ᠰᠢᠯᠣᠭᠤᠨ ᠬᠥᠬᠡ ᠬᠤᠰᠢᠭᠤᠨ ᠤ ᠥᠬᠡᠯᠤᠨ ᠬᠡᠣᠬᠡᠳ ᠤᠨ ᠴᠡᠴᠡᠷᠯᠢᠭ ᠤᠨ ᠣᠨᠴᠠᠯᠢᠭᠳᠣ ᠬᠢᠴᠢᠶᠡᠯ ᠬᠦᠳᠡᠯᠪᠦᠷᠢ  — — ᠣᠮᠪᠠᠯᠳᠠ
ᠨᠡᠶᠢᠲᠡᠯᠡᠭᠰᠡᠨ ᠴᠠᠭ᠄
2016/7/28
    ᠴᠡᠴᠡᠷᠯᠢᠭ ᠤᠨ ᠰᠣᠷᠭᠠᠨ ᠬᠦᠮᠦᠵᠢᠯ ᠤᠨ ᠠᠭᠤᠯᠭ᠎ᠠ ᠬᠡᠯᠪᠡᠷᠢ ᠶᠢ ᠪᠠᠶᠠᠯᠢᠭᠵᠢᠭᠤᠯᠣᠨ᠂ ᠦᠪᠡᠷ ᠤᠨ ᠣᠨᠴᠠᠯᠢᠭᠳᠣ ᠵᠢᠭᠠᠨ ᠰᠣᠷᠭᠠᠯᠳᠠ ᠶᠢᠨ ᠬᠦᠳᠡᠯᠪᠦᠷᠢ ᠠᠵᠢᠯᠯᠠᠭ᠎ᠠ ᠶᠢ ᠰᠣᠳᠣᠯᠣᠨ ᠡᠷᠢᠯᠬᠢᠯᠡᠵᠣ᠂ ᠬᠡᠣᠬᠡᠳ ᠤᠨ ᠪᠡᠶ᠎ᠠ ᠮᠠᠬᠠᠪᠣᠳ ᠣᠶᠣᠨ ᠰᠠᠨᠠᠭᠠᠨ ᠤ ᠬᠦᠭᠵᠢᠯᠳᠠ ᠳᠤ ᠨᠡᠩ ᠰᠠᠶᠢᠨ ᠰᠣᠷᠭᠠᠨ ᠬᠦᠮᠦᠵᠢᠯ ᠤᠨ ᠰᠠᠭᠤᠷᠢ ᠶᠢ ᠲᠠᠯᠪᠢᠵᠣ ᠦᠭᠭᠦᠨ᠂ ᠲᠡᠳᠡᠨ ᠳᠤ ᠣᠯᠠᠨ ᠲᠦᠷᠦᠯ ᠤᠨ ᠠᠮᠢᠳᠣᠷᠠᠬᠤᠢ ᠶᠢᠨ ᠦᠨᠳᠣᠰᠦᠨ ᠴᠢᠳᠠᠪᠣᠷᠢ ᠶᠢᠨ ᠬᠦᠮᠦᠵᠢᠯ ᠢ ᠣᠯᠭᠤᠬᠤ ᠶᠢᠨ ᠡᠭᠦᠳᠡᠨ ᠠᠴᠠ ᠰᠢᠯᠣᠭᠤᠨ ᠬᠦᠬᠡ ᠬᠤᠰᠢᠭᠤᠨ ᠤ ᠦᠬᠡᠯᠦᠨ ᠬᠡᠣᠬᠡᠳ ᠤᠨ ᠴᠡᠴᠡᠷᠯᠢᠭ ᠨᠢ ᠬᠤᠰᠢᠭᠤ ᠰᠣᠶᠣᠯ ᠲᠠᠮᠢᠷ ᠤᠨ ᠲᠦᠪ ᠲᠤ ᠪᠠᠶᠢᠷᠢᠰᠢᠵᠣ᠂  ᠬᠤᠰᠢᠭᠤ ᠰᠣᠶᠣᠯ ᠤᠨ ᠲᠦᠪ ᠤᠨ ᠣᠮᠪᠠᠯᠳᠠ ᠶᠢᠨ ᠭᠠᠵᠠᠷ ᠲᠠᠢ  ᠵᠡᠷᠬᠡᠯᠡᠳᠡᠭᠡ ᠪᠠᠶᠢᠭ᠎ᠠ ᠲᠠᠪᠠᠭᠤᠯᠢᠭ ᠎ ᠢᠶᠠᠨ ᠠᠰᠢᠭᠯᠠᠨ᠂ 2016 ᠣᠨ ᠤ  ᠬᠠᠪᠣᠷ ᠤᠨ ᠰᠢᠨ᠎ᠠ ᠬᠤᠭᠤᠴᠠᠭ᠎ᠠ ᠡᠬᠢᠯᠡᠬᠦ ᠠᠴᠠ ᠡᠬᠢᠯᠡᠨ᠂ ᠲᠣᠮᠳᠠ ᠠᠩᠭᠢ ᠶᠢᠨ ᠲᠣᠭᠤᠶᠢᠯᠠᠩ ᠤᠨ ᠬᠡᠣᠬᠡᠳ ᠤᠳ ᠲᠤ ᠪᠠᠨ  ᠣᠮᠪᠡᠯᠳᠠ ᠶᠢᠨ ᠬᠢᠴᠢᠶᠡᠯ ᠬᠦᠳᠡᠯᠪᠦᠷᠢ ᠨᠡᠭᠡᠭᠡᠭᠰᠡᠨ ᠪᠠᠶᠢᠨ᠎ᠠ᠃   ᠣᠯᠣᠰ ᠎ ᠤᠨ ᠪᠠᠷᠢᠮᠵᠢᠶ᠎ᠠ ᠳᠤ ᠨᠡᠶᠢᠴᠡᠭᠰᠡᠨ ᠲᠣᠰᠬᠠᠢ ᠣᠮᠪᠠᠯᠳᠠ ᠶᠢᠨ ᠲᠠᠯᠠᠪᠠᠢ ᠳᠤ᠂ ᠲᠣᠰᠬᠠᠢ ᠮᠠᠷᠭᠡᠵᠢᠯ ᠤᠨ ᠴᠣᠯ ᠮᠣᠩᠭᠤᠯ ᠣᠮᠪᠠᠯᠳᠠ ᠶᠢᠨ ᠮᠠᠷᠭᠡᠵᠢᠯ ᠤᠨ ᠪᠠᠭᠰᠢ ᠨᠠᠷ ᠢ ᠵᠠᠯᠠᠵᠣ ᠬᠡᠣᠬᠡᠳ ᠲᠤ  ᠎ ᠪᠠᠨ ᠭᠠᠷᠠᠭ ᠲᠤ ᠬᠤᠶᠠᠷ ᠣᠳᠠᠭ᠎ᠠ  ᠬᠢᠴᠢᠶᠠᠯᠯᠠᠭᠦᠯᠦᠭᠰᠡᠨ ᠪᠠᠶᠢᠨ᠎ᠠ᠃  ᠬᠡᠰᠡᠭ ᠬᠤᠭᠤᠴᠠᠭᠠᠨ ᠤ ᠪᠣᠯᠪᠠᠰᠣᠷᠠᠯ ᠢᠶᠠᠷ ᠲᠠᠮᠵᠢᠨ ᠬᠡᠣᠬᠡᠳ ᠤᠳ  ᠎ ᠤᠨ ᠣᠰᠣ ᠠᠴᠠ  ᠠᠶᠣᠬᠤ ᠰᠡᠳᠬᠢᠯᠭᠡ ᠨᠢ ᠠᠷᠢᠯᠵᠣ᠂ ᠪᠠᠭᠰᠢ ᠶᠢᠨ ᠵᠢᠯᠣᠭᠤᠳᠣᠯᠭ᠎ᠠ ᠲᠣᠣᠷ᠎ᠠ ᠠᠭᠠᠵᠢᠮ ᠢᠶᠠᠷ  ᠰᠣᠷᠴᠣ᠂ ᠣᠳᠣ ᠨᠢᠭᠡᠨᠳᠡ ᠪᠡᠶ᠎ᠡ ᠪᠠᠨ ᠲᠠᠭᠠᠭᠠᠨ ᠴᠢᠯᠦᠭᠡᠳᠡᠢ ᠣᠮᠪᠠᠵᠣ ᠨᠠᠭᠠᠳᠴᠣ ᠴᠢᠳᠠᠬᠤ ᠪᠣᠯᠵᠠᠢ᠃   ᠬᠡᠷ ᠤᠨ ᠠᠬᠠᠮᠠᠳ ᠨᠠᠷ ᠴᠣ᠋ ᠬᠡᠣᠬᠡᠳ ᠤᠨ ᠎ ᠢᠶᠠᠨ ᠪᠣᠳᠠᠳᠣ ᠬᠤᠪᠢᠷᠠᠯᠳᠠ ᠲᠡᠭᠡᠭᠰᠢᠯᠠᠯᠳᠠ ᠶᠢ ᠦᠵᠡᠨ ᠭᠠᠷᠴᠣ  ᠂ ᠮᠠᠨ ᠤ ᠴᠡᠴᠡᠷᠯᠢᠭ ᠤᠨ ᠣᠮᠪᠠᠯᠳᠠ ᠶᠢᠨ ᠬᠢᠴᠢᠶᠡᠯ ᠬᠦᠳᠡᠯᠪᠦᠷᠢ ᠳᠤ ᠮᠠᠰᠢ ᠦᠨᠳᠣᠷ ᠦᠨᠡᠯᠡᠯᠳᠡ  ᠦᠭᠭᠦᠨ᠂   ᠨᠢᠯᠬᠠᠰ ᠤᠨ ᠰᠣᠷᠭᠠᠨ ᠬᠦᠮᠦᠵᠢᠯ ᠤᠨ ᠡᠩᠨᠡᠭᠡᠨ ᠤ ᠰᠢᠨ᠎ᠠ ᠶᠢ  ᠡᠭᠦᠳᠬᠦ ᠶᠢ  ᠵᠣᠷᠢᠵᠣ  ᠂ ᠬᠡᠣᠬᠡᠳ  ᠎ ᠲᠤ ᠬᠠᠮᠤᠭ ᠦᠨᠳᠣᠰᠦᠨ ᠠᠮᠢᠳᠣᠷᠠᠬᠤᠢ ᠶᠢᠨ ᠴᠢᠳᠠᠪᠣᠷᠢ ᠶᠢᠨ ᠬᠦᠮᠦᠵᠢᠯ ᠪᠠ ᠪᠡᠶ᠎ᠠ ᠎ ᠪᠠᠨ ᠬᠠᠮᠠᠭᠠᠯᠠᠬᠤ ᠴᠢᠳᠠᠪᠣᠷᠢ ᠶᠢ ᠪᠠᠭ᠎ᠠ ᠨᠠᠰᠣᠨ ᠠᠴᠠ ᠨᠢ ᠣᠯᠭᠤᠵᠣ  ᠪᠠᠶᠢᠭ᠎ᠠ ᠨᠢ ᠮᠠᠭᠳᠠᠭᠤᠰᠢᠳᠠᠢ ᠬᠡᠮᠡᠨ ᠵᠣᠷᠢᠭᠵᠢᠭᠤᠯᠣᠭᠰᠠᠨ ᠪᠠᠶᠢᠨ᠎ᠠ᠃     ᠣᠰᠣᠨ  ᠎ ᠳᠤ ᠣᠮᠪᠠᠭ᠋ᠣ ᠨᠢ ᠬᠡᠣᠬᠡᠳ ᠤᠨ ᠪᠠᠶ᠎ᠠ ᠮᠠᠬᠠᠪᠣᠳ ᠤᠨ ᠴᠠᠬᠢᠷᠠᠭᠵᠢᠯ᠂ ᠣᠷᠮ᠎ᠠ ᠰᠡᠳᠬᠢᠯᠭᠡ ᠶᠢᠨ ᠲᠣᠭᠳᠠᠪᠣᠷᠢᠵᠢᠯᠳᠠ᠂  ᠠᠭᠤᠰᠬᠢᠨ ᠤ ᠪᠠᠭᠳᠠᠭᠠᠮᠵᠢ ᠶᠢᠨ ᠨᠡᠮᠡᠭᠳᠡᠯ᠂  ᠬᠡᠣᠬᠡᠳ ᠤᠨ ᠢᠳᠡᠭᠡᠨ ᠤ ᠰᠢᠩᠭᠡᠭᠡᠯᠳᠠ  ᠂ ᠵᠢᠷᠦᠭᠡ ᠲᠠᠪᠣᠨ ᠴᠣᠯᠣ ᠶᠢᠨ ᠪᠦᠢᠵᠢᠯᠳᠠ ᠳᠤ ᠪᠦᠷ ᠠᠬᠢᠭᠤᠯᠬᠤ ᠦᠢᠯᠡᠳᠦᠯ ᠲᠠᠢ ᠨᠢᠭᠡ ᠵᠦᠢᠯ ᠤᠨ ᠲᠠᠮᠢᠷ ᠤᠨ ᠬᠦᠳᠡᠯᠭᠡᠭᠡᠨ ᠮᠦᠨ ᠃ ᠮᠦᠨ ᠴᠣ᠋  ᠬᠦᠮᠦᠨ ᠤ ᠨᠠᠰᠣᠨ ᠲᠣᠷᠰᠢᠳᠠ ᠭᠡᠷᠡᠭᠯᠡᠬᠦ ᠦᠪᠡᠷ  ᠎ ᠢ ᠪᠠᠨ ᠠᠪᠣᠷᠠᠬᠤ ᠨᠢᠬᠡ ᠵᠦᠢᠯ ᠤᠨ ᠠᠮᠢᠳᠣᠷᠠᠬᠤᠢ ᠶᠢᠨ ᠴᠢᠳᠠᠪᠣᠷᠢ ᠶᠣᠮ᠃ ᠡᠨᠡ ᠣᠳᠠᠭᠠᠨ ᠤ ᠣᠮᠪᠠᠯᠳᠠ ᠶᠢᠨ ᠬᠢᠴᠢᠶᠡᠯ ᠨᠢ ᠬᠡᠣᠬᠡᠳ ᠤᠨ ᠮᠠᠰᠢ ᠲᠣᠷ᠎ᠠ ᠪᠠᠬ᠎ᠠ ᠲᠠᠢ ᠨᠢᠬᠡ ᠲᠦᠷᠦᠯ ᠤᠨ ᠬᠦᠳᠡᠯᠪᠦᠷᠢ ᠪᠣᠯᠵᠣ᠂ ᠲᠠᠳᠠᠨ ᠤ ᠲᠠᠮᠢᠷ ᠤᠨ ᠬᠦᠳᠡᠯᠪᠦᠷᠢ ᠳᠤ ᠣᠷᠣᠯᠴᠠᠬᠤ  ᠰᠣᠨᠢᠷᠬᠠᠯ ᠢ ᠲᠠᠳᠠᠠ᠂  ᠬᠡᠣᠬᠡᠳ ᠤᠨ ᠪᠠᠶᠠᠷ  ᠪᠠᠶᠠᠰᠬᠤᠯᠠᠩᠳᠣ ᠣᠪᠣᠷ᠂ ᠬᠦᠴᠢᠷ ᠢ ᠲᠠᠪᠠᠭ᠋ᠣ ᠵᠣᠷᠢᠭ  ᠎ ᠢ ᠲᠠᠶᠢᠴᠢᠯᠠᠨ᠂   ᠬᠡᠣᠬᠡᠳ ᠤᠨ ᠰᠢᠨ᠎ᠠ ᠶᠠᠭᠤᠮ᠎ᠠ ᠶᠢ ᠰᠣᠷᠴᠣ ᠡᠵᠡᠮᠰᠢᠬᠦ ᠣᠷᠮᠠᠰᠢᠯ ᠢ  ᠬᠦᠪᠴᠢᠯᠡᠵᠡᠢ  ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号