︽985︾ ᠪᠠ ︽211︾ ᠢᠨᠵᠧᠨᠧᠷᠢᠩ ᠤᠨ ᠶᠡᠭᠡ ᠳᠡᠬᠡᠳᠤ ᠰᠤᠷᠭᠠᠭᠤᠯᠢ  ᠥᠪᠥᠷ ᠮᠣᠩᠭᠤᠯ ᠤᠷᠤᠨ ᠠᠴᠠ 1.3 ᠲᠦᠮᠡᠨ ᠰᠤᠷᠤᠭᠴᠢ ᠡᠯᠰᠡᠵᠠᠢ
ᠨᠡᠶᠢᠲᠡᠯᠡᠭᠰᠡᠨ ᠴᠠᠭ᠄
2016/8/11
        ᠦᠪᠦᠷ ᠮᠣᠩᠭᠤᠯ ᠤᠨ ᠡᠳᠦᠷ ᠤᠨ ᠰᠣᠨᠢᠨ ᠤ  ᠮᠡᠳᠡᠭᠡ  ︵ᠰᠤᠷᠪᠤᠯᠵᠢᠯᠠᠭᠴᠢ  ᠨᠠᠪᠴᠢ︶  ᠡᠨᠡ  ᠵᠢᠯ  ᠪᠦᠬᠦ  ᠤᠯᠤᠰ ᠤᠨ ︽985︾ ᠪᠠ ︽211︾ ᠢᠨᠵᠧᠨᠧᠷᠢᠩ ᠎ ᠤᠨ ᠶᠡᠭᠡ  ᠳᠡᠬᠡᠳᠤ  ᠰᠤᠷᠭᠠᠭᠤᠯᠢ  ᠮᠠᠨ ᠤ  ᠤᠷᠤᠨ ᠠᠴᠠ  13028  ᠰᠤᠷᠤᠭᠴᠢ ᠡᠯᠰᠡᠵᠡᠢ᠃  ᠡᠬᠦᠨ ᠳᠤ  ︽985︾  ᠢᠨᠵᠧᠨᠧᠷᠢᠩ ᠎ ᠤᠨ  ᠶᠡᠭᠡ  ᠳᠡᠬᠡᠳᠤ  ᠰᠤᠷᠭᠠᠭᠤᠯᠢ   3686   ᠰᠤᠷᠤᠭᠴᠢ   ᠡᠯᠰᠡᠵᠦ᠂ ᠨᠢᠳᠤᠨᠤᠨ ᠤ ᠬᠢ ᠠᠴᠠ 21 ᠰᠤᠷᠤᠭᠴᠢ ᠢᠯᠡᠬᠦᠦ ᠡᠯᠰᠡᠪᠡ᠃        7 ᠰᠠᠷ᠎ᠠ ᠶᠢᠨ 31᠎ ᠳᠤ ᠮᠠᠨ ᠤ ᠤᠷᠤᠨ ᠤ ᠰᠤᠷᠤᠭᠴᠢ ᠡᠯᠰᠡᠬᠦ ᠠᠵᠢᠯ ᠳᠠᠭᠤᠰᠴᠤ᠂ ᠪᠡᠬᠡᠵᠢᠩ ᠶᠡᠭᠡ ᠰᠤᠷᠭᠠᠭᠤᠯᠢ ᠮᠠᠨ ᠤ ᠤᠷᠤᠨ ᠠᠴᠠ 38 ᠰᠤᠷᠤᠭᠴᠢ ᠡᠯᠰᠡᠵᠦ᠂ ᠴᠢᠩᠬᠤᠸᠠ ᠶᠡᠭᠡ ᠰᠤᠷᠭᠠᠭᠤᠯᠢ ᠮᠠᠨ ᠤ ᠤᠷᠤᠨ ᠠᠴᠠ  74  ᠰᠤᠷᠤᠭᠴᠢ  ᠡᠯᠰᠡᠵᠡᠢ᠃ ᠪᠦᠬᠦ  ᠤᠯᠤᠰ ᠲᠤ  ᠨᠡᠷᠡᠳᠠᠢ  ᠶᠡᠭᠡ  ᠳᠡᠬᠡᠳᠤ  ᠰᠤᠷᠭᠠᠭᠤᠯᠢ ᠨᠢ  ᠮᠦᠨᠬᠦ  ᠮᠠᠨ ᠤ  ᠤᠷᠤᠨ ᠤ  ᠦᠨᠳᠦᠷ   ᠬᠤᠪᠢ  ᠤᠯᠤᠬᠰᠠᠨ ᠰᠢᠯᠭᠠᠭᠤᠯᠤᠭᠴᠢ ᠶᠢᠨ  ᠠᠩᠬᠠᠷᠤᠯ ᠢ  ᠳᠠᠳᠠᠵᠤ  ᠪᠤᠢ᠃  ᠪᠦᠷᠢᠳᠬᠡᠯ ᠢᠶᠠᠷ᠂  ᠪᠡᠬᠡᠵᠢᠩ  ᠶᠡᠭᠡ  ᠰᠤᠷᠭᠠᠭᠤᠯᠢ᠂  ᠴᠢᠩᠬᠤᠸᠠ  ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠵᠧᠵᠢᠶᠠᠩ ᠶᠡᠭᠡ  ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ  ᠤᠬᠠᠭᠠᠨ  ᠮᠡᠷᠬᠡᠵᠢᠯ ᠤᠨ  ᠶᠡᠭᠡ  ᠰᠤᠷᠭᠠᠭᠤᠯᠢ᠂  ᠳᠤᠮᠳᠠᠳᠤ  ᠤᠯᠤᠰ ᠤᠨ  ᠠᠷᠠᠳ ᠤᠨ  ᠶᠡᠭᠡ ᠰᠤᠷᠭᠠᠭᠤᠯᠢ᠂ ᠨᠠᠨᠵᠢᠩ ᠶᠡᠭᠡ  ᠰᠤᠷᠭᠠᠭᠤᠯᠢ᠂  ᠱᠠᠩᠬᠠᠢ ᠶᠢᠨ  ᠡᠳ᠋ ᠤᠨ  ᠵᠠᠰᠠᠭ ᠤᠨ  ᠶᠡᠭᠡ  ᠰᠤᠷᠭᠠᠭᠤᠯᠢ᠂  ᠪᠡᠬᠡᠵᠢᠩ ᠤᠨ  ᠠᠭᠠᠷ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠵᠡᠷᠬᠡ 10 ᠶᠡᠭᠡ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠳᠤᠰᠬᠠᠢ ᠮᠡᠷᠬᠡᠵᠢᠯ ᠤᠨ ᠬᠠᠮᠤᠭ ᠳᠤᠤᠷ᠎ᠠ ᠬᠤᠪᠢ ᠶᠢᠨ ᠱᠤᠭᠤᠮ ᠨᠢ 639 ᠪᠠᠶᠢᠵᠤ᠂ ᠵᠢᠩᠬᠢᠨᠢ ᠠᠩᠬᠢ ᠶᠢᠨ ᠨᠢᠬᠡᠳᠦᠬᠡᠷ  ᠪᠦᠯᠦᠭ ᠤᠨ ᠬᠤᠪᠢ ᠶᠢᠨ ᠱᠤᠭᠤᠮ ᠠᠴᠠ 155 ᠬᠤᠪᠢ ᠲᠠᠪᠠᠭᠠᠳ  ᠨᠢᠳᠤᠨᠤᠨ ᠤ ᠬᠢ ᠠᠴᠠ  21  ᠬᠤᠪᠢ  ᠳᠡᠬᠡᠭᠰᠢᠯᠡᠵᠡᠢ︔ ᠪᠡᠬᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠨᠠᠨᠵᠢᠩ ᠶᠡᠭᠡ ᠰᠤᠷᠭᠠᠭᠤᠯᠢ᠂ ᠪᠡᠬᠡᠵᠢᠩ ᠤᠨ ᠠᠭᠠᠷ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠵᠡᠷᠬᠡ 8 ᠶᠡᠭᠡ ᠰᠤᠷᠭᠠᠭᠤᠯᠢ ᠶᠢᠨ ᠤᠳᠬ᠎ᠠ ᠵᠤᠬᠢᠶᠠᠯ ᠳᠡᠦᠬᠡ ᠵᠡᠷᠬᠡ ᠨᠡᠶᠢᠬᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠲᠤᠰᠬᠠᠢ ᠮᠡᠷᠬᠡᠵᠢᠯ ᠤᠨ ᠬᠠᠮᠤᠭ ᠳᠤᠤᠷ᠎ᠠ ᠡᠯᠰᠡᠬᠦ ᠬᠤᠪᠢ ᠨᠢ 582 ᠬᠤᠪᠢ ᠪᠠᠶᠢᠵᠤ᠂ ᠵᠢᠩᠬᠢᠨᠢ ᠠᠩᠬᠢ ᠶᠢᠨ ᠨᠢᠬᠡᠳᠦᠬᠡᠷ ᠪᠦᠯᠦᠭ ᠤᠨ ᠬᠤᠪᠢ ᠶᠢᠨ ᠱᠤᠭᠤᠮ ᠠᠴᠠ 105 ᠬᠤᠪᠢ ᠲᠠᠪᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号