ᠮᠠ ᠯᠢᠨ
ᠨᠡᠶᠢᠲᠡᠯᠡᠭᠰᠡᠨ ᠴᠠᠭ᠄
2016/7/7
ᠬᠤᠪᠢᠳᠠᠨ ᠬᠠᠷᠢᠭᠤᠴᠠᠬᠤ ᠠᠵᠢᠯ᠄ ᠬᠤᠰᠢᠭᠤ ᠳᠠᠷᠤᠭ᠎ᠠ ᠶᠢ ᠬᠠᠪᠰᠣᠷᠣᠨ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠦᠩᠭᠦᠨ ᠭᠦᠢᠯᠭᠡᠭᠡ᠂ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠳᠠᠯ᠎ᠠ ᠪᠠᠷ ᠬᠢ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠲᠤᠪᠴᠢᠶ᠎ᠠ᠂ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠳᠣᠪᠴᠢᠶ᠎ᠠ᠂ ᠡᠷᠡᠭᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠳᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠣᠪᠴᠢᠶ᠎ᠠ᠂ ᠮᠦᠩᠭᠦᠨ ᠬᠦᠢᠯᠭᠡᠭᠡᠨ ᠤ ᠠᠵᠢᠯ ᠤᠨ ᠠᠯᠪᠠᠨ ᠭᠡᠷ᠂ ᠶᠤᠸᠠᠨ ᠤ ᠲᠡᠭᠡᠳᠣ ᠨᠡᠶᠢᠰᠯᠠᠯ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠬᠤ ᠬᠢᠵᠠᠭᠠᠷᠳᠣ ᠬᠠᠷᠢᠭᠤᠴᠠᠯᠭᠠᠳᠣ ᠺᠤᠮᠫᠠᠨᠢ ᠶᠢᠨ ᠠᠵᠢᠯ ᠢ ᠬᠤᠪᠢᠳᠠᠨ ᠬᠠᠮᠢᠶᠠᠷᠣᠨ᠎ᠠ᠃     ᠨᠠᠮ ᠤᠨ ᠰᠣᠷᠭᠠᠭᠤᠯᠢ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠦᠪᠯᠡᠯ᠂ ᠲᠡᠭᠡᠭᠡᠪᠦᠷᠢ ᠶᠢᠨ ᠬᠠᠮᠢᠶᠠᠷᠣᠯᠳᠠ ᠶᠢᠨ ᠰᠠᠯᠪᠤᠷᠢ᠂ ᠵᠠᠮ ᠠᠷᠠᠴᠢᠯᠠᠬᠤ ᠠᠵᠢᠯ ᠤᠨ ᠳᠣᠭᠤᠷᠢᠭ᠂ ᠲᠡᠷᠭᠡᠨ ᠦᠷᠳᠡᠭᠡ᠂ ᠣᠯᠣᠰ ᠤᠨ ᠭᠠᠶᠢᠯᠢ ᠶᠢᠨ ᠶᠠᠪᠤᠳᠠᠯ ᠤᠨ ᠳᠣᠪᠴᠢᠶ᠎ᠠ᠂ ᠣᠷᠣᠨ ᠨᠣᠳᠤᠭ ᠤᠨ ᠭᠠᠶᠢᠯᠢ ᠶᠢᠨ ᠶᠠᠪᠤᠳᠠᠯ  ᠤᠨ ᠲᠣᠪᠴᠢᠶ᠎ᠠ᠂ ᠠᠷᠠᠳ ᠤᠨ ᠪᠠᠩᠬᠢ ᠶᠢᠨ ᠰᠢᠯᠤᠭᠤᠨ ᠬᠦᠬᠡ ᠳᠠᠬᠢ ᠬᠤᠪᠢᠶᠠᠷᠢ ᠪᠠᠩᠬᠢ᠂ ᠬᠤᠰᠢᠭᠤᠨ ᠳᠤ ᠪᠠᠶᠢᠭ᠎ᠠ ᠪᠤᠰᠣᠳ ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠶᠢ ᠵᠤᠬᠢᠴᠠᠭᠤᠯᠤᠨ ᠬᠠᠷᠢᠯᠴᠠᠨ᠎ᠠ᠃ ᠬᠤᠪᠢ ᠬᠦᠮᠦᠨ ᠤ ᠨᠠᠮᠳᠠᠷ᠄ ᠡᠷᠬᠢᠮ᠂ ᠡᠷᠡᠭᠳᠡᠢ᠂ ᠮᠤᠩᠭᠤᠯ ᠦᠨᠳᠦᠰᠦᠳᠠᠨ᠂ 1970 ᠣᠨ ᠤ 3 ᠰᠠᠷ᠎ᠠ ᠳᠤ ᠲᠦᠷᠦᠪᠡ᠃ ᠤᠭ ᠨᠤᠳᠤᠭ ᠨᠢ ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤ᠃ 1992 ᠣᠨ ᠤ 10 ᠰᠠᠷ᠎ᠠ ᠳᠤ ᠠᠵᠢᠯ ᠳᠤ ᠣᠷᠣᠪᠠ᠃ ᠳᠣᠮᠳᠠᠳᠣ ᠣᠯᠣᠰ ᠤᠨ ᠡᠪ ᠬᠠᠮᠳᠣ ᠨᠠᠮ ᠤᠨ ᠭᠡᠰᠢᠭᠦᠨ᠂ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ  ᠲᠠᠢ᠂ ᠣᠳᠣ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠤᠨ ᠭᠡᠰᠢᠭᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠭᠦᠷᠭᠡᠯᠡᠵᠦ ᠪᠤᠢ᠃1992. 