︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠶᠤᠸᠠᠨ ᠤ  ᠳᠡᠭᠡᠳᠦ ᠨᠡᠶᠢᠰᠯᠡᠯ ᠤᠨ ᠪᠠᠭᠤᠷᠢ  ᠶᠢᠨ ᠬᠠᠮᠠᠭᠠᠯᠠᠯᠳᠠ ᠶᠢᠨ ᠲᠦᠷᠢᠮ︾  ᠨᠡᠶᠢᠳᠡᠯᠡᠭᠳᠡᠨ ᠬᠡᠷᠡᠭᠵᠢᠬᠦᠯᠦᠭᠳᠡᠯ᠎ᠡ
ᠨᠡᠶᠢᠲᠡᠯᠡᠭᠰᠡᠨ ᠴᠠᠭ᠄
2016/8/11
        7 ᠰᠠᠷᠠᠶᠢᠨ 1 ᠤ ᠡᠳᠦᠷ᠂ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠶᠤᠸᠠᠨ   ᠤ  ᠳᠡᠭᠡᠳᠦ  ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠲᠦᠷᠢᠮ︾ ᠢ ᠨᠡᠶᠢᠳᠡᠯᠡᠨ ᠬᠡᠷᠡᠭᠵᠢᠬᠦᠯᠬᠦ ᠶᠤᠰᠤᠯᠠᠯ ᠰᠢᠯᠤᠭᠤᠨ ᠬᠦᠭᠡ ᠬᠤᠰᠢᠭᠤᠨ ᠤ ᠬᠤᠪᠢᠯᠠᠢ ᠠᠭᠤᠳᠠᠮ ᠳᠠᠯᠠᠪᠠᠢ ᠳᠤ ᠶᠠᠪᠤᠭᠳᠠᠭᠰᠠᠨ ᠪᠠᠶᠢᠨ᠎ᠠ᠃         ᠲᠤᠰ ︽ᠲᠦᠷᠢᠮ︾ ᠨᠢ 2014 ᠤᠨ ᠠᠴᠠ ᠤᠳᠤ ᠪᠤᠯᠳᠠᠯᠠᠬᠢ ᠬᠤᠶᠠᠷ ᠵᠢᠯ ᠤᠨ ᠬᠤᠭᠤᠴᠠᠭᠠᠨ   ᠳᠤ  ᠨᠠᠶᠢᠷᠠᠭᠤᠯᠬᠤ᠂ ᠨᠤᠤᠷᠠᠭᠯᠠᠬᠤ᠂ ᠵᠠᠰᠠᠬᠤ᠂ ᠰᠠᠨᠠᠯ ᠬᠤᠷᠢᠶᠠᠬᠤ᠂ ᠰᠤᠳᠤᠯᠭᠠᠨ ᠬᠢᠵᠦ᠂ ᠬᠢᠨᠠᠨ ᠳᠤᠭᠳᠠᠭᠠᠬᠤ ᠵᠡᠷᠭᠡ ᠶᠠᠪᠤᠴᠠ ᠶᠢ ᠦᠩᠭᠡᠷᠡᠭᠡᠭᠡᠳ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ   ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠢᠶᠠᠷ ᠬᠢᠨᠠᠨ  ᠪᠠᠳᠤᠯᠠᠵᠤ  7  ᠰᠠᠷᠠᠶᠢᠨ  1   ᠠᠴᠠ ᠵᠢᠩᠬᠢᠨᠢ ᠪᠠᠷ ᠬᠡᠷᠡᠭᠵᠢᠬᠦᠯᠵᠦ ᠪᠠᠶᠢᠭ᠎ᠠ ᠶᠤᠮ᠃          ᠲᠤᠰ ︽ᠲᠦᠷᠢᠮ︾ ᠨᠢ ᠨᠡᠶᠢᠳᠡ ᠭᠤᠷᠪᠠᠨ ᠪᠦᠯᠦᠭ᠂ 37 ᠵᠤᠷᠪᠤᠰ ᠢᠶᠠᠷ ᠪᠦᠷᠢᠯᠳᠦᠵᠦ᠂ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠬᠦᠷᠢᠶ᠎ᠠ  ᠬᠡᠪᠴᠢᠶᠠᠨ   ᠳᠤ ᠵᠦᠪᠭᠡᠨ  ᠪᠠᠶᠢᠴᠠᠭᠠᠨ  ᠰᠤᠳᠤᠯᠤᠯᠳᠠ᠂ ᠬᠠᠶᠢᠨ ᠰᠢᠨᠵᠢᠯᠡᠯᠳᠡ᠂ ᠬᠠᠭᠤᠴᠢ ᠰᠤᠳᠤᠯᠭᠠᠨ᠂ ᠨᠡᠭᠡᠭᠡᠨ ᠠᠭᠤᠳᠠᠯᠠᠬᠤ ᠵᠢᠴᠢ ᠳᠡᠦᠭᠡ ᠶᠢᠨ ᠲᠤᠷᠰᠠᠬᠠᠯᠳᠤ  ᠵᠦᠢᠯᠡᠰ ᠤᠨ  ᠬᠠᠮᠠᠭᠠᠯᠠᠯᠳᠠ   ᠶᠢᠨ ᠢᠨᠵᠧᠨ᠋ᠷᠢᠩ ᠪᠤᠯᠤᠨ ᠪᠡᠯᠡᠳᠭᠡᠯ ᠲᠦᠭᠦᠭᠡᠷᠦᠮᠵᠢ᠂ ᠵᠢᠭᠤᠯᠴᠢᠯᠠᠭᠰᠠᠳ ᠲᠤ ᠦᠢᠯᠡᠴᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠬᠢᠵᠦ ᠪᠤᠯᠤᠨ᠎ᠠ᠃ ᠶᠠᠮᠠᠷᠪᠠ ᠪᠠᠶᠢᠭᠤᠯᠤᠯᠭ᠎ᠠ ᠨᠢᠭᠡᠴᠡ ᠪᠤᠶᠤ ᠬᠤᠪᠢ ᠬᠦᠮᠦᠨ ᠬᠠᠮᠠᠭᠠᠯᠠᠯᠳᠠ ᠶᠢᠨ ᠲᠤᠭᠤᠷᠢᠭ ᠲᠤ  ᠡᠪᠳᠡᠯᠭᠡ  ᠬᠢᠬᠦ᠂ ᠬᠠᠶᠢᠨ ᠪᠠᠶᠢᠴᠠᠭᠠᠬᠤ᠂ ᠦᠢᠯᠡᠳᠪᠦᠷᠢ ᠠᠭᠤᠷᠬᠠᠢ ᠨᠡᠭᠡᠭᠡᠬᠦ ᠶᠢ ᠡᠷᠡᠰ ᠬᠤᠷᠢᠭᠯᠠᠨ᠎ᠠ︾ ᠭᠡᠵᠦ ᠲᠤᠭᠳᠠᠭᠠᠭᠰᠠᠨ ᠪᠠᠶᠢᠵᠦ᠂ ᠡᠨᠡ   ᠨᠢ  ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ᠂ ᠨᠡᠭᠡᠭᠡᠨ ᠠᠭᠤᠳᠠᠯᠬᠤ᠂ ᠤᠬᠠᠭᠤᠯᠬᠤ᠂  ᠳᠡᠯᠭᠡᠨ  ᠦᠵᠡᠬᠦᠯᠬᠦ  ᠵᠢᠴᠢ ᠠᠰᠢᠭᠯᠠᠬᠤ ᠵᠡᠷᠭᠡ ᠡᠯ᠎ᠡ ᠲᠦᠷᠦᠯ ᠤᠨ ᠠᠵᠢᠯ ᠤᠨ ᠤᠷᠤᠭᠰᠢᠳᠠᠢ ᠶᠠᠪᠤᠭᠳᠠᠬᠤ ᠳᠤ ᠬᠠᠥᠯᠢ ᠴᠠᠭᠠᠵᠠ   ᠶᠢᠨ  ᠪᠠᠳᠤᠯᠠᠭ᠎ᠠ  ᠬᠠᠩᠭᠠᠭᠰᠠᠨ  ᠶᠠᠪᠤᠳᠠᠯ ᠪᠤᠯᠬᠤ ᠶᠤᠮ᠃ ︵ᠴᠢᠮᠡᠭᠡᠯᠡᠭᠴᠢ ᠦᠵᠡᠰᠭᠦᠯᠡᠩ︶
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号