ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠤᠨ ᠬᠡᠷᠡᠭᠯᠡᠬᠦ ᠲᠣᠭᠲᠠᠭᠠᠯ ᠢ ᠲᠤᠬᠢᠷᠠᠭᠤᠯᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠵᠡᠷᠭᠡ 5 ᠰᠠᠯᠠᠭ᠎ᠠ ᠮᠦᠴᠢᠷ ᠤᠨ ᠠᠯᠪᠠᠨ ᠵᠠᠷ ︵2014 ᠣᠨ ᠤ 8 ᠳ᠋ᠤᠭᠠᠷ ᠲᠣᠭᠠᠲᠤ︶
ᠨᠡᠶᠢᠲᠡᠯᠡᠭᠰᠡᠨ ᠴᠠᠭ᠄
2016/7/8
    ︽ᠢᠳᠡᠭᠡᠨ ᠤ ᠠᠮᠤᠷ ᠲᠦᠪᠰᠢᠨ ᠤ ᠬᠠᠤᠯᠢ︾ ᠪᠠ ︽ᠢᠳᠡᠭᠡᠨ ᠤ ᠨᠡᠮᠡᠯᠲᠡ ᠡᠳ᠋ ᠤᠨ ᠰᠢᠨ᠎ᠡ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ︽ᠢᠳᠡᠭᠡᠨ ᠤ ᠨᠡᠮᠡᠯᠲᠡ ᠡᠳ᠋ ᠤᠨ ᠬᠡᠷᠡᠭᠯᠡᠬᠦ ᠪᠠᠷᠢᠮᠵᠢᠶ᠎ᠠ︾ ︵GB2760-2011︶ ᠳᠤ ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠢ ᠳᠠᠬᠢᠨ ᠰᠢᠨ᠎ᠡ ᠪᠠᠷ ᠦᠨᠡᠯᠡᠬᠦ ᠪᠠᠷ ᠳᠠᠮᠵᠢᠨ᠂ ᠬᠦᠴᠢᠯᠯᠢᠭ ᠹᠣᠰᠹᠣᠷ ᠬᠦᠴᠢᠯ ᠤᠨ ᠬᠦᠩᠭᠡᠨ ᠴᠠᠭᠠᠨ  ᠨᠠᠲᠷᠢ᠂ ᠴᠠᠬᠢᠭᠤᠷ ᠬᠦᠩᠭᠡᠨ ᠴᠠᠭᠠᠨ ᠬᠦᠴᠢᠯ ᠤᠨ  ᠨᠠᠲᠷᠢ ᠪᠣᠯᠣᠨ ᠤᠺᠲ᠋ᠧᠲᠤ ᠬᠤᠪᠠ ᠬᠦᠴᠢᠯ ᠤᠨ ᠬᠦᠩᠭᠡᠨ ᠴᠠᠭᠠᠨ ᠤ ᠴᠠᠷᠳᠠᠭᠤᠯ ᠵᠡᠷᠭᠡ 3 ᠵᠦᠢᠯ ᠤᠨ ᠢᠳᠡᠭᠡᠨ ᠤ ᠨᠡᠮᠡᠯᠲᠠ ᠡᠳ᠋ ᠢ ᠬᠠᠰᠤᠵᠦ᠂ ᠬᠦᠭᠡᠯᠭᠡᠭᠰᠡᠨ ᠢᠳᠡᠭᠡᠨ ᠳᠤ ᠳᠠᠬᠢᠵᠤ ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠬᠦ ᠶᠢ ᠦᠯᠦ ᠵᠦᠪᠰᠢᠶᠡᠷᠡᠬᠦ ᠲᠡᠷᠡᠴᠢᠯᠡᠨ ᠬᠦᠬᠦᠷ ᠬᠦᠴᠢᠯ ᠤᠨ ᠬᠦᠩᠭᠡᠨ ᠴᠠᠭᠠᠨ ᠺᠠᠯᠢ ᠪᠠ ᠬᠦᠬᠦᠷ ᠬᠦᠴᠢᠯ ᠤᠨ ᠠᠮᠮᠤᠨᠢ ᠶᠢᠨ ᠬᠡᠷᠡᠭᠯᠡᠬᠦ ᠬᠦᠷᠢᠶ᠎ᠡ ᠬᠡᠪᠴᠢᠶ᠎ᠡ ᠶᠢ ᠲᠣᠬᠢᠷᠠᠭᠤᠯᠬᠤ ᠪᠠᠷ ᠲᠤᠭᠳᠠᠭᠠᠪᠠ᠃ ᠦᠨᠦ ᠳᠣᠣᠷᠠᠬᠢ ᠮᠡᠲᠦ ᠠᠯᠪᠠᠨ ᠵᠠᠷᠯᠠᠪᠠ᠄      ᠨᠢᠭᠡ᠂ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠦᠴᠢᠯᠯᠢᠭ ᠹᠣᠰᠹᠣᠷ ᠬᠦᠴᠢᠯ ᠤᠨ ᠬᠦᠩᠭᠡᠨ ᠴᠠᠭᠠᠨ  ᠨᠠᠲᠷᠢ᠂ ᠴᠠᠬᠢᠭᠤᠷ ᠬᠦᠩᠭᠡᠨ ᠴᠠᠭᠠᠨ ᠬᠦᠴᠢᠯ ᠤᠨ  ᠨᠠᠲᠷᠢ ᠪᠣᠯᠣᠨ ᠤᠺᠲ᠋ᠧᠲᠤ ᠬᠤᠪᠠ ᠬᠦᠴᠢᠯ ᠤᠨ ᠬᠦᠩᠭᠡᠨ ᠴᠠᠭᠠᠨ ᠤ ᠴᠠᠷᠳᠠᠭᠤᠯ ᠢ ᠢᠳᠡᠭᠡᠨ ᠤ ᠨᠡᠮᠡᠯᠲᠡ ᠡᠳ᠋ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠳᠤ ᠬᠡᠷᠡᠭᠯᠡᠬᠦ ᠶᠢ ᠴᠠᠭᠠᠵᠠᠯᠠᠵᠤ᠂ ᠬᠦᠭᠡᠯᠭᠡᠭᠰᠡᠨ ᠢᠳᠡᠭᠡᠨ ᠦᠢᠯᠡᠳᠪᠦᠷᠢᠯᠡᠬᠦ ᠳᠤᠮᠳᠠ ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠵᠦ ᠪᠣᠯᠬᠤ ᠦᠭᠡᠢ ᠪᠦᠭᠡᠳ ᠪᠣᠭᠤᠳᠠᠢ ᠶᠢᠨ ᠭᠤᠯᠢᠷ ᠵᠢᠴᠢ ᠦᠢᠯᠡᠳᠬᠦᠨ ︵ᠲᠣᠰᠣᠨ ᠳᠤ ᠪᠣᠴᠠᠯᠭᠠᠭᠰᠠᠨ ᠭᠤᠯᠢᠷ ᠢᠳᠡᠭᠡᠨ᠂ ᠵᠤᠳᠠᠩ ︵ᠵᠢᠱᠢᠶᠡᠯᠡᠪᠡᠯ ᠵᠢᠭᠠᠰᠤ ᠪᠣᠯᠣᠨ ᠵᠢᠭᠦᠷᠳᠡᠨ ᠤ ᠮᠢᠬᠠᠨ ᠳᠤ ᠬᠡᠷᠡᠭᠯᠡᠬᠦ ᠭᠤᠯᠢᠷᠬᠠᠭ︶᠂ ᠪᠠᠭᠯᠠᠬᠤ ᠲᠠᠯᠬ᠎ᠠ᠂ ᠬᠠᠭᠠᠷᠢᠬᠤ ᠲᠠᠯᠬ᠎ᠠ ᠠᠴᠠ ᠪᠤᠰᠤᠳ︶ ᠦᠢᠯᠡᠳᠪᠦᠷᠢᠯᠡᠬᠦ ᠳᠤ ᠬᠦᠬᠦᠷ ᠬᠦᠴᠢᠯ ᠤᠨ ᠬᠦᠩᠭᠡᠨ ᠴᠠᠭᠠᠨ ᠺᠠᠯᠢ ᠪᠠ ᠬᠦᠬᠦᠷ ᠬᠦᠴᠢᠯ ᠤᠨ ᠠᠮᠮᠤᠨᠢ ᠬᠡᠷᠡᠭᠯᠡᠵᠦ ᠪᠣᠯᠬᠤ ᠦᠭᠡᠢ᠃ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠬᠠᠮᠢᠶ᠎ᠠ ᠪᠦᠬᠦᠢ ᠪᠠᠷᠢᠮᠵᠢᠶ᠎ᠠ ᠶᠣᠰᠤᠭᠠᠷ ᠳᠡᠭᠡᠷ᠎ᠡ ᠳᠤᠷᠠᠳᠤᠭᠰᠠᠨ ᠢᠳᠡᠭᠡᠨ ᠤ ᠨᠡᠮᠡᠯᠲᠡ ᠡᠳ᠋ ᠢ ᠬᠡᠷᠡᠭᠯᠡᠵᠦ ᠦᠢᠯᠡᠳᠪᠦᠷᠢᠯᠡᠭᠰᠡᠨ ᠢᠳᠡᠭᠡᠨ ᠢ ᠦᠷᠭᠦᠯᠵᠢᠯᠡᠨ ᠴᠢᠨᠡᠷ ᠢ ᠪᠠᠳᠤᠯᠠᠬᠤ ᠬᠤᠭᠤᠴᠠᠭ᠎ᠠ ᠨᠢ ᠳᠠᠭᠤᠰᠲᠠᠯ᠎ᠠ ᠬᠤᠳᠠᠯᠳᠤᠵᠤ ᠪᠣᠯᠣᠨ᠎ᠠ᠃     ᠬᠤᠶᠠᠷ᠂ ᠡᠯ᠎ᠡ ᠱᠠᠳᠤᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠡᠶᠢᠳᠪᠦᠷᠢᠯᠡᠬᠦ ᠬᠡᠷᠡᠭᠲᠡᠢ᠃ ᠢᠳᠡᠭᠡᠨ ᠤ ᠠᠵᠤ ᠦᠢᠯᠡᠳᠪᠦᠷᠢ ᠶᠢᠨ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠳ ᠢ ᠵᠢᠯᠣᠭᠤᠳᠤᠨ ᠬᠠᠮᠢᠶ᠎ᠠ ᠪᠦᠬᠦᠢ ᠢᠳᠡᠭᠡᠨ ᠪᠠ ᠢᠳᠡᠭᠡᠨ ᠤ ᠨᠡᠮᠡᠯᠲᠡ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠤᠨᠴᠠᠭᠠᠶᠢᠯᠠᠨ ᠠᠯᠪᠠᠨ ᠵᠠᠷᠯᠠᠪᠠ᠃            ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ            ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠶᠠᠮᠤᠨ            ᠶᠠᠰᠤ ᠴᠢᠨᠠᠷ ᠬᠢᠨᠠᠨ ᠪᠠᠶᠢᠴᠠᠭᠠᠬᠤ ᠶᠡᠷᠦᠩᠬᠡᠢ ᠲᠣᠪᠴᠢᠶ᠎ᠠ            ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ            ᠠᠮᠤ ᠪᠤᠳᠠᠭᠠᠨ ᠤ ᠲᠣᠪᠴᠢᠶ᠎ᠠ                             2014 ᠣᠨ ᠤ 5 ᠳ᠋ᠤᠭᠠᠷ ᠰᠠᠷ᠎ᠠ ᠶᠢᠨ 14 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号