| ᠶᠠᠮᠠᠷ ᠰᠢᠤᠬᠠᠨ ᠰᠠᠭᠤᠷᠢ ᠰᠤᠷᠭᠠᠨ ᠬᠦᠮᠤᠵᠢᠯ ᠨᠢ ᠰᠠᠶ᠋ᠢ ᠬᠡᠤᠬᠡᠳ ᠤᠳ ᠢ ᠢᠷᠡᠭᠡᠳᠤᠢ ᠶᠢᠨ ᠨᠡᠶᠢᠭᠡᠮ ᠤᠨ | ᠬᠡᠷᠡᠭᠴᠡᠭᠡ ᠳᠤ ᠵᠤᠬᠢᠴᠠᠭᠰᠠᠨ ᠴᠢᠨᠠᠷ ᠴᠢᠨᠰᠠᠭ᠎ᠠ ᠪᠤᠯᠤᠨ ᠴᠢᠳᠠᠪᠤᠷᠢ ᠲᠠᠢ ᠪᠤᠯᠭᠠᠨ ᠬᠦᠮᠤᠵᠢᠭᠦᠯᠵᠦ ᠴᠢᠳᠠᠬᠤ ᠪᠤᠢ︖ | ᠭᠡᠳᠡᠭ ᠪᠤᠯ ᠪᠦᠬᠦ ᠳᠡᠯᠡᠬᠡᠢ ᠶᠢᠨ ᠡᠯ᠎ᠡ ᠤᠯᠤᠰ ᠤᠨ ᠰᠤᠷᠭᠠᠨ ᠬᠦᠮᠤᠵᠢᠯ ᠤᠨ ᠰᠠᠯᠠᠭ᠎ᠠ ᠮᠦᠴᠢᠷ ᠤᠨ ᠤᠳᠤᠬᠠᠨ ᠳᠤ | ᠬᠠᠮᠳᠤ ᠪᠠᠷ ᠬᠠᠨᠳᠤᠬᠤ ᠨᠢᠭᠡᠨ ᠠᠰᠠᠭᠤᠳᠠᠯ ᠮᠥᠨ᠃ ᠰᠢᠨᠵᠢᠯᠡᠬᠦ ᠤᠬᠠᠭᠠᠨ ᠤ ᠦᠳᠳᠤᠷ ᠲᠦᠷᠭᠡᠨ ᠬᠦᠭᠵᠢᠯᠲᠡ ᠨᠢ | ᠨᠡᠶᠢᠭᠡᠮ ᠤᠨ ᠠᠮᠢᠳᠤᠷᠠᠯ ᠳᠤ ᠭᠦᠨ ᠬᠤᠪᠢᠷᠠᠯᠲᠠ ᠶᠢ ᠪᠤᠢ ᠪᠤᠯᠭᠠᠵᠦ᠂ ᠡᠨᠡᠬᠦ ᠬᠤᠪᠢᠷᠠᠯᠲᠠ ᠨᠢ ᠰᠤᠷᠭᠠᠨ ᠬᠦᠮᠤᠵᠢᠯ | ᠳᠤ ᠠᠳᠠᠯᠢ ᠪᠤᠰᠤ ᠶᠢᠨ ᠱᠠᠭᠠᠷᠳᠠᠯᠭ᠎ᠠ ᠲᠠᠯᠪᠢᠵᠦ ᠪᠠᠶᠢᠨ᠎ᠠ᠄ ᠮᠡᠳᠡᠯᠭᠡ ᠵᠢᠭᠠᠵᠦ ᠤᠯᠠᠮᠵᠢᠯᠠᠬᠤ ᠠᠴᠠ ᠪᠠᠨ ᠴᠢᠳᠠᠪᠤᠷᠢ | ᠬᠦᠮᠤᠵᠢᠭᠦᠯᠬᠦ ᠪᠤᠯᠵᠦ ᠬᠤᠪᠢᠷᠠᠪᠠ᠃ ᠹᠢᠨᠯᠠᠨᠳ᠋ ᠤᠤᠯ ᠠᠴᠠ ᠪᠠᠨ ᠳᠡᠯᠡᠬᠡᠢ ᠶᠢᠨ ᠲᠡᠷᠢᠭᠦᠨ ᠵᠡᠷᠭᠡ ᠶᠢᠨ ᠰᠠᠭᠤᠷᠢ ᠰᠤᠷᠭᠠᠨ | ᠬᠦᠮᠤᠵᠢᠯ ᠲᠠᠢ ᠪᠠᠶᠢᠭᠰᠠᠨ ᠠᠲᠠᠯ᠎ᠠ ᠪᠠᠨ ᠡᠨᠡ ᠨᠠᠮᠤᠷ ᠤᠨ ᠬᠤᠭᠤᠴᠠᠭᠠᠨ ᠠᠴᠠ ᠡᠬᠢᠯᠡᠨ ᠪᠦᠬᠦ ᠤᠯᠤᠰ ᠤᠨ | ᠬᠡᠪᠴᠢᠶᠠᠨ ᠳᠤ ᠰᠢᠨ᠎ᠡ ᠰᠠᠭᠤᠷᠢ ᠰᠤᠷᠭᠠᠨ ᠬᠦᠮᠤᠵᠢᠯ ᠤᠨ ᠭᠤᠤᠯ ᠬᠢᠴᠢᠶᠡᠯ ᠤᠨ ᠬᠦᠳᠦᠯᠪᠤᠷᠢ ᠶᠢ ᠵᠢᠩᠭᠢᠨᠢ ᠪᠠᠷ | ᠬᠡᠷᠡᠭᠵᠢᠭᠦᠯᠪᠡ᠃ ᠢᠷᠡᠭᠡᠳᠤᠢ ᠶᠢᠨ ᠨᠡᠶᠢᠭᠡᠮ ᠤᠨ ᠬᠡᠷᠡᠭᠴᠡᠭᠡ ᠳᠤ ᠴᠢᠭᠯᠡᠭᠦᠯᠦᠭᠰᠡᠨ ᠡᠨᠡᠬᠦ ᠰᠠᠭᠤᠷᠢ ᠰᠤᠷᠭᠠᠨ ᠬᠦᠮᠤᠵᠢᠯ | ᠤᠨ ᠦᠭᠡᠷᠡᠴᠢᠯᠡᠯᠲᠡ ᠶᠢᠨ ᠤᠨᠤᠯᠵᠢᠬᠤᠨ ᠪᠤᠯᠤᠨ ᠦᠢᠯᠡᠳᠦᠯᠭᠡ ᠨᠢ ᠪᠦᠬᠦ ᠪᠦᠮᠪᠤᠷᠴᠡᠭ ᠤᠨᠰᠠᠭᠤᠷᠢ ᠰᠤᠷᠭᠠᠨ | ᠬᠦᠮᠤᠵᠢᠯ ᠤᠨ ᠬᠦᠭᠵᠢᠯᠲᠡ ᠳᠤ ᠲᠥᠢᠯ ᠤᠨ ᠶᠡᠭᠡ ᠲᠤᠯᠢᠯᠠᠬᠤ ᠦᠨ᠎ᠡ ᠦᠷᠲᠡᠭ ᠲᠠᠢ ᠪᠤᠯᠬᠤ ᠨᠢ ᠭᠠᠷᠴᠠᠭ᠎ᠠ ᠦᠭᠡᠢ | ᠃ | ᠰᠠᠭᠤᠷᠢ ᠰᠤᠷᠭᠠᠨ ᠬᠦᠮᠤᠵᠢᠯ ᠨᠢ ᠢᠷᠡᠭᠡᠳᠤᠢ ᠶᠢᠨ ᠬᠦᠭᠵᠢᠯᠲᠡ ᠳᠤ ᠲᠤᠬᠢᠷᠠᠬᠤ ᠬᠦᠮᠤᠨ ᠢ ᠬᠦᠮᠤᠵᠢᠭᠦᠯᠬᠦ | ᠬᠡᠷᠡᠭᠲᠡᠢ᠂ ᠢᠷᠡᠭᠡᠳᠤᠢ ᠶᠢᠨ ᠬᠦᠭᠵᠢᠯᠲᠡ ᠳᠤ ᠲᠤᠬᠢᠲᠠᠬᠤ ᠬᠦᠮᠤᠨ ᠨᠢ ᠡᠷᠬᠡᠪᠰᠢ ᠨᠢᠭᠡᠨ ︽ᠪᠦᠬᠦ ᠲᠠᠯ᠎ᠠ ᠪᠠᠷ | ᠭᠥᠭᠵᠢᠭᠰᠡᠨ ᠬᠦᠮᠤᠨ︾ ᠪᠠᠶᠢᠬᠤ ᠬᠡᠷᠡᠭᠲᠡᠢ᠃ ︽ᠪᠦᠬᠦ ᠲᠠᠯ᠎ᠠ ᠪᠠᠷ ᠭᠥᠭᠵᠢᠭᠰᠡᠨ ᠬᠦᠮᠤᠨ︾ ᠤ ᠪᠤᠯᠪᠠᠰᠤᠷᠠᠯ ᠳᠤ ᠪᠡᠶ᠎ᠡ | ᠪᠠᠨ ᠳᠠᠭᠠᠭᠠᠬᠤ ᠴᠢᠨᠠᠷ᠂ ᠨᠡᠶᠢᠭᠡᠮᠴᠢ ᠴᠢᠨᠠᠷ ᠪᠤᠯᠤᠨ ᠬᠡᠷᠡᠭᠯᠡᠭᠡᠨ ᠤ ᠪᠠᠭᠠᠵᠢᠳᠤ ᠴᠢᠨᠠᠷ ᠭᠡᠵᠦ ᠭᠤᠷᠪᠠᠨ ᠲᠠᠯ᠎ᠠ ᠪᠠᠭᠲᠠᠨ᠎ᠠ᠃ | ᠪᠡᠶ᠎ᠡ ᠪᠠᠨ ᠳᠠᠭᠠᠭᠠᠬᠤ ᠴᠢᠨᠠᠷ ᠭᠡᠭᠴᠢ ᠨᠢ ᠳᠠᠷᠤᠢ ᠪᠡᠶ᠎ᠡ ᠪᠠᠨ ᠳᠠᠭᠠᠭᠠᠵᠦ ᠬᠦᠭᠵᠢᠬᠦᠯᠵᠦ ᠴᠢᠳᠠᠬᠤ ᠶᠢ ᠬᠡᠯᠡᠵᠦ ᠪᠤᠢ᠂ | ᠡᠭᠦᠨ ᠳᠤ ᠪᠡᠶ᠎ᠡ ᠮᠠᠬᠠᠪᠤᠳ᠂ ᠰᠡᠳᠬᠢᠯ ᠵᠦᠢ᠂ ᠰᠤᠷᠤᠯᠭ᠎ᠠ ᠵᠡᠷᠭᠡ ᠲᠠᠯ᠎ᠠ ᠶᠢᠨ ᠬᠦᠮᠤᠵᠢᠭᠦᠯᠦᠯ ᠬᠦᠭᠵᠢᠭᠦᠯᠦᠯᠲᠡ | ᠶᠢᠨ ᠬᠡᠪ ᠪᠤᠯᠪᠠᠰᠤᠷᠠᠯ ᠢ ᠪᠠᠭᠲᠠᠭᠠᠵᠦ ᠪᠠᠶᠢᠨ᠎ᠠ᠃ ᠨᠡᠶᠢᠭᠡᠮᠴᠢ ᠴᠢᠨᠠᠷ ᠭᠡᠭᠴᠢ ᠨᠢ ᠬᠤᠪᠢ ᠶᠢᠨ ᠪᠠ ᠪᠦᠯᠬᠦᠮ ᠨᠢᠭᠡᠴᠢ᠂ | ᠨᠡᠶᠢᠭᠡᠮ ᠪᠠ ᠤᠯᠤᠰ ᠭᠡᠷ ᠵᠡᠷᠭᠡ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠶᠢ ᠪᠠᠭᠲᠠᠭᠠᠵᠦ | ᠪᠠᠶᠢᠨ᠎ᠠ᠃ ᠬᠡᠷᠡᠭᠯᠡᠭᠡᠨ ᠤ ᠪᠠᠭᠠᠵᠢᠳᠤ ᠴᠢᠨᠠᠷ ᠭᠡᠬᠦ ᠨᠢ ᠰᠤᠶᠤᠯ ᠮᠡᠳᠡᠯᠭᠡ ᠶᠢᠨ ᠴᠢᠨᠠᠷ ᠴᠢᠨᠰᠠᠭ᠎ᠠ ᠶᠢ ᠵᠢᠭᠠᠵᠦ᠂ ᠬᠦᠮᠤᠨ | ᠲᠦᠷᠦᠯᠬᠢᠲᠡᠨ ᠤ ᠤᠢ ᠤᠬᠠᠭᠠᠨ ᠪᠤᠯᠪᠠᠰᠤᠨ ᠤ ᠡᠯ᠎ᠡ ᠵᠥᠢᠯ ᠤᠨ ᠦᠷ᠎ᠡ ᠪᠦᠳᠦᠭᠡᠯ ᠢ ᠡᠵᠡᠮᠰᠢᠵᠦ ᠬᠡᠷᠡᠭᠯᠡᠬᠦ ᠶᠢ | ᠪᠠᠭᠲᠠᠭᠠᠵᠦ ᠪᠠᠶᠢᠨ᠎ᠠ᠃ ᠡᠭᠦᠨ ᠳᠤ ᠰᠤᠶᠤᠯ ᠪᠤᠯᠪᠠᠰᠤᠷᠠᠯ ᠪᠤᠯ ᠬᠤᠪᠢ ᠬᠦᠮᠤᠨ ᠤ ᠪᠡᠶ᠎ᠡ ᠪᠠᠨ ᠳᠠᠭᠠᠭᠠᠵᠦ | ᠬᠦᠭᠵᠢᠬᠦ ᠪᠠ ᠨᠡᠶᠢᠭᠡᠮ ᠳᠤ ᠤᠷᠤᠯᠴᠠᠬᠤ ᠶᠢᠨ ᠴᠢᠬᠤᠯᠠ ᠪᠦᠬᠦᠢ ᠰᠠᠭᠤᠷᠢ ᠪᠠᠶᠢᠵᠦ᠂ ᠪᠡᠶ᠎ᠡ ᠪᠠᠨ ᠳᠠᠭᠠᠭᠠᠵᠦ ᠬᠦᠭᠵᠢᠬᠦ ᠪᠠ | ᠨᠡᠶᠢᠭᠡᠮ ᠳᠤ ᠤᠷᠤᠯᠴᠠᠬᠤ ᠪᠤᠯ ᠬᠤᠪᠢ ᠬᠦᠮᠤᠨ ᠤ ᠨᠡᠶᠢᠭᠡᠮ ᠳᠤ ᠵᠤᠬᠢᠴᠠᠬᠤ ᠪᠠ ᠬᠤᠪᠢ ᠬᠦᠮᠤᠨ ᠤ ᠦᠨ᠎ᠡ ᠦᠷᠲᠡᠭ | ᠢᠶᠠᠨ ᠪᠡᠶᠡᠯᠡᠭᠦᠯᠬᠦ ᠶᠢᠨ ᠴᠢᠬᠤᠯᠠ ᠤᠷᠢᠳᠡᠯ ᠪᠤᠯᠤᠨ ᠦᠨᠳᠤᠰᠤᠨ ᠪᠠᠲᠤᠯᠠᠭ᠎ᠠ ᠪᠤᠯᠳᠠᠭ᠃ | ︽ᠪᠦᠬᠦ ᠲᠠᠯ᠎ᠠ ᠪᠠᠷ ᠭᠥᠭᠵᠢᠭᠰᠡᠨ ᠬᠦᠮᠤᠨ︾ ᠢ ᠬᠡᠷᠬᠢᠨ ᠬᠦᠮᠤᠵᠢᠭᠦᠯᠬᠦ ᠪᠤᠢ︖ ᠤᠳᠤᠬᠠᠨ ᠤ ᠳᠡᠯᠡᠬᠡᠢ ᠶᠢᠨ | ᠰᠤᠷᠭᠠᠨ ᠬᠦᠮᠤᠵᠢᠯ ᠤᠨ ᠡᠲᠡᠭᠡᠳ ᠤᠨ ᠠᠩᠬᠠᠷᠤᠯ ᠤᠨ ᠲᠦᠪᠯᠡᠷᠡᠯ ᠤᠨ ᠴᠢᠭ ᠤᠨ ᠨᠢᠭᠡ ᠪᠤᠯ ︽ᠰᠤᠷᠤᠭᠴᠢ ᠶᠢᠨ | ᠭᠤᠤᠯ ᠬᠡᠪ ᠪᠤᠯᠪᠠᠰᠤᠷᠠᠯ︾ ᠪᠤᠯᠤᠨ᠎ᠠ᠃ ᠭᠤᠤᠯ ᠬᠡᠪ ᠪᠤᠯᠪᠠᠰᠤᠷᠠᠯ ᠭᠡᠭᠴᠢ ᠨᠢ ᠰᠤᠷᠤᠭᠴᠢᠳ ᠤᠨ ᠬᠤᠪᠢ ᠬᠦᠮᠤᠨ ᠤ | ᠨᠠᠰᠤᠨ ᠲᠤᠷᠰᠢᠲᠠ ᠶᠢᠨ ᠬᠦᠭᠵᠢᠯᠲᠡ ᠪᠤᠯᠤᠨ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠳᠤ ᠲᠤᠬᠢᠷᠠᠭᠰᠠᠨ ᠵᠠᠪᠠᠯ | ᠪᠦᠷᠢᠯᠳᠦᠭᠦᠯᠬᠦ ᠵᠠᠩ ᠴᠢᠨᠠᠷ ᠪᠤᠯᠤᠨ ᠵᠠᠩᠬᠢᠯᠠᠭ᠎ᠠ ᠶᠢᠨ ᠴᠢᠳᠠᠪᠤᠷᠢ ᠪᠠᠨ ᠪᠦᠷᠢᠯᠳᠦᠭᠦᠯᠬᠦ ᠶᠢ ᠵᠢᠭᠠᠵᠦ ᠪᠠᠶᠢᠨ᠎ᠠ᠃ ᠹᠢᠨᠯᠠᠨᠳ᠋ | ᠤᠨ ᠰᠠᠭᠤᠷᠢ ᠰᠤᠷᠭᠠᠨ ᠬᠦᠮᠤᠵᠢᠯ ᠤᠨ ᠦᠭᠡᠷᠡᠴᠢᠯᠡᠯᠲᠡ ᠪᠤᠯ ᠬᠦᠮᠤᠨ ᠨᠡᠶᠢᠭᠡᠮ ᠤᠨ ᠬᠢᠴᠢᠶᠠᠯ ᠲᠦᠷᠦᠯ ᠢ | ᠴᠢᠩᠭᠠᠳᠬᠠᠬᠤ᠂ ᠭᠤᠤᠯ ᠰᠡᠳᠤᠪᠳᠤ ᠵᠢᠭᠠᠨ ᠰᠤᠷᠭᠠᠯᠲᠠ ᠶᠢ ᠡᠷᠬᠢᠮᠯᠡᠬᠦ᠂ ᠪᠡᠶ᠎ᠡ ᠪᠠᠨ ᠦᠨᠡᠯᠡᠬᠦ ᠰᠢᠰᠲ᠋ᠧᠮ ᠢ ᠪᠠᠶᠢᠭᠤᠯᠬᠤ | ᠪᠤᠯᠤᠨ ᠰᠤᠷᠭᠠᠭᠤᠯᠢ ᠶᠢᠨ ᠬᠦᠷᠢᠶᠡᠨ ᠤ ᠰᠤᠶᠤᠯ ᠢ ᠰᠠᠨᠠᠭᠠᠴᠢᠯᠠᠬᠤ ᠵᠡᠷᠭᠡ ᠪᠠᠶᠢᠵᠦ᠂ ᠪᠦᠷ ᠯᠡ ᠰᠤᠷᠤᠭᠴᠢ ᠶᠢᠨ ︽ᠵᠠᠪᠠᠯ | ᠪᠦᠷᠢᠯᠳᠦᠭᠦᠯᠬᠦ ᠵᠠᠩ ᠴᠢᠨᠠᠷ︾ ᠪᠤᠯᠤᠨ ︽ᠵᠠᠩᠬᠢᠯᠠᠭ᠎ᠠ ᠶᠢᠨ ᠴᠢᠳᠠᠪᠤᠷᠢ︾ ᠶᠢᠨ ᠪᠦᠷᠢᠯᠳᠦᠯ ᠢ ᠠᠬᠢᠭᠤᠯᠬᠤ ᠠᠴᠠ | ᠭᠠᠷᠳᠠᠭᠰᠠᠨ ᠨᠢ ᠢᠯᠡᠷᠬᠡᠢ ᠪᠠᠶᠢᠨ᠎ᠠ᠃ | ︽ᠵᠠᠪᠠᠯ ᠪᠦᠷᠢᠯᠳᠦᠭᠦᠯᠬᠦ ᠵᠠᠩ ᠴᠢᠨᠠᠷ︾ ᠭᠡᠳᠡᠭ ᠨᠢ ᠭᠤᠤᠯᠳᠠᠭᠤ ᠰᠤᠷᠤᠭᠴᠢᠳ ᠢ ᠬᠠᠪᠰᠤᠷᠤᠨ ᠵᠦᠪ | ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠶᠢ ᠪᠤᠢ ᠪᠤᠯᠭᠠᠵᠦ᠂ ᠬᠤᠵᠢᠮ ᠬᠤᠶᠢᠰᠢᠲᠡ ᠨᠡᠶᠢᠭᠡᠮ ᠳᠤ | ᠵᠤᠬᠢᠴᠠᠬᠤ ᠴᠢᠳᠠᠪᠤᠷᠢ ᠪᠤᠯᠤᠨ ᠵᠠᠩ ᠰᠤᠷᠲᠠᠬᠤᠨ ᠤ ᠬᠠᠷᠢᠴᠠᠭᠤᠴᠠᠯᠭᠠᠳᠤ ᠰᠡᠳᠬᠢᠯᠭᠡ ᠲᠠᠢ ᠠᠷᠠᠳ ᠢᠷᠭᠡᠳ ᠪᠤᠯᠭᠠᠬᠤ | ᠶᠢᠨ ᠲᠤᠯᠠᠳᠠ ᠶᠤᠮ᠃ ᠰᠠᠭᠤᠷᠢ ᠰᠤᠷᠭᠠᠨ ᠬᠦᠮᠤᠵᠢᠯ ᠪᠤᠯ ᠰᠤᠷᠤᠭᠴᠢᠳ ᠶᠠᠭ ᠳᠡᠯᠡᠬᠡᠢ ᠶᠢ ᠰᠠᠶ᠋ᠢ ᠡᠬᠢᠯᠡᠨ ᠲᠠᠨᠢᠵᠦ | ᠮᠡᠳᠡᠷᠡᠵᠦ ᠪᠠᠶᠢᠭ᠎ᠠ ᠴᠠᠭ ᠦᠶ᠎ᠡ ᠮᠥᠨ ᠪᠦᠭᠡᠳ ᠮᠦᠨᠴᠤ ᠦᠷᠲᠡᠭ ᠤᠨ ᠦᠵᠡᠯᠲᠡ ᠶᠢ ᠬᠦᠮᠤᠵᠢᠭᠦᠯᠬᠦ ᠵᠠᠩᠭᠢᠯᠠᠭ᠎ᠠ ᠶᠢᠨ | ᠴᠠᠭ ᠦᠶ᠎ᠡ ᠪᠤᠯᠤᠨ᠎ᠠ᠃ ᠬᠦᠮᠤᠨ ᠨᠡᠶᠢᠭᠡᠮ ᠤᠨ ᠰᠢᠨᠵᠢᠯᠡᠬᠦ ᠤᠬᠠᠭᠠᠨ ᠪᠤᠯ ᠬᠦᠮᠤᠨ ᠲᠦᠷᠦᠯᠬᠢᠲᠡᠨ ᠤ ᠰᠤᠶᠤᠯ ᠤᠨ | ᠤᠬᠢ ᠰᠤᠳᠤᠨ ᠪᠠ ᠴᠦᠮ᠎ᠡ ᠮᠥᠨ ᠪᠠᠶᠢᠵᠦ᠂ ᠲᠡᠷᠢᠭᠦᠨ ᠤ ᠦᠷᠲᠡᠭ ᠤᠨ ᠦᠵᠡᠯᠲᠡ ᠪᠤᠯᠤᠨ ᠲᠡᠭᠦᠨ ᠤ ᠲᠦᠷᠢᠮᠵᠢᠯ | ᠪᠤᠯᠤᠨ᠎ᠠ᠃ ᠬᠦᠮᠤᠨ ᠨᠡᠶᠢᠭᠡᠮ ᠤᠨ ᠰᠢᠨᠵᠢᠯᠡᠬᠦ ᠤᠬᠠᠭᠠᠨ ᠪᠤᠯ ᠬᠦᠮᠤᠨ ᠤ ᠤᠶᠤᠨ ᠤᠬᠠᠭᠠᠨ ᠤ ᠠᠮᠢ ᠨᠠᠰᠤ ᠪᠤᠯᠤᠨ ᠨᠡᠶᠢᠭᠡᠮ | ᠤᠨ ᠠᠮᠢ ᠨᠠᠰᠤᠨ ᠤ ᠬᠦᠰᠡᠯ ᠤᠨ ᠰᠢᠨᠵᠢᠯᠡᠬᠦ ᠤᠬᠠᠭᠠᠨ᠂ ᠬᠦᠮᠤᠨ ᠲᠦᠷᠦᠯᠬᠢᠲᠡᠨ ᠤ ᠪᠤᠯᠪᠠᠰᠤᠨ ᠡᠷᠡᠭᠦᠯ ᠬᠦᠭᠵᠢᠯᠲᠡ | ᠶᠢ ᠪᠠᠷᠠᠯᠠᠭᠰᠠᠨ ᠰᠢᠨᠵᠢᠯᠡᠬᠦ ᠤᠬᠠᠭᠠᠨ ᠮᠥᠨ᠃ ᠬᠦᠮᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠮ᠎ᠡ ᠲᠡᠵᠢᠭᠡᠯ ᠢᠶᠠᠷ | ᠲᠤᠲᠠᠭᠳᠠᠭᠤᠯᠵᠦ᠂ ᠵᠦᠪᠬᠡᠨ ᠰᠢᠨᠵᠢᠯᠡᠬᠦ ᠤᠬᠠᠭᠠᠨ ᠤ ᠮᠡᠳᠡᠯᠭᠡ ᠶᠢ ᠡᠵᠡᠮᠰᠢᠭᠦᠯᠪᠡᠯ ᠬᠦᠮᠤᠵᠢᠭᠦᠯᠵᠦ ᠭᠠᠷᠭᠠᠭᠰᠠᠨ ᠬᠦᠮᠤᠨ ᠨᠢ | ︽ᠦᠢᠯᠡᠴᠢᠨ ᠬᠦᠮᠤᠨ︾ ᠯᠡ ᠪᠤᠯᠬᠤ ᠠᠴᠠ ᠪᠢᠰᠢ ︽ᠨᠡᠶᠢᠭᠡᠮ ᠤᠨ ᠬᠦᠮᠤᠨ︾ ᠪᠤᠯᠵᠦ ᠲᠡᠶᠢᠯᠬᠦ ᠦᠭᠡᠢ ᠶᠤᠮ᠃ ᠵᠠᠯᠠᠭᠤ | ᠪᠠᠭᠠᠴᠤᠳ ᠵᠠᠪᠠᠯ ᠪᠠᠭ᠎ᠠ ᠰᠠᠭ᠎ᠠ ᠭᠦᠨ ᠤᠬᠠᠭᠠᠨ ᠰᠤᠷᠪᠠᠯ ᠵᠤᠬᠢᠨ᠎ᠠ᠂ ᠤᠴᠢᠷ ᠨᠢ ᠭᠦᠨ ᠤᠬᠠᠭᠠᠨ ᠠᠴᠠ ᠬᠦᠮᠤᠰ ᠲᠤ | ᠠᠭᠤᠳᠠᠮ ᠳᠡᠨᠢᠭᠡᠷ ᠬᠠᠷᠠᠭ᠎ᠠ᠂ ᠴᠢᠯᠤᠭᠡᠲᠡᠢ ᠰᠡᠳᠬᠢᠭᠦ ᠲᠠᠷᠢᠭᠢ ᠲᠤᠯᠤᠭᠠᠢ ᠪᠤᠯᠤᠨ ᠰᠡᠴᠡᠨ ᠰᠡᠷᠭᠦᠯᠡᠩ ᠠᠮᠢᠳᠤᠷᠠᠯ ᠤᠨ | ᠤᠪᠤᠷ ᠢ ᠤᠯᠭᠤᠳᠠᠭ ᠪᠦᠭᠡᠳ ᠡᠳᠡᠭᠡᠷ ᠴᠢᠨᠠᠷ ᠴᠢᠨᠰᠠᠭ᠎ᠠ ᠨᠢ ᠴᠢᠪ ᠬᠡᠮᠡᠨ ᠰᠠᠭᠤᠷᠢ ᠰᠤᠷᠠᠭᠠᠨ ᠬᠦᠮᠤᠵᠢᠯ ᠤᠨ | ᠭᠤᠤᠯᠳᠠᠯᠭ᠎ᠠ ᠲᠠᠢ ᠬᠦᠮᠤᠵᠢᠭᠦᠯᠬᠦ ᠠᠭᠤᠯᠭ᠎ᠠ ᠪᠤᠯᠤᠨ᠎ᠠ᠃ ᠬᠡᠯᠡ ᠴᠦ ᠭᠡᠳ ᠠᠳᠠᠯᠢᠬᠠᠨ᠂ ᠬᠡᠯᠡᠨ ᠤ ᠴᠢᠳᠠᠪᠤᠷᠢ ᠨᠢ ᠨᠢᠭᠡ | ᠬᠦᠮᠤᠨ ᠤ ᠨᠡᠶᠢᠭᠡᠮ ᠲᠠᠢ ᠬᠠᠷᠢᠯᠴᠠᠬᠤ ᠦᠨᠳᠤᠰᠤᠨ ᠴᠢᠳᠠᠪᠤᠷᠢ ᠮᠥᠨ᠂ ᠭᠠᠳᠠᠨᠠᠬᠢ ᠰᠤᠷᠠᠭ ᠵᠠᠩᠭᠢ ᠶᠢ ᠪᠦᠳᠦᠮᠵᠢᠲᠡᠢ | ᠬᠦᠯᠢᠶᠡᠨ ᠠᠪᠴᠤ᠂ ᠵᠦᠪ ᠵᠠᠳᠠᠯᠵᠦ᠂ ᠵᠦᠪ ᠤᠶᠢᠯᠠᠭᠠᠵᠦ᠂ ᠦᠪᠡᠷ ᠢ ᠪᠠᠨ ᠭᠠᠳᠠᠭᠰᠢ ᠢᠯᠡᠷᠡᠭᠦᠯᠬᠦ ᠪᠤᠯ ᠨᠢᠭᠡ ᠬᠦᠮᠤᠨ ᠤ | ᠨᠠᠰᠤᠨ ᠲᠤᠷᠰᠢᠲᠠ ᠶᠢᠨ ᠴᠢᠳᠠᠪᠤᠷᠢ ᠪᠤᠯᠤᠨ᠎ᠠ᠃ | ︽ᠵᠠᠪᠠᠯ ᠪᠦᠷᠢᠯᠳᠦᠭᠦᠯᠬᠦ ᠵᠠᠩ ᠴᠢᠨᠠᠷ︾ ᠢ ᠬᠦᠮᠤᠵᠢᠭᠦᠯᠬᠦ ᠶᠢ ᠰᠠᠭᠤᠷᠢ ᠰᠤᠷᠭᠠᠨ ᠬᠦᠮᠤᠵᠢᠯ ᠤᠨ ᠦᠨᠳᠤᠰᠤᠨ | ᠰᠢᠨᠵᠢ ᠴᠢᠨᠠᠷ ᠭᠡᠵᠦ ᠦᠵᠡᠬᠦ ᠳᠤ ᠬᠦᠷᠪᠡᠯ᠂ ︽ᠵᠠᠩᠭᠢᠯᠠᠭ᠎ᠠ ᠶᠢᠨ ᠴᠢᠳᠠᠪᠤᠷᠢ︾ ᠨᠢ ᠬᠠᠷᠢᠨ ᠢᠯᠡ ᠲᠤᠳᠤ ᠴᠠᠭ ᠦᠶ᠎ᠡ ᠶᠢᠨ | ᠰᠢᠨᠵᠢ ᠴᠢᠨᠠᠷ ᠲᠠᠢ ᠪᠠᠶᠢᠳᠠᠭ᠃ ᠴᠢᠳᠠᠪᠤᠷᠢ ᠶᠢᠨ ᠬᠦᠮᠤᠵᠢᠯ ᠢ ᠰᠤᠷᠤᠭᠴᠢ ᠶᠢᠨ ᠠᠮᠢᠳᠤᠷᠠᠯ ᠪᠤᠯᠤᠨ ᠲᠤᠷᠰᠢᠯᠭ᠎ᠠ ᠲᠠᠢ | ᠨᠢᠭᠲᠠ ᠤᠶᠠᠯᠳᠤᠭᠤᠯᠬᠤ ᠬᠡᠷᠡᠭᠲᠡᠢ ᠪᠦᠭᠡᠳ ᠴᠠᠭ ᠦᠶ᠎ᠡ ᠶᠢᠨ ᠬᠦᠭᠵᠢᠯᠲᠡ ᠶᠢᠨ ᠬᠡᠷᠡᠭᠴᠡᠭᠡ ᠶᠢ ᠦᠨᠳᠤᠰᠤᠯᠡᠨ ᠲᠡᠷᠡ | ᠲᠤᠬᠠᠢ ᠳᠤᠨᠢ ᠲᠤᠬᠢᠷᠠᠭᠤᠯᠵᠦ᠂ ᠰᠢᠨᠡᠳᠭᠡᠬᠦ ᠬᠡᠷᠡᠭᠲᠡᠢ᠃ | ᠤᠯᠠᠮᠵᠢᠯᠠᠯᠳᠤ ᠨᠡᠶᠢᠭᠡᠮ ᠳᠤ ᠨᠢᠭᠡ ᠰᠤᠷᠤᠭᠴᠢ ᠬᠡᠷᠪᠡ ᠨᠢᠭᠡ ᠵᠥᠢᠯ ᠤᠨ ᠮᠡᠳᠡᠯᠭᠡ ᠪᠤᠶᠤ ᠮᠡᠷᠭᠡᠵᠢᠯ ᠢ | ᠰᠠᠶᠢᠨ ᠡᠵᠡᠮᠰᠢᠪᠡᠯ ᠠᠵᠢᠯ ᠦᠢᠯᠡᠰ ᠤᠨ ᠢᠶᠠᠨ ᠤᠳᠤᠨ ᠰᠤᠳᠤᠨ ᠴᠢᠳᠠᠪᠤᠷᠢᠲᠡᠨ ᠪᠤᠯᠵᠦ᠂ ᠨᠡᠶᠢᠭᠡᠮ ᠤᠨ ᠬᠡᠷᠡᠭᠴᠡᠭᠡ ᠶᠢ | ᠠᠷᠭᠠᠴᠠᠭᠠᠵᠦ ᠴᠢᠳᠠᠳᠠᠭ ᠪᠤᠯᠪᠠᠴᠤ᠂ ᠰᠢᠨᠵᠢᠯᠡᠬᠦ ᠤᠬᠠᠭᠠᠨ ᠡᠳᠤᠷ ᠢᠷᠡᠭᠦᠶ᠎ᠡ ᠰᠢᠨᠡᠳᠴᠤ ᠪᠠᠶᠢᠭ᠎ᠠ ᠢᠷᠡᠭᠡᠳᠤᠢ ᠶᠢᠨ ᠨᠡᠶᠢᠭᠡᠮ | ᠳᠤ ᠨᠢᠭᠡᠨ ᠵᠢᠵᠢᠭᠬᠡᠨ ᠡᠭᠦᠳᠦᠯᠲᠡ ᠨᠢ ᠨᠢᠭᠡᠨ ᠠᠵᠢᠯ ᠲᠦᠷᠦᠯ ᠤᠨ ᠤᠯᠠᠮᠵᠢᠯᠠᠯᠳᠤ ᠠᠵᠢᠯ ᠦᠢᠯᠡᠰ ᠤᠨ ᠬᠦᠮᠤᠰ ᠢ ᠠᠵᠢᠯ | ᠠᠯᠳᠠᠭᠤᠯᠬᠤ ᠪᠤᠯᠤᠮᠵᠢ ᠪᠦᠷᠢᠨ ᠪᠠᠶᠢᠬᠤ ᠶᠤᠮ᠃ ᠡᠨᠡ ᠨᠢ ᠳᠠᠷᠤᠢ ᠰᠤᠷᠭᠠᠨ ᠬᠦᠮᠤᠵᠢᠯ ᠤᠨ ᠮᠡᠳᠡᠯᠭᠡ ᠤᠯᠠᠮᠵᠢᠯᠠᠬᠤ | ᠶᠢ ᠦᠨᠳᠤᠰᠤᠨ ᠠᠴᠠ ᠨᠢ ᠦᠭᠡᠷᠡᠴᠢᠯᠡᠨ᠂ ᠴᠢᠳᠠᠪᠤᠷᠢ ᠶᠢ ᠬᠦᠮᠤᠵᠢᠭᠦᠯᠬᠦ ᠪᠤᠯᠭᠠᠨ ᠬᠤᠪᠢᠷᠠᠭᠤᠯᠵᠦ᠂ ᠢᠷᠡᠭᠡᠳᠤᠢ | ᠶᠢᠨ ᠨᠡᠶᠢᠭᠡᠮ ᠤᠨ ᠬᠡᠷᠡᠭᠴᠡᠭᠡ ᠳᠤ ᠵᠤᠬᠢᠴᠠᠭᠰᠠᠨ ᠰᠤᠷᠤᠭᠴᠢ ᠨᠢ ᠵᠦᠪᠬᠡᠨ ᠮᠡᠳᠡᠯᠭᠡ ᠡᠵᠡᠮᠰᠢᠬᠦ ᠲᠡᠳᠤᠢ ᠪᠢᠰᠢ ᠬᠠᠷᠢᠨ | ᠨᠢᠭᠡ ᠵᠥᠢᠯ ᠤᠨ ᠮᠡᠳᠡᠯᠭᠡ ᠶᠢ ᠦᠳᠳᠤᠷ ᠲᠦᠷᠭᠡᠨ ᠡᠵᠡᠮᠰᠢᠬᠦ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠵᠦ᠂ ᠤᠷᠴᠢᠨ | ᠲᠤᠭᠤᠷᠢᠨ ᠳᠤ ᠬᠤᠪᠢᠷᠠᠯᠲᠠ ᠭᠠᠷᠬᠤ ᠦᠶ᠎ᠡ ᠳᠤ ᠦᠪᠡᠷ ᠤᠨ ᠪᠡᠶ᠎ᠡ ᠳᠡᠭᠡᠨ ᠦᠳᠳᠤᠷ ᠲᠦᠷᠭᠡᠨ ᠲᠤᠬᠢᠷᠠᠭᠤᠯᠤᠯᠲᠠ | ᠬᠢᠵᠦ ᠠᠷᠭᠠᠴᠠᠭᠠᠬᠤ ᠴᠢᠳᠠᠪᠤᠷᠢ ᠲᠠᠢ ᠪᠠᠶᠢᠬᠤ ᠬᠡᠷᠡᠭᠲᠡᠢ᠃ ᠡᠨᠡᠬᠦ ᠵᠤᠬᠢᠴᠠᠬᠤ ᠴᠢᠳᠠᠪᠤᠷᠢ ᠨᠢ ᠳᠠᠷᠤᠢ ᠰᠤᠷᠤᠯᠴᠠᠬᠤ | ᠴᠢᠳᠠᠪᠤᠷᠢ ᠮᠥᠨ ᠪᠠᠶᠢᠵᠦ᠂ ᠰᠢᠨ᠎ᠡ ᠬᠡᠷᠡᠭ ᠪᠤᠳᠠᠰ ᠲᠤ ᠬᠠᠨᠳᠤᠬᠤ ᠳᠠᠭᠠᠨ ᠶᠠᠭᠠᠬᠢᠵᠦ ᠰᠤᠷᠴᠤ ᠡᠵᠡᠮᠰᠢᠬᠦ ᠪᠠᠨ ᠮᠡᠳᠡᠵᠦ | ᠴᠢᠳᠠᠭᠰᠠᠨ ᠪᠠᠶᠢᠬᠤ ᠬᠡᠷᠡᠭᠲᠡᠢ᠃ | ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠤᠯ ᠰᠤᠷᠤᠯᠴᠠᠬᠤ ᠴᠢᠳᠠᠪᠤᠷᠢ ᠲᠠᠢ ᠠᠳᠠᠯᠢ ᠴᠢᠬᠤᠯᠠ ᠪᠠᠶᠢᠵᠦ᠂ | ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ ᠬᠦᠮᠤᠵᠢᠭᠦᠯᠬᠦ ᠶᠢ ᠡᠭᠦᠳᠦᠯᠲᠡ ᠶᠢᠨ ᠴᠢᠨᠠᠷᠲᠠᠢ ᠴᠢᠳᠠᠪᠤᠷᠢᠲᠠᠨ ᠬᠦᠮᠤᠵᠢᠭᠦᠯᠬᠦ | ᠭᠡᠵᠦ ᠤᠶᠢᠯᠠᠭᠠᠵᠦ ᠪᠤᠯᠤᠨ᠎ᠠ᠃ ᠤᠳᠤ ᠦᠶ᠎ᠡ ᠶᠢᠨ ᠰᠢᠨᠵᠢᠯᠡᠬᠦ ᠤᠬᠠᠭᠠᠨ ᠤ ᠰᠢᠰᠲ᠋ᠧᠮ ᠤᠨ ᠠᠵᠢᠯ ᠤᠨ ᠬᠤᠪᠢᠶᠠᠷᠢ ᠤᠯᠠᠮ | ᠠᠴᠠ ᠤᠯᠠᠮ ᠨᠠᠷᠢᠨ ᠪᠤᠯᠤᠭᠰᠠᠨ ᠪᠠᠶᠢᠳᠠᠯ ᠲᠤᠤᠷ᠎ᠠ᠂ ᠰᠤᠷᠤᠭᠴᠢ ᠶᠢᠨ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ | ᠬᠦᠮᠤᠵᠢᠭᠦᠯᠬᠦ ᠳᠤ ᠰᠤᠷᠤᠭᠴᠢ ᠨᠢ ᠲᠤᠬᠠᠶᠢᠯᠠᠭᠰᠠᠨ ᠠᠵᠢᠯ ᠤᠨ ᠭᠦᠨ ᠮᠡᠳᠡᠯᠭᠡ ᠲᠠᠢ ᠮᠦᠷᠲᠡᠭᠡᠨ ᠪᠤᠰᠤᠳ ᠦᠷᠭᠡᠨ | ᠳᠡᠯᠭᠡᠷ ᠮᠡᠳᠡᠯᠭᠡ ᠲᠠᠢ ᠪᠠᠶᠢᠬᠤ ᠶᠢ ᠱᠠᠭᠠᠷᠳᠠᠨ᠎ᠠ᠃ ᠹᠢᠨᠯᠠᠨᠳ᠋ ᠤᠨ ᠰᠠᠭᠤᠷᠢ ᠰᠤᠷᠭᠠᠨ ᠬᠦᠮᠤᠵᠢᠯ ᠤᠨ | ᠦᠭᠡᠷᠡᠴᠢᠯᠡᠯᠲᠡ ᠳᠠᠬᠢ ︽ᠭᠤᠤᠯ ᠰᠡᠳᠤᠪᠳᠤ ᠵᠢᠭᠠᠨ ᠰᠤᠷᠭᠠᠯᠲᠠ︾ ᠨᠢ ᠳᠠᠷᠤᠢ ᠡᠨᠡᠬᠦ ᠵᠤᠷᠢᠯᠭ᠎ᠠ ᠠᠴᠠ ᠪᠤᠯᠤᠭᠰᠠᠨ | ᠶᠤᠮ᠃ ᠬᠢᠴᠢᠶᠡᠯ ᠲᠦᠷᠥᠯ ᠤᠨ ᠬᠢᠵᠠᠭᠠᠷ ᠢ ᠳᠡᠪᠡᠵᠦ ᠰᠤᠷᠤᠯᠴᠠᠬᠤ ᠶᠢ ᠵᠤᠷᠢᠭᠵᠢᠭᠤᠯᠬᠤ ᠶᠢᠨ ᠬᠠᠮᠳᠤ᠂ ᠰᠤᠷᠤᠭᠴᠢᠳ | ᠰᠠᠨᠠᠭᠠᠴᠢᠯᠭ᠎ᠠ ᠠᠴᠠ ᠪᠠᠨ ᠰᠦᠯᠵᠢᠶ᠎ᠡ ᠵᠡᠷᠭᠡ ᠠᠴᠠ ᠪᠤᠰᠤᠳ ᠮᠡᠳᠡᠯᠭᠡ ᠰᠤᠷᠬᠤ ᠶᠢ ᠪᠠᠰᠠ ᠵᠤᠷᠢᠭᠵᠢᠭᠤᠯᠵᠦ᠂ ᠬᠢᠴᠢᠶᠡᠯ ᠤᠨ | ᠭᠡᠷ ᠪᠤᠯᠤᠨ ᠬᠢᠴᠢᠶᠡᠯ ᠤᠨ ᠪᠢᠴᠢᠭ ᠲᠤ ᠪᠠᠷᠢᠭᠳᠠᠬᠤ ᠦᠭᠡᠢ ᠪᠤᠯᠭᠠᠨ᠎ᠠ᠂ ᠡᠨᠡ ᠪᠤᠯ ᠰᠠᠭᠤᠷᠢ ᠰᠤᠷᠭᠠᠨ ᠬᠦᠮᠤᠵᠢᠯ ᠳᠤ ᠴᠠᠭ | ᠦᠶ᠎ᠡ ᠠᠴᠠ ᠤᠯᠭᠤᠭᠰᠠᠨ ᠪᠠᠰᠠ ᠨᠢᠭᠡᠨ ᠤᠨᠴᠠᠯᠢᠭ ᠪᠤᠯᠤᠨ᠎ᠠ᠃( ᠯᠢ ᠢᠤᠢ ᠯᠠᠨ) |