ᠬᠠᠩᠭᠠᠢ ᠬᠠᠮᠳᠤᠯᠢᠭ ᠤᠨ ᠰᠢᠨ᠎ᠠ ᠳᠠᠭᠤᠤ
ᠨᠡᠶᠢᠲᠡᠯᠡᠭᠰᠡᠨ ᠴᠠᠭ᠄
2016/8/2
                        ᠵᠣᠬᠢᠶᠠᠭᠴᠢ᠄ ᠤᠷᠢᠬᠠᠨ
      ᠤᠯᠤᠰ ᠤᠨ ᠳᠤᠳᠤᠭᠠᠳᠤ ᠭᠠᠳᠠᠭᠠᠳᠤ ᠳᠤ ᠴᠤᠤᠳᠠᠢ ᠬᠠᠩᠭᠠᠢ ᠬᠠᠮᠳᠤᠯᠢᠭ ᠦᠪᠡᠷ ᠤᠨ ᠳᠠᠭᠤᠤ ᠬᠦᠭᠵᠢᠮ ᠤᠨ ᠤᠷ᠎ᠠ ᠠᠪᠢᠶᠠᠰ ᠢᠶᠠᠨ ᠦᠷᠬᠦᠯᠵᠢᠯᠡᠨ ᠪᠠᠳᠠᠷᠠᠭᠤᠯᠵᠤ᠂ ᠤᠯᠠᠮᠵᠢᠯᠠᠯᠳᠤ ᠬᠦᠭᠵᠢᠮ ᠪᠠ ᠰᠢᠨ᠎ᠡ ᠡᠯᠧᠮᠧᠨ᠋ᠲ ᠢ ᠠᠭᠤᠰᠬᠠᠬᠤ ᠬᠡᠪ ᠨᠠᠮᠪᠠ ᠶᠢᠨ ᠪᠠᠷᠢᠮᠳᠠᠯᠠᠯ ᠢᠶᠠᠷ ᠢᠶᠠᠨ ︽ᠨᠠᠷᠠ ᠮᠡᠳᠦ ᠮᠠᠨᠳᠤᠬᠤ︾ ᠶᠢ ᠳᠠᠬᠢᠨ ᠰᠢᠨ᠎ᠡ ᠪᠠᠷ ᠪᠦᠳᠦᠭᠡᠨ ᠠᠮᠢᠯᠠᠭᠤᠯᠵᠠᠢ᠃ ︽ᠨᠠᠷᠠ ᠮᠡᠳᠦ ᠮᠠᠨᠳᠦᠬᠤ︾ ᠪᠤᠯ ᠨᠢᠭᠡᠨ ᠤᠤᠷ ᠡᠷᠳᠡᠨ ᠤ ᠮᠤᠩᠭᠤᠯ ᠠᠷᠠᠳ ᠤᠨ ᠳᠠᠭᠤᠤ ᠪᠢᠯᠡ᠃ ᠬᠠᠩᠭᠠᠢ ᠬᠠᠮᠳᠤᠯᠢᠭ ᠡᠨᠡ ᠳᠠᠭᠤᠤ ᠶᠢ ᠰᠢᠨ᠎ᠡ ᠪᠠᠷ ᠨᠠᠶᠢᠷᠠᠭᠤᠯᠵᠤ ᠵᠤᠬᠢᠶᠠᠨ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ ᠳᠤᠰ ᠳᠠᠭᠤᠤ ᠳᠤ ᠮᠤᠷᠢᠨ ᠬᠤᠭᠤᠷ ᠤᠨ ᠤᠶᠠᠷᠠᠭᠤᠨ ᠠᠶᠠᠰ ᠢᠶᠠᠷ ᠨᠢᠭᠡᠨ ᠮᠤᠩᠭᠤᠯ ᠵᠠᠯᠠᠭᠤ ᠶᠢᠨ ᠬᠠᠶᠢᠷ᠎ᠠ ᠶᠢᠨ ᠪᠤᠯᠵᠤᠭ᠎ᠠ ᠪᠠᠨ ᠰᠠᠬᠢᠨ ᠰᠠᠭᠤᠭ᠎ᠠ ᠪᠤᠬᠢᠨᠢᠳᠤᠯ ᠰᠡᠳᠬᠢᠯᠭᠡ ᠶᠢ ᠢᠯᠡᠷᠡᠬᠦᠯᠦᠭᠰᠡᠨ ᠪᠦᠭᠡᠳ ᠭᠡᠩᠭᠡᠷᠭᠡ ᠶᠢᠨ ᠬᠦᠭ ᠠᠶᠠᠰ ᠢᠶᠠᠷ ᠢᠨᠠᠭ ᠳᠤᠷᠠᠯᠠᠯ ᠤᠨ ᠠᠮᠠᠯᠠᠯᠳᠠ ᠳᠠᠭᠠᠨ ᠬᠦᠷᠬᠦ ᠰᠢᠨᠳᠡᠰᠤ ᠶᠢ ᠦᠵᠡᠬᠦᠯᠵᠤ᠂ ᠮᠤᠩᠭᠤᠯ ᠡᠷ᠎ᠡ ᠶᠢᠨ ᠠᠭᠤᠳᠠᠮ ᠪᠠᠭᠳᠠᠭᠠᠮᠵᠢ ᠪᠠ ᠵᠦᠭᠡᠯᠡᠨ ᠬᠠᠶᠢᠷ᠎ᠠ ᠶᠢ ᠳᠤᠩ ᠠᠮᠢᠳᠤᠯᠢᠭ ᠳᠤᠪᠤᠶᠢᠯᠭᠠᠵᠠᠢ᠃ ᠲᠡᠷᠡᠴᠢᠯᠡᠨ ᠬᠠᠩᠭᠠᠢ ᠬᠠᠮᠳᠤᠯᠢᠭ ᠤᠨ ᠷᠤᠺ ᠬᠡᠪ ᠨᠠᠮᠪᠠ ᠲᠠᠢ ᠪᠠᠨ ᠠᠰᠢᠳᠠᠢ ᠰᠠᠶᠢᠬᠠᠨ ᠵᠤᠬᠢᠴᠠᠭᠤᠯᠵᠤ ᠴᠢᠳᠠᠵᠠᠢ᠃ ᠤᠨᠴᠠᠭᠠᠢᠢᠯᠠᠨ ᠮᠤᠷᠢᠨ ᠬᠤᠭᠤᠷ ᠤᠨ ᠢᠷᠠᠭᠤ ᠴᠡᠭᠡᠯᠭᠡᠨ ᠠᠶᠠᠯᠭᠤ ᠪᠠ ᠭᠡᠩᠭᠡᠷᠭᠡ ᠶᠢᠨ ᠢᠳᠡ ᠵᠢᠪᠬᠤᠭᠠᠯᠢᠭ ᠠᠶᠠᠰ ᠨᠢ ᠳᠤᠰ ᠳᠠᠭᠤᠤ ᠶᠢ ᠭᠤᠶᠢᠳᠠ ᠠᠮᠢᠯᠠᠭᠤᠯᠤᠭᠰᠠᠨ ᠪᠦᠭᠡᠳ ᠰᠤᠨᠤᠰᠤᠭᠴᠢᠳ ᠤᠯᠠᠨ ᠤ ᠳᠠᠭᠠᠰᠢᠶᠠᠯ ᠳᠤ ᠨᠡᠩ ᠬᠦᠷᠦᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号