᠨ ᠭᠦᠭᠵᠢᠭᠦᠯᠬᠦ ᠦᠢᠯᠡ ᠠᠵᠢᠯᠯᠠᠭ᠎ᠠ ᠶᠠᠪᠣᠭᠳᠠᠭᠤᠯᠣᠨ᠂ ᠪᠠᠭᠰᠢ ᠨᠠᠷ ᠲᠤ   ᠴᠡᠴᠡᠷᠯᠢᠭ ᠤᠨ ᠵᠢᠭᠠᠨ ᠰᠣᠷᠭᠠᠬᠤ ᠬᠦᠳᠡᠯᠪᠦᠷᠢ  ᠪᠠ ᠪᠠᠭᠰᠢᠯᠠᠬᠤ ᠣᠷ᠎ᠠ ᠴᠢᠳᠠᠪᠣᠷᠢ ᠂ ᠬᠡᠣᠬᠡᠳ ᠢ ᠠᠵᠢᠭᠯᠠᠬᠤ᠂ ᠬᠡᠣᠬᠡᠳ ᠢ ᠰᠣᠳᠣᠯᠬᠤ᠂ ᠠᠩᠭᠢ ᠣᠳᠣᠷᠢᠳᠬᠤ ᠵᠡᠷᠭᠡ ᠠᠵᠢᠯ ᠤᠨ ᠲᠠᠯ᠎ᠠ  ᠎ ᠶᠢᠨ ᠪᠣᠯᠪᠠᠰᠣᠷᠠᠯ ᠵᠢᠯᠣᠭᠤᠳᠣᠯᠭ᠎ᠠ ᠬᠢᠭᠰᠡᠨ ᠪᠠᠶᠢᠨ᠎ᠠ᠃ ᠬᠡᠣᠬᠡᠳ ᠤᠳ  ᠮᠣᠩᠭᠤᠯ ᠣᠯᠣᠰ ᠤᠨ ᠪᠠᠭᠰᠢ ᠨᠠᠷ ᠤᠨ ᠴᠢᠯᠦᠬᠡᠳᠠᠢ᠂ ᠦᠪᠡᠷᠮᠢᠴᠠ  ᠂  ᠰᠢᠨ᠎ᠠ ᠰᠡᠪᠡᠭᠦᠨ ᠬᠢᠴᠢᠶᠡᠯᠡᠯᠭᠡ ᠳᠤ ᠲᠣᠩ ᠲᠣᠷᠠᠳᠠᠢ ᠪᠠᠶᠢᠵᠣ  ᠂ ᠪᠠᠭᠰᠢ ᠶᠢᠨ ᠵᠢᠭᠠᠭᠰᠠᠨ  ᠵᠦᠢᠯᠡᠰ ᠢ  ᠮᠠᠰᠢ ᠠᠮᠠᠷᠬᠠᠨ ᠡᠵᠡᠮᠰᠢᠵᠣ᠂  ᠬᠡᠳᠦᠶᠢᠪᠡᠷ ᠦᠬᠡ  ᠶᠠᠷᠢᠶᠠᠨ ᠤ ᠬᠤᠪᠢ ᠳᠤ ᠪᠠᠭ᠎ᠠ ᠵᠦᠷᠢᠶᠡᠨ ᠲᠠᠢ ᠪᠠᠶᠢᠭᠰᠠᠨ ᠴᠣ᠋ ᠮᠣᠩᠭᠤᠯ ᠤᠨ ᠪᠠᠭᠰᠢ ᠨᠠᠷ ᠲᠠᠢ ᠵᠣᠷᠢᠭᠳᠠᠢ ᠪᠠᠷ ᠶᠠᠷᠢᠵᠣ ᠬᠡᠯᠡᠯᠴᠡᠨ ᠬᠠᠭᠠᠰ ᠰᠠᠷ᠎ᠠ ᠶᠢᠨ ᠬᠤᠭᠤᠴᠠᠭᠠᠨ ᠳᠤ ᠰᠠᠶᠢᠬᠠᠨ  ᠲᠠᠰᠴᠣ᠂ ᠮᠣᠩᠭᠤᠯ ᠤᠨ ᠲᠠᠭᠤᠣ ᠪᠦᠵᠢᠭ᠂ ᠭᠠᠷ ᠣᠷᠠᠯᠠᠯ ᠣᠷᠠᠨ ᠵᠢᠷᠤᠭ᠂ ᠦᠯᠢᠭᠡᠷ ᠰᠢᠯᠦᠭ ᠵᠡᠷᠭᠡ  ᠣᠯᠠᠨ ᠰᠠᠶᠢᠬᠠᠨ ᠵᠦᠢᠯᠠᠰ ᠢ ᠰᠣᠷᠴᠣ ᠠᠪᠣᠯ᠎ᠠ᠃ ᠲᠣᠰ ᠣᠳᠠᠭᠠᠨ ᠤ  ᠬᠠᠮᠳᠣᠷᠠᠨ ᠠᠵᠢᠯᠯᠠᠬᠤ ᠪᠠᠷ ᠲᠠᠮᠵᠢᠨ ᠬᠤᠶᠠᠷ ᠣᠯᠣᠰ ᠤᠨ ᠴᠡᠴᠡᠷᠯᠢᠭ ᠤᠨ ᠪᠠᠭᠰᠢ ᠨᠠᠷ  ᠣᠷᠣᠨ ᠨᠣᠳᠤᠭ  ‍ᠤᠨ‌‍ᠰᠣᠷᠭᠠᠨ ᠬᠦᠮᠦᠵᠢᠯ  ᠎ ᠤᠨ ᠲᠠᠯ᠎ᠠ ᠳᠠᠬᠢ ᠲᠠᠪᠰᠢᠩᠭᠤᠢ ᠲᠠᠯ᠎ᠠ ᠪᠠᠨ ᠬᠠᠷᠢᠯᠴᠠᠨ ᠰᠣᠷᠣᠯᠴᠠᠵᠣ᠂  ᠬᠤᠵᠢᠮ ᠤᠨ ᠠᠵᠢᠯ ᠤᠨ ᠲᠣᠮᠳᠠ ᠪᠠᠨ ᠰᠢᠨ᠎ᠠ ᠠᠬᠢᠯᠳᠠ ᠲᠠᠢ ᠪᠣᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ  ᠪᠠᠶᠢᠨ᠎ᠠ  ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号