2013 ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/1/11
ᠰᠢᠯᠣᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯ ᠤᠨ ᠮᠠᠲ᠋ᠧᠷᠢᠶᠠᠯ ︵ᠠᠷᠪᠠᠨ ᠲᠠᠪᠤ︶           ᠵᠠᠰᠠᠭ ᠤᠨ ᠣᠷᠳᠣᠨ ᠤ ᠠᠵᠢᠯ ᠤᠨ ᠢᠯᠡᠳᠬᠡᠯᠰᠢᠯᠣᠭᠤᠨ ᠬᠦᠬᠡ ᠬᠤᠰᠢᠭᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯ ᠳᠡᠭᠡᠷ᠎ᠡ ᠰᠢᠯᠣᠭᠤᠨ ᠬᠦᠬᠡ ᠬᠤᠰᠢᠭᠤᠨ ᠤ ᠣᠷᠣᠯᠠᠭᠴᠢ ᠬᠤᠰᠢᠭᠤ ᠳᠠᠷᠤᠭ᠎ᠠ   ᠪᠣᠶᠠᠨᠳᠣᠲᠦᠯᠦᠭᠡᠯᠡᠭᠴᠢᠳ ᠡ᠄        ᠣᠳᠣ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠣ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠦᠪᠯᠡᠬᠦ ᠪᠣᠯᠪᠠᠣ︕ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠵᠢᠴᠢ ᠪᠤᠰᠤᠳ ᠣᠷᠣᠯᠴᠠᠭᠰᠠᠳ ᠰᠠᠨᠠᠯ ᠢᠶᠠᠨ ᠲᠡᠪᠰᠢᠬᠦᠯᠬᠦ ᠶᠢ ᠬᠦᠰᠡᠵᠦ ᠪᠠᠶᠢᠨ᠎ᠠ᠃        ᠨᠢᠬᠡ᠂ ᠦᠩᠬᠡᠷᠡᠭᠰᠡᠨ ᠲᠠᠪᠣᠨ ᠵᠢᠯ ᠤᠨ ᠠᠵᠢᠯ ᠤᠨ ᠡᠷᠬᠢᠴᠡᠬᠦᠯᠦᠯ        ᠦᠩᠬᠡᠷᠡᠭᠰᠡᠨ ᠲᠠᠪᠣᠨ ᠵᠢᠯ ᠪᠣᠯ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠲᠤᠭᠳᠠᠭᠤᠨ ᠢᠶᠠᠷ ᠲᠦᠷᠭᠡᠨ ᠬᠦᠭᠵᠢᠵᠣ᠂ ᠠᠷᠠᠳ ᠤᠨ ᠠᠮᠢᠳᠣᠷᠠᠯ ᠤᠨ ᠬᠢᠷᠢ ᠲᠦᠪᠰᠢᠨ ᠲᠠᠰᠣᠷᠠᠯᠳᠠ ᠦᠬᠡᠢ ᠳᠡᠭᠡᠭᠰᠢᠯᠡᠨ᠂ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠦᠷᠨᠢᠬᠦᠨ ᠬᠦᠭᠵᠢᠭᠰᠡᠨ ᠲᠠᠪᠣᠨ ᠵᠢᠯ ᠪᠤᠯᠬᠤ ᠶᠤᠮ᠃ ᠲᠠᠪᠣᠨ ᠵᠢᠯ ᠤᠨ ᠲᠣᠷᠰᠢ᠂ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠵᠢᠴᠢ ᠬᠤᠰᠢᠭᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠪᠤᠯᠤᠨ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠬᠠᠪᠰᠤᠷᠤᠯᠭ᠎ᠠ ᠲᠣᠣᠷ᠎ᠠ ᠪᠦᠬᠦ ᠬᠤᠰᠢᠭᠤ ᠪᠠᠷ ᠎ ᠢᠶᠠᠨ ᠰᠡᠳᠬᠢᠯ ᠨᠢᠭᠡᠳᠤᠨ ᠪᠦᠯᠬᠦᠮᠳᠠᠨ ᠲᠡᠮᠡᠴᠡᠵᠥ᠂ ᠪᠠᠶᠢᠭᠠᠯᠢ ᠶᠢᠨ ᠭᠠᠮᠰᠢᠭ᠂ ᠠᠵᠣ ᠠᠬᠤᠢ ᠶᠢᠨ ᠬᠢᠮᠣᠷᠠᠯ ᠵᠡᠷᠭᠡ ᠮᠠᠰᠢ ᠣᠯᠠᠨ ᠰᠦᠷᠭᠡᠤ ᠨᠦᠯᠦᠭᠡᠯᠡᠯ ᠤᠳ ᠢ ᠢᠯᠠᠨ ᠲᠠᠪᠠᠯ᠎ᠠ᠃ ︽ᠠᠷᠪᠠᠨ ᠨᠢᠬᠡᠳᠦᠬᠡᠷ ᠲᠠᠪᠣᠨ ᠵᠢᠯ︾᠎ ᠤᠨ ᠲᠦᠯᠦᠪᠯᠡᠭᠡ ᠶᠢᠨ ᠡᠬᠦᠷᠭᠡ ᠬᠠᠷᠠᠯᠳᠠ ᠤᠳ ᠢᠶᠠᠨ ᠠᠮᠵᠢᠯᠳᠠᠳᠠᠢ ᠪᠡᠶᠡᠯᠡᠬᠦᠯᠵᠥ ︽ᠠᠷᠪᠠᠨ ᠬᠤᠶᠠᠳᠣᠭᠠᠷ ᠲᠠᠪᠣᠨ ᠵᠢᠯ︾᠎ ᠤᠨ ᠲᠦᠯᠦᠪᠯᠡᠭᠡ ᠶᠢ ᠡᠬᠢᠯᠡᠨ ᠭᠡᠷᠡᠭᠵᠢᠬᠦᠯᠦᠭᠰᠡᠨ ᠢᠶᠠᠷ ᠠᠵᠣ ᠠᠬᠤᠢ ᠨᠡᠶᠢᠬᠡᠮ ᠤᠨ ᠬᠦᠭᠵᠢᠯᠳᠡ ᠰᠢᠨ᠎ᠡ ᠨᠢᠬᠡᠨ ᠱᠠᠳᠣᠨ ᠳᠤ ᠲᠠᠪᠰᠢᠨ ᠤᠷᠤᠭᠰᠠᠨ ᠪᠠᠶᠢᠨ᠎ᠠ᠃        — — ᠲᠠᠪᠣᠨ ᠵᠢᠯ ᠤᠨ ᠲᠣᠷᠰᠢ᠂ ᠶᠡᠷᠦᠩᠬᠡᠶᠢᠯᠡᠭᠰᠡᠨ ᠪᠣᠳᠠᠳᠣ ᠬᠦᠴᠦᠨ ᠯᠠᠪᠳᠠᠭᠤᠨ ᠢᠶᠠᠷ ᠨᠡᠮᠡᠭᠳᠡᠪᠡ᠃ ᠤᠷᠢᠳᠴᠢᠯᠠᠭᠰᠠᠨ ᠬᠦᠢᠴᠡᠳᠭᠡᠯ ᠢᠶᠠᠷ ᠪᠦᠬᠦ ᠬᠤᠰᠢᠭᠤᠨ ᠤ 2012 ᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 51.6 ᠳ᠋ᠦ᠋ᠩᠰᠢᠭᠤᠷ ᠲᠤ ᠬᠦᠷᠴᠤ ᠵᠢᠯ ᠪᠦᠷᠢ ᠶᠢᠨ ᠨᠡᠮᠡᠭᠳᠡᠯ ᠬᠤᠷᠳᠤᠴᠨ 11.3%᠎ ᠲᠤ ᠬᠦᠷᠬᠦ ᠪᠤᠯᠤᠨ᠎ᠠ᠃ ᠠᠵᠤ ᠦᠢᠯᠡᠰ ᠤᠨ ᠪᠦᠳᠤᠴᠨ ᠠᠴᠠ ᠦᠵᠡᠪᠡᠯ ᠭᠤᠷᠪᠠᠨ ᠠᠵᠤ ᠦᠢᠯᠡᠰ ᠤᠨ ᠲᠤᠰ ᠲᠤᠰ ᠤᠨ ᠡᠵᠡᠯᠡᠬᠦ ᠬᠠᠷᠢᠴᠠᠯ 10.7᠄ 67.8᠄ 21.5 ᠪᠤᠯᠤᠭᠰᠠᠨ ᠨᠢ ᠦᠢᠯᠡᠳᠪᠦᠷᠢ ᠶᠢᠨ ᠠᠵᠤ ᠠᠬᠤᠢ ᠪᠠᠷ ᠭᠤᠤᠯ ᠠᠵᠤ ᠦᠢᠯᠡᠰ ᠢᠶᠠᠨ ᠪᠤᠯᠭᠠᠭᠰᠠᠨ ᠬᠦᠭᠵᠢᠯᠳᠠ ᠶᠢᠨ ᠭᠡᠯᠪᠡᠷᠢ ᠪᠦᠷᠢᠯᠳᠦᠭᠰᠡᠨ ᠢ ᠬᠠᠷᠠᠭᠤᠯᠵᠥ ᠪᠠᠶᠢᠨ᠎ᠠ᠃ ᠣᠷᠣᠨ ᠨᠣᠳᠤᠭ ᠤᠨ ᠡᠳ᠋ ᠤᠨ ᠵᠠᠰᠠᠭ ᠎ ᠤᠨ ᠣᠷᠣᠯᠭ᠎ᠠ 10.64 ᠳ᠋ᠦᠩᠰᠢᠭᠤᠷ ᠲᠦᠭᠦᠷᠢᠭ ᠲᠤ ᠬᠦᠷᠴᠤ ᠵᠢᠯ ᠤᠨ ᠲᠡᠭᠰᠢᠳᠭᠡᠭᠰᠡᠨ ᠨᠡᠮᠡᠭᠳᠡᠯ ᠬᠤᠷᠳᠤᠴᠨ 21.1%᠎ ᠳᠤ ᠬᠦᠷᠪᠡ᠃ ᠲᠦᠰᠦᠪᠯᠡᠭᠰᠡᠨ ᠢᠶᠠᠷ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠨ ᠣᠷᠣᠭᠤᠯᠣᠯᠳᠠ 42 ᠳ᠋ᠦᠩᠰᠢᠭᠤᠷ ᠲᠦᠬᠦᠷᠢᠭ ᠲᠤ ᠬᠦᠷᠬᠦ ᠪᠦᠭᠡᠳ ᠠᠵᠤ ᠠᠬᠤᠢ ᠶᠢᠨ ᠬᠦᠭᠵᠢᠯᠳᠠ ᠶᠢᠨ ᠨᠦᠯᠦᠭᠡᠯᠡᠭᠳᠡᠯ ᠠᠴᠠ ᠪᠤᠯᠵᠥ ᠬᠠᠷᠢᠨ ᠵᠢᠯ ᠪᠦᠷᠢ 3%᠎ ᠪᠠᠷ ᠪᠠᠭᠤᠷᠠᠭᠰᠠᠨ ᠪᠠᠶᠢᠨ᠎ᠠ᠃ ᠨᠡᠶᠢᠬᠡᠮ ᠤᠨ ᠭᠡᠷᠡᠭᠯᠡᠬᠡᠨ ᠤ ᠪᠠᠷᠠᠭ᠎ᠠ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠭᠡᠮᠵᠢᠶ᠎ᠡ 9.1 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ ᠶᠢᠨ ᠨᠡᠮᠡᠭᠳᠡᠯ ᠬᠤᠷᠳᠤᠴᠨ 19.8%᠎ ᠳᠤ ᠬᠦᠷᠬᠦ ᠪᠦᠭᠡᠳ ᠲᠦᠰᠦᠪᠯᠡᠯᠳᠠ ᠪᠠᠷ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠥ ᠪᠤᠯᠬᠤᠶᠢᠴᠨ ᠲᠡᠭᠰᠢᠳᠭᠡᠭᠰᠡᠨ ᠤᠷᠤᠯᠭ᠎ᠠ 19610 ᠲᠦᠬᠦᠷᠢᠭ ᠲᠤ ᠬᠦᠷᠴᠦ᠂ ᠵᠢᠯ ᠪᠦᠷᠢ ᠶᠢᠨ ᠨᠡᠮᠡᠭᠳᠡᠯ ᠬᠤᠷᠳᠣᠴᠠ 14%᠎ ᠳᠤ ᠬᠦᠷᠦᠨ ᠮᠠᠯᠴᠢᠨ ᠲᠠᠷᠢᠶᠠᠴᠢᠨ ᠤ ᠲᠡᠭᠰᠢᠳᠭᠡᠭᠰᠡᠨ ᠴᠡᠪᠡᠷ ᠤᠷᠤᠯᠭ᠎ᠠ 9400 ᠲᠦᠬᠦᠷᠢᠭ ᠲᠤ ᠬᠦᠷᠴᠤ ᠵᠢᠯ ᠪᠦᠷᠢ ᠶᠢᠨ ᠨᠠᠮᠡᠭᠳᠡᠯ ᠬᠤᠷᠳᠤᠴᠨ 18.5 %᠎ ᠳᠤ ᠬᠦᠷᠬᠦ ᠪᠤᠯᠤᠨ᠎ᠠ᠃        — — ᠲᠠᠪᠣᠨ ᠵᠢᠯ ᠤᠨ ᠲᠣᠷᠰᠢ᠂ ᠦᠢᠯᠡᠳᠪᠦᠷᠢ ᠶᠢᠨ ᠠᠵᠣ ᠠᠬᠤᠶᠢᠯᠠᠯ ᠦᠳᠳᠡᠷ ᠬᠦᠭᠵᠢᠪᠡ᠃ ᠨᠡᠶᠢᠳᠡ 82 ᠲᠦᠷᠤᠯ ᠤᠨ ᠭᠤᠣᠯᠳᠠᠯᠭ᠎ᠠ ᠲᠠᠢ ᠲᠦᠰᠦᠯ ᠢ ᠬᠦᠭᠵᠢᠬᠦᠯᠦᠨ ᠠᠬᠢᠭᠤᠯᠤᠭᠰᠠᠨ ᠪᠦᠭᠡᠳ ᠳ᠋ᠦᠩᠰᠢᠭᠤᠷ ᠲᠠᠪᠠᠭᠰᠠᠨ ᠪᠡᠯᠨ ᠣᠷᠣᠭᠤᠯᠣᠯᠳᠠ ᠪᠦᠬᠦᠢ 31 ᠲᠦᠰᠦᠯ ᠤᠨ ᠲᠤᠳᠤᠷ᠎ᠠ 8᠎ ᠨᠢ ᠨᠢᠭᠡᠨᠳᠠ ᠪᠠᠶᠢᠭᠤᠯᠤᠭᠳᠠᠵᠥ 23᠎ ᠨᠢ ᠶᠠᠭ ᠪᠠᠶᠢᠭᠤᠯᠤᠯᠳᠠ ᠲᠤᠮᠳᠠ ᠪᠠᠨ ᠪᠠᠶᠢᠨ᠎ᠠ᠃ ᠪᠦᠬᠦ ᠬᠤᠰᠢᠭᠤᠨ ᠳᠤ ᠦᠢᠯᠡᠳᠪᠦᠷᠢ ᠶᠢᠨ ᠠᠵᠣ ᠠᠬᠤᠶᠢᠯᠠᠯ ᠨᠠᠶᠢᠳᠠ 100 ᠡᠷᠤᠭᠡ ᠪᠠᠶᠢᠬᠤ ᠪᠦᠭᠡᠳ ᠡᠬᠦᠨ ᠤ ᠲᠤᠳᠤᠷ᠎ᠠ ᠭᠡᠪᠴᠢᠶ᠎ᠠ ᠲᠠᠪᠠᠭᠰᠠᠨ ᠠᠵᠣ ᠠᠬᠤᠶᠢᠯᠠᠯ 9 ᠡᠷᠤᠭᠡ᠂ ᠦᠢᠯᠡᠳᠪᠤᠷᠢᠯᠡᠯ ᠤᠨ ᠦᠷᠳᠡᠭ ᠨᠢ ᠳ᠋ᠦᠩᠰᠢᠭᠤᠷ ᠲᠠᠪᠠᠭᠰᠠᠨ ᠠᠵᠤ ᠠᠬᠤᠶᠢᠯᠠᠯ 4 ᠪᠠᠶᠢᠨ᠎ᠠ᠃ ᠲᠦᠰᠦᠪᠯᠡᠭᠰᠡᠨ ᠢᠶᠠᠷ 2012 ᠣᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 32 ᠳ᠋ᠦᠩᠰᠢᠭᠤᠷ ᠲᠤ ᠬᠦᠷᠴᠤ ᠵᠢᠯ ᠪᠦᠷᠢ ᠶᠢᠨ ᠨᠡᠮᠡᠭᠳᠡᠯ ᠬᠤᠷᠳᠣᠴᠠ 11.6% ᠎ ᠳᠤ ᠬᠦᠷᠦᠨ᠎ᠡ᠃ ᠱᠠᠩᠳᠣ ᠴᠠᠬᠢᠯᠭᠠᠨ ᠦᠢᠯᠡᠳᠪᠦᠷᠢ ᠶᠢᠨ ᠨᠢᠬᠡ᠂ ᠬᠤᠶᠠᠷ᠂ ᠭᠤᠷᠪᠠᠳᠣᠭᠠᠷ ᠬᠤᠭᠤᠴᠠᠭᠠᠨ ᠤ 6 ᠰᠠᠣᠷᠢ ᠴᠠᠬᠢᠯᠭᠠᠨ ᠭᠠᠷᠭᠠᠬᠤ ᠮᠠᠰᠢᠨ ᠨᠡᠶᠢᠳᠡ 825.9 ᠳ᠋ᠦᠩᠰᠢᠭᠤᠷ ᠭᠷᠠᠳᠦ᠋ᠰ ᠴᠠᠬᠢᠯᠭᠠᠨ ᠬᠠᠩᠭᠠᠵᠣ᠂ 270.7 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠦᠷᠳᠡᠭ ᠡᠬᠦᠳᠪᠡ᠃ ᠤᠳᠤ ᠲᠦᠷᠪᠡ ᠲᠠᠪᠣᠳᠣᠭᠠᠷ ᠬᠤᠭᠤᠴᠠᠭᠠᠨ ᠤ ᠪᠠᠷᠢᠯᠭ᠎ᠠ ᠪᠠᠶᠢᠭᠤᠯᠤᠯᠳᠠ ᠶᠠᠭ ᠡᠬᠢᠨ ᠤ ᠠᠵᠢᠯ ᠳᠤ ᠪᠠᠨ ᠤᠷᠤᠭᠠᠳ ᠪᠠᠶᠢᠨ᠎ᠠ᠃ ︽ᠵᠢᠶᠠ ᠶᠣᠣ︾ ᠰᠠᠯᠬᠢᠨ ᠬᠦᠴᠦᠨ ᠤ ᠴᠠᠬᠢᠯᠭᠠᠨ ᠦᠢᠯᠡᠳᠪᠦᠷᠢ᠂ ︽ᠯᠥᠩ ᠶᠤᠸᠠᠨ︾ ᠤᠯᠤᠰ ᠤᠨ ᠴᠠᠬᠢᠯᠭᠠᠨ ᠦᠢᠯᠡᠳᠪᠦᠷᠢ ᠪᠠ ︽ᠬᠤᠸ᠋ᠨ ᠢ︾ ᠰᠠᠯᠬᠢᠨ ᠬᠦᠴᠤᠨ ᠤ ᠴᠠᠬᠢᠯᠭᠠᠨ ᠦᠢᠯᠡᠳᠪᠦᠷᠢ ᠶᠢᠨ ᠲᠦᠰᠤᠯ ᠨᠢᠬᠡᠨᠳᠡ ᠪᠠᠶᠢᠭᠤᠯᠤᠭᠳᠠᠵᠥ ᠡᠬᠢᠯᠡᠪᠡ᠃ ︽ᠷᠧᠨ ᠴᠤᠸᠠᠩ ᠲᠧᠭᠨᠢᠭ ᠮᠡᠷᠭᠡᠵᠢᠯ︾ — ᠬᠤᠷᠠᠮᠠᠯ ᠡᠯᠡᠰᠤ ᠶᠢ ᠶᠡᠷᠦᠩᠬᠡᠶᠢᠯᠡᠨ ᠠᠰᠢᠬᠯᠠᠬᠤ ᠦᠢᠯᠡᠳᠪᠦᠷᠢ ᠨᠢ ᠪᠠᠶᠢᠭᠤᠯᠣᠯᠳᠠ ᠶᠢᠨ ᠠᠯᠬᠤᠴᠠ ᠪᠠᠨ ᠲᠦᠷᠭᠡᠳᠭᠡᠭᠰᠡᠨ ᠤ ᠬᠠᠮᠳᠤ ︽ᠰᠢᠯᠣᠭᠤᠨ ᠬᠦᠬᠡ ᠬᠤᠰᠢᠭᠤᠨ ᠤ ︿ᠷᠧᠨ ᠴᠤᠸᠠᠩ﹀ ᠡᠯᠡᠰᠦᠨ ᠤ ᠠᠵᠣ ᠦᠢᠯᠡᠰ ᠤᠨ ᠬᠦᠷᠢᠶᠡᠯᠡᠩ︾᠎ ᠢ ᠪᠠᠶᠢᠭᠤᠯᠵᠣ ᠡᠬᠢᠯᠡᠪᠡ᠃ ᠪᠣᠷᠣᠬᠤᠳᠠ ᠶᠢᠨ ᠲᠦᠮᠦᠰᠦᠨ ᠤ ᠰᠠᠭᠤᠷᠢᠨ ᠭᠠᠵᠠᠷ᠂ ︽ᠬᠤᠸᠠ ᠢ︾ ᠦᠨᠳᠦᠷ ᠳᠣᠣᠷ᠎ᠠ ᠬᠦᠴᠤᠳᠡᠯ ᠤᠨ ᠴᠠᠬᠢᠯᠭᠠᠨ ᠬᠦᠴᠤᠨ ᠤ ᠦᠢᠯᠡᠳᠪᠦᠷᠢ᠂ ︽ᠬᠤᠩ ᠵᠢᠶᠠᠩ︾ ᠨᠡᠬᠦᠷᠡᠰᠤᠨ ᠤ ᠦᠨᠡᠰᠤ ᠴᠢᠨᠳᠠᠷᠤᠤ ᠶᠢ ᠶᠡᠷᠦᠩᠬᠡᠶᠢᠯᠡᠨ ᠠᠰᠢᠭᠯᠠᠬᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠲᠦᠰᠦᠯ ᠤᠳ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠠᠵᠤ ᠦᠢᠯᠡᠳᠪᠦᠷᠢ ᠶᠢᠨ ᠲᠤᠭᠤᠷᠢᠭ ᠲᠠᠬᠢ ᠡᠯ᠎ᠡ ᠠᠵᠤ ᠦᠢᠯᠡᠰ ᠤᠳ ᠤᠨ ᠬᠤᠭᠤᠷᠤᠨᠳᠤᠬᠢ ᠰᠢᠳᠤᠯᠴᠡᠨ ᠬᠦᠭᠵᠢᠯᠳᠠ ᠰᠠᠶᠢᠨ ᠬᠠᠨᠳᠤᠰᠢ ᠲᠠᠢ ᠪᠠᠶᠢᠵᠣ᠂ ᠡᠳᠦᠬᠡ ᠲᠣᠰ ᠤᠳᠤ ᠲᠤᠭᠤᠷᠢᠭ ᠲᠤ ᠨᠢᠭᠡᠨᠳᠠ 70 ᠠᠵᠤ ᠠᠬᠤᠶᠢᠯᠠᠯ ᠤᠷᠤᠵᠥ ᠰᠠᠭᠤᠷᠢᠰᠢᠭᠰᠠᠨ ᠪᠦᠭᠡᠳ ᠨᠢᠭᠡᠨᠳᠠ ᠦᠢᠯᠡᠳᠪᠦᠷᠢᠯᠡᠯ ᠡᠬᠢᠯᠡᠬᠦᠯᠦᠭᠰᠡᠨ ᠨᠢ 34 ᠡᠷᠤᠭᠡ ᠪᠣᠯᠵᠣ᠂ ᠬᠦᠷᠦᠩᠭᠡ ᠤᠷᠤᠭᠤᠯᠤᠯᠳᠠ ᠶᠢᠨ ᠨᠡᠶᠢᠳᠠ ᠭᠡᠮᠵᠢᠶ᠎ᠡ 205 ᠳ᠋ᠦᠩᠰᠢᠭᠤᠷ ᠲᠦᠬᠦᠷᠢᠭ ᠲᠤ ᠬᠦᠷᠦᠭᠰᠡᠨ ᠪᠦᠭᠡᠳ ᠨᠠᠶᠢᠭᠡᠮ ᠎ ᠳᠤ ᠨᠠᠶᠢᠳᠠ 3340 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠠᠷᠠᠯᠵᠢᠶᠠᠴᠢᠨ ᠤᠷᠢᠵᠥ ᠪᠡᠯᠨ ᠤᠷᠤᠭᠤᠯᠬᠤ ᠠᠵᠢᠯ ᠡᠷᠴᠢᠮᠳᠠᠢ ᠦᠷᠨᠢᠭᠰᠡᠨ ᠪᠦᠭᠡᠳ ᠨᠡᠶᠢᠳᠠ 83 ᠲᠦᠰᠤᠯ ᠳᠤ ᠰᠠᠨᠠᠯ ᠨᠢᠭᠡᠳᠴᠤ ᠭᠡᠷ᠎ᠡ ᠲᠤᠭᠳᠠᠭᠰᠠᠨ ᠤ ᠬᠠᠮᠳᠤ ᠡᠳᠡᠭᠡᠷ ᠪᠡᠯᠨ ᠤᠷᠤᠭᠤᠯᠤᠯᠳᠠ ᠲᠤᠮᠳᠠ ᠠᠶᠢᠮᠠᠭ ᠤᠨ ᠲᠤᠳᠤᠭᠠᠳᠤ ᠭᠠᠳᠠᠭᠠᠳᠤ ᠠᠴᠠ ᠤᠷᠤᠭᠤᠯᠤᠭᠰᠠᠨ ᠪᠡᠯᠨ ᠮᠦᠩᠬᠦ ᠨᠠᠶᠢᠳᠠ 120.7 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ ᠲᠠᠬᠢᠪᠠᠯ ᠬᠤᠰᠢᠭᠤᠨ ᠤ ᠬᠢᠯᠢ ᠲᠤᠳᠤᠷᠠᠬᠢ 546 ᠳᠡᠭᠰᠢ ᠲᠦᠷᠪᠡᠯᠵᠢᠨ ᠺᠢᠯᠣᠮᠧᠲᠷ ᠭᠠᠵᠠᠷ ᠨᠤᠳᠤᠭ ᠲᠠᠬᠢ ᠴᠢᠯᠠᠭᠤᠨ ᠲᠣᠰᠣ ᠬᠠᠶᠢᠨ ᠰᠢᠨᠵᠢᠯᠡᠬᠦ ᠠᠵᠢᠯ ᠴᠢᠬᠤᠯᠨ ᠠᠬᠢᠯᠳᠠ ᠲᠠᠢ ᠪᠤᠯᠤᠭᠰᠠᠨ ᠪᠦᠭᠡᠳ ᠡᠨᠡᠬᠦ ᠬᠠᠶᠢᠨ ᠰᠢᠨᠵᠢᠯᠡᠯᠳᠡ ᠶᠢᠨ ᠠᠵᠢᠯ ᠳᠤ ᠨᠠᠶᠢᠳᠠ 2.16 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠭᠠᠳ ᠪᠠᠶᠢᠨ᠎ᠠ᠃ ︽ᠣᠷᠴᠢᠨ ᠠᠬᠤᠢ ᠳᠤ ᠦᠵᠡᠬᠦᠯᠬᠦ ᠨᠦᠯᠦᠭᠡᠯᠡᠯ ᠢ ᠬᠢᠨᠠᠨ ᠪᠠᠶᠢᠴᠠᠭᠠᠬᠤ ᠲᠦᠷᠢᠮ︾ ᠵᠢᠴᠢ ︽ᠭᠤᠷᠪᠠᠨ ᠲᠠᠯ᠎ᠠ ᠲᠠᠢ ᠤᠶᠠᠯᠳᠤᠭᠤᠯᠬᠤ︾ ᠲᠦᠷᠢᠮ ︵ᠤᠷᠴᠢᠨ ᠲᠤᠭᠤᠷᠢᠨ ᠢ ᠰᠡᠷᠭᠡᠶᠢᠯᠡᠬᠦ ᠠᠷᠭ᠎ᠠ ᠠᠪᠴᠢᠯ ᠢ ᠪᠠᠷᠢᠯᠭ᠎ᠠ ᠪᠠᠶᠢᠭᠤᠯᠤᠯᠳᠠ ᠶᠢᠨ ᠲᠦᠰᠤᠪ᠂ ᠠᠵᠢᠯ ᠤᠨ ᠶᠠᠪᠤᠴᠨ᠂ ᠠᠰᠢᠭᠯᠠᠯᠳᠠ ᠯᠤᠭ᠎ᠠ ᠤᠶᠠᠯᠳᠤᠭᠤᠯᠬᠤ ᠶᠢ ᠵᠢᠭᠠᠨ᠎ᠠ︶᠎ ᠢ ᠴᠢᠩᠭ᠎ᠠ ᠬᠡᠷᠡᠭᠵᠢᠬᠦᠯᠦᠨ ᠲᠣᠭᠳᠠᠭᠰᠠᠨ ᠡᠭᠦᠷᠭᠡ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠪᠡ᠃        — — ᠲᠠᠪᠣᠨ ᠵᠢᠯ ᠤᠨ ᠲᠣᠷᠰᠢ᠂ ᠮᠠᠯ ᠲᠠᠷᠢᠶᠠᠯᠠᠩ ᠤᠨ ᠦᠢᠯᠡᠰ ᠲᠤᠭᠳᠠᠭᠤᠨ ᠢᠶᠠᠷ ᠬᠦᠭᠵᠢᠪᠡ᠃ ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠶᠢᠨ ᠲᠠᠯ᠎ᠠ ᠪᠠᠷ ᠲᠠᠪᠤᠨ ᠵᠢᠯ ᠲᠤᠳᠤᠷ᠎ᠠ ᠨᠡᠶᠢᠳᠠ 2.4 ᠳ᠋ᠦᠩᠰᠢᠭᠤᠷ ᠲᠦᠭᠦᠷᠢᠭ ᠎ ᠤᠨ ᠪᠡᠯᠨ ᠤᠷᠤᠭᠤᠯᠤᠭᠰᠠᠨ ᠪᠦᠭᠡᠳ ᠪᠡᠭᠡᠵᠢᠩ ᠲᠢᠶᠠᠨᠵᠢᠨ ᠤᠨ ᠡᠯᠡᠰᠤᠨ ᠰᠢᠭᠤᠷᠭᠠᠨ ᠤ ᠡᠬᠢ ᠶᠢ ᠵᠠᠰᠠᠬᠤ ᠢᠨᠵᠧᠨᠧᠷᠢᠩ ᠎ ᠤᠨ ᠨᠢᠭᠡᠳᠤᠭᠡᠷ ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠥ ᠨᠡᠶᠢᠳᠠ 113.8 ᠲᠦᠮᠡᠨ ᠮᠤ᠋ ᠲᠠᠯᠠᠪᠠᠢ ᠨᠤᠳᠤᠭ ᠪᠡᠯᠴᠢᠭᠡᠷ ᠤᠨ ᠠᠮᠢ ᠠᠬᠤᠢ ᠶᠢ ᠤᠶᠢᠵᠢᠭᠤᠯᠤᠨ ᠰᠡᠷᠭᠦᠭᠡᠪᠡ᠃ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠢᠮ ᠢ ᠭᠡᠷᠡᠭᠵᠢᠬᠦᠯᠦᠭᠰᠡᠨ ᠨᠤᠳᠤᠭ ᠪᠡᠯᠴᠢᠭᠡᠷ ᠤᠨ ᠲᠠᠯᠠᠪᠠᠢ ᠨᠡᠶᠢᠳᠠ 1457.7 ᠲᠦᠮᠡᠨ ᠮᠤ᠋ ᠳᠤ ᠬᠦᠷᠴᠦ᠂ 1548 ᠠᠷᠠᠳ ᠢ ᠨᠡᠬᠦᠯᠬᠡᠨ ᠰᠢᠯᠵᠢᠬᠦᠯᠦᠭᠰᠡᠨ ᠪᠦᠭᠡᠳ ᠡᠯᠡᠰᠤᠷᠭᠡᠭᠵᠢᠭᠰᠡᠨ ᠲᠠᠯᠠᠪᠠᠢ 354 ᠲᠦᠮᠡᠨ ᠮᠤ᠋ ᠪᠠᠷ ᠬᠠᠰᠤᠭᠳᠠᠵᠥ ᠤᠷᠭᠤᠮᠠᠯ ᠤᠨ ᠬᠤᠴᠢᠯᠳᠠ ᠶᠢᠨ ᠨᠤᠷᠮ᠎ᠡ ᠤᠤᠯ ᠤᠨ 55% ᠪᠠᠶᠢᠭᠰᠠᠨ ᠎ ᠠᠴᠠ ᠪᠠᠨ 65%᠎ ᠳᠤ ᠬᠦᠷᠦᠭᠰᠡᠨ ᠪᠠᠶᠢᠨ᠎ᠠ᠃ ᠪᠡᠭᠡᠵᠢᠩ ᠲᠢᠶᠠᠨᠵᠢᠨ ᠤᠨ ᠡᠯᠡᠰᠦᠨ ᠰᠢᠭᠤᠷᠭᠠᠨ ᠤ ᠡᠬᠢ ᠶᠢ ᠵᠠᠰᠠᠬᠤ ᠵᠢᠴᠢ ᠠᠮᠢ ᠠᠬᠤᠢ ᠶᠢᠨ ᠪᠦᠲᠦᠭᠡᠨ ᠪᠠᠶᠢᠭᠤᠯᠣᠯᠳᠠ ᠶᠢᠨ ᠪᠦᠬᠦ ᠠᠶᠢᠮᠠᠭ ᠤᠨ ᠲᠣᠬᠠᠢ ᠶᠢᠨ ᠲᠠᠯᠠᠪᠠᠢ ᠶᠢᠨ ᠬᠤᠷᠠᠯ ᠢ ᠠᠮᠵᠢᠯᠳᠠ ᠲᠠᠢ ᠡᠷᠬᠢᠯᠡᠨ ᠬᠤᠷᠠᠯᠳᠣᠪᠠ᠃ ᠲᠡᠷᠡᠴᠢᠯᠡᠨ ᠡᠯ᠎ᠡ ᠲᠦᠷᠦᠯ ᠤᠨ ᠮᠠᠯ ᠲᠠᠷᠢᠶᠠᠯᠠᠩ ᠤᠨ ᠬᠠᠷᠠᠭᠠᠯᠵᠠᠯᠳᠣ ᠲᠦᠷᠦ ᠎ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠥ ︽ᠤᠶᠤᠳᠤ ᠺᠠᠷᠲ︾᠎ ᠢᠶᠠᠷ ᠲᠠᠮᠵᠢᠭᠤᠯᠣᠨ 4.7 ᠳ᠋ᠦᠩᠰᠢᠭᠤᠷ ᠲᠦᠭᠦᠷᠢᠭ ᠤᠨ ᠬᠠᠷᠠᠭᠠᠯᠵᠠᠯ ᠤᠨ ᠨᠦᠬᠦᠪᠦᠷᠢ ᠮᠦᠩᠬᠦ ᠶᠢ ᠲᠤᠷᠤᠭᠰᠢ ᠪᠠᠭᠤᠯᠭᠠᠪᠠ᠃ ᠤᠳᠤᠬᠠᠨ ᠳᠤ ᠡᠳᠡᠭᠡᠷ ᠲᠦᠰᠦᠯ ᠎ ᠤᠨ ᠬᠦᠷᠢᠶᠡᠨ ᠳᠤ ᠪᠠᠭᠳᠠᠭᠰᠠᠨ ᠭᠠᠵᠠᠷ ᠤᠷᠤᠨ ᠤ ᠮᠠᠯ ᠪᠤᠷᠤᠭᠤᠯᠤᠯᠳᠠ ᠶᠢᠨ ᠠᠵᠢᠯ ᠤᠷᠤᠭᠰᠢᠳᠠᠢ ᠶᠠᠪᠤᠭᠳᠠᠭᠰᠠᠭᠠᠷ ᠪᠠᠶᠢᠨ᠎ᠠ᠃ ᠮᠠᠯᠵᠢᠯ ᠤᠨ ᠤᠨ ᠤ ᠲᠤᠭᠠᠯᠠᠯᠭ᠎ᠠ ᠶᠢᠨ ᠳ᠋ᠦᠩ ᠲᠤ ᠨᠠᠶᠢᠳᠠ ᠮᠠᠯ ᠤᠨ ᠲᠤᠭ᠎ᠠ ᠲᠤᠯᠤᠭᠠᠢ 53 ᠲᠦᠮᠨ ᠪᠣᠯᠵᠣ ᠬᠢᠵᠠᠭᠠᠷᠯᠠᠭᠳᠠᠭᠰᠠᠨ ᠪᠦᠭᠡᠳ ᠮᠠᠯ ᠤᠨ ᠡᠬᠦᠯᠳᠡᠷ ᠰᠠᠶᠢᠵᠢᠷᠠᠭᠤᠯᠤᠭᠰᠠᠨ ᠨᠤᠷᠮ᠎ᠠ 98.7% ᠪᠠᠶᠢᠭᠰᠠᠨ ᠠᠴᠠ ᠪᠠᠨ 99.4%᠎ ᠳᠤ ᠬᠦᠷᠪᠡ᠃ ᠠᠮᠣ ᠪᠣᠳᠠᠭᠠᠨ ᠤ ᠶᠡᠷᠦᠩᠬᠡᠢ ᠣᠨᠠᠯᠳᠠ ᠬᠤᠷᠢᠶᠠᠯᠳᠠ ᠶᠢᠨ ᠬᠡᠮᠵᠢᠶ᠎ᠡ 0.28 ᠳ᠋ᠦᠩᠰᠢᠭᠤᠷ ᠺᠢᠯᠣᠭ᠍ᠷᠠᠮ ᠎ ᠳᠤ ᠬᠦᠷᠪᠡ᠃ ᠠᠵᠤ ᠦᠢᠯᠡᠰᠵᠢᠬᠦᠯᠦᠭᠰᠡᠨ ᠰᠠᠭᠤᠷᠢᠨ ᠭᠠᠵᠠᠷ 6᠎ ᠶᠢ ᠪᠠᠶᠢᠭᠤᠯᠤᠭᠰᠠᠨ ᠪᠠ ᠡᠯ᠎ᠡ ᠲᠦᠷᠦᠯ ᠤᠨ ᠠᠵᠣ ᠠᠬᠤᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠳᠠ 257᠎ ᠶᠢ ᠪᠠᠶᠢᠭᠤᠯᠪᠠ᠃ ᠱᠦᠨ ᠴᠧᠩ᠂ ᠶᠥᠩ ᠴᠢᠤᠸᠠᠨ ᠵᠡᠷᠭᠡ ᠮᠠᠯ ᠲᠠᠷᠢᠶᠠᠯᠠᠩ ᠤᠨ ᠪᠦᠳᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠠᠵᠣ ᠠᠬᠤᠶᠢᠯᠠᠯ ᠤᠳ ᠢ ᠬᠦᠴᠦᠯᠡᠨ ᠲᠡᠮᠵᠢᠭᠰᠡᠨ ᠎ ᠢᠶᠠᠷ ᠮᠠᠯ ᠲᠠᠷᠢᠶᠠᠯᠠᠩ ᠤᠨ ᠠᠵᠤ ᠦᠢᠯᠡᠰ ᠢ ᠵᠣᠬᠢᠶᠠᠨ ᠪᠠᠶᠢᠭᠤᠯᠤᠯᠳᠠ ᠲᠠᠢ ᠪᠣᠯᠭᠠᠨ ᠬᠡᠪᠴᠢᠶᠡᠵᠢᠬᠦᠯᠬᠦ ᠲᠠᠯ᠎ᠠ ᠪᠠᠷ ᠣᠯᠠᠮ ᠨᠢᠬᠡ ᠠᠯᠬᠤᠮ ᠠᠬᠢᠭᠤᠯᠤᠭᠰᠠᠨ ᠪᠠᠶᠢᠨ᠎ᠠ᠃ ᠮᠠᠯ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠲᠠᠯ᠎ᠠ ᠪᠠᠷ ᠲᠠᠰᠤᠷᠠᠯᠳᠠ ᠦᠭᠡᠢ ᠲᠡᠬᠦᠯᠳᠡᠷᠵᠢᠪᠠ᠃ ᠲᠠᠪᠣᠨ ᠵᠢᠯ ᠤᠨ ᠲᠣᠷᠰᠢ᠂ ᠨᠠᠶᠢᠳᠠ 15.5 ᠲᠦᠮᠡᠨ ᠮᠤ᠋ ᠨᠤᠳᠤᠭ ᠪᠡᠯᠴᠢᠬᠡᠷ ᠤᠨ ᠲᠣᠣᠷ ᠬᠦᠷᠢᠶ᠎ᠡ᠂ 291 ᠫᠧᠩ ᠰᠠᠷᠠᠪᠴᠢ᠂ 279 ᠬᠦᠯᠡᠮᠵᠢ ᠶᠢᠨ ᠲᠣᠯᠠᠭᠠᠨ ᠫᠧᠩ᠂ 2.3 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠠᠶᠢᠳᠠ ᠭᠡᠮᠵᠢᠶ᠎ᠡ ᠪᠦᠬᠦᠢ ᠨᠣᠭᠤᠭᠠᠨ ᠳᠠᠷᠣᠰᠢ ᠶᠢᠨ ᠵᠣᠭᠤᠷᠢ ᠶᠢ ᠲᠣᠰ ᠲᠣᠰ ᠰᠢᠨ᠎ᠡ ᠪᠠᠷ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠶᠣᠯᠬᠦᠢ ᠶᠢᠨ ᠢᠨᠵᠧᠨᠧᠷᠢᠩ ᠤᠨ ᠲᠦᠰᠤᠯ ᠢᠶᠠᠷ 69 ᠭᠠᠵᠠᠷ ᠎ ᠤᠨ ᠤᠰᠤ ᠬᠠᠩᠭᠠᠯᠭ᠎ᠠ ᠶᠢ ᠪᠡᠶᠡᠯᠡᠬᠦᠯᠦᠭᠰᠡᠨ ᠪᠠ ᠡᠬᠦᠨ ᠤ ᠲᠠᠭᠠᠤ ᠳᠤ ᠨᠠᠶᠢᠳᠠ 2.6 ᠲᠦᠮᠡᠨ ᠬᠦᠮᠦᠨ ᠠᠮᠠ ᠵᠢᠴᠢ 11.6 ᠲᠦᠮᠡᠨ ᠮᠠᠯ ᠤᠨᠤᠭᠠᠨ ᠤ ᠤᠰᠤ ᠤᠮᠳᠠᠨ ᠤ ᠠᠰᠠᠭᠤᠳᠠᠯ ᠢ ᠰᠢᠢᠳᠪᠦᠷᠢᠯᠡᠪᠡ᠃ ᠣᠰᠣᠨ ᠠᠰᠢᠭᠯᠠᠯᠳᠠ ᠶᠢᠨ ᠦᠨᠳᠤᠰᠤᠨ ᠪᠠᠶᠢᠭᠤᠯᠣᠯᠳᠠ ᠶᠢᠨ ᠠᠵᠢᠯ ᠲᠠᠰᠤᠷᠠᠯᠳᠠ ᠦᠭᠡᠢ ᠴᠢᠩᠭᠠᠷᠠᠪᠠ᠃ ᠲᠣᠮᠳᠠ ᠪᠠᠭ᠎ᠠ ᠭᠤᠣᠯ ᠣᠷᠣᠰᠬᠠᠯ ᠢ ᠵᠠᠰᠠᠬᠤ ᠢᠨᠵᠧᠨᠧᠷᠢᠩ ᠤᠨ ᠱᠠᠩᠳᠣ ᠶᠢᠨ ᠭᠤᠣᠯ ᠤᠨ ᠦᠶᠡᠷ ᠢ ᠰᠡᠷᠬᠡᠶᠢᠯᠡᠵᠣ ᠯᠠᠶᠢᠳᠠᠬᠤ ᠵᠡᠷᠭᠡ ᠭᠤᠣᠯ ᠤᠰᠤ ᠶᠢ ᠵᠠᠰᠠᠵᠥ ᠵᠠᠯᠠᠬᠤ ᠠᠵᠢᠯ ᠢ ᠡᠬᠢᠯᠡᠬᠦᠯᠦᠭᠰᠡᠨ ᠪᠦᠭᠡᠳ ᠪᠦᠬᠦ ᠬᠤᠰᠢᠭᠤᠨ ᠤ ᠦᠶᠡᠷ ᠤᠰᠠᠳᠤᠯ ᠠᠴᠠ ᠰᠡᠷᠬᠡᠶᠢᠯᠡᠬᠦ ᠤᠷᠢᠳᠴᠢᠯᠠᠭᠰᠠᠨ ᠰᠡᠷᠡᠮᠵᠢ ᠲᠤᠬᠢᠶᠠᠨ ᠤ ᠰᠢᠰᠲ᠋ᠧᠮ ᠢ ᠪᠠᠶᠢᠭᠤᠯᠪᠠ᠃ ᠨᠠᠶᠢᠳᠠ 593.9 ᠲᠦᠮᠡᠨ ᠮᠤ᠋ ᠬᠠᠮᠳᠤ ᠶᠢᠨ ᠠᠰᠢᠭᠳᠤ ᠤᠢ ᠰᠢᠭᠤᠢ ᠎ ᠳᠤ ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠡᠯᠳᠠ ᠶᠠᠪᠤᠭᠤᠯᠪᠠ᠃ ᠮᠠᠨ ᠤ ᠬᠤᠰᠢᠭᠤᠨ ᠤ ᠤᠢ ᠰᠢᠭᠤᠢ ᠶᠢᠨ ᠪᠦᠷᠬᠦᠴᠨ ᠶᠢᠨ ᠭᠡᠮᠵᠢᠶ᠎ᠡ 12.04% ᠪᠠᠶᠢᠭᠰᠠᠨ ᠠᠴᠠ ᠪᠠᠨ ᠤᠳᠤ 20.8%᠎ ᠳᠤ ᠬᠦᠷᠦᠭᠰᠡᠨ ᠪᠠᠶᠢᠨ᠎ᠠ᠃ ᠲᠠᠪᠤᠨ ᠵᠢᠯ ᠎ ᠤᠨ ᠬᠤᠭᠤᠴᠠᠭᠠᠨ ᠳᠤ ᠡᠳ᠋ ᠤᠨ ᠵᠠᠰᠠᠭ ᠠᠴᠠ ᠨᠡᠶᠢᠳᠡ 5300 ᠲᠦᠮᠡᠨ ᠲᠦᠭᠦᠷᠢᠭ ᠤᠨ ᠶᠠᠳᠠᠭᠤ ᠶᠢ ᠳᠡᠳᠬᠦᠬᠦ ᠪᠡᠯᠨ ᠮᠦᠩᠬᠦ ᠭᠠᠷᠭᠠᠨ 712 ᠡᠷᠦᠬᠡ ᠶᠢᠨ 2492 ᠬᠦᠮᠦᠨ ᠠᠮᠨ ᠶᠢ ᠨᠡᠬᠦᠯᠬᠡᠨ ᠰᠢᠯᠵᠢᠬᠦᠯᠦᠭᠰᠡᠨ ᠪᠦᠭᠡᠳ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠲᠦᠰᠦᠯ 30᠎ ᠶᠢ ᠭᠡᠷᠡᠭᠵᠢᠬᠦᠯᠦᠭᠰᠡᠨ ᠪᠠ ᠰᠢᠨ᠎ᠡ ᠬᠦᠳᠡᠭᠡ ᠲᠣᠰᠬᠤᠨ ᠤ ᠳᠣᠷᠰᠢᠯᠳᠠ ᠎ ᠶᠢᠨ ᠴᠡᠭ 15᠎ ᠶᠢ ᠪᠠᠶᠢᠭᠤᠯᠪᠠ᠃ ᠬᠦᠨᠳᠦ ᠶᠡᠭᠡ ᠬᠢᠵᠢᠭ ᠲᠠᠬᠤᠯ ᠢ ᠰᠡᠷᠬᠡᠶᠢᠯᠡᠬᠦ ᠲᠠᠯ᠎ᠠ ᠪᠠᠷ ᠬᠦᠴᠤᠨ ᠢᠶᠠᠨ ᠨᠠᠮᠡᠭᠳᠡᠬᠦᠯᠵᠥ ᠂ ᠮᠠᠯ ᠤᠨ ᠬᠢᠵᠢᠭ ᠢ ᠪᠠᠶᠢᠴᠠᠭᠠᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠰᠢᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠪᠦᠭᠡᠳ ᠬᠦᠮᠦᠨ ᠠᠷᠠᠳ ᠤᠨ ᠲᠤᠮᠳᠠ ᠲᠡᠯᠭᠡᠷᠴᠤ ᠪᠠᠶᠢᠭ᠎ᠠ ᠪᠷᠦ᠋ᠽᠢᠯ ᠡᠪᠡᠳᠴᠢᠨ ᠵᠡᠷᠭᠡ ᠡᠪᠡᠳᠴᠢᠨ ᠬᠢᠵᠢᠭ ᠤᠨ ᠪᠠᠶᠢᠳᠠᠯ ᠢ ᠪᠠᠳᠤᠳᠠᠢ ᠡᠵᠡᠮᠰᠢᠨ᠂ ᠮᠠᠯ ᠲᠠᠷᠢᠶᠠᠯᠠᠩ ᠤᠨ ᠦᠢᠯᠡᠰ ᠤᠨ ᠠᠶᠣᠯᠬᠦᠢ ᠦᠢᠯᠡᠳᠪᠦᠷᠢᠯᠡᠯ ᠪᠠ ᠦᠷᠬᠡᠨ ᠣᠯᠠᠨ ᠰᠠᠭᠤᠭᠠᠯᠢ ᠠᠷᠠᠳ ᠤᠨ ᠢᠳᠡᠭᠡᠨ ᠣᠮᠳᠠᠭᠠᠨ ᠤ ᠠᠶᠣᠯᠬᠦᠢ ᠶᠢ ᠦᠨᠡᠨᠬᠦ ᠪᠠᠳᠣᠯᠠᠪᠠ᠃        — — ᠲᠠᠪᠣᠨ ᠵᠢᠯ ᠤᠨ ᠲᠣᠷᠰᠢ᠂ ᠬᠤᠳᠠ ᠪᠠᠯᠭᠠᠰᠣᠨ ᠤ ᠲᠦᠷᠢ ᠲᠦᠷᠬᠦ ᠢᠯᠡᠳᠳᠠ ᠦᠭᠡᠷᠡᠴᠢᠯᠡᠭᠳᠡᠪᠡ᠃ ᠱᠠᠩᠳᠣ ᠪᠠᠯᠭᠠᠰᠣᠨ ᠤ ᠶᠡᠷᠦᠩᠬᠡᠶᠢᠯᠡᠭᠰᠡᠨ ᠲᠦᠯᠦᠪᠯᠡᠭᠡ ᠶᠢ ᠵᠠᠰᠠᠨ ᠨᠠᠶᠢᠷᠠᠭᠤᠯᠤᠭᠰᠠᠨ ᠪᠠ ᠡᠯ᠎ᠡ ᠰᠤᠮᠤ ᠪᠠᠯᠭᠠᠰᠤᠨ ᠤ ᠲᠦᠯᠦᠪᠵᠢᠬᠦᠯᠭᠡ ᠶᠢ ᠴᠤ ᠨᠠᠶᠢᠷᠠᠭᠤᠯᠤᠭᠰᠠᠨ ᠤ ᠬᠠᠮᠳᠤ ᠬᠤᠳᠠ ᠪᠠᠯᠭᠠᠰᠤᠨ ᠤ ᠲᠦᠯᠦᠪᠵᠢᠬᠦᠯᠭᠡ ᠪᠠᠶᠢᠷᠢᠯᠠᠭᠤᠯᠤᠯᠳᠠ ᠶᠢ ᠴᠢᠩᠭ᠎ᠠ ᠨᠠᠶᠢᠳᠠᠪᠣᠷᠢᠵᠢᠭᠤᠯᠵᠣ ︽ᠬᠠᠤᠯᠢ ᠪᠤᠰᠤ ᠪᠠᠷ ᠭᠠᠵᠠᠷ ᠰᠢᠷᠤᠢ ᠭᠡᠷᠡᠭᠯᠡᠬᠦ᠂ ᠲᠦᠷᠢᠮ ᠲᠤᠭᠳᠠᠭᠠᠯ ᠠᠴᠠ ᠵᠦᠷᠢᠴᠡᠨ ᠪᠠᠷᠢᠯᠭ᠎ᠠ ᠪᠠᠷᠢᠬᠤ︾ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠬᠤᠳᠠ ᠶᠢᠨ ᠪᠠᠶᠢᠭᠤᠯᠤᠯᠳᠠ ᠳᠤ 7.8 ᠳ᠋ᠦᠩᠰᠢᠭᠤᠷ ᠲᠦᠬᠦᠷᠢᠭ ᠤᠨ ᠬᠦᠷᠦᠩᠭᠡ ᠣᠷᠣᠭᠤᠯᠵᠣ᠂ ᠬᠤᠳᠠ ᠶᠢᠨ ᠲᠣᠭᠤᠷᠢᠭ ᠤᠨ ᠬᠠᠳᠠᠭᠤᠵᠢᠭᠤᠯᠣᠯᠳᠠ᠂ ᠴᠢᠮᠡᠭᠯᠡᠯᠳᠡ᠂ ᠨᠣᠭᠤᠭᠠᠷᠠᠭᠤᠯᠣᠯᠳᠠ᠂ ᠭᠡᠷᠡᠯᠳᠦᠬᠦᠯᠬᠡ ᠪᠠ ᠵᠡᠬᠡᠯᠢ ᠭᠤᠳᠣᠮᠵᠢ ᠶᠢ ᠵᠠᠰᠠᠨ ᠪᠠᠶᠢᠭᠤᠯᠬᠤ ᠢᠨᠵᠧᠨᠧᠷᠢᠩ ᠢ ᠬᠦᠴᠦᠯᠡᠨ ᠬᠡᠷᠡᠭᠵᠢᠬᠦᠯᠪᠡ᠃ ᠤᠳᠤ ᠪᠤᠯᠬᠤ ᠳᠤ ᠱᠠᠩᠳᠣ ᠪᠠᠯᠭᠠᠰᠣᠨ ᠤ ᠪᠠᠷᠢᠯᠭ᠎ᠠ ᠪᠠᠶᠢᠭᠤᠯᠤᠯᠳᠠ ᠶᠢᠨ ᠶᠡᠷᠦᠩᠬᠡᠢ ᠳᠠᠯᠠᠪᠠᠢ 13.7 ᠳᠡᠭᠰᠢ ᠲᠦᠷᠪᠡᠯᠵᠢᠨ ᠺᠢᠯᠣᠮᠧᠲᠷ ᠬᠦᠷᠴᠦ᠂ ᠬᠤᠳᠠᠵᠢᠭᠰᠠᠨ ᠨᠣᠷᠮ᠎ᠠ ︵ᠬᠦᠮᠥᠨ ᠠᠷᠠᠳ ᠤᠨ ᠬᠤᠳᠠ ᠳᠤ ᠲᠦᠪᠯᠡᠷᠡᠭᠰᠡᠨ ᠭᠡᠮᠵᠢᠶ᠎ᠡ︶ 52%᠎ ᠳᠤ ᠬᠦᠷᠪᠡ᠃ ᠰᠢᠳᠠᠭᠠᠯᠭ᠎ᠠ ᠬᠡᠢ ᠬᠠᠩᠭᠠᠬᠤ ᠲᠦᠰᠦᠯ᠂ ᠱᠠᠩᠳᠣ ᠪᠠᠯᠭᠠᠰᠣᠨ ᠤ ᠪᠠᠷᠠᠭᠤᠨᠳᠠᠬᠢ ᠲᠦᠭᠡᠭᠡᠯ ᠣᠰᠣᠨ ᠤ ᠦᠢᠯᠡᠳᠪᠦᠷᠢ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ᠂ ᠬᠤᠭ ᠤᠨ ᠪᠤᠯᠠᠰᠢᠨ ᠤ ᠭᠠᠵᠠᠷ᠂ ᠰᠢᠷ᠎ᠠ ᠲᠠᠯ᠎ᠠ ᠶᠢᠨ ᠵᠦᠯᠭᠡᠳᠤ ᠴᠡᠴᠡᠷᠯᠢᠭ᠂ ᠢᠯᠴᠢᠨ ᠬᠦᠴᠤᠨ ᠤ ᠰᠢᠨ᠎ᠡ ᠦᠢᠯᠡᠳᠪᠦᠷᠢ ᠶᠢ ᠦᠷᠭᠡᠳᠬᠡᠨ ᠪᠠᠶᠢᠭᠤᠯᠬᠤ ᠵᠡᠷᠭᠡ ᠪᠠᠷᠢᠯᠭ᠎ᠠ ᠪᠠᠶᠢᠭᠤᠯᠤᠯᠳᠠ ᠶᠢ ᠲᠠᠭᠤᠰᠬᠠᠪᠠ᠃ ᠠᠮᠢ ᠠᠬᠤᠢ ᠶᠢᠨ ᠬᠦᠷᠢᠶᠡᠯᠡᠩ᠂ ᠮᠣᠷᠢᠨ ᠬᠤᠭᠤᠷ ᠠᠭᠤᠳᠠᠮ ᠲᠠᠯᠠᠪᠠᠢ ᠵᠡᠷᠭᠡ ᠰᠤᠶᠤᠯ ᠵᠤᠭᠠᠴᠠᠯ ᠤᠨ ᠲᠠᠯᠠᠪᠠᠢ ᠶᠢ ᠠᠰᠢᠭᠯᠠᠯᠳᠠ ᠳᠤ ᠤᠷᠤᠭᠤᠯᠪᠠ᠃ ᠲᠡᠷᠡᠴᠢᠯᠡᠨ ᠪᠠᠶᠢᠷᠢᠯᠠᠭᠤᠯᠤᠯᠳᠠ ᠲᠦᠯᠦᠪᠯᠡᠯᠭᠡ ᠨᠢ ᠲᠣᠬᠢᠷᠠᠮᠵᠢᠳᠠᠢ᠂ ᠦᠢᠯᠡᠴᠢᠯᠡᠭᠡ ᠴᠢᠳᠠᠪᠬᠢ ᠨᠢ ᠪᠦᠷᠢᠨᠰᠢᠭᠰᠡᠨ ᠲᠤᠮᠤᠬᠠᠨ ᠭᠡᠮᠵᠢᠶᠡᠨ ᠎ ᠤ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠤᠭᠰᠠᠨ ᠪᠠᠶᠢᠨ᠎ᠠ᠃ ᠰᠧ ᠯᠠᠩ ᠴᠧᠩ ᠵᠠᠮ᠂ ᠨᠠᠶᠢᠷ ᠤᠨ ᠰᠢᠷᠡᠭᠡ ᠵᠡᠬᠡᠯᠢ ᠂ ᠬᠤᠪᠢᠯᠠᠢ ᠲᠠᠯᠠᠪᠠᠢ ᠶᠢᠨ ᠡᠮᠦᠨ᠎ᠡ ᠵᠡᠬᠡᠯᠢ᠂ ᠲᠦᠷᠪᠡᠳᠦᠭᠡᠷ ᠵᠡᠭᠡᠯᠢ ᠵᠡᠷᠭᠡ ᠭᠤᠣᠯ ᠴᠢᠬᠤᠯᠨ ᠵᠠᠮ ᠵᠡᠭᠡᠯᠢ ᠶᠢᠨ ᠴᠠᠬᠢᠯᠭᠠᠨ ᠤ ᠪᠤᠯᠤᠨ ᠮᠡᠳᠡᠭᠡ ᠬᠤᠯᠪᠤᠭᠠᠨ ᠤ ᠲᠠᠮᠵᠢᠭᠤᠯᠭ᠎ᠠ ᠤᠳᠠᠰᠤ ᠶᠢ ᠭᠠᠵᠠᠷ ᠲᠤᠤᠭᠤᠷ ᠶᠠᠪᠤᠭᠤᠯᠬᠤ ᠦᠬᠡᠷᠡᠴᠢᠯᠡᠯᠳᠡ ᠶᠢᠨ ᠠᠵᠢᠯ ᠢ ᠬᠢᠵᠥ ᠳᠠᠭᠤᠰᠬᠠᠪᠠ᠃ ᠰᠠᠩ ᠤᠨ ᠳᠠᠯᠠᠢ᠂ ᠬᠠᠪᠢᠷᠭ᠎ᠠ᠂ 5.1 ᠮᠠᠯᠵᠢᠯ ᠤᠨ ᠲᠠᠯᠠᠪᠠᠢ ᠵᠡᠷᠭᠡ ᠵᠢᠵᠢᠭ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠴᠢᠬᠤᠯᠠᠴᠢᠯᠠᠭᠰᠠᠨ ᠢᠶᠠᠷ ᠰᠠᠩ ᠤᠨ ᠲᠠᠯᠠᠢ ᠪᠠᠯᠭᠠᠰᠤᠨ ᠤ ᠤᠰᠤ ᠬᠠᠩᠭᠠᠯᠭ᠎ᠠ᠂ ᠲᠤᠯᠠᠭᠠᠨ ᠬᠠᠩᠭᠠᠯᠭ᠎ᠠ ᠵᠡᠷᠭᠡ ᠪᠠᠷᠢᠯᠭ᠎ᠠ ᠪᠠᠶᠢᠭᠤᠯᠤᠯᠳᠠ ᠶᠢᠨ ᠠᠵᠢᠯ ᠢ ᠳᠠᠭᠤᠰᠬᠠᠨ᠂ ᠨᠡᠶᠢᠭᠡᠮ ᠤᠨ ᠨᠡᠶᠢᠳᠠ ᠶᠢᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠪᠡ᠃ ᠬᠤᠳᠠ ᠪᠠᠯᠭᠠᠰᠣᠨ ᠤ ᠣᠷᠴᠢᠨ ᠲᠣᠭᠤᠷᠢᠨ ᠤ ᠠᠷᠢᠭᠤᠨ ᠴᠡᠪᠡᠷ᠂ ᠨᠡᠶᠢᠬᠡᠮ ᠲᠣᠭᠤᠷᠢᠭ ᠤᠨ ᠬᠠᠮᠢᠶᠠᠷᠣᠯᠳᠠ ᠵᠡᠷᠭᠡ ᠡᠯ᠎ᠡ ᠠᠵᠢᠯ ᠲᠦᠷᠦᠯ ᠳᠣᠪᠣᠶᠢᠮ᠎ᠠ ᠦᠷ᠎ᠡ ᠪᠦᠳᠦᠮᠵᠢ ᠣᠯᠪᠠ᠃ ᠲᠦᠷᠢᠶᠡᠰᠦᠨ ᠮᠠᠰᠢᠨ ᠤ ᠵᠦᠭᠡᠭᠡᠪᠦᠷᠢ ᠶᠢᠨ ᠲᠠᠯ᠎ᠠ ᠪᠠᠷ ᠬᠢ ᠦᠬᠡᠷᠡᠴᠢᠯᠡᠯᠳᠡ ᠶᠢ ᠴᠢᠩᠭ᠎ᠠ ᠶᠠᠪᠤᠭᠳᠠᠭᠤᠯᠵᠥ ᠲᠦᠷᠢᠶᠡᠰᠦᠨ ᠮᠠᠰᠢᠨ ᠤ ᠶᠡᠷᠦᠩᠬᠡᠢ ᠲᠤᠭ᠎ᠠ ᠨᠢᠭᠡᠨᠳᠠ 269᠎ ᠳᠤ ᠬᠦᠷᠴᠦ᠂ ︽ᠬᠠᠷ᠎ᠠ ᠳᠡᠷᠬᠡ︾᠎ ᠪᠠᠷ ᠠᠶᠠᠨᠴᠢᠨ ᠵᠦᠭᠡᠭᠡᠪᠦᠷᠢᠯᠡᠵᠦ ᠪᠠᠶᠢᠭ᠎ᠠ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦᠭᠰᠡᠨ ᠪᠠᠶᠢᠨ᠎ᠠ᠃ ᠰᠣᠮᠣ ᠪᠠᠯᠭᠠᠰᠣᠨ ᠎ ᠳᠤ ᠨᠠᠶᠢᠳᠠ 273.4 ᠺᠢᠯᠤᠮᠧᠲᠷ ᠵᠠᠰᠠᠮᠠᠯ ᠵᠠᠮ ᠲᠡᠪᠢᠰᠴᠤ 100%᠎ ᠪᠠᠷ ᠠᠶᠠᠨᠴᠢᠨ ᠤ ᠮᠠᠰᠢᠨ ᠨᠡᠪᠳᠡᠷᠡᠭᠰᠡᠨ ᠪᠠ ᠭᠠᠴᠠᠭ᠎ᠠ ᠲᠣᠰᠬᠤᠨ ᠳᠤ ᠨᠠᠶᠢᠳᠠ 647.6 ᠺᠢᠯᠣᠮᠧᠲᠷ ᠤᠨ ᠵᠠᠮ ᠲᠡᠪᠢᠰᠴᠤ ᠮᠠᠰᠢᠨ ᠨᠡᠪᠳᠡᠷᠡᠭᠰᠡᠨ ᠨᠣᠷᠮ᠎ᠠ 95%᠎ ᠳᠤ ᠬᠦᠷᠪᠡ᠃ ᠣᠯᠣᠰ ᠤᠨ ᠵᠠᠮ 207 ᠱᠣᠭᠤᠮ ᠤᠨ ᠰᠠᠩ ᠤᠨ ᠲᠠᠯᠠᠢ ᠠᠴᠠ ᠪᠣᠣᠴᠠᠩ ᠬᠦᠷᠬᠦ ᠬᠡᠰᠡᠭ ᠪᠠ ᠰᠢᠯᠢᠩᠬᠤᠳᠠ ᠎ ᠠᠴᠠ ᠰᠠᠩ ᠤᠨ ᠲᠠᠯᠠᠢ ᠬᠦᠷᠬᠦ ᠬᠡᠰᠡᠭ ᠤᠨ ᠲᠦᠷᠭᠡᠨ ᠵᠠᠮ ᠤᠨ ᠲᠦᠰᠦᠯ᠂ ᠰᠢᠯᠢᠨ ᠭᠤᠣᠯ ᠠᠶᠢᠮᠠᠭ ᠠᠴᠠ ᠪᠡᠭᠡᠵᠢᠩ ᠣᠷᠣᠬᠤ ᠵᠠᠮ ᠤᠨ ᠰᠠᠩ ᠤᠨ ᠲᠠᠯᠠᠢ ᠠᠴᠠ ᠱᠠᠩᠳᠣ ᠬᠦᠷᠬᠦ ᠬᠡᠰᠡᠭ ᠪᠠ ᠱᠠᠩᠳᠣ ᠪᠠᠯᠭᠠᠰᠤᠨ ᠠᠴᠠ 15 ᠳ᠋ᠤᠭᠠᠷ ᠦᠷᠳᠡᠭᠡ ᠬᠦᠷᠬᠦ ᠵᠠᠰᠠᠮᠠᠯ ᠵᠠᠮ ᠤᠨ ᠲᠦᠰᠦᠯ ᠵᠢᠴᠢ ᠰᠢᠯᠢᠩᠬᠤᠳᠠ ᠠᠴᠠ ᠳᠣᠯᠣᠨᠨᠠᠭᠤᠷ ᠬᠦᠷᠬᠦ ᠲᠡᠮᠤᠷ ᠵᠠᠮ᠂ ᠵᠢᠨᠢᠩ ᠠᠴᠠ ᠲᠦᠩᠯᠢᠶᠤᠤ ᠬᠦᠷᠬᠦ ᠲᠡᠮᠤᠷ ᠵᠠᠮ ᠤᠨ ᠲᠠᠭᠠᠯᠳᠠ ᠱᠤᠭᠤᠮ ᠵᠡᠷᠭᠡ ᠣᠯᠣᠰ ᠤᠨ ᠪᠤᠯᠤᠨ ᠦᠪᠡᠷᠳᠡᠭᠡᠨ ᠵᠠᠰᠠᠬᠤ ᠣᠷᠣᠨ ᠤ ᠨᠢᠬᠡ ᠪᠦᠯᠦᠭ ᠭᠤᠣᠯᠳᠠᠯᠭᠠᠳᠣ ᠲᠦᠰᠦᠯ ᠤᠨ ᠪᠦᠳᠦᠭᠡᠨ ᠪᠠᠶᠢᠭᠤᠯᠣᠯᠳᠠ ᠶᠢ ᠡᠬᠢᠯᠡᠬᠦᠯᠵᠠᠢ᠃ ᠱᠠᠩᠳᠣ ᠨᠢᠰᠬᠡᠯ ᠤᠨ ᠪᠠᠭᠤᠳᠠᠯ ᠤᠨ ᠪᠠᠶᠢᠷᠢᠯᠠᠯ ᠢ ᠰᠣᠩᠭᠤᠬᠤ ᠠᠵᠢᠯ ᠪᠤᠳᠠᠳᠠᠢ ᠠᠬᠢᠯᠳᠠ ᠲᠠᠢ ᠪᠤᠯᠪᠠ᠃ ᠨᠠᠷᠠᠳᠤ ᠪᠤᠯᠤᠨ 5.1 ᠮᠠᠯᠵᠢᠯ ᠤᠨ ᠲᠠᠯᠠᠪᠠᠢ ᠳᠤ 35 ᠺᠢᠯᠣᠸᠠᠲ ᠤᠨ ᠬᠦᠴᠦᠳᠡᠯ ᠦᠬᠡᠷᠡᠴᠢᠯᠡᠬᠦ ᠦᠷᠳᠡᠭᠡ᠂ ᠰᠠᠩ ᠤᠨ ᠲᠠᠯᠠᠢ ᠳᠤ 110 ᠺᠢᠯᠣᠸᠠᠲ ᠤᠨ ᠬᠦᠴᠦᠳᠡᠯ ᠦᠭᠡᠷᠡᠴᠢᠯᠡᠬᠦ ᠦᠷᠳᠡᠭᠡ ᠶᠢ ᠲᠤᠰ ᠲᠤᠰ ᠰᠢᠨ᠎ᠡ ᠪᠠᠷ ᠪᠠᠶᠢᠭᠤᠯᠤᠭᠰᠠᠨ ᠪᠦᠭᠡᠳ ᠬᠠᠪᠢᠷᠭ᠎ᠠ ᠶᠢᠨ 35 ᠺᠢᠯᠣᠸᠠᠲ ᠤᠨ ᠬᠦᠴᠦᠳᠡᠯ ᠦᠬᠡᠷᠡᠴᠢᠯᠡᠬᠦ ᠦᠷᠳᠡᠭᠡ ᠶᠢ ᠦᠭᠡᠷᠡᠴᠢᠯᠡᠨ ᠪᠠᠶᠢᠭᠤᠯᠪᠠ᠃ ᠪᠦᠬᠦ ᠬᠤᠰᠢᠭᠤᠨ ᠤ ᠭᠠᠴᠠᠭ᠎ᠠ ᠲᠤᠰᠬᠤᠨ ᠪᠠ ᠮᠠᠯᠵᠢᠬᠤ ᠲᠠᠷᠢᠶᠠᠯᠠᠬᠤ ᠡᠷᠦᠬᠡ ᠳᠤ ᠴᠠᠬᠢᠯᠭᠠᠨ ᠨᠡᠪᠳᠡᠷᠡᠭᠰᠡᠨ ᠨᠤᠷᠮ᠎ᠠ ᠲᠣᠰ ᠲᠣᠰ 100% ᠪᠠ 75% ᠎ ᠳᠤ ᠬᠦᠷᠪᠠ᠃        — — ᠲᠠᠪᠣᠨ ᠵᠢᠯ ᠤᠨ ᠲᠣᠷᠰᠢ᠂ ᠦᠢᠯᠡᠴᠢᠯᠡᠬᠡᠨ ᠤ ᠦᠢᠯᠡᠰ ᠲᠦᠷᠭᠡᠨ ᠬᠦᠭᠵᠢᠪᠡ᠃ ᠱᠠᠩᠳᠣ ᠨᠠᠭᠤᠷ᠂ ᠳ᠋ᠠ ᠵᠦᠩ ᠬᠤᠸ᠋ᠨ᠂ ᠪᠣᠷᠣᠬᠤᠳᠠ ᠶᠢᠨ ︽ᠶᠢᠨ ᠺᠠᠩ︾ ᠵᠡᠷᠭᠡ ᠵᠢᠭᠤᠯᠴᠢᠯᠠᠯ ᠤᠨ ᠭᠠᠵᠠᠷ ᠢ ᠡᠬᠢᠯᠡᠨ ᠪᠠᠶᠢᠭᠤᠯᠤᠭᠰᠠᠨ ᠪᠦᠬᠡᠳ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠠᠯᠳᠠᠩᠬᠤᠸ᠎ᠠ ᠶᠢᠨ ᠲᠠᠯ᠎ᠠ᠂ ᠦᠬᠡᠷᠴᠢᠨ ᠣᠪᠣᠭ᠎ᠠ᠂ ᠪᠠᠭ᠎ᠠ ᠵᠢᠭᠠᠰᠣᠳᠠᠢ ᠨᠠᠭᠤᠷ᠂ ᠬᠡᠶᠢᠪᠡᠩ ᠭᠤᠣᠯ᠂ ᠭᠤᠭᠤᠰᠣᠳᠠᠢ ᠶᠢᠨ ᠭᠤᠣᠯ ᠵᠡᠷᠭᠡ ᠨᠢᠬᠡ ᠪᠦᠯᠦᠭ ᠲᠠᠯ᠎ᠠ ᠨᠣᠳᠤᠭ ᠤᠨ ᠵᠢᠭᠤᠯᠴᠢᠯᠠᠯ ᠤᠨ ᠦᠵᠡᠮᠵᠢᠳᠤ ᠴᠡᠭ ᠢ ᠨᠡᠭᠡᠭᠡᠨ ᠬᠦᠭᠵᠢᠬᠦᠯᠪᠡ᠃ ᠮᠠᠨ ᠤ ᠬᠤᠰᠢᠭᠤᠨ ᠳᠤ A ᠲᠡᠰ ᠤᠨ ᠵᠢᠭᠤᠯᠴᠢᠯᠠᠯ ᠤᠨ ᠭᠠᠵᠠᠷ ᠤᠳᠤ ᠎ ᠪᠠᠷ 2 ᠪᠠᠶᠢᠨ᠎ᠠ᠃ ᠡᠬᠦᠨ ᠤ ᠣᠯᠠᠮ ᠢᠶᠠᠷ ᠵᠢᠭᠤᠯᠴᠢᠯᠠᠯ ᠳᠤ ᠵᠣᠷᠢᠭᠤᠯᠣᠭᠳᠠᠭᠰᠠᠨ ᠢᠳᠡᠭᠡᠨ ᠣᠮᠳᠠᠭᠠᠨ᠂ ᠬᠤᠨᠤᠭ ᠪᠠᠭᠤᠴᠠ᠂ ᠵᠤᠭ᠎ᠠ ᠴᠡᠩᠭᠦᠨ᠂ ᠰᠡᠯᠡᠬᠦᠴᠡᠯ ᠤᠨ ᠠᠵᠢᠯ ᠲᠦᠷᠦᠯ ᠪᠦᠬᠦ ᠲᠠᠯ᠎ᠠ ᠪᠠᠷ ᠬᠦᠭᠵᠢᠵᠣ ᠴᠢᠳᠠᠪᠠ᠃ ︽ᠮᠠᠯᠴᠢᠨ ᠡᠷᠤᠭᠡ︾ ᠵᠢᠭᠤᠯᠴᠢᠯᠠᠯ ᠤᠨ ᠴᠡᠭ 56᠎ ᠳᠤ ᠬᠦᠷᠦᠭᠰᠡᠨ ᠪᠠ ᠦᠨᠳᠦᠰᠦᠳᠡᠨ ᠤ ᠭᠠᠷ ᠣᠷᠠᠯᠠᠯ ᠤᠨ ᠳᠡᠯᠭᠡᠭᠦᠷ ᠤᠨ ᠲᠤᠭ᠎ᠠ 34 ᠪᠤᠯᠪᠠ᠃ ᠲᠠᠪᠣᠨ ᠵᠢᠯ ᠳᠤ ᠮᠠᠨ ᠤ ᠬᠤᠰᠢᠭᠤᠨ ᠳᠤ ᠢᠷᠡᠭᠰᠡᠨ ᠵᠢᠭᠤᠯᠴᠢᠳ ᠤᠨ ᠨᠠᠶᠢᠳᠠ ᠲᠤᠭ᠎ᠠ 160.6 ᠲᠦᠮᠡᠨ ᠬᠦᠮᠦᠨ ᠣᠳᠠᠭ᠎ᠠ ᠶᠢ ᠲᠠᠪᠠᠵᠥ 7.29 ᠳ᠋ᠦᠩᠰᠢᠭᠤᠷ ᠲᠦᠭᠦᠷᠢᠭ ᠤᠨ ᠬᠠᠮᠢᠶ᠎ᠠ ᠪᠦᠬᠦᠢ ᠣᠷᠣᠯᠭ᠎ᠠ ᠶᠢ ᠡᠬᠦᠳᠴᠠᠢ᠃ ︽ᠯᠢ ᠲᠥᠩ︾᠂ ︽ᠱᠦᠨ ᠹᠧᠩ︾ ᠵᠡᠷᠭᠡ ᠪᠠᠷᠠᠭᠠᠨ ᠤ ᠵᠦᠬᠡᠬᠡᠪᠦᠷᠢ ᠶᠢᠨ ᠠᠵᠣ ᠠᠬᠤᠶᠢᠯᠠᠯ ᠢ ᠳᠠᠳᠠᠨ ᠤᠷᠤᠭᠤᠯᠤᠭᠰᠠᠨ ᠪᠠ ᠱᠠᠩᠳᠣ ᠪᠠᠭᠤᠳᠠᠯ᠂ ᠬᠤᠸᠠᠩ ᠴᠣᠣ ᠪᠠᠭᠤᠳᠠᠯ᠂ ᠨᠠᠷᠠᠨ ᠭᠡᠷᠡᠯ ᠬᠡᠳᠦ ᠳᠡᠯᠭᠡᠭᠦᠷ ᠵᠡᠷᠭᠡ ᠵᠣᠴᠢᠳ ᠪᠠᠭᠤᠳᠠᠯ᠂ ᠬᠤᠭᠤᠯᠠᠨ ᠬᠡᠷ᠂ ᠬᠤᠯᠪᠣᠭᠠᠳᠣ ᠳᠡᠯᠬᠡᠬᠦᠷ ᠶᠢ ᠰᠢᠨ᠎ᠡ ᠪᠠᠷ ᠪᠣᠶᠣ ᠵᠠᠰᠠᠨ ᠪᠠᠶᠢᠭᠤᠯᠪᠠ᠃ ︽ᠲᠥᠮᠡᠨ ᠲᠣᠰᠬᠤᠨ ᠮᠢᠩᠭᠠᠨ ᠭᠠᠴᠠᠭᠠᠨ ᠤ ᠵᠠᠬ᠎ᠠ ᠳᠡᠯᠭᠡᠭᠦᠷ ᠤᠨ ᠢᠨᠵᠧᠨᠧᠷᠢᠩ︾ ᠪᠤᠯᠤᠨ ︽ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ︾ ᠢᠨᠵᠧᠨᠧᠷᠢᠩ ᠎ ᠢ ᠢᠳᠡᠪᠬᠢᠳᠠᠢ ᠠᠬᠢᠭᠤᠯᠵᠥ᠂ ᠨᠠᠶᠢᠳᠠ 602 ᠲᠦᠮᠡᠨ ᠲᠦᠭᠦᠷᠢᠭ ᠤᠨ ᠬᠠᠷᠠᠭᠠᠯᠵᠠᠭᠰᠠᠨ ᠨᠦᠬᠦᠪᠤᠷᠢ ᠶᠢ ᠠᠷᠠᠳ ᠲᠤ ᠤᠯᠭᠤᠪᠠ᠃ ᠤᠳᠤ ᠪᠠᠶᠢᠭᠤᠯᠤᠭᠳᠠᠭᠠᠳ ᠪᠠᠶᠢᠭ᠎ᠠ ᠠᠴᠢᠶ᠎ᠠ ᠵᠦᠭᠡᠭᠡᠪᠦᠷᠢ ᠲᠤᠬᠢᠷᠠᠭᠤᠯᠬᠤ ᠭᠠᠵᠠᠷ 2᠂ ︽ᠬᠦᠳᠡᠭᠡ ᠲᠣᠰᠬᠤᠨ ᠤ ᠳᠡᠯᠭᠡᠭᠦᠷ︾ 106 ᠪᠠᠶᠢᠵᠣ᠂ ︽ᠮᠧᠩ ᠯᠦᠩ︾ ᠮᠠᠯ ᠲᠠᠷᠢᠶᠠᠯᠠᠩ ᠤᠨ ᠪᠦᠳᠦᠭᠡᠭᠳᠡᠬᠦᠨ ᠪᠤᠷᠤᠯᠠᠭᠤᠯᠬᠤ ᠵᠠᠬ᠎ᠠ ᠲᠡᠯᠭᠡᠬᠦᠷ ᠲᠦᠷᠭᠡᠨ ᠬᠦᠭᠵᠢᠯᠳᠠ ᠲᠠᠢ ᠪᠤᠯᠤᠭᠰᠠᠨ ᠮᠦᠷᠳᠡᠭᠡᠨ ᠬᠤᠳᠠ ᠪᠠᠯᠭᠠᠰᠤᠨ ᠤ ᠵᠠᠬ᠎ᠠ ᠲᠡᠯᠭᠡᠬᠦᠷ ᠤᠨ ᠰᠦᠯᠵᠢᠶ᠎ᠡ ᠤᠯᠠᠮ ᠢᠶᠠᠷ ᠲᠡᠬᠦᠯᠳᠡᠷᠵᠢᠭᠰᠡᠭᠡᠷ ᠪᠠᠶᠢᠨ᠎ᠠ᠃ ᠠᠷᠠᠳ ᠠᠴᠠ ᠡᠷᠬᠢᠯᠡᠭᠰᠡᠨ ᠠᠵᠣ ᠠᠬᠤᠢ ᠦᠷᠬᠦᠯᠵᠢᠯᠡᠨ ᠬᠦᠭᠵᠢᠵᠣ ᠲᠠᠪᠣᠨ ᠵᠢᠯ ᠳᠤ ᠨᠠᠶᠢᠳᠠ 2691 ᠡᠷᠦᠬᠡ ᠨᠡᠮᠡᠭᠳᠡᠪᠡ᠃ ᠠᠮᠣ ᠪᠣᠳᠠᠭᠠᠨ ᠤ ᠨᠦᠬᠡᠴᠡᠯᠡᠨ ᠬᠠᠳᠠᠭᠠᠯᠠᠬᠤ ᠪᠠ ᠬᠦᠢᠯᠭᠡᠭᠡ ᠵᠦᠭᠡᠭᠡᠪᠦᠷᠢ ᠶᠢᠨ ᠬᠦᠴᠤᠨ ᠮᠡᠳᠡᠭᠳᠡᠮ᠎ᠡ ᠴᠢᠩᠭᠠᠷᠠᠪᠠ᠃ ᠰᠣᠮᠣ ᠪᠠᠯᠭᠠᠰᠤ ᠪᠤᠯᠭᠠᠨ ᠳᠤ ᠠᠷᠠᠳ ᠲᠤ ᠦᠢᠯᠡᠴᠢᠯᠡᠭᠡ ᠬᠠᠩᠭᠠᠬᠤ ᠲᠢᠩᠬᠢᠮ ᠪᠠᠶᠢᠭᠤᠯᠤᠭᠳᠠᠭᠰᠠᠨ ᠪᠠ 128 ᠭᠠᠴᠠᠭ᠎ᠠ ᠲᠣᠰᠬᠤᠨ ᠳᠤ ᠣᠷᠣᠯᠠᠨ ᠬᠦᠢᠴᠡᠳᠬᠡᠬᠦ ᠴᠡᠭ ᠪᠠᠶᠢᠭᠤᠯᠤᠭᠳᠠᠪᠠ᠃ 2012 ᠣᠨ ᠤ ᠵᠢᠯ ᠤᠨ ᠰᠡᠬᠦᠯᠴᠢ ᠶᠢᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠤᠯᠤᠨ ᠵᠢᠬᠡᠯᠡᠯᠬᠡ ᠶᠢᠨ ᠦᠯᠡᠳᠡᠪᠦᠷᠢ ᠲᠤᠭ᠎ᠠ ᠲᠣᠰ ᠲᠣᠰ 48.4 ᠳ᠋ᠦᠩᠰᠢᠭᠤᠷ ᠲᠦᠭᠦᠷᠢᠭ ᠪᠠ 56.4 ᠳ᠋ᠦᠩᠰᠢᠭᠤᠷ ᠲᠦᠭᠦᠷᠢᠭ ᠲᠤ ᠬᠦᠷᠴᠠᠢ᠃        — — ᠲᠠᠪᠣᠨ ᠵᠢᠯ ᠤᠨ ᠲᠣᠷᠰᠢ᠂ ᠳᠡᠯᠡᠬᠡᠢ ᠶᠢᠨ ᠰᠣᠶᠣᠯ ᠤᠨ ᠦᠪ ᠳᠤ ᠡᠷᠡᠮᠡᠯᠵᠡᠯᠡᠬᠦ ᠠᠵᠢᠯ ᠲᠦᠭᠦᠷᠡᠩ ᠠᠮᠵᠢᠯᠳᠠ ᠣᠯᠪᠠ᠃ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠨᠢ ᠳᠡᠯᠡᠬᠡᠢ ᠶᠢᠨ ᠰᠣᠶᠣᠯ ᠤᠨ ᠦᠪ ᠲᠤ ᠡᠷᠡᠮᠡᠯᠵᠡᠯᠡᠬᠦ ᠪᠡᠯᠡᠳᠬᠡᠯ ᠨᠡᠷᠡᠰ ᠲᠤ ᠨᠡᠷ᠎ᠡ ᠲᠡᠪᠰᠢᠭᠰᠡᠨ ᠠᠴᠠ ᠨᠠᠰᠢ ᠳᠡᠭᠡᠳᠦ ᠱᠠᠳᠣᠨ ᠤ ᠨᠠᠮ ᠵᠠᠰᠠᠭ ᠤᠨ ᠵᠦᠪ ᠣᠨᠣᠪᠴᠢᠳᠠᠢ ᠣᠳᠣᠷᠢᠳᠣᠯᠭ᠎ᠠ ᠲᠣᠣᠷ᠎ᠠ᠂ ᠲᠦᠷᠦᠬᠦᠤ ᠲᠦᠷᠦᠬᠦᠴᠢ ᠶᠢᠨ ᠤᠳᠤᠷᠢᠳᠬᠤ ᠪᠠᠭ ᠤᠨ ᠬᠢᠨ ᠡᠨᠡᠬᠦ ᠬᠦᠨᠳᠤ ᠠᠵᠢᠯ ᠢ ᠵᠠᠯᠭᠠᠮᠵᠢᠯᠠᠨ ᠡᠬᠦᠷᠭᠡᠯᠡᠵᠥ᠂ ᠬᠤᠰᠢᠭᠤᠨ ᠤ ᠲᠦᠭ ᠲᠦᠮᠡᠨ ᠠᠷᠠᠳ ᠤᠯᠠᠨ ᠢ ᠪᠦᠯᠬᠦᠮᠳᠡᠬᠦᠯᠦᠨ ᠳᠠᠶᠢᠴᠢᠯᠠᠵᠣ 16 ᠵᠢᠯ ᠰᠢᠷᠭᠠᠭᠠᠤ ᠲᠡᠮᠡᠴᠡᠭᠰᠡᠨ ᠤ ᠳ᠋ᠦᠩ ᠲᠤ ᠡᠴᠤᠰ ᠤᠨ ᠢᠯᠠᠯᠳᠠ ᠶᠢ ᠤᠭᠳᠤᠨ ᠠᠪᠴᠢᠷᠠᠭᠰᠠᠨ ᠪᠢᠯᠨ᠃ ᠡᠨᠡᠬᠦ ᠶᠠᠪᠤᠳᠠᠯ ᠨᠢ ᠦᠪᠦᠷ ᠮᠣᠩᠭᠤᠯ ᠳᠤ ᠲᠡᠯᠡᠬᠡᠢ ᠶᠢᠨ ᠰᠣᠶᠣᠯ ᠤᠨ ᠦᠪ ᠦᠭᠡᠢ ᠪᠠᠶᠢᠭᠰᠠᠨ ᠲᠡᠦᠭᠡ ᠶᠢ ᠡᠴᠦᠰᠯᠡᠬᠦᠯᠦᠭᠰᠡᠨ ᠮᠦᠷᠳᠡᠭᠡᠨ ᠲᠡᠯᠡᠬᠡᠢ ᠶᠢᠨ ᠰᠣᠶᠣᠯ ᠤᠨ ᠦᠪ ᠦᠯᠡᠳᠡᠭᠳᠡᠯ ᠪᠤᠯᠤᠭᠰᠠᠨ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠨᠡᠩ ᠰᠠᠶᠢᠨ ᠬᠠᠮᠢᠶᠠᠷᠤᠨ ᠬᠠᠮᠠᠭᠠᠯᠠᠬᠤ ᠵᠢᠴᠢ ᠠᠰᠢᠭᠯᠠᠬᠤ ᠲᠠᠯ᠎ᠠ ᠲᠡᠭᠡᠷ᠎ᠡ ᠪᠠᠳᠣ ᠰᠠᠭᠤᠷᠢ ᠶᠢ ᠲᠠᠯᠪᠢᠵᠣ ᠦᠭᠬᠦᠭᠰᠡᠨ ᠶᠤᠮ᠃        — — ᠲᠠᠪᠣᠨ ᠵᠢᠯ ᠤᠨ ᠲᠣᠷᠰᠢ᠂ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠠᠵᠢᠯ ᠲᠦᠷᠦᠯ ᠲᠦᠷᠭᠡᠨ ᠠᠬᠢᠪᠠ᠃ ᠲᠠᠪᠣᠨ ᠵᠢᠯ ᠳᠤ ᠠᠷᠠᠳ ᠤᠨ ᠠᠮᠢᠳᠣᠷᠠᠯ ᠤᠨ ᠴᠠᠷ᠎ᠠ ᠬᠦᠷᠢᠶᠡᠨ ᠳᠤ ᠨᠡᠶᠢᠳᠡ 18.98 ᠳ᠋ᠦᠩᠰᠢᠭᠤᠷ ᠲᠦᠭᠦᠷᠢᠭ ᠤᠨ ᠪᠡᠯᠨ ᠣᠷᠣᠭᠤᠯᠣᠨ᠂ ᠵᠢᠯ ᠪᠦᠷᠢ ᠶᠢᠨ ᠳᠡᠭᠰᠢᠳᠭᠡᠭᠰᠡᠨ ᠨᠡᠮᠡᠭᠳᠡᠯ ᠬᠤᠷᠳᠣᠴᠠ 14.4%᠎ ᠳᠤ ᠬᠦᠷᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠬᠡᠮ ᠤᠨ ᠨᠠᠰᠣᠵᠢᠯ ᠤᠨ ᠲᠠᠭᠠᠳᠬᠠᠯ ᠪᠦᠬᠦ ᠲᠠᠯ᠎ᠠ ᠶᠢ ᠬᠠᠮᠤᠷᠤᠪᠠ᠃ ᠲᠠᠭᠠᠳᠬᠠᠯ ᠳᠤ ᠤᠷᠤᠭᠰᠠᠨ ᠬᠦᠮᠥᠨ ᠤ ᠲᠤᠭᠠᠨ ᠠᠴᠠ ᠦᠵᠡᠪᠡᠯ᠂ ᠨᠠᠰᠣᠵᠢᠯ ᠤᠨ ᠳᠠᠭᠠᠳᠬᠠᠯ ᠳᠤ 4.63 ᠲᠦᠮᠡᠨ ᠬᠦᠮᠥᠨ᠂ ᠡᠮ ᠡᠮᠨᠡᠯᠬᠡ ᠶᠢᠨ ᠳᠠᠭᠠᠳᠬᠠᠯ ᠳᠤ 2.25 ᠲᠦᠮᠡᠨ ᠬᠦᠮᠥᠨ᠂ ᠠᠵᠢᠯ ᠠᠯᠳᠠᠭᠰᠠᠳ ᠤᠨ ᠳᠠᠭᠠᠳᠬᠠᠯ ᠳᠤ 0.28 ᠲᠦᠮᠡᠨ ᠬᠦᠮᠥᠨ᠂ ᠠᠵᠢᠯ ᠠᠴᠠ ᠪᠤᠯᠤᠭᠰᠠᠨ ᠭᠡᠮᠳᠤᠯ ᠤᠨ ᠲᠠᠭᠠᠳᠬᠠᠯ ᠳᠤ 0.49 ᠲᠦᠮᠡᠨ ᠬᠦᠮᠥᠨ᠂ ᠦᠷᠡᠵᠢᠯ ᠎ ᠤᠨ ᠲᠠᠭᠠᠳᠬᠠᠯ ᠳᠤ 0.55 ᠲᠦᠮᠡᠨ ᠬᠦᠮᠥᠨ ᠲᠤᠰ ᠲᠤᠰ ᠤᠷᠤᠯᠴᠠᠭᠰᠠᠨ ᠪᠠᠶᠢᠨ᠎ᠠ᠃ ᠶᠠᠳᠠᠭᠤ ᠬᠦᠴᠢᠷᠳᠠᠢ ᠠᠷᠠᠳ ᠢ ᠲᠡᠳᠬᠦᠨ ᠲᠤᠰᠠᠯᠠᠬᠤ ᠬᠦᠴᠤᠯᠡᠴᠨ ᠪᠠᠨ ᠨᠡᠮᠡᠭᠳᠡᠬᠦᠯᠪᠡ᠃ ᠬᠤᠳᠠ ᠪᠠᠯᠭᠠᠰᠤᠨ ᠤ ᠦᠨᠳᠦᠰᠦᠨ ᠠᠮᠢᠵᠢᠷᠠᠭᠠᠨ ᠤ ᠪᠠᠳᠤᠯᠠᠭᠠᠨ ᠳᠤ ᠨᠡᠶᠢᠳᠠ ᠤᠷᠤᠯᠴᠠᠭᠰᠠᠨ ᠬᠦᠮᠥᠨ ᠤ ᠲᠤᠭ᠎ᠠ 4.2 ᠲᠦᠮᠡᠨ ᠬᠦᠮᠥᠨ ᠤᠳᠠᠭ᠎ᠠ ᠳᠤ ᠬᠦᠷᠴᠤ ᠣᠷᠢᠳ ᠬᠤᠵᠢᠳ ᠨᠠᠶᠢᠳᠠ 9890 ᠲᠦᠮᠡᠨ ᠲᠦᠬᠦᠷᠢᠭ ᠤᠨ ᠲᠡᠳᠬᠦᠮᠵᠢ ᠶᠢᠨ ᠮᠦᠩᠬᠦ ᠪᠠᠭᠤᠯᠭᠠᠪᠠ᠃ ᠠᠮᠢᠳᠤᠷᠠᠯ ᠬᠦᠴᠢᠷᠳᠠᠢ 9215 ᠬᠦᠮᠦᠨ ᠲᠤ ᠨᠠᠶᠢᠳᠠ 829.4 ᠲᠦᠮᠡᠨ ᠲᠦᠬᠦᠷᠢᠭ ᠤᠨ ᠡᠮᠴᠢᠯᠡᠭᠡᠨ ᠤ ᠲᠤᠰᠠᠯᠠᠮᠵᠢ ᠶᠢᠨ ᠮᠦᠩᠬᠦ ᠤᠯᠭᠤᠪᠠ᠃ ᠪᠦᠬᠦ ᠬᠤᠰᠢᠭᠤᠨ ᠤ ︽ᠳᠠᠪᠣᠨ ᠪᠠᠳᠣᠯᠠᠭᠠᠳᠣ︾ ᠡᠷᠦᠬᠡ ᠶᠢ ᠲᠦᠪᠯᠡᠷᠡᠬᠦᠯᠦᠨ ᠠᠰᠠᠷᠠᠬᠤ ᠨᠣᠷᠮ᠎ᠠ 43%᠎ ᠳᠤ ᠬᠦᠷᠦᠭᠰᠡᠨ ᠪᠠᠶᠢᠨ᠎ᠠ᠃ ᠠᠵᠢᠯ ᠤᠯᠬᠤ᠂ ᠦᠢᠯᠡᠰ ᠪᠤᠰᠬᠠᠬᠤ ᠶᠢ ᠲᠡᠮᠵᠢᠬᠦ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠭᠰᠠᠨ ᠮᠦᠷᠳᠡᠭᠡᠨ ᠨᠡᠶᠢᠳᠡ 3.8 ᠲᠦᠮᠡᠨ ᠠᠵᠢᠯ ᠤᠨ ᠪᠠᠶᠢᠷᠢ ᠲᠠᠩᠰᠠᠯᠠᠨ ᠴᠤᠭᠯᠠᠭᠤᠯᠤᠭᠰᠠᠨ ᠪᠠᠶᠢᠨ᠎ᠠ᠃ ᠬᠤᠳᠠ ᠪᠠᠯᠭᠠᠰᠣᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ ᠤᠨ ᠲᠤᠭ᠎ᠠ 9153 ᠬᠦᠮᠦᠨ ᠣᠳᠠᠭ᠎ᠠ ᠳᠤ ᠬᠦᠷᠴᠤ᠂ ᠳᠠᠬᠢᠨ ᠠᠵᠢᠯ ᠣᠯᠣᠭᠰᠠᠳ ᠤᠨ ᠲᠤᠭ᠎ᠠ 2704᠎ ᠳᠤ ᠬᠦᠷᠪᠡ᠃ ᠬᠤᠳᠠ ᠪᠠᠯᠭᠠᠰᠣᠨ ᠤ ᠲᠠᠩᠰᠠᠯᠠᠭᠳᠠᠭᠰᠠᠨ ᠠᠵᠢᠯ ᠠᠯᠳᠠᠭᠰᠠᠳ ᠤᠨ ᠨᠣᠷᠮ᠎ᠠ ᠶᠢ 3.8%᠎ ᠶᠢᠨ ᠲᠣᠳᠣᠷ᠎ᠠ ᠬᠢᠵᠠᠭᠠᠷᠯᠠᠪᠠ᠃ ᠡᠬᠦᠨ ᠤ ᠬᠠᠮᠳᠤ 500 ᠲᠦᠮᠡᠨ ᠲᠦᠬᠦᠷᠢᠭ ᠤᠨ ᠶᠡᠭᠡ ᠰᠣᠷᠭᠠᠭᠤᠯᠢ ᠳᠡᠬᠦᠰᠦᠭᠰᠡᠨ ᠣᠶᠣᠳᠠᠳ ᠤᠨ ᠠᠵᠢᠯ ᠦᠢᠯᠡᠰ ᠡᠷᠬᠢᠯᠡᠬᠦ ᠶᠢ ᠲᠡᠮᠵᠢᠬᠦ ᠪᠡᠯᠨ ᠮᠦᠩᠬᠦ ᠭᠠᠷᠭᠠᠭᠰᠠᠨ ᠪᠦᠭᠡᠳ ᠤᠳᠤ ᠪᠤᠯᠬᠤ ᠳᠤ ᠨᠦᠬᠦᠴᠡᠯ ᠳᠤ ᠲᠤᠬᠢᠷᠠᠭᠰᠠᠨ 52 ᠨᠡᠷ᠎ᠡ ᠤᠶᠤᠳᠠᠨ ᠡᠨᠡᠬᠦ ᠲᠡᠮᠵᠢᠯᠭᠡ ᠶᠢ ᠬᠦᠷᠳᠡᠭᠡᠳ ᠪᠠᠶᠢᠨ᠎ᠠ᠃ ᠨᠡᠶᠢᠭᠡᠮ ᠠᠴᠠ ᠢᠯᠨ ᠪᠠᠷ ᠡᠯᠰᠡᠬᠦ ᠰᠢᠯᠭᠠᠯᠳᠠ ᠪᠠᠷ ᠲᠠᠮᠵᠢᠭᠤᠯᠵᠥ ᠮᠠᠨ ᠤ ᠬᠤᠰᠢᠭᠤᠨ ᠤ 213 ᠨᠡᠷ᠎ᠡ ᠤᠶᠤᠳᠠᠳ ᠲᠤ ᠠᠵᠢᠯ ᠤᠯᠭᠤᠭᠰᠠᠨ ᠪᠠᠶᠢᠨ᠎ᠠ᠃ ᠮᠠᠯᠵᠢᠬᠤ ᠳᠠᠷᠢᠶᠠᠯᠠᠬᠤ ᠤᠷᠤᠨ ᠤ ᠨᠠᠶᠢᠳᠠ 1350 ᠡᠷᠤᠭᠡ ᠶᠢᠨ ᠬᠠᠭᠤᠴᠢᠨ ᠭᠡᠷ ᠤᠷᠤᠨ ᠢ ᠰᠡᠯᠪᠢᠨ ᠵᠠᠰᠠᠭᠰᠠᠨ ᠪᠦᠭᠡᠳ 1100 ᠳᠦᠷᠢᠶᠡᠰᠦᠨ ᠤ ᠭᠡᠷ ᠣᠷᠣᠨ ᠪᠠ 192 ᠬᠢᠮᠳᠠ ᠦᠨ᠎ᠡ ᠶᠢᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠦᠷᠬᠦᠯᠵᠢᠯᠡᠨ ᠰᠠᠶᠢᠵᠢᠷᠠᠪᠠ᠃        — — ᠲᠠᠪᠣᠨ ᠵᠢᠯ ᠤᠨ ᠲᠣᠷᠰᠢ᠂ ᠨᠡᠶᠢᠬᠡᠮ ᠤᠨ ᠠᠵᠢᠯ ᠦᠢᠯᠡᠰ ᠳᠠᠰᠣᠷᠠᠯᠳᠠ ᠦᠬᠡᠢ ᠴᠢᠩᠭᠠᠷᠠᠪᠠ᠃ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠲᠦᠪᠰᠢᠨ ᠯᠠᠪᠳᠠᠭᠤᠨ ᠳᠡᠭᠡᠭᠰᠢᠯᠡᠵᠣ᠂ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠲᠡᠭᠡᠳᠤ ᠳᠣᠮᠳᠠᠳᠣ ᠶᠢᠨ ᠰᠣᠷᠭᠠᠨ ᠬᠦᠮᠦᠵᠢᠯ ᠪᠡ ᠠᠵᠢᠯ ᠮᠡᠷᠭᠡᠵᠢᠯ ᠤᠨ ᠰᠣᠷᠭᠠᠨ ᠬᠦᠮᠦᠵᠢᠯ ᠲᠣᠭᠳᠠᠭᠤᠨ ᠬᠦᠭᠵᠢᠪᠡ᠃ ᠳᠠᠪᠣᠨ ᠵᠢᠯ ᠲᠤᠳᠤᠷ᠎ᠠ ᠨᠠᠶᠢᠳᠠ 244 ᠨᠡᠷ᠎ᠡ ᠰᠣᠷᠣᠭᠴᠢ ᠲᠡᠭᠡᠳᠤ ᠳᠣᠮᠳᠠᠳᠣ ᠠᠴᠠ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ ᠤᠷᠤᠪᠠ᠃ ᠬᠢᠳᠠᠳ ᠮᠣᠩᠭᠤᠯ ᠰᠤᠷᠭᠠᠭᠤᠯᠢ ᠳᠤ 15 ᠵᠢᠯ ᠤᠨ ᠲᠦᠯᠦᠪᠦᠷᠢ ᠦᠬᠡᠢ ᠰᠣᠷᠭᠠᠨ ᠬᠦᠮᠦᠵᠢᠯ ᠶᠠᠪᠤᠭᠤᠯᠤᠭᠰᠠᠨ ᠪᠦᠭᠡᠳ 5 ᠵᠢᠯ ᠳᠤ ᠨᠡᠶᠢᠳᠡ 141 ᠨᠡᠷ᠎ᠡ ᠪᠠᠭᠰᠢ ᠬᠢᠬᠡᠳ ᠰᠣᠷᠭᠠᠭᠤᠯᠢ ᠶᠢᠨ ᠠᠵᠢᠯᠳᠠᠨ ᠢ ᠢᠯᠨ ᠪᠠᠷ ᠰᠢᠯᠭᠠᠨ ᠡᠯᠰᠡᠪᠡ᠃ ᠰᠣᠷᠭᠠᠭᠤᠯᠢ ᠶᠢᠨ ᠠᠶᠣᠯᠬᠦᠢ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ ᠣᠷᠢᠳ ᠬᠤᠵᠢᠳ 9623 ᠲᠦᠮᠡᠨ ᠲᠦᠭᠦᠷᠢᠭ ᠤᠨ ᠪᠡᠯᠨ ᠣᠷᠣᠭᠤᠯᠣᠨ᠂ ᠡᠯ᠎ᠡ ᠰᠣᠷᠭᠠᠭᠤᠯᠢ ᠶᠢᠨ ᠬᠢᠴᠢᠶᠡᠯ ᠤᠨ ᠠᠰᠠᠷ᠂ ᠪᠠᠶᠢᠷᠢ ᠶᠢᠨ ᠠᠰᠠᠷ᠂ ᠬᠤᠭᠤᠯᠠᠨ ᠲᠢᠩᠬᠢᠮ᠂ ᠲᠠᠮᠢᠷ ᠤᠨ ᠲᠠᠯᠠᠪᠣᠷ ᠵᠡᠷᠭᠡ ᠦᠨᠳᠤᠰᠤᠨ ᠪᠠᠷᠢᠯᠭ᠎ᠠ ᠲᠦᠬᠦᠭᠡᠷᠤᠮᠵᠢ ᠶᠢ ᠵᠠᠰᠠᠨ ᠰᠢᠨᠡᠳᠭᠡᠵᠥ ᠰᠣᠷᠭᠠᠭᠤᠯᠢ ᠶᠢᠨ ᠨᠦᠬᠦᠴᠡᠯ ᠢ ᠲᠠᠰᠣᠷᠠᠯᠳᠠ ᠦᠬᠡᠢ ᠰᠠᠶᠢᠵᠢᠷᠠᠭᠤᠯᠪᠠ᠃ ᠣᠯᠣᠰ ᠤᠨ ᠭᠤᠷᠪᠠᠳᠤᠭᠠᠷ ᠳᠡᠰ ᠤᠨ ᠬᠤᠳᠠ ᠶᠢᠨ ᠦᠬᠡ ᠬᠡᠯᠨ ᠦᠰᠦᠭ ᠪᠢᠴᠢᠭ ᠤᠨ ᠬᠢᠨᠠᠨ ᠦᠨᠡᠯᠡᠯᠳᠠ ᠳᠤ ᠮᠠᠨ ᠤ ᠬᠤᠰᠢᠭᠤ ᠬᠢᠷᠢ ᠲᠡᠩᠴᠡᠭᠰᠡᠨ ᠪᠠᠶᠢᠨ᠎ᠠ᠃ ︽ᠰᠣᠷᠭᠠᠨ ᠬᠦᠮᠦᠵᠢᠯ ᠤᠨ ᠲᠤᠳᠤᠭᠠᠳᠤ ᠰᠦᠯᠵᠢᠶ᠎ᠡ ︵MAN︶︾᠂ ︽ᠮᠣᠩᠭᠤᠯ ᠬᠢᠳᠠᠳ ᠡᠬᠢ ᠰᠣᠷᠪᠣᠯᠵᠢ ᠶᠢᠨ ᠨᠧᠲ︾ ᠪᠠᠶᠢᠭᠤᠯᠤᠭᠳᠠᠵᠥ ᠬᠡᠷᠡᠭᠯᠡᠬᠡᠨ ᠳᠤ ᠤᠷᠤᠭᠰᠠᠨ ᠪᠠᠶᠢᠨ᠎ᠠ᠃ ᠰᠢᠨᠵᠢᠯᠡᠭᠡ ᠮᠡᠷᠭᠡᠵᠢᠯ ᠤᠨ ᠠᠵᠢᠯ ᠦᠷᠬᠦᠯᠵᠢᠯᠡᠨ ᠠᠯᠬᠤᠮ ᠳᠠᠪᠰᠢᠪᠠ᠃ ᠠᠶᠢᠮᠠᠭ ᠎ ᠤᠨ ᠱᠠᠳᠣᠨ ᠠᠴᠠ ᠳᠡᠭᠡᠭᠰᠢᠬᠢ ᠰᠢᠨᠵᠢᠯᠡᠭᠡ ᠮᠡᠷᠬᠡᠵᠢᠯ ᠤᠨ ᠲᠦᠯᠦᠪᠯᠡᠬᠡᠨ ᠤ ᠲᠦᠷᠤᠯ ᠢᠶᠠᠷ 7 ᠲᠦᠰᠦᠪ ᠪᠡᠶᠡᠯᠡᠭᠳᠡᠭᠰᠡᠨ ᠪᠠ 20 ᠭᠠᠷᠣᠢ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠢ ᠲᠡᠯᠬᠡᠷᠡᠬᠦᠯᠦᠨ ᠲᠦᠭᠡᠮᠡᠯᠵᠢᠬᠦᠯᠵᠦ᠂ ᠵᠢᠯ ᠪᠦᠷᠢ ᠳᠣᠮᠳᠠᠴᠢ ᠪᠠᠷ 1 ᠲᠦᠮᠡᠨ ᠮᠠᠯᠴᠢᠨ ᠲᠠᠷᠢᠶᠠᠴᠢᠨ ᠳᠤ ᠬᠢᠴᠢᠶᠡᠯ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃ ᠰᠣᠶᠣᠯ ᠤᠨ ᠦᠢᠯᠡᠰ ᠴᠡᠴᠡᠭᠯᠡᠨ ᠬᠦᠭᠵᠢᠵᠥ ᠰᠤᠶᠤᠯ ᠤᠨ ᠲᠠᠯ᠎ᠠ ᠪᠠᠷ ᠬᠢ ᠠᠵᠤ ᠦᠢᠯᠡᠰ ᠲᠦᠯᠦᠪᠰᠢᠨ ᠪᠦᠷᠢᠯᠳᠦᠪᠡ᠃ ᠮᠠᠨ ᠤ ᠬᠤᠰᠢᠭᠤ ᠨᠢ ︽ᠲᠣᠮᠳᠠᠳᠣ ᠣᠯᠣᠰ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠤᠭᠳᠠᠭᠠᠭᠰᠠᠨ 30 ᠵᠢᠯ ᠤᠨ ᠣᠢ ᠶᠢ ᠲᠡᠮᠳᠡᠭᠯᠡᠬᠦ ᠶᠡᠭᠡ ᠬᠤᠷᠠᠯ︾᠂ ︽︽ᠶᠣᠸᠠᠨ ᠤ ᠳᠡᠭᠡᠳᠦ ᠨᠡᠶᠢᠰᠯᠡᠯ ᠬᠤᠨᠳᠠᠭᠠᠳᠣ︾ ᠨᠠᠢᠮᠠᠨ ᠮᠣᠵᠢ ᠣᠷᠣᠨ ᠤ ᠨᠡᠪᠳᠡᠷᠡᠬᠦᠯᠦᠭᠴᠢ ᠬᠦᠳᠦᠯᠦᠭᠴᠢ ᠶᠢᠨ ᠣᠷᠣᠯᠳᠣᠭᠠᠨ︾᠂ ︽ᠠᠰᠠᠷ︾ ᠨᠡᠷᠡᠮᠵᠢᠳᠣ ᠢᠵᠠᠭᠤᠷ ᠣᠷᠠᠯᠢᠭ ᠤᠨ ᠴᠣᠭᠯᠠᠭᠠᠨ ᠪᠠ ᠲᠦᠷᠪᠡᠨ ᠬᠤᠭᠤᠴᠠᠭᠠᠨ ᠤ ︽ᠲᠣᠮᠳᠠᠳᠣ ᠣᠯᠣᠰ᠂ ᠶᠣᠸᠠᠨ ᠤ ᠳᠡᠭᠡᠳᠦ ᠨᠡᠶᠢᠰᠯᠡᠯ︾ ᠰᠣᠶᠣᠯ ᠵᠢᠭᠤᠯᠴᠢᠯᠠᠯ ᠤᠨ ᠨᠠᠶᠢᠷ ᠵᠡᠷᠭᠡ ᠲᠣᠮᠣ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠪᠡ᠃ ᠲᠡᠷᠨ ᠮᠦᠷᠳᠡᠭᠡᠨ ︽ᠲᠣᠮᠳᠠᠳᠣ ᠣᠯᠣᠰ ᠤᠨ ᠴᠠᠭᠠᠨ ᠢᠳᠡᠭᠡᠨ ᠤ ᠰᠣᠶᠣᠯ ᠤᠨ ᠦᠯᠦᠬᠡᠢ︾ ︽ᠲᠤᠮᠳᠠᠳᠤ ᠤᠯᠤᠰ ᠤᠨ ᠴᠠᠭᠠᠨ ᠢᠳᠡᠭᠡᠨ ᠤ ᠰᠤᠶᠤᠯ ᠤᠯᠠᠮᠵᠢᠯᠠᠯ ᠤᠨ ᠰᠠᠭᠤᠷᠢᠨ︾ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ ︽ᠴᠠᠬᠠᠷ ᠠᠷᠠᠳ ᠤᠨ ᠲᠠᠭᠤᠤ︾ ᠵᠡᠷᠭᠡ ᠠᠶᠢᠮᠠᠭ᠂ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠢ ᠡᠷᠡᠮᠡᠯᠵᠡᠯᠡᠨ ᠠᠮᠵᠢᠯᠳᠠ ᠣᠯᠪᠠ᠃ ︽ᠲᠡᠭᠡᠳᠤ ᠨᠡᠶᠢᠰᠯᠡᠯ ᠤᠨ ᠰᠤᠶᠤᠯ ᠤᠨ ᠰᠤᠳᠤᠯᠤᠯ︾᠂ ︽ᠨᠠ᠊ · ᠰᠠᠶᠢᠨᠴᠣᠭᠳᠣ ᠎ ᠶᠢᠨ ᠰᠢᠯᠦᠭ ᠤᠨ ᠰᠣᠩᠭᠤᠮᠠᠯ︾ ︵ᠬᠢᠳᠠᠳ ᠮᠣᠩᠭᠤᠯ ᠬᠡᠪᠯᠡᠯ︶᠂ ︽ᠶᠣᠸᠠᠨ ᠬᠦᠷᠤᠨ ᠤ ᠲᠡᠦᠬᠡᠨ ᠦᠬᠦᠯᠡᠬᠦᠢ︾ ᠵᠡᠷᠭᠡ ᠨᠣᠮ ᠰᠡᠳᠬᠦᠯ ᠤᠳ ᠢ ᠬᠡᠪᠯᠡᠨ ᠲᠡᠷᠬᠠᠭᠠᠭᠰᠠᠨ ᠪᠦᠭᠡᠳ ︽ᠰᠢᠯᠣᠭᠤᠨ ᠬᠦᠬᠡ ᠶᠢᠨ ᠣᠶᠢᠯᠠᠯᠭ᠎ᠠ︾ ︵ᠮᠤᠩᠭᠤᠯ ᠬᠢᠳᠠᠳ ᠭᠡᠪᠯᠡᠯ︶᠎ ᠶᠢ ᠲᠣᠭᠤᠷᠪᠢᠬᠤ ᠠᠵᠢᠯ ᠢ ᠡᠬᠢᠯᠡᠬᠦᠯᠪᠡ᠃ ︽ᠬᠤᠪᠢᠯᠠᠢ ᠬᠠᠭᠠᠨ︾᠂ ︽ᠴᠠᠬᠠᠷ ᠤᠨ ᠮᠠᠭᠳᠠᠭᠠᠯ︾ ᠵᠡᠷᠭᠡ ᠣᠯᠠᠨ ᠰᠢᠯᠢᠳᠡᠭ ᠪᠦᠳᠦᠭᠡᠯ ᠤᠳ ᠣᠯᠣᠰ ᠪᠤᠯᠤᠨ ᠦᠪᠡᠷᠳᠡᠭᠡᠨ ᠵᠠᠰᠠᠬᠤ ᠣᠷᠣᠨ ᠤ ᠱᠠᠩᠨᠠᠯ ᠬᠦᠬᠢᠬᠦᠯᠦᠯ ᠢ ᠬᠦᠷᠳᠡᠭᠰᠡᠨ ᠪᠠᠶᠢᠨ᠎ᠠ᠃ ︽ᠶᠣᠸᠠᠨ ᠬᠦᠷᠦᠨ ᠤ ᠲᠡᠦᠬᠡᠨ ᠠᠬᠤᠢ︾ ᠵᠡᠷᠭᠡ ᠺᠢᠨᠤ᠋ ᠣᠷᠠᠨ ᠪᠦᠳᠦᠭᠡᠯ ᠤᠨ ᠵᠢᠷᠤᠭ ᠠᠪᠤᠯᠳᠠ ᠶᠢ ᠮᠠᠨ ᠤ ᠬᠤᠰᠢᠭᠤᠨ ᠳᠤ ᠢᠷᠡᠵᠥ ᠰᠡᠬᠦᠳᠡᠷᠯᠡᠪᠡ᠃ ᠣᠯᠠᠨ ᠲᠦᠮᠡᠨ ᠤ ᠰᠣᠶᠣᠯ ᠤᠨ ᠠᠮᠢᠳᠣᠷᠠᠯ ᠤᠨ ᠠᠭᠤᠯᠭ᠎ᠠ ᠡᠯᠪᠡᠭ ᠪᠠᠶᠠᠯᠢᠭ ᠪᠣᠯᠵᠣ᠂ ︽ᠠᠭᠤᠳᠠᠮ ᠲᠠᠯᠠᠪᠠᠢ ᠶᠢᠨ ᠰᠣᠶᠣᠯ︾᠂ ︽ᠣᠪᠣᠭᠠᠨ ᠰᠣᠶᠣᠯ︾ ᠵᠡᠷᠭᠡ ᠦᠪᠡᠷᠮᠢᠴᠡ ᠰᠣᠶᠣᠯ ᠤᠨ ᠠᠵᠢᠯᠯᠠᠭ᠎ᠠ ᠎ ᠶᠢ ᠡᠮᠬᠢ ᠴᠡᠭᠴᠡ ᠲᠠᠢ ᠦᠷᠨᠢᠬᠦᠯᠵᠦ᠂ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮ ᠢ ᠠᠯᠬᠤᠮ ᠠᠯᠬᠤᠮ ᠢᠶᠠᠷ ᠳᠡᠬᠦᠯᠳᠡᠷᠵᠢᠬᠦᠯᠪᠡ᠃ ᠰᠣᠮᠣ ᠪᠠᠯᠭᠠᠰᠣᠨ ᠳᠤ ᠰᠣᠶᠣᠯ ᠤᠨ ᠦᠷᠳᠡᠭᠡ ᠪᠠᠶᠢᠭᠤᠯᠣᠨ ᠭᠠᠴᠠᠭ᠎ᠠ ᠲᠣᠰᠬᠤᠨ ᠳᠤ ᠰᠣᠶᠣᠯ ᠤᠨ ᠦᠷᠦᠭᠡ ᠭᠠᠷᠭᠠᠬᠤ ᠬᠠᠷᠠᠯᠳᠠ ᠦᠨᠳᠦᠰᠦᠨ ᠳᠤ ᠪᠠᠨ ᠪᠡᠶᠡᠯᠡᠭᠳᠡᠪᠡ᠃ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠰ ᠤᠯᠠᠮ ᠰᠠᠶᠢᠵᠢᠷᠠᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠲᠠᠩᠰᠠ ᠴᠠᠶᠢᠷᠠᠭᠤᠯᠬᠤ ᠨᠤᠷᠮ᠎ᠠ ᠶᠢ 75% ᠬᠦᠷᠳᠡᠯ᠎ᠡ ᠨᠡᠮᠡᠭᠳᠡᠬᠦᠯᠦᠭᠰᠡᠨ ᠪᠦᠭᠡᠳ ᠡᠮᠴᠢᠯᠡᠭᠡᠨ ᠤ ᠵᠠᠷᠤᠳᠠᠯ ᠲᠠᠭᠠᠭᠠᠬᠤ ᠬᠠᠮᠤᠭ ᠲᠡᠭᠡᠷ᠎ᠡ ᠲᠦᠪᠰᠢᠨ ᠢ 10 ᠲᠦᠮᠡᠨ ᠲᠦᠬᠦᠷᠢᠭ ᠲᠤ ᠬᠦᠷᠭᠡᠭᠰᠡᠨ ᠪᠠᠶᠢᠨ᠎ᠠ᠃ ᠲᠠᠪᠣᠨ ᠵᠢᠯ ᠳᠤ ᠨᠡᠶᠢᠳᠡ 7226 ᠲᠦᠮᠡᠨ ᠲᠦᠭᠦᠷᠢᠭ ᠤᠨ ᠪᠡᠯᠨ ᠣᠷᠣᠭᠤᠯᠵᠣ᠂ ᠡᠬᠦᠨ ᠳᠤ ᠬᠤᠰᠢᠭᠤ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠎ ᠢ ᠰᠢᠨ᠎ᠡ ᠪᠠᠷ ᠪᠠᠷᠢᠵᠣ ᠨᠢᠭᠡᠨᠳᠠ ᠭᠡᠷᠡᠭᠯᠡᠭᠡᠨ ᠳᠤ ᠤᠷᠤᠭᠤᠯᠤᠭᠰᠠᠨ ᠪᠦᠭᠡᠳ ᠮᠣᠩᠭᠤᠯ ᠡᠮᠨᠡᠯᠬᠡ ᠶᠢᠨ ᠬᠤᠷᠢᠶ᠎ᠠ ᠶᠢ ᠵᠠᠰᠠᠨ ᠦᠷᠭᠡᠳᠭᠡᠭᠰᠡᠨ ᠪᠠ 10 ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠣᠶᠣ ᠵᠠᠰᠠᠵᠥ ᠪᠠᠷᠢᠭᠰᠠᠨ ᠪᠦᠭᠡᠳ 13 ᠭᠠᠴᠠᠭ᠎ᠠ ᠲᠣᠰᠬᠤᠨ ᠳᠤ ᠡᠷᠡᠭᠦᠯ ᠬᠠᠮᠠᠭᠠᠯᠠᠯ ᠤᠨ ᠦᠷᠦᠬᠡ ᠪᠠᠶᠢᠭᠤᠯᠤᠭᠰᠠᠨ ᠢᠶᠠᠷ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠬᠦᠴᠤᠨ ᠣᠯᠠᠮ ᠨᠢᠬᠡ ᠠᠯᠬᠤᠮ ᠨᠡᠮᠡᠭᠳᠡᠪᠡ᠃ ᠮᠣᠩᠭᠤᠯ ᠡᠮ ᠡᠮᠨᠡᠯᠭᠡ ᠶᠢᠨ ᠦᠢᠯᠡᠰ ᠲᠦᠷᠭᠡᠨ ᠬᠦᠭᠵᠢᠯᠳᠠ ᠲᠠᠢ ᠪᠤᠯᠤᠭᠰᠠᠨ ᠪᠠ ᠬᠦᠨᠡᠰᠤᠨ ᠤ ᠵᠠᠬ᠎ᠠ ᠲᠡᠯᠭᠡᠬᠦᠷ ᠪᠤᠯᠤᠨ ᠡᠮ ᠤᠨ ᠪᠦᠳᠦᠭᠡᠭᠳᠡᠬᠦᠨ ᠤ ᠵᠠᠬ᠎ᠠ ᠲᠡᠯᠬᠡᠬᠦᠷ ᠤᠨ ᠡᠮᠬᠢ ᠲᠢᠭᠯᠢᠮ ᠦᠷᠬᠦᠯᠵᠢᠯᠡᠨ ᠰᠠᠶᠢᠵᠢᠷᠠᠪᠠ᠃ ᠲᠤᠭ᠎ᠠ ᠪᠦᠷᠢᠳᠭᠡᠯ ᠤᠨ ᠠᠵᠢᠯ ᠮᠠᠰᠢ ᠰᠠᠶᠢᠨ ᠦᠷ᠎ᠡ ᠳ᠋ᠦᠩ ᠤᠯᠪᠠ᠃ ︽ᠠᠵᠣ ᠠᠬᠤᠶᠢᠯᠠᠯ ᠤᠨ ᠨᠢᠬᠡᠳᠦᠯᠳᠠᠢ ᠬᠦᠰᠦᠨᠦᠭᠳᠦ︾ ᠭᠡᠷᠡᠭᠵᠢᠬᠦᠯᠬᠦ ᠦᠬᠡᠷᠡᠴᠢᠯᠡᠯᠳᠡ ᠶᠢ ᠶᠠᠪᠤᠭᠳᠠᠭᠤᠯᠤᠭᠰᠠᠨ ᠮᠦᠷᠳᠡᠭᠡᠨ ᠪᠦᠬᠦ ᠤᠯᠤᠰ ᠤᠨ ᠵᠢᠷᠭᠤᠳᠤᠭᠠᠷ ᠤᠳᠠᠭᠠᠨ ᠤ ᠬᠦᠮᠥᠨ ᠠᠮᠨ ᠶᠢᠨ ᠨᠡᠶᠢᠳᠠᠮ ᠪᠠᠶᠢᠴᠠᠭᠠᠯᠳᠠ ᠶᠢᠨ ᠠᠵᠢᠯ ᠡᠬᠦᠷᠭᠡ ᠶᠢ ᠠᠮᠵᠢᠯᠳᠠ ᠲᠠᠢ ᠪᠡᠶᠡᠯᠡᠬᠦᠯᠪᠡ᠃ ᠪᠦᠬᠦ ᠬᠤᠰᠢᠭᠤᠨ ᠤ ᠵᠢᠯ ᠤᠨ ᠬᠦᠮᠦᠨ ᠠᠮᠨ ᠎ ᠶᠢᠨ ᠲᠦᠷᠦᠯᠳᠡ ᠶᠢᠨ ᠨᠣᠷᠮ᠎ᠠ ᠶᠢ 7.04‰᠎ ᠶᠢᠨ ᠲᠣᠳᠣᠷ᠎ᠠ ᠬᠢᠵᠠᠭᠠᠷᠯᠠᠭᠰᠠᠨ ᠢᠶᠠᠷ ᠲᠦᠷᠦ ᠶᠢᠨ ᠪᠣᠳᠣᠯᠭ᠎ᠠ ᠳᠤ ᠨᠡᠶᠢᠴᠡᠭᠰᠡᠨ ᠲᠦᠷᠦᠯᠳᠡ ᠶᠢᠨ ᠨᠣᠷᠮ᠎ᠠ 99.8%᠎ ᠳᠤ ᠬᠦᠷᠦᠭᠰᠡᠨ ᠪᠠᠶᠢᠨ᠎ᠠ᠃ ︽ᠨᠢᠭᠡ ᠴᠤᠮᠤ ᠰᠦ︾ ᠢᠨᠵᠧᠨᠧᠷᠢᠩ ᠢ ᠭᠡᠷᠡᠭᠵᠢᠬᠦᠯᠦᠭᠰᠡᠨ ᠪᠦᠭᠡᠳ ᠡᠬᠦᠨ ᠳᠤ ᠨᠠᠶᠢᠳᠠ 1223 ᠵᠢᠷᠮᠤᠰᠤᠨ ᠡᠮᠡᠭᠳᠠᠢ ᠠᠰᠢᠭ ᠬᠦᠷᠳᠡᠪᠡ᠃ ᠨᠠᠰᠤᠳᠠᠶᠢᠴᠤᠳ ᠤᠨ ᠠᠮᠢᠳᠤᠷᠠᠯ ᠤᠨ ᠪᠠᠳᠤᠯᠠᠭᠠᠨ ᠤ ᠲᠦᠪᠰᠢᠨ ᠤᠯᠠᠮ ᠲᠡᠭᠡᠭᠰᠢᠯᠡᠵᠥ ᠪᠦᠬᠦ ᠬᠤᠰᠢᠭᠤᠨ ᠤ 80 ᠭᠠᠷᠤᠭᠰᠠᠨ ᠨᠠᠰᠤᠳᠠᠶᠢᠴᠤᠳ ᠵᠢᠯ ᠪᠦᠷᠢ 1200 ᠲᠦᠬᠦᠷᠢᠭ ᠤᠨ ᠨᠦᠬᠦᠨ ᠤᠯᠭᠤᠪᠤᠷᠢ ᠬᠦᠷᠳᠡᠬᠦ ᠪᠤᠯᠤᠭᠰᠠᠨ ᠪᠠᠶᠢᠨ᠎ᠠ᠃ ᠨᠠᠮ ᠤᠨ ᠦᠨᠳᠦᠰᠦᠳᠡᠨ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠠᠯᠠᠭᠤᠯᠣᠨ᠂ ᠡᠯ᠎ᠡ ᠦᠨᠳᠦᠰᠦᠳᠡᠨ ᠤ ᠬᠠᠮᠳᠣ ᠎ ᠶᠢᠨ ᠪᠦᠯᠬᠦᠮᠳᠡᠯ ᠲᠠᠪᠰᠢᠯᠳᠠ᠂ ᠴᠡᠴᠡᠭᠯᠡᠯ ᠬᠦᠭᠵᠢᠯᠳᠡ ᠶᠢ ᠠᠬᠢᠭᠤᠯᠪᠠ᠃ ᠪᠤᠰᠤᠳ ᠠᠵᠢᠯ ᠲᠦᠷᠤᠯ ᠤᠨ ᠬᠤᠪᠢ ᠳᠤ᠂ ︽ᠬᠤᠶᠠᠷ ᠢ ᠬᠦᠷᠢᠶᠠᠯᠡᠬᠦ︾ ᠠᠵᠢᠯ ︵ᠵᠠᠰᠠᠭ ᠨᠢ ᠴᠡᠷᠢᠭ ᠢᠶᠠᠨ ᠬᠦᠷᠢᠶᠡᠯᠡᠵᠥ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠴᠡᠷᠢᠭ ᠨᠢ ᠵᠠᠰᠠᠭ ᠢᠶᠠᠨ ᠬᠦᠷᠢᠶᠡᠯᠡᠵᠥ ᠠᠷᠠᠳ ᠲᠦᠮᠡᠨ ᠢᠶᠠᠨ ᠬᠠᠶᠢᠷᠠᠯᠠᠬᠤ ᠶᠢ ᠭᠡᠯᠡᠨ᠎ᠡ︶ ᠡᠷᠴᠢᠮᠳᠠᠢ ᠦᠷᠨᠢᠭᠰᠡᠨ ᠪᠠ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠵᠢᠯ ᠪᠦᠬᠦ ᠲᠠᠯ᠎ᠠ ᠪᠠᠷ ᠠᠬᠢᠯᠳᠠ ᠲᠠᠢ ᠪᠤᠯᠪᠠ᠃ ᠷᠠᠳᠢᠤ᠋ ᠲᠧᠯᠸᠢᠰ ᠤᠨ ᠦᠢᠯᠡᠰ ᠲᠦᠷᠭᠡᠨ ᠬᠦᠭᠵᠢᠵᠥ᠂ ᠬᠢᠨᠠᠨ ᠪᠤᠳᠤᠬᠤ ᠠᠵᠢᠯ ᠰᠠᠶᠢᠨ ᠦᠷ᠎ᠡ ᠪᠦᠳᠤᠮᠵᠢ ᠤᠯᠪᠠ᠃ ᠮᠡᠳᠡᠭᠡ ᠬᠤᠯᠪᠤᠭ᠎ᠠ᠂ ᠲᠠᠩᠰᠠ ᠡᠪᠬᠡᠮᠡᠯ᠂ ᠭᠠᠯ ᠰᠡᠷᠭᠡᠶᠢᠯᠡᠯᠳᠡ ᠵᠡᠷᠭᠡ ᠨᠡᠶᠢᠭᠡᠮ ᠤᠨ ᠠᠵᠢᠯ ᠦᠢᠯᠡᠰ ᠲᠦᠷᠭᠡᠨ ᠬᠦᠭᠵᠢᠭᠰᠡᠨ ᠪᠠᠶᠢᠨ᠎ᠠ᠃        — — ᠲᠠᠪᠣᠨ ᠵᠢᠯ ᠤᠨ ᠲᠣᠷᠰᠢ᠂ ᠣᠶᠣᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠲᠣᠪᠣᠶᠢᠮ᠎ᠠ ᠦᠷ᠎ᠡ ᠪᠦᠳᠦᠮᠵᠢ ᠣᠯᠪᠠ᠃ ᠨᠡᠶᠢᠬᠡᠮ ᠵᠢᠷᠣᠮ ᠤᠨ ᠦᠨᠳᠤᠰᠤᠨ ᠦᠷᠳᠡᠭ ᠤᠨ ᠲᠤᠭᠳᠠᠯᠴᠠᠭ᠎ᠠ ᠶᠢ ᠪᠠᠶᠢᠭᠤᠯᠬᠤ ᠠᠵᠢᠯ ᠢ ᠬᠦᠨᠵᠡᠬᠡᠢ ᠠᠬᠢᠭᠤᠯᠣᠨ᠂ ᠨᠡᠶᠢᠬᠡᠮ ᠤᠨ ᠬᠠᠯᠠᠮᠰᠢᠯ ᠲᠠᠢ ᠠᠰᠠᠭᠤᠳᠠᠯ ᠢ ᠵᠢᠭᠠᠨ ᠵᠢᠯᠤᠭᠤᠳᠬᠤ ᠶᠢ ᠴᠢᠩᠭᠠᠳᠬᠠᠨ ᠴᠢᠬᠤᠯᠠᠴᠢᠯᠠᠭᠰᠠᠨ ᠪᠦᠭᠡᠳ ᠡᠷᠭᠡᠳᠦ ᠠᠷᠠᠳ ᠤᠨ ᠶᠣᠰᠣ ᠰᠣᠷᠳᠠᠬᠤᠨ ᠤ ᠪᠦᠳᠦᠬᠡᠨ ᠪᠠᠶᠢᠭᠤᠯᠣᠯᠳᠠ ᠶᠢᠨ ᠢᠨᠵᠧᠨᠧᠷᠢᠩ ᠢ ᠬᠦᠴᠦᠯᠡᠨ ᠬᠡᠷᠡᠭᠵᠢᠬᠦᠯᠬᠦ ᠪᠠᠷ ᠲᠠᠮᠵᠢᠨ ᠪᠦᠬᠦ ᠨᠠᠶᠢᠬᠡᠮ ᠤᠨ ᠪᠣᠯᠪᠠᠰᠣᠨ ᠬᠡᠪ ᠴᠢᠨᠠᠷ᠂ ᠨᠡᠶᠢᠭᠡᠮ ᠨᠡᠶᠢᠳᠡ ᠶᠢᠨ ᠶᠣᠰᠣ ᠮᠣᠷᠠᠯ ᠂ ᠠᠵᠢᠯ ᠤᠨ ᠰᠤᠷᠳᠠᠯ᠂ ᠭᠡᠷ ᠪᠦᠯᠢ ᠶᠢᠨ ᠰᠤᠷᠭᠠᠯ ᠪᠠ ᠬᠤᠪᠢ ᠬᠦᠮᠦᠨ ᠤ ᠮᠤᠷᠠᠯ ᠪᠤᠯᠪᠠᠰᠤᠷᠠᠯ ᠢ ᠴᠢᠷᠮᠠᠶᠢᠨ ᠲᠡᠭᠡᠭᠰᠢᠯᠡᠬᠦᠯᠵᠥ᠂ ᠡᠶ᠎ᠡ ᠵᠣᠬᠢᠴᠠᠩᠭᠤᠢ ᠰᠢᠯᠣᠭᠤᠨ ᠬᠦᠬᠡ ᠶᠢ ᠴᠣᠭᠴᠠᠯᠠᠨ ᠪᠠᠶᠢᠭᠤᠯᠬᠤ ᠳᠤ ᠪᠠᠳᠣ ᠪᠠᠬᠢ ᠰᠠᠭᠤᠷᠢ ᠶᠢ ᠲᠠᠯᠪᠢᠪᠠ᠃ ᠦᠩᠭᠡᠷᠡᠭᠰᠡᠨ ᠲᠠᠪᠤᠨ ᠵᠢᠯ ᠳᠤ ᠮᠠᠨ ᠤ ᠬᠤᠰᠢᠭᠤ ᠨᠢ ᠪᠦᠬᠦ ᠣᠷᠣᠨ ᠤ ᠪᠤᠯᠤᠨ ᠪᠦᠬᠦ ᠠᠶᠢᠮᠠᠭ ᠤᠨ ᠲᠠᠪᠣᠳᠣᠭᠠᠷ ᠤᠳᠠᠭᠠᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢᠨ ᠲᠣᠷᠰᠢᠯᠭ᠎ᠠ ᠰᠣᠯᠢᠯᠴᠠᠬᠤ ᠬᠤᠶᠠᠷ ᠤᠳᠠᠭᠠᠨ ᠤ ᠬᠤᠷᠠᠯ ᠢ ᠠᠮᠵᠢᠯᠳᠠ ᠲᠠᠢ ᠡᠷᠬᠢᠯᠡᠭᠰᠡᠨ ᠪᠦᠬᠡᠳ ᠡᠯ᠎ᠡ ᠱᠠᠳᠣᠨ ᠤ ᠪᠣᠯᠪᠠᠰᠣᠨ ᠪᠠᠶᠢᠭᠤᠯᠭ᠎ᠠ ᠨᠢᠭᠡᠴᠡ ᠪᠠᠷ 128 ᠪᠠᠶᠢᠭᠤᠯᠭ᠎ᠠ ᠨᠢᠬᠡᠴᠡ ᠲᠣᠳᠣᠷᠠᠵᠣ᠂ ᠣᠷᠢᠳ ᠬᠤᠵᠢᠳ ᠦᠪᠡᠷᠳᠡᠭᠡᠨ ᠵᠠᠰᠠᠬᠤ ᠣᠷᠣᠨ ᠤ ︽ᠠᠷᠪᠠᠨ ᠣᠳᠣᠨ ᠳᠡᠰ ᠤᠨ ᠪᠣᠯᠪᠠᠰᠣᠨ ᠬᠤᠳᠠ ᠪᠠᠯᠭᠠᠰᠣ ᠶᠢ ᠪᠠᠶᠢᠭᠤᠯᠬᠤ︾ ᠰᠢᠯᠭᠠᠷᠠᠭᠤᠯᠤᠯᠳᠠ ᠳᠤ ᠲᠡᠷᠢᠬᠦᠨ ᠤ ᠬᠤᠰᠢᠭᠤ ᠰᠢᠶᠠᠨ ᠢᠶᠠᠷ ᠦᠨᠡᠯᠡᠭᠳᠡᠭᠰᠡᠨ ᠪᠦᠭᠡᠳ ︽ᠪᠦᠬᠦ ᠣᠷᠣᠨ ᠤ ᠨᠠᠢᠮᠠᠨ ᠣᠳᠣᠨ ᠳᠡᠰ ᠤᠨ ᠪᠣᠯᠪᠠᠰᠣᠨ ᠬᠤᠳᠠ ᠪᠠᠯᠭᠠᠰᠣ︾᠂ ︽ᠦᠪᠡᠷᠳᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠳᠠ ᠪᠠᠯᠭᠠᠰᠣ︾ ᠵᠡᠷᠭᠡ ᠢᠷᠠᠭᠤ ᠠᠯᠳᠠᠷ ᠶᠢ ᠬᠦᠷᠳᠡᠪᠡ᠃        — — ᠲᠠᠪᠣᠨ ᠵᠢᠯ ᠤᠨ ᠲᠣᠷᠰᠢ᠂ ᠨᠡᠶᠢᠭᠡᠮ ᠤᠨ ᠡᠶ᠎ᠡ ᠲᠣᠭᠳᠠᠭᠤᠨ ᠪᠠᠶᠢᠳᠠᠯ ᠢ ᠪᠠᠳᠤᠯᠠᠪᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠤᠯᠠᠮ ᠴᠢᠩᠭᠠᠳᠬᠠᠵᠥ᠂ ᠭᠡᠷᠡᠭ ᠤᠴᠢᠷ ᠢ ᠤᠳᠤᠷᠢᠳᠤᠯᠭ᠎ᠠ ᠳᠤ ᠲᠠᠭᠠᠭᠠᠯᠭᠠᠬᠤ ᠲᠦᠷᠢᠮ ᠪᠠ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠡᠶᠡᠳᠡᠬᠦᠯᠬᠦ ᠠᠵᠢᠯ ᠤᠨ ᠲᠤᠭᠳᠠᠯᠴᠠᠭ᠎ᠠ ᠶᠢ ᠲᠠᠰᠣᠷᠠᠯᠳᠠ ᠦᠬᠡᠢ ᠲᠡᠭᠦᠯᠳᠡᠷᠵᠢᠬᠦᠯᠪᠡ᠃ ᠨᠡᠶᠢᠳᠡ 735 ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠣ ᠭᠡᠷᠡᠭ ᠢ ᠰᠢᠢᠳᠪᠦᠷᠢᠯᠡᠭᠰᠡᠨ ᠨᠤᠷᠮ᠎ᠠ 96%᠎ ᠳᠤ ᠬᠦᠷᠴᠤ ᠣᠯᠠᠨ ᠲᠦᠮᠡᠨ ᠤ ᠵᠦᠢ ᠶᠣᠰᠣᠨ ᠤ ᠵᠠᠷᠭᠤ ᠵᠠᠭᠠᠯᠳᠣᠯᠭ᠎ᠠ ᠲᠤᠬᠢᠷᠠᠮᠵᠢᠳᠠᠢ ᠰᠢᠢᠳᠪᠦᠷᠢᠯᠡᠭᠳᠡᠭᠰᠡᠨ ᠪᠠᠶᠢᠨ᠎ᠠ᠃ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ ᠠᠵᠢᠯ ᠪᠦᠬᠦ ᠲᠠᠯ᠎ᠠ ᠪᠠᠷ ᠡᠬᠢᠯᠡᠵᠥ᠂ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠠᠬᠢᠴᠨ ᠤᠯᠠᠮ ᠲᠦᠷᠭᠡᠰᠪᠡ᠃ ᠴᠠᠭ ᠠᠭᠠᠷ ᠢ ᠤᠷᠢᠳᠴᠢᠯᠠᠨ ᠮᠡᠳᠡᠭᠡᠯᠡᠬᠦ ᠲᠦᠷᠢᠮ ᠤᠯᠠᠮ ᠲᠡᠬᠦᠯᠳᠡᠷᠵᠢᠵᠥ ᠭᠠᠮᠰᠢᠭ ᠠᠴᠠ ᠰᠡᠷᠭᠡᠶᠢᠯᠡᠵᠥ ᠭᠠᠮᠰᠢᠭᠳᠠᠯ ᠢ ᠪᠠᠭᠠᠰᠬᠠᠬᠤ ᠬᠦᠴᠤᠨ ᠲᠠᠰᠤᠷᠠᠯᠳᠠ ᠦᠭᠡᠢ ᠨᠡᠮᠡᠭᠳᠡᠪᠡ᠃ ᠦᠢᠯᠡᠳᠪᠦᠷᠢᠯᠡᠯ ᠤᠨ ᠠᠶᠤᠯᠬᠦᠢ ᠪᠠᠶᠢᠳᠠᠯ ᠦᠷᠬᠦᠯᠵᠢᠯᠡᠨ ᠲᠣᠭᠳᠠᠭᠤᠨ ᠪᠠᠶᠢᠵᠣ᠂ ᠣᠯᠠᠨ ᠨᠡᠶᠢᠳᠡ ᠶᠢᠨ ᠲᠤᠮᠳᠠ ᠡᠬᠦᠰᠦᠭᠰᠡᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠳᠠᠯᠴᠠᠭ᠎ᠠ ᠵᠢᠴᠢ ︽ᠲᠣᠮᠣ ᠴᠢᠬᠤᠯᠨ ᠬᠡᠷᠡᠭ ᠣᠴᠢᠷ ᠤᠨ ᠨᠡᠶᠢᠬᠡᠮ ᠤᠨ ᠠᠮᠤᠷ ᠲᠦᠪᠰᠢᠨ ᠳᠤ ᠦᠵᠡᠬᠦᠯᠬᠦ ᠦᠷ᠎ᠡ ᠨᠦᠯᠦᠭᠡ ᠶᠢ ᠦᠨᠡᠯᠡᠨ ᠲᠣᠭᠳᠠᠭᠠᠬᠤ ᠲᠦᠷᠢᠮ︾᠎ ᠢ ᠪᠠᠶᠢᠭᠤᠯᠣᠨ ᠲᠡᠭᠦᠯᠳᠡᠷᠵᠢᠬᠦᠯᠵᠣ᠂ ᠪᠠᠴᠢᠮ ᠪᠠᠶᠢᠳᠠᠯ ᠢ ᠠᠷᠭᠠᠴᠠᠬᠤ ᠪᠠᠳᠣᠯᠠᠭ᠎ᠠ ᠶᠢᠨ ᠴᠢᠳᠠᠮᠵᠢ ᠪᠠᠨ ᠳᠠᠰᠣᠷᠠᠯᠳᠠ ᠦᠬᠡᠢ ᠳᠡᠭᠡᠭᠰᠢᠯᠡᠭᠦᠯᠪᠡ᠃ ᠨᠡᠶᠢᠬᠡᠮ ᠤᠨ ᠬᠠᠮᠢᠶᠠᠷᠣᠯᠳᠠ ᠳᠠᠬᠢ ᠰᠢᠨᠡᠴᠢᠯᠡᠯᠳᠡ ᠎ ᠶᠢ ᠣᠯᠠᠮ ᠨᠢᠬᠡ ᠠᠯᠬᠤᠮ ᠴᠢᠩᠭᠠᠳᠬᠠᠨ᠂ ᠨᠡᠶᠢᠬᠡᠮ ᠤᠨ ᠠᠮᠣᠷ ᠲᠦᠪᠰᠢᠨ ᠢ ᠬᠠᠮᠠᠭᠠᠯᠠᠬᠤ ᠰᠡᠷᠬᠡᠶᠢᠯᠡᠨ ᠡᠵᠡᠮᠰᠢᠬᠦ ᠰᠢᠰᠲ᠋ᠧᠮ ᠢ ᠦᠷᠭᠦᠯᠵᠢᠯᠡᠨ ᠳᠡᠭᠦᠯᠳᠡᠷᠵᠢᠬᠦᠯᠵᠦ᠂ ᠬᠠᠣᠯᠢ ᠪᠣᠰᠣ ᠶᠠᠯᠠᠳᠣ ᠠᠵᠢᠯᠯᠠᠭ᠎ᠠ ᠨᠤᠭᠤᠳ ᠲᠤ ᠬᠦᠨᠳᠦ ᠴᠣᠬᠢᠯᠳᠠ ᠦᠭᠬᠦᠨ᠂ ᠠᠵᠣ ᠠᠬᠤᠢ ᠨᠡᠶᠢᠬᠡᠮ ᠤᠨ ᠲᠣᠭᠳᠠᠭᠤᠨ ᠬᠦᠭᠵᠢᠯᠳᠡ ᠪᠠ ᠠᠷᠠᠳ ᠤᠯᠠᠨ ᠤ ᠠᠮᠣᠷ ᠲᠠᠶᠢᠪᠣᠩ ᠠᠵᠣ ᠲᠦᠷᠦᠭᠦ ᠎ ᠳᠤ ᠰᠠᠶᠢᠨ ᠰᠠᠶᠢᠬᠠᠨ ᠨᠡᠶᠢᠬᠡᠮ ᠤᠨ ᠣᠷᠴᠢᠨ ᠢ ᠪᠦᠷᠢᠯᠳᠦᠬᠦᠯᠦᠭᠰᠡᠨ ᠪᠠᠶᠢᠨ᠎ᠠ᠃ ᠡᠬᠦᠨ ᠤ ᠬᠠᠮᠳᠤ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠪᠡᠭᠡᠵᠢᠩ ᠤᠨ ᠣᠯᠢᠮᠫᠢᠺ ᠤᠨ ᠴᠣᠭᠯᠠᠭᠠᠨ ᠵᠡᠷᠭᠡ ᠴᠢᠬᠤᠯᠨ ᠶᠡᠭᠡ ᠠᠵᠢᠯᠯᠠᠭᠠᠨ ᠤ ᠠᠮᠤᠷ ᠲᠦᠪᠰᠢᠨ ᠢ ᠪᠠᠳᠤᠯᠠᠨ ᠬᠠᠮᠠᠭᠠᠯᠠᠬᠤ ᠠᠵᠢᠯ ᠢ ᠠᠮᠵᠢᠯᠳᠠ ᠲᠠᠢ ᠬᠦᠢᠴᠡᠳᠭᠡᠪᠠ᠃        — — ᠲᠠᠪᠣᠨ ᠵᠢᠯ ᠤᠨ ᠲᠣᠷᠰᠢ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠳᠦᠭᠡᠨ ᠪᠡᠶᠢᠭᠤᠯᠣᠯᠳᠠ ᠶᠢ ᠦᠨᠡᠨᠬᠦ ᠴᠢᠩᠭᠠᠳᠬᠠᠪᠠ᠃ ᠦᠢᠯᠡᠴᠢᠯᠡᠯᠭᠡᠳᠤ ᠵᠠᠰᠠᠭ ᠢ ᠪᠦᠳᠤᠭᠡᠨ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠵᠣ᠂ ᠠᠵᠣ ᠠᠬᠤᠢ ᠨᠡᠶᠢᠬᠡᠮ ᠤᠨ ᠬᠦᠭᠵᠢᠯᠳᠠ ᠳᠤ ᠦᠵᠡᠬᠦᠯᠬᠦ ᠵᠠᠰᠠᠭ ᠤᠨ ᠤᠷᠳᠤᠨ ᠤ ᠬᠦᠴᠤᠨ ᠴᠢᠳᠠᠪᠣᠷᠢ ᠵᠢᠴᠢ ᠠᠵᠢᠯ ᠤᠨ ᠦᠷ᠎ᠡ ᠠᠰᠢᠭ ᠢᠶᠠᠨ ᠦᠨᠡᠨᠬᠦ ᠲᠡᠭᠡᠭᠰᠢᠯᠡᠬᠦᠯᠪᠡ᠃ ᠰᠢᠨᠵᠢᠯᠡᠬᠦ ᠣᠬᠠᠭᠠᠨᠴᠢ ᠬᠦᠭᠵᠢᠯᠳᠡ ᠶᠢᠨ ᠦᠵᠡᠯᠳᠡ ᠶᠢ ᠰᠣᠷᠣᠯᠴᠠᠨ ᠦᠢᠯᠡᠳᠦᠯᠬᠡᠵᠢᠬᠦᠯᠬᠦ ᠠᠵᠢᠯᠯᠠᠭ᠎ᠠ ᠪᠤᠯᠤᠨ ᠲᠡᠷᠢᠬᠦᠨ ᠢ ᠡᠬᠦᠳᠴᠦ ᠰᠢᠯᠢᠳᠡᠭ ᠪᠣᠯᠬᠤ ᠪᠠᠷ ᠲᠡᠮᠡᠴᠡᠬᠦ ᠠᠵᠢᠯᠯᠠᠭ᠎ᠠ ᠵᠢᠴᠢ ︽ᠺᠠᠳ᠋ᠷᠴᠤᠳ ᠦᠨᠳᠤᠰᠤᠨ ᠱᠠᠳᠤᠨ ᠳᠤ ᠪᠠᠭᠤᠨ᠂ ᠪᠤᠳᠠᠳᠠᠢ ᠤᠴᠢᠷ ᠬᠢᠵᠥ᠂ ᠠᠵᠢᠯ ᠤᠨ ᠭᠡᠪ ᠰᠤᠷᠳᠠᠯ ᠢᠶᠠᠨ ᠬᠤᠪᠢᠷᠠᠭᠤᠯᠬᠤ︾ ᠠᠷᠠᠳ ᠲᠤ ᠦᠢᠯᠡᠴᠢᠯᠡᠬᠦ ᠬᠦᠳᠡᠯᠭᠡᠭᠡᠨ ᠢ ᠲᠤᠤᠱᠳᠠᠢ ᠦᠷᠨᠢᠬᠦᠯᠪᠡ᠃ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠎ ᠶᠢ ᠣᠬᠠᠮᠰᠠᠷ ᠠᠴᠠ ᠪᠠᠨ ᠬᠦᠯᠢᠶᠡᠭᠰᠡᠨ ᠪᠦᠭᠡᠳ ᠲᠠᠪᠣᠨ ᠵᠢᠯ ᠳᠤ ᠨᠠᠶᠢᠳᠠ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠲᠡᠪᠰᠢᠬᠦᠯᠦᠭᠰᠡᠨ ᠰᠠᠨᠠᠯ 573 ᠬᠤᠪᠢ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠡᠪᠰᠢᠬᠦᠯᠦᠭᠰᠡᠨ ᠰᠠᠨᠠᠯ 445 ᠬᠤᠪᠢ ᠬᠦᠯᠢᠶᠡᠨ ᠠᠪᠴᠤ ᠰᠢᠢᠳᠪᠦᠷᠢᠯᠡᠪᠡ᠃ ᠬᠦᠩᠭᠡᠨ ᠭᠠᠪᠰᠢᠭᠠᠢ᠂ ᠠᠵᠢᠯ ᠤᠨ ᠦᠷ᠎ᠡ ᠠᠰᠢᠭ ᠦᠨᠳᠤᠷ ᠪᠠᠶᠢᠬᠤ ᠵᠠᠷᠴᠢᠮ ᠶᠤᠰᠤᠭᠠᠷ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠰᠢᠰᠲ᠋ᠧᠮ ᠎ ᠤᠨ ᠦᠬᠡᠷᠡᠴᠢᠯᠡᠯᠳᠡ ᠶᠢ ᠪᠡᠶᠡᠯᠡᠬᠦᠯᠪᠡ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠦᠭᠰᠡᠨ ᠢᠶᠠᠷ ᠬᠠᠣᠯᠢ ᠶᠢᠨ ᠲᠠᠭᠠᠤ ᠵᠠᠰᠠᠭ ᠶᠠᠪᠤᠭᠤᠯᠬᠤ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠳᠡ ᠶᠢ ᠬᠢᠨᠠᠬᠤ ᠠᠵᠢᠯ ᠢᠯᠡᠳᠳᠠ ᠴᠢᠩᠭᠠᠷᠠᠭᠰᠠᠨ ᠪᠦᠭᠡᠳ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠡ᠂ ᠵᠠᠰᠠᠭ ᠤᠨ ᠶᠠᠪᠣᠳᠠᠯ ᠢ ᠢᠯᠨ ᠪᠤᠯᠭᠠᠬᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠵᠡᠷᠭᠡ ᠠᠵᠢᠯ ᠣᠯᠠᠮ ᠨᠢᠬᠡ ᠠᠯᠬᠤᠮ ᠲᠦᠷᠢᠮᠵᠢᠭᠰᠡᠨ ᠪᠠᠶᠢᠨ᠎ᠠ᠃ ︽ᠨᠠᠮ ᠤᠨ ᠭᠡᠰᠢᠬᠦᠨ ᠺᠠᠳ᠋ᠷᠴᠤᠳ ᠤᠨ ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠪᠠᠷᠢᠮᠵᠢᠶ᠎ᠠ︾᠎ ᠶᠢ ᠴᠢᠩᠭ᠎ᠠ ᠬᠡᠷᠡᠭᠵᠢᠬᠦᠯᠦᠨ᠂ ᠨᠠᠮ ᠤᠨ ᠰᠣᠷᠳᠠᠯ ᠪᠤᠯᠤᠨ ᠠᠷᠢᠭᠤᠨ ᠴᠢᠬᠡᠴᠢ ᠵᠠᠰᠠᠭ ᠤᠨ ᠪᠦᠳᠦᠬᠡᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠳᠦᠮᠵᠢᠳᠠᠢ ᠨᠠᠶᠢᠳᠠᠪᠤᠷᠢᠵᠢᠭᠤᠯᠪᠠ᠃        ᠲᠦᠯᠦᠭᠡᠯᠡᠭᠴᠢᠳ ᠡ᠂ ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤᠨ ᠤ ᠠᠵᠣ ᠠᠬᠤᠢ ᠨᠠᠶᠢᠬᠡᠮ ᠲᠦᠷᠭᠡᠨ ᠬᠦᠭᠵᠢᠭᠰᠡᠨ ᠲᠠᠪᠣᠨ ᠵᠢᠯ ᠮᠦᠨ᠂ ᠬᠤᠳᠠ ᠪᠠᠯᠭᠠᠰᠣᠨ ᠤ ᠲᠦᠷᠢ ᠲᠦᠷᠭᠦ ᠬᠤᠪᠢᠷᠠᠯᠳᠠ ᠶᠡᠭᠡ ᠲᠠᠢ ᠲᠠᠪᠣᠨ ᠵᠢᠯ᠂ ᠠᠷᠠᠳ ᠤᠯᠠᠨ ᠬᠠᠷᠠᠭᠠᠯᠵᠠᠯ ᠬᠦᠷᠳᠡᠭᠡᠮᠵᠢ ᠶᠡᠭᠡ ᠲᠠᠢ ᠳᠠᠪᠣᠨ ᠵᠢᠯ ᠪᠣᠯᠬᠤ ᠶᠣᠮ᠃ ᠪᠢᠳᠡᠨ ᠤ ᠤᠯᠵᠥ ᠢᠷᠡᠭᠰᠡᠨ ᠠᠮᠵᠢᠯᠳᠠ ᠪᠦᠳᠤᠭᠡᠯ ᠪᠤᠯ ᠳᠡᠭᠡᠳᠦ ᠱᠠᠳᠣᠨ ᠤ ᠨᠠᠮ ᠵᠠᠰᠠᠭ ᠵᠢᠴᠢ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠣᠬᠠᠭᠠᠨᠴᠢ ᠰᠢᠢᠳᠪᠦᠷᠢ ᠪᠣᠳᠣᠯᠭ᠎ᠠ ᠬᠢᠬᠡᠳ ᠵᠦᠪ ᠵᠢᠯᠤᠭᠤᠳᠤᠯᠭ᠎ᠠ ᠶᠢᠨ ᠦᠷ᠎ᠡ ᠳ᠋ᠦᠩ ᠮᠦᠨ᠃ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠤᠯᠤᠨ ᠣᠯᠣᠰ ᠲᠦᠷᠦ ᠶᠢᠨ ᠵᠦᠪᠯᠡᠯᠬᠡᠨ ᠤ ᠴᠢᠩᠭ᠎ᠠ ᠬᠢᠨᠠᠯᠳᠠ ᠪᠤᠯᠤᠨ ᠬᠠᠪᠰᠤᠷᠤᠯᠭ᠎ᠠ ᠲᠡᠮᠵᠢᠯᠭᠡ ᠶᠢᠨ ᠦᠷ᠎ᠡ ᠳ᠋ᠦᠩ ᠮᠦᠨ᠃ ᠲᠦᠷᠦᠬᠦᠤ ᠲᠦᠷᠦᠬᠦᠴᠢ ᠶᠢᠨ ᠣᠳᠣᠷᠢᠳᠬᠤ ᠪᠠᠭ ᠤᠨ ᠬᠢᠨ ᠤ ᠬᠠᠮᠳᠣ ᠶᠢᠨ ᠴᠢᠷᠮᠠᠶᠢᠯᠭ᠎ᠠ ᠪᠤᠯᠤᠨ ᠪᠠᠳᠣ ᠪᠠᠬᠢ ᠰᠠᠭᠤᠷᠢ ᠲᠠᠯᠪᠢᠭᠰᠠᠨ ᠤ ᠦᠷ᠎ᠡ ᠳ᠋ᠦᠩ ᠮᠦᠨ᠃ ᠨᠡᠩ ᠴᠣ᠋ ᠪᠦᠬᠦ ᠬᠤᠰᠢᠭᠤᠨ ᠤ ᠲᠦᠭ ᠲᠦᠮᠡᠨ ᠠᠷᠠᠳ ᠤᠯᠠᠨ ᠤ ᠪᠦᠯᠬᠦᠮᠳᠡᠨ ᠨᠢᠭᠡᠳᠴᠤ ᠵᠤᠷᠢᠭᠳᠠᠢ ᠳᠡᠮᠡᠴᠡᠭᠰᠡᠨ ᠤ ᠦᠷ᠎ᠡ ᠳ᠋ᠦᠩ ᠮᠦᠨ ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠎ ᠤᠨ ᠬᠦᠭᠵᠢᠯᠳᠡ ᠳᠤ ᠰᠢᠷᠭᠠᠭᠤ ᠬᠦᠳᠡᠯᠮᠦᠷᠢ ᠪᠠᠨ ᠡᠷᠬᠦᠯᠴᠡᠭᠰᠡᠨ ᠺᠠᠳ᠋ᠷ ᠣᠯᠠᠨ ᠲᠦᠮᠡᠨ ᠪᠤᠯᠤᠨ ᠵᠠᠰᠠᠭ ᠤᠨ ᠣᠷᠳᠣᠨ ᠤ ᠠᠵᠢᠯ ᠢ ᠪᠦᠬᠦ ᠬᠦᠴᠦᠨ ᠢᠶᠠᠷ ᠢᠶᠠᠨ ᠲᠡᠮᠵᠢᠭᠰᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠂ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠪᠠ ᠠᠬᠠᠮᠠᠳ ᠣᠳᠣᠷᠢᠳᠣᠯᠭ᠎ᠠ ᠨᠠᠷ ᠲᠤ ᠪᠠᠨ ᠵᠢᠴᠢ ᠰᠢᠯᠣᠭᠤᠨ ᠬᠦᠬᠡ ᠎ ᠶᠢᠨ ᠬᠦᠭᠵᠢᠯᠳᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠲᠡᠪᠰᠢᠬᠦᠯᠵᠦ ᠪᠠᠶᠢᠬᠤ ᠪᠠᠨ ᠢᠯᠡᠷᠭᠡᠶᠢᠯᠡᠶ᠎ᠡ︕        ᠲᠠᠪᠤᠨ ᠵᠢᠯ ᠤᠨ ᠦᠢᠯᠡᠳᠤᠯᠭᠡ ᠴᠢᠷᠮᠠᠶᠢᠯᠭ᠎ᠠ ᠲᠤᠮᠳᠠ ᠪᠢᠳᠠ ᠬᠤᠶᠢᠰᠢᠳᠠ ᠶᠢᠨ ᠠᠵᠢᠯ ᠳᠤ ᠪᠠᠨ ᠵᠠᠪᠠᠯ ᠪᠠᠷᠢᠮᠳᠠᠯᠠᠬᠤ ᠶᠤᠰᠤᠳᠠᠢ ᠠᠷᠭ᠎ᠠ ᠲᠤᠷᠰᠢᠯᠭ᠎ᠠ ᠤᠳ ᠢ ᠬᠤᠷᠠᠮᠳᠤᠭᠤᠯᠤᠭᠰᠠᠨ ᠪᠢᠯᠨ᠃ ᠪᠢᠳᠠ ᠰᠢᠯᠣᠭᠤᠨ ᠬᠦᠬᠡ ᠶᠢᠨ ᠢᠶᠠᠨ ᠬᠦᠭᠵᠢᠯᠳᠡ ᠶᠢ ᠲᠦᠷᠭᠡᠳᠬᠡᠨ ᠠᠷᠠᠳ ᠤᠯᠠᠨ ᠳᠤ ᠪᠠᠨ ᠪᠣᠳᠠᠳᠣ ᠠᠰᠢᠭ ᠬᠦᠷᠳᠡᠭᠡᠶ᠎ᠡ ᠭᠡᠪᠡᠯ ᠵᠠᠪᠠᠯ ᠦᠵᠡᠯ ᠰᠠᠨᠠᠭ᠎ᠠ ᠪᠠᠨ ᠴᠢᠯᠦᠬᠡᠯᠡᠨ ᠲᠠᠨᠢᠯᠳᠠ ᠪᠠᠨ ᠰᠢᠨᠡᠳᠭᠡᠵᠥ᠂ ᠰᠦᠰᠤ ᠵᠤᠷᠢᠭ ᠢᠶᠠᠨ ᠡᠷᠴᠢᠯᠡᠨ ᠡᠬᠦᠳᠤᠯᠳᠠ ᠪᠦᠳᠤᠭᠡᠯᠳᠠ ᠲᠠᠢ ᠠᠵᠢᠯᠯᠠᠬᠤ ᠬᠡᠷᠡᠭᠳᠡᠢ᠃ ᠵᠠᠪᠠᠯ ᠬᠦᠭᠵᠢᠯᠳᠡ ᠶᠢ ᠲᠡᠷᠢᠬᠦᠨ ᠴᠢᠬᠤᠯᠨ ᠡᠭᠦᠷᠭᠡ ᠪᠤᠯᠭᠠᠨ᠂ ᠠᠵᠨ ᠲᠣᠬᠢᠶᠠᠯ ᠢ ᠵᠠᠪᠳᠣᠨ ᠬᠦᠴᠢᠷ ᠪᠡᠷᠭᠡ ᠎ ᠶᠢ ᠢᠯᠡᠨ ᠳᠠᠪᠠᠵᠣ ᠪᠦᠬᠦᠶᠢᠯᠨ ᠠᠵᠢᠯ ᠢᠶᠠᠨ ᠬᠦᠭᠵᠢᠯᠳᠡ ᠶᠢᠨ ᠲᠣᠭᠤᠷᠢᠨ ᠳᠤ ᠶᠡᠪᠣᠭᠳᠠᠭᠤᠯᠵᠣ᠂ ᠬᠦᠭᠵᠢᠯᠳᠡ ᠶᠢᠨ ᠲᠣᠭᠤᠷᠢᠨ ᠳᠤ ᠰᠢᠢᠳᠬᠦ ᠬᠡᠷᠡᠭᠳᠡᠢ᠃ ᠵᠠᠪᠠᠯ ᠲᠦᠰᠦᠯ ᠢᠶᠠᠷ ᠲᠠᠶᠢᠴᠢᠯᠠᠬᠤ ᠪᠠᠶᠢᠯᠳᠣᠬᠤ ᠪᠣᠳᠣᠯᠭ᠎ᠠ ᠶᠢ ᠪᠠᠷᠢᠮᠳᠠᠯᠠᠨ᠂ ᠠᠷᠭ᠎ᠠ ᠣᠬᠠᠭᠠᠨ ᠰᠦᠪᠡᠭᠴᠢᠯᠡᠨ᠂ ᠢᠯᠡᠬᠦᠭᠡᠨ ᠲᠦᠰᠦᠯ ᠮᠡᠳᠡᠬᠦᠯᠵᠥ᠂ ᠢᠯᠡᠬᠦᠭᠡᠨ ᠲᠦᠰᠤᠯ ᠲᠡᠮᠡᠴᠡᠨ ᠣᠯᠵᠣ᠂ ᠡᠬᠦᠨ ᠤ ᠤᠯᠠᠮ ᠎ ᠢᠶᠠᠷ ᠠᠵᠣ ᠠᠬᠤᠢ ᠶᠢᠨ ᠬᠦᠭᠵᠢᠯᠳᠠ ᠶᠢ ᠠᠬᠢᠭᠤᠯᠬᠤ ᠬᠡᠷᠡᠭᠳᠡᠢ᠃ ᠵᠠᠪᠠᠯ ᠬᠦᠮᠦᠨ ᠢᠶᠠᠷ ᠦᠨᠳᠣᠰᠦ ᠪᠤᠯᠭᠠᠵᠥ᠂ ᠠᠷᠠᠳ ᠎ ᠤᠨ ᠠᠮᠢᠳᠣᠷᠠᠯ ᠢ ᠳᠡᠭᠡᠭᠰᠢᠯᠡᠬᠦᠯᠬᠦ ᠪᠠᠷ ᠬᠠᠮᠤᠭ ᠡᠬᠢᠯᠡᠯᠳᠠ ᠪᠠᠨ ᠪᠣᠯᠭᠠᠵᠣ᠂ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠣᠷᠠᠯ ᠢ ᠪᠠᠳᠤᠯᠠᠨ ᠰᠠᠶᠢᠵᠢᠷᠠᠭᠤᠯᠬᠤ ᠬᠡᠷᠡᠭᠳᠡᠢ᠃ ᠵᠠᠪᠠᠯ ᠨᠡᠶᠢᠬᠡᠮ ᠤᠨ ᠬᠠᠮᠢᠶᠠᠷᠣᠯᠳᠠ ᠶᠢ ᠴᠢᠩᠭᠠᠳᠬᠠᠵᠥ᠂ ᠨᠠᠶᠢᠬᠡᠮ ᠎ ