ᠰᠢᠯᠤᠭᠤᠨ ᠬᠦᠬᠡ ᠬᠤᠰᠢᠭᠤᠨ ᠤ ᠦᠭᠡᠯᠦᠨ ᠬᠡᠦᠬᠡᠳ ᠤᠨ ᠴᠡᠴᠡᠷᠯᠢᠭ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/9/6
      ᠰᠢᠯᠤᠭᠤᠨ ᠬᠦᠬᠡ ᠬᠤᠰᠢᠭᠤᠨ ᠤ ᠦᠭᠡᠯᠦᠨ ᠬᠡᠦᠬᠡᠳ ᠤᠨ ᠴᠡᠴᠡᠷᠯᠢᠭ ᠨᠢ 2014 ᠤᠨ ᠤ10 ᠰᠠᠷ᠎ᠠ ᠳᠤ ᠪᠠᠶᠢᠭᠤᠯᠤᠭᠳᠠᠭᠰᠠᠨ ᠠᠯᠪᠠᠨ ᠠᠴᠠ ᠡᠷᠬᠢᠯᠡᠭᠰᠡᠨ ᠮᠤᠩᠭᠤᠯ ᠴᠡᠴᠡᠷᠯᠢᠭ ᠪᠤᠯᠬᠤ ᠶᠤᠮ᠃ ᠤᠳᠤᠬᠠᠨ ᠦᠭᠡᠯᠦᠨ ᠬᠡᠦᠬᠡᠳ ᠤᠨ ᠴᠡᠴᠡᠷᠯᠢᠭ ᠨᠢ ᠬᠤᠶᠠᠷ  ᠵᠠᠭᠤ ᠵᠢᠷᠠ ᠭᠠᠷᠦᠢ ᠬᠡᠦᠬᠡᠳ᠂ ᠭᠤᠴᠢᠭᠠᠳ ᠪᠠᠭᠰᠢ ᠠᠵᠢᠯᠳᠠᠨ ᠲᠠᠢ  ᠃ ᠴᠡᠴᠡᠷᠯᠢᠭ ᠤᠨ ᠡᠵᠡᠯᠡᠵᠤ ᠪᠠᠶᠢᠭ᠎ᠠ ᠲᠠᠯᠠᠪᠠᠢ ᠨᠡᠶᠢᠳᠠ 6000 ᠲᠡᠭᠰᠢ ᠲᠦᠷᠪᠡᠯᠵᠢᠨ ᠮᠧᠲᠷ᠂ ᠡᠬᠦᠨ ᠳᠤ ᠪᠠᠷᠢᠯᠭ᠎ᠠ ᠶᠢᠨ ᠲᠠᠯᠠᠪᠠᠢ ᠨᠡᠶᠢᠳᠡ 2905 ᠲᠡᠭᠰᠢ ᠲᠦᠷᠪᠡᠯᠵᠢᠨ ᠮᠧᠲᠷ  ᠂ ᠨᠤᠭᠤᠭᠠᠷᠠᠭᠤᠯᠤᠯᠳᠠ ᠶᠢᠨ ᠲᠠᠯᠠᠪᠠᠢ 860 ᠲᠡᠭᠰᠢ ᠲᠦᠷᠪᠡᠯᠵᠢᠨ ᠮᠧᠲᠷ  ᠂ ᠬᠡᠦᠬᠡᠳ ᠤᠨ ᠭᠡᠷ ᠤᠨ ᠭᠠᠳᠠᠨᠠᠬᠢ ᠬᠦᠳᠡᠯᠪᠦᠷᠢ ᠶᠢᠨ ᠲᠠᠯᠠᠪᠠᠢ 2825 ᠲᠡᠭᠰᠢ ᠲᠦᠷᠪᠡᠯᠵᠢᠨ ᠮᠧᠲᠷ  ᠂  ᠪᠠᠷᠢᠮᠵᠢᠶᠠᠵᠢᠭᠰᠠᠨ  ᠵᠦᠭᠡᠯᠡᠨ ᠲᠡᠪᠢᠰᠭᠡᠷᠲᠦ ᠨᠠᠭᠠᠳᠤᠬᠤ ᠲᠠᠯᠠᠪᠠᠢ ᠪᠤᠯᠤᠨ 30 ᠮᠧᠲᠷ  ᠎ ᠤᠨ ᠬᠦᠶᠦᠯᠳᠠ ᠶᠢᠨ  ᠱᠤᠭᠤᠮ  ᠪᠦᠬᠦᠢ ᠲᠠᠮᠢᠷ ᠤᠨ ᠲᠠᠯᠠᠪᠠᠢ ᠲᠠᠢ᠃     ᠤᠷᠴᠢᠨ ᠲᠤᠭᠤᠷᠢᠨ ᠳᠠᠭᠠᠨ ᠤᠢ ᠮᠤᠳᠤ ᠪᠦᠷᠬᠦᠵᠤ ᠠᠭᠤᠷ ᠠᠮᠢᠰᠬᠤᠯ ᠰᠠᠶᠢᠬᠠᠨ᠂ ᠨᠠᠮ ᠰᠡᠯᠡᠭᠦᠦ᠂ ᠠᠮᠤᠷ ᠲᠦᠪᠰᠢᠨ᠂ ᠴᠡᠪᠡᠷ ᠲᠤᠬᠢᠯᠢᠭ ᠪᠠᠶᠢᠵᠤ᠂ ᠬᠡᠦᠬᠡᠳ ᠤᠳ ᠴᠡᠴᠡᠷᠯᠢᠭ ᠤᠨ ᠬᠦᠷᠢᠶᠡᠨ ᠤ ᠲᠤᠭᠤᠷᠢᠨ ᠳᠤ ᠡᠬᠡ ᠪᠠᠶᠢᠭᠠᠯᠢ ᠲᠠᠢ  ᠦᠢᠷᠠᠳᠤᠨ ᠠᠮᠢᠳᠠᠨ  ᠤᠷᠭᠤᠮᠠᠯ  ᠎ ᠲᠠᠢ ᠲᠠᠨᠢᠯᠴᠠᠬᠤ ᠲᠠᠪᠠᠭᠤᠯᠢᠭ ᠨᠦᠭᠦᠴᠡᠯ ᠪᠤᠯᠤᠮᠵᠢ ᠲᠠᠢ᠃  ᠴᠡᠴᠡᠷᠯᠢᠭ ᠤᠨ ᠪᠠᠭᠰᠢ ᠵᠢᠨ‌‍ᠲ᠋ᠤᠰᠬᠠᠢ ᠮᠡᠷᠭᠡᠵᠢᠯ ᠲᠡᠭᠦᠰᠦᠭᠰᠡᠨ ᠡᠷᠴᠢ ᠵᠤᠷᠢᠭ ᠪᠠᠳᠠᠷᠠᠭᠰᠠᠨ ᠵᠠᠯᠠᠭᠤ ᠰᠢᠯᠢᠳᠡᠭ ᠪᠠᠭᠰᠢ ᠶᠢᠨ ᠡᠩᠨᠡᠭᠡ ᠲᠠᠢ᠂ ︿︿ ᠠᠯᠢᠪᠠ ᠪᠦᠬᠦᠨ ᠬᠡᠦᠬᠡᠳ ᠤᠨ ᠲᠦᠯᠦᠭᠡ᠂ ᠬᠡᠦᠬᠡᠳ ᠤᠨ ᠠᠯᠢᠪᠠ ᠪᠦᠬᠦᠨ ᠤ ᠲᠦᠯᠦᠭᠡ  ﹀﹀ ᠬᠡᠬᠦ ᠵᠤᠷᠢᠯᠳᠠ ᠪᠠᠷ ︿︿ᠪᠠᠶᠠᠷ ᠪᠠᠶᠠᠰᠬᠤᠯᠠᠩᠲᠦ ᠬᠦᠮᠦᠨ  ᠎ ᠢ ᠬᠦᠮᠦᠵᠢᠭᠦᠯᠬᠦ  ﹀﹀ ᠰᠤᠷᠭᠠᠨ ᠬᠦᠮᠦᠵᠢᠯ ᠤᠨ ᠠᠷᠭ᠎ᠠ ᠪᠤᠳᠤᠯᠭ᠎ᠠ ᠲᠠᠢ᠃      ︿︿ᠴᠡᠴᠡᠷᠯᠢᠭ ᠤᠨ  ᠬᠠᠮᠢᠶᠠᠷᠤᠯᠳᠠ ᠶᠢᠨ ᠲᠦᠷᠢᠮ﹀﹀ ︿︿ ᠬᠡᠦᠬᠡᠳ ᠤᠨ ᠴᠡᠴᠡᠷᠯᠢᠭ ᠤᠨ ᠵᠢᠭᠠᠨ ᠵᠢᠯᠤᠭᠤᠳᠬᠤ ᠬᠦᠳᠡᠯᠪᠦᠷᠢ﹀﹀ ︿︿3 —6 ᠨᠠᠰᠤᠨ ᠤ ᠬᠡᠦᠬᠡᠳ ᠤᠨ ᠬᠦᠭᠵᠢᠯᠳᠠ ᠶᠢᠨ ᠵᠦᠭᠯᠡᠭᠦᠷ  ﹀﹀᠎ ᠢᠶᠠᠷ ᠵᠢᠯᠤᠭᠤᠳᠤᠮᠵᠢ ᠪᠤᠯᠭᠠᠨ ᠬᠡᠦᠬᠡᠳ ᠤᠨ ᠨᠢᠭᠡ ᠡᠳᠦᠷ ᠤᠨ ᠠᠮᠢᠳᠤᠷᠠᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠠᠰᠠᠷᠠᠵᠤ ᠬᠦᠮᠦᠵᠢᠭᠦᠯᠬᠦ ᠶᠢ ᠤᠶᠠᠯᠳᠤᠭᠤᠯᠤᠨ ᠬᠡᠦᠬᠡᠳ ᠤᠨ ᠨᠢᠭᠡ ᠨᠠᠰᠤᠨ ᠤ ᠬᠦᠭᠵᠢᠯᠳᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ᠂ ᠪᠦᠬᠦ ᠲᠠᠯ᠎ᠠ ᠎ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃      ᠴᠡᠴᠡᠷᠯᠢᠭ ᠡᠷᠬᠢᠯᠡᠬᠦ ᠵᠠᠷᠴᠢᠮ  ᠵᠤᠷᠢᠯᠳᠠ ᠠᠷᠭ᠎ᠠ ᠪᠤᠳᠤᠯᠭ᠎ᠠ      1.  ᠴᠡᠴᠡᠷᠯᠢᠭ  ᠎ ᠤᠨ ᠣᠷᠢᠶ᠎ᠠ᠄   ᠪᠢᠳᠠ ᠴᠢᠳᠠᠨ᠎ᠠ           ᠬᠡᠣᠬᠡᠳ ᠤᠨ ᠣᠷᠢᠶ᠎ᠠ᠄ ᠨᠠᠮ᠎ᠠ ᠶᠢ ᠬᠢᠵᠣ ᠴᠢᠳᠠᠬᠤ ᠪᠣᠯᠳᠠᠯ᠎ᠠ  ᠨᠠᠳᠠᠳᠣ ᠲᠣᠰᠠᠯᠠᠭᠠᠷᠠᠢ︕      2. ᠡᠷᠬᠢᠮᠯᠡᠬᠦ   ᠵᠠᠷᠴᠢᠮ᠄   ᠬᠡᠣᠬᠡᠳ ᠤᠨ ᠡᠷᠬᠡ ᠶᠢ  ᠡᠷᠬᠢᠮᠯᠡᠬᠦ  ᠂ ᠦᠨᠡᠨᠴᠢ ᠰᠢᠳᠣᠷᠭᠤ ᠪᠠᠶᠢᠬᠤ  ᠂ ᠬᠠᠷᠢᠭᠤᠴᠠᠯᠭ᠎ᠠ ᠬᠦᠯᠢᠶᠡᠬᠦ      3. ᠡᠷᠬᠢᠮ ᠵᠣᠷᠢᠯᠭ᠎ᠠ᠄  ᠬᠡᠣᠬᠡᠳ ᠤᠨ ᠡᠷᠬᠡ ᠶᠢ ᠡᠷᠬᠢᠮᠯᠡᠨ᠂ ᠲᠡᠳᠡᠨ ᠤ ᠬᠦᠭᠵᠢᠬᠦ ᠳᠤ  ᠰᠢᠯᠢᠳᠡᠭ ᠰᠠᠶᠢᠨ ᠣᠷᠴᠢᠨ ᠢ  ᠪᠦᠷᠢᠯᠳᠦᠭᠦᠯᠵᠣ᠂ ᠰᠣᠷᠭᠠᠭᠤᠯᠢ ᠶᠢᠨ ᠡᠮᠦᠨᠡᠬᠢ ᠨᠠᠰᠣᠨ ᠤ ᠬᠡᠣᠬᠡᠳ ᠲᠤ ᠵᠣᠬᠢᠴᠠᠬᠤ ᠴᠢᠳᠠᠮᠵᠢ ᠪᠣᠯᠪᠠᠰᠣᠷᠠᠯ ᠢ ᠡᠵᠡᠮᠰᠢᠭᠦᠯᠦᠨ᠎ᠠ᠃      4.  