10 —1993.06  ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠱᠠᠩᠳᠣ ᠶᠢᠨ ᠭᠤᠤᠯ ᠤᠨ ᠡᠳ᠋ ᠤᠨ ᠵᠠᠰᠠᠭ ᠤᠨ ᠰᠠᠯᠪᠤᠷᠢ ᠳᠤ ᠠᠵᠢᠯᠯᠠᠪᠠ᠃1993.06 —1996.06  ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠲᠤ ᠠᠵᠢᠯᠯᠠᠪᠠ᠃1996.06 —1999.01 ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠠᠬᠠᠮᠠᠳ ᠺᠠᠳ᠋ᠷᠴᠣᠳ ᠤᠨ ᠳᠣᠪᠴᠢᠶᠠᠨ ᠳᠤ ᠲᠡᠳ᠋ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠭᠦᠷᠭᠡᠯᠡᠪᠡ᠃1999.01 —2003.02 ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠶᠡᠬᠡᠬᠠᠶᠢᠷᠬᠠᠨ ᠰᠣᠮᠣᠨ ᠤ ᠵᠠᠰᠠᠭ  ᠤᠨ ᠣᠷᠳᠣᠨ ᠳᠤ  ᠰᠣᠮᠣᠨ ᠳᠠᠷᠤᠭ᠎ᠠ ᠶᠢᠨ ᠳᠣᠰᠢᠶᠠᠯ ᠢ ᠡᠭᠦᠷᠭᠡᠯᠡᠪᠡ᠃2003.02 —2004.12 ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠶᠡᠬᠡᠬᠠᠶᠢᠷᠬᠠᠨ ᠰᠣᠮᠣᠨ ᠳᠤ ᠨᠠᠮ  ᠤᠨ ᠬᠤᠷᠢᠶᠠᠨ ᠤ ᠱᠦᠵᠢ ᠶᠢᠨ ᠳᠣᠰᠢᠶᠠᠯ ᠢ ᠡᠭᠦᠷᠭᠡᠯᠡᠪᠡ᠃2004.12 —2015.12 ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠡᠳ᠋ ᠤᠨ ᠵᠠᠰᠠᠭ ᠤᠨ ᠳᠣᠪᠴᠢᠶᠠᠨ ᠳᠤ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠭᠦᠷᠭᠡᠯᠡᠪᠡ᠃2015.12 —2017.10  ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠳᠣᠪᠴᠢᠶᠠᠨ ᠳᠤ ᠨᠠᠮ ᠤᠨ ᠳᠣᠭᠤᠶᠢᠯᠠᠩ ᠤᠨ ᠱᠦᠵᠢ᠂ ᠳᠣᠪᠴᠢᠶᠠᠨ ᠳᠠᠷᠤᠭ᠎ᠠ ᠶᠢᠨ ᠳᠣᠰᠶᠠᠯ ᠢ ᠡᠭᠦᠷᠭᠡᠯᠡᠪᠡ᠃2017.10 — ᠣᠳᠣ ᠪᠤᠯᠳᠠᠯ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠤᠨ ᠭᠡᠰᠢᠭᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠳᠣᠰᠢᠶᠠᠯ ᠢ ᠡᠭᠦᠷᠭᠡᠯᠡᠵᠦ ᠪᠤᠢ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号