︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠶᠤᠸᠠᠨ ᠤ  ᠳᠡᠭᠡᠳᠦ ᠨᠡᠶᠢᠰᠯᠡᠯ ᠤᠨ ᠪᠠᠭᠤᠷᠢ ᠎ ᠶᠢᠨ ᠬᠠᠮᠠᠭᠠᠯᠠᠯᠳᠠ ᠶᠢᠨ ᠲᠦᠷᠢᠮ︾  ᠨᠡᠶᠢᠳᠡᠯᠡᠭᠳᠡᠨ ᠬᠡᠷᠡᠭᠵᠢᠬᠦᠯᠦᠭᠳᠡᠯ᠎ᠡ
ᠨᠡᠶᠢᠲᠡᠯᠡᠭᠰᠡᠨ ᠴᠠᠭ᠄
2016/8/11
        7 ᠰᠠᠷᠠᠶᠢᠨ 1᠎ ᠤ ᠡᠳᠦᠷ᠂ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠶᠤᠸᠠᠨ  ᠎ ᠤ  ᠳᠡᠭᠡᠳᠦ  ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠲᠦᠷᠢᠮ︾᠎ ᠢ ᠨᠡᠶᠢᠳᠡᠯᠡᠨ ᠬᠡᠷᠡᠭᠵᠢᠬᠦᠯᠬᠦ ᠶᠤᠰᠤᠯᠠᠯ ᠰᠢᠯᠤᠭᠤᠨ ᠬᠦᠭᠡ ᠬᠤᠰᠢᠭᠤᠨ ᠤ ᠬᠤᠪᠢᠯᠠᠢ ᠠᠭᠤᠳᠠᠮ ᠳᠠᠯᠠᠪᠠᠢ ᠳᠤ ᠶᠠᠪᠤᠭᠳᠠᠭᠰᠠᠨ ᠪᠠᠶᠢᠨ᠎ᠠ᠃         ᠲᠤᠰ ︽ᠲᠦᠷᠢᠮ︾᠎ ᠨᠢ 2014 ᠤᠨ ᠠᠴᠠ ᠤᠳᠤ ᠪᠤᠯᠳᠠᠯᠠᠬᠢ ᠬᠤᠶᠠᠷ ᠵᠢᠯ ᠤᠨ ᠬᠤᠭᠤᠴᠠᠭᠠᠨ  ᠎ ᠳᠤ  ᠨᠠᠶᠢᠷᠠᠭᠤᠯᠬᠤ᠂ ᠨᠤᠤᠷᠠᠭᠯᠠᠬᠤ᠂ ᠵᠠᠰᠠᠬᠤ᠂ ᠰᠠᠨᠠᠯ ᠬᠤᠷᠢᠶᠠᠬᠤ᠂ ᠰᠤᠳᠤᠯᠭᠠᠨ ᠬᠢᠵᠦ᠂ ᠬᠢᠨᠠᠨ ᠳᠤᠭᠳᠠᠭᠠᠬᠤ ᠵᠡᠷᠭᠡ ᠶᠠᠪᠤᠴᠠ ᠶᠢ ᠦᠩᠭᠡᠷᠡᠭᠡᠭᠡᠳ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠎ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠢᠶᠠᠷ ᠬᠢᠨᠠᠨ  ᠪᠠᠳᠤᠯᠠᠵᠤ  7  ᠰᠠᠷᠠᠶᠢᠨ  1  ᠎ ᠠᠴᠠ ᠵᠢᠩᠬᠢᠨᠢ ᠪᠠᠷ ᠬᠡᠷᠡᠭᠵᠢᠬᠦᠯᠵᠦ ᠪᠠᠶᠢᠭ᠎ᠠ ᠶᠤᠮ᠃          ᠲᠤᠰ ︽ᠲᠦᠷᠢᠮ︾᠎ ᠨᠢ ᠨᠡᠶᠢᠳᠡ ᠭᠤᠷᠪᠠᠨ ᠪᠦᠯᠦᠭ᠂ 37 ᠵᠤᠷᠪᠤᠰ ᠢᠶᠠᠷ ᠪᠦᠷᠢᠯᠳᠦᠵᠦ᠂ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠬᠦᠷᠢᠶ᠎ᠠ  ᠬᠡᠪᠴᠢᠶᠠᠨ  ᠎ ᠳᠤ ᠵᠦᠪᠭᠡᠨ  ᠪᠠᠶᠢᠴᠠᠭᠠᠨ  ᠰᠤᠳᠤᠯᠤᠯᠳᠠ᠂ ᠬᠠᠶᠢᠨ ᠰᠢᠨᠵᠢᠯᠡᠯᠳᠡ᠂ ᠬᠠᠭᠤᠴᠢ ᠰᠤᠳᠤᠯᠭᠠᠨ᠂ ᠨᠡᠭᠡᠭᠡᠨ ᠠᠭᠤᠳᠠᠯᠠᠬᠤ ᠵᠢᠴᠢ ᠳᠡᠦᠭᠡ ᠶᠢᠨ ᠲᠤᠷᠰᠠᠬᠠᠯᠳᠤ  ᠵᠦᠢᠯᠡᠰ ᠤᠨ  ᠬᠠᠮᠠᠭᠠᠯᠠᠯᠳᠠ  ᠎ ᠶᠢᠨ ᠢᠨᠵᠧᠨ᠋ᠷᠢᠩ ᠪᠤᠯᠤᠨ ᠪᠡᠯᠡᠳᠭᠡᠯ ᠲᠦᠭᠦᠭᠡᠷᠦᠮᠵᠢ᠂ ᠵᠢᠭᠤᠯᠴᠢᠯᠠᠭᠰᠠᠳ ᠲᠤ ᠦᠢᠯᠡᠴᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠬᠢᠵᠦ ᠪᠤᠯᠤᠨ᠎ᠠ᠃ ᠶᠠᠮᠠᠷᠪᠠ ᠪᠠᠶᠢᠭᠤᠯᠤᠯᠭ᠎ᠠ ᠨᠢᠭᠡᠴᠡ ᠪᠤᠶᠤ ᠬᠤᠪᠢ ᠬᠦᠮᠦᠨ ᠬᠠᠮᠠᠭᠠᠯᠠᠯᠳᠠ ᠶᠢᠨ ᠲᠤᠭᠤᠷᠢᠭ ᠲᠤ  ᠡᠪᠳᠡᠯᠭᠡ  ᠬᠢᠬᠦ᠂ ᠬᠠᠶᠢᠨ ᠪᠠᠶᠢᠴᠠᠭᠠᠬᠤ᠂ ᠦᠢᠯᠡᠳᠪᠦᠷᠢ ᠠᠭᠤᠷᠬᠠᠢ ᠨᠡᠭᠡᠭᠡᠬᠦ ᠶᠢ ᠡᠷᠡᠰ ᠬᠤᠷᠢᠭᠯᠠᠨ᠎ᠠ︾ ᠭᠡᠵᠦ ᠲᠤᠭᠳᠠᠭᠠᠭᠰᠠᠨ ᠪᠠᠶᠢᠵᠦ᠂ ᠡᠨᠡ  ᠎ ᠨᠢ  ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ᠂ ᠨᠡᠭᠡᠭᠡᠨ ᠠᠭᠤᠳᠠᠯᠬᠤ᠂ ᠤᠬᠠᠭᠤᠯᠬᠤ᠂  ᠳᠡᠯᠭᠡᠨ  ᠦᠵᠡᠬᠦᠯᠬᠦ  ᠵᠢᠴᠢ ᠠᠰᠢᠭᠯᠠᠬᠤ ᠵᠡᠷᠭᠡ ᠡᠯ᠎ᠡ ᠲᠦᠷᠦᠯ ᠤᠨ ᠠᠵᠢᠯ ᠤᠨ ᠤᠷᠤᠭᠰᠢᠳᠠᠢ ᠶᠠᠪᠤᠭᠳᠠᠬᠤ ᠳᠤ ᠬᠠᠥᠯᠢ ᠴᠠᠭᠠᠵᠠ  ᠎ ᠶᠢᠨ  ᠪᠠᠳᠤᠯᠠᠭ᠎ᠠ  ᠬᠠᠩᠭᠠᠭᠰᠠᠨ  ᠶᠠᠪᠤᠳᠠᠯ ᠪᠤᠯᠬᠤ ᠶᠤᠮ᠃ ︵ᠴᠢᠮᠡᠭᠡᠯᠡᠭᠴᠢ ᠦᠵᠡᠰᠭᠦᠯᠡᠩ︶
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号