ᠴᠦᠬᠡᠨ ᠳᠤᠭᠠᠳᠤ ᠦᠨᠳᠦᠰᠦᠳᠡᠨ ᠤ ᠰᠤᠷᠤᠭᠴᠢ ᠡᠯᠰᠡᠬᠦ ᠲᠦᠯᠦᠪᠯᠡᠭᠡ ᠶᠢ ᠨᠡᠶᠢᠳᠡᠯᠡᠵᠠᠢ
ᠨᠡᠶᠢᠲᠡᠯᠡᠭᠰᠡᠨ ᠴᠠᠭ᠄
2016/8/11
     ᠦᠪᠦᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠵᠢᠯᠠᠭᠴᠢ  ᠨᠠᠪᠴᠢ︶  ᠦᠪᠡᠷᠳᠡᠬᠡᠨ  ᠵᠠᠰᠠᠬᠤ  ᠤᠷᠤᠨ ᠤ ᠰᠤᠷᠭᠠᠨ  ᠬᠦᠮᠦᠵᠢᠯ ᠤᠨ  ᠰᠤᠷᠤᠭᠴᠢ  ᠡᠯᠰᠡᠬᠦ  ᠰᠢᠯᠭᠠᠯᠳᠠ ᠶᠢᠨ  ᠲᠦᠪ ᠤᠨ ᠬᠢᠨ  2016   ᠤᠨ ᠤ   ᠴᠦᠬᠡᠨ ᠳᠤᠭᠠᠳᠤ ᠦᠨᠳᠦᠰᠦᠳᠡᠨ ᠤ ᠪᠡᠯᠡᠳᠬᠡᠯ ᠠᠩᠬᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠨᠡᠶᠢᠳᠡᠯᠡᠪᠡ᠃              ᠤᠢᠢᠯᠠᠭᠠᠭᠰᠠᠨ ᠢᠶᠠᠷ᠂ ᠴᠦᠬᠡᠨ  ᠳᠤᠭᠠᠳᠤ  ᠦᠨᠳᠦᠰᠦᠳᠡᠨ ᠤ  ᠪᠡᠯᠡᠳᠬᠡᠯ ᠠᠩᠬᠢ ᠳᠤ  ᠮᠤᠩᠭᠤᠯ ᠢᠶᠠᠷ ᠬᠢᠴᠢᠶᠡᠯᠯᠡᠭᠰᠡᠨ ᠰᠤᠷᠤᠭᠴᠢ ᠠᠴᠠ ᠪᠡᠬᠡᠵᠢᠩ ᠤᠨ ᠪᠠᠭᠰᠢ ᠶᠢᠨ ᠶᠡᠭᠡ ᠰᠤᠷᠭᠠᠭᠤᠯᠢ 2᠂ ᠱᠠᠩᠬᠠᠢ ᠶᠢᠨ ᠭᠠᠳᠠᠭᠠᠳᠤ ᠬᠡᠯᠡᠨ ᠤ  ᠶᠡᠭᠡ  ᠰᠤᠷᠭᠠᠭᠤᠯᠢ 4᠂ ᠯᠠᠨᠵᠧᠦ ᠶᠡᠭᠡ ᠰᠤᠷᠭᠠᠭᠤᠯᠢ 2᠂ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ 3᠂ ᠳᠤᠮᠳᠠᠳᠤ ᠤᠯᠤᠰ ᠤᠨ  ᠡᠮ ᠤᠨ  ᠰᠠᠯᠠᠭ᠎ᠠ ᠶᠢᠨ ᠶᠡᠭᠡ ᠰᠤᠷᠭᠠᠭᠤᠯᠢ 2᠂ ᠳᠤᠮᠳᠠᠳᠤ ᠤᠯᠤᠰ ᠤᠨ ᠴᠢᠯᠠᠭᠤᠨ ᠳᠤᠰᠤᠨ ᠤ ᠶᠡᠭᠡ ᠰᠤᠷᠭᠠᠭᠤᠯᠢ 3᠂  ᠲᠢᠶᠠᠨᠵᠢᠨ ᠤ  ᠪᠠᠭᠰᠢ ᠶᠢᠨ  ᠶᠡᠭᠡ ᠰᠤᠷᠭᠠᠭᠤᠯᠢ 5᠂ ᠭᠢᠷᠢᠨ ᠤ ᠪᠠᠷᠢᠯᠭ᠎ᠠ ᠶᠢᠨ ᠶᠡᠭᠡ ᠰᠤᠷᠭᠠᠭᠤᠯᠢ 8 ᠰᠤᠷᠤᠭᠴᠢ ᠡᠯᠰᠡᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠵᠡᠷᠬᠡ ᠤᠷᠤᠨ ᠤ ᠲᠤᠳᠤᠨᠠᠬᠢ 11 ᠶᠡᠭᠡ  ᠳᠡᠬᠡᠳᠤ  ᠰᠤᠷᠭᠠᠭᠤᠯᠢ ᠨᠡᠶᠢᠳᠡ 1040 ᠰᠤᠷᠤᠭᠴᠢ ᠡᠯᠰᠡᠨ᠎ᠡ᠃         ᠴᠦᠬᠡᠨ  ᠳᠤᠭᠠᠳᠤ  ᠦᠨᠳᠦᠰᠦᠳᠡᠨ ᠤ  ᠰᠤᠷᠤᠭᠴᠢ ᠳᠤ  ᠮᠤᠩᠭᠤᠯ᠂   ᠳᠠᠭᠤᠷ᠂   ᠤᠷᠴᠤᠨ᠂   ᠡᠧᠩᠬᠢ᠂   ᠤᠷᠤᠰ ᠦᠨᠳᠦᠰᠦᠳᠡᠨ ᠪᠠ ᠳᠤᠮᠳᠠᠳᠤ ᠰᠤᠷᠭᠠᠭᠤᠯᠢ ᠳᠠᠭᠠᠨ ᠰᠤᠯᠤᠩᠭᠤᠰ ᠬᠡᠯᠡ ᠪᠠᠷ ᠬᠢᠴᠢᠶᠡᠯᠯᠡᠭᠰᠡᠨ ᠰᠢᠯᠭᠠᠭᠤᠯᠤᠭᠴᠢ ᠪᠠᠭᠳᠠᠨ᠎ᠠ᠃ ᠵᠢᠩᠬᠢᠨᠢ ᠠᠩᠬᠢ ᠶᠢᠨ ᠪᠡᠯᠡᠳᠬᠡᠯ ᠠᠩᠬᠢ ᠳᠤ ᠡᠯᠰᠡᠬᠦ ᠬᠤᠪᠢ ᠶᠢᠨ ᠱᠤᠭᠤᠮ ᠢ ᠵᠢᠩᠬᠢᠨᠢ ᠠᠩᠬᠢ ᠶᠢᠨ ᠬᠠᠷᠠᠭᠠᠯᠵᠠᠭᠰᠠᠨ ᠪᠦᠯᠦᠭ ᠤᠳᠠᠭ᠎ᠠ ᠳᠠᠬᠢ ᠡᠯ᠎ᠠ ᠬᠠᠮᠢᠶ᠎ᠠ ᠪᠦᠬᠦᠢ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠶᠢᠨ ᠳᠠᠩᠰᠠ  ᠡᠪᠬᠡᠮᠡᠯ ᠢ ᠨᠢ  ᠪᠠᠶᠢᠴᠠᠭᠠᠨ ᠦᠵᠡᠬᠦ ᠬᠤᠪᠢ ᠶᠢᠨ ᠱᠤᠭᠤᠮ ᠠᠴᠠ 80  ᠬᠤᠪᠢ  ᠳᠤᠤᠷ᠎ᠡ  ᠪᠠᠶᠢᠯᠭᠠᠬᠤ ᠪᠠᠷ  ᠲᠤᠭᠳᠠᠵᠠᠢ᠃  ᠳᠤᠰᠬᠠᠢ  ᠮᠡᠷᠬᠡᠵᠢᠯ ᠤᠨ  ᠰᠤᠷᠭᠠᠭᠤᠯᠢ ᠶᠢᠨ ᠪᠡᠯᠡᠳᠬᠡᠯ ᠠᠩᠬᠢ ᠶᠢᠨ ᠡᠯᠰᠡᠬᠦ ᠬᠤᠪᠢ ᠶᠢᠨ ᠱᠤᠭᠤᠮ ᠢ ᠳᠡᠬᠡᠳᠤ  ᠵᠡᠷᠬᠡ ᠶᠢᠨ  ᠠᠵᠢᠯ  ᠮᠡᠷᠬᠡᠵᠢᠯ ᠤᠨ  ᠰᠤᠷᠭᠠᠭᠤᠯᠢ ︵ᠳᠤᠰᠬᠠᠢ ᠮᠡᠷᠬᠡᠵᠢᠯ ᠤᠨ ᠰᠤᠷᠭᠠᠭᠤᠯᠢ︶᠎ ᠶᠢᠨ ᠡᠯᠰᠡᠬᠦ ᠬᠠᠮᠤᠭ ᠳᠤᠤᠷ᠎ᠠ ᠬᠤᠪᠢ ᠶᠢᠨ ᠱᠤᠭᠤᠮ ᠢᠶᠠᠷ ᠬᠢᠵᠠᠭᠠᠷᠯᠠᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号