ᠴᠡᠴᠡᠷᠯᠢᠭ ᠡᠷᠬᠢᠯᠡᠬᠦ ᠦᠵᠡᠯᠳᠠ᠄ ᠤᠳᠤ ᠴᠠᠭ ᠦᠶ᠎ᠡ ᠶᠢᠨ ᠲᠠᠪᠰᠢᠭᠰᠠᠨ ᠰᠤᠷᠭᠠᠨ ᠬᠦᠮᠦᠵᠢᠯ  ᠎ ᠤᠨ ᠤᠨᠤᠯ ᠶᠤᠰᠤ ᠶᠢ ᠦᠨᠳᠦᠰᠦᠳᠡᠨ ᠤ ᠪᠠᠨ ᠰᠤᠶᠤᠯ ᠲᠠᠢ ᠠᠭᠤᠰᠬᠠᠨ ᠨᠡᠶᠢᠭᠡᠳᠭᠡᠵᠤ᠂   ᠦᠪᠡᠷᠮᠢᠴᠡ ᠲᠤᠭᠳᠠᠭᠠᠮᠵᠢ ᠲᠠᠢ ᠴᠡᠴᠡᠷᠯᠢᠭ ᠎ ᠢ  ᠡᠭᠦᠳᠦᠨ  ᠪᠠᠶᠢᠭᠤᠯᠤᠨ᠎ᠠ᠃      5. ᠰᠤᠷᠭᠠᠨ ᠬᠦᠮᠦᠵᠢᠭᠦᠯᠬᠦ ᠠᠷᠭ᠎ᠠ ᠪᠤᠳᠤᠯᠭ᠎ᠠ᠄ ᠪᠠᠶᠠᠷ ᠪᠠᠶᠠᠰᠬᠤᠯᠠᠩᠳᠣ ᠬᠦᠮᠦᠨ ᠢ ᠬᠦᠮᠦᠵᠢᠭᠦᠯᠦᠨ᠎ᠠ᠃ ᠪᠠᠶ᠎ᠠ ᠎ ᠪᠠᠨ  ᠲᠠᠭᠠᠭᠠᠭᠰᠠᠨ ᠪᠦᠬᠡᠳ ᠡᠷᠬᠢᠮ ᠲᠡᠭᠡᠳᠣ ᠬᠦᠮᠦᠨ ᠮᠦᠰᠣ ᠶᠢ ᠬᠦᠮᠦᠨ ᠤ ᠠᠮᠢ ᠨᠠᠰᠣᠨ ᠤ ᠡᠬᠢᠯᠡᠯᠳᠡ ᠶᠢᠨ ᠬᠦᠨ ᠎ ᠠᠴᠠ ᠰᠣᠶᠣᠭᠠᠯᠣᠭᠤᠯᠣᠨ ᠬᠦᠮᠦᠵᠢᠬᠦᠯᠵᠣ᠂ ᠬᠦᠮᠦᠨ ᠤ ᠨᠠᠰᠣᠨ ᠲᠣᠷᠰᠢᠳᠠ ᠶᠢᠨ ᠭᠠᠶᠢᠬᠠᠮᠰᠢᠭᠳᠣ ᠭᠤᠣᠯᠯᠠᠬᠤ ᠦᠢᠯᠡᠳᠣᠯ ᠎ ᠢ ᠭᠠᠷᠭᠠᠵᠣ᠂ ᠵᠣᠭᠰᠣᠰᠢ ᠦᠬᠡᠢ ᠣᠷᠣᠭᠰᠢ ᠭᠦᠭᠵᠢᠭᠦᠯᠬᠦ ᠰᠠᠭᠤᠷᠢ ᠶᠢ ᠲᠠᠯᠪᠢᠨ᠎ᠠ᠃      6. ᠴᠡᠴᠡᠷᠯᠢᠭ ᠤᠨ ᠰᠤᠷᠳᠠᠯ᠄  ᠪᠠᠶᠠᠷ  ᠪᠠᠶᠠᠰᠤᠯ  ᠎ ᠲᠠᠢ᠂ ᠠᠵᠢᠯᠴᠢ ᠠᠷᠪᠢᠴᠢ  ᠂ ᠬᠦᠰᠡᠯ ᠮᠦᠷᠦᠭᠡᠳᠦᠯ ᠲᠠᠢ ᠠᠮᠢᠳᠤᠷᠠᠬᠤ  ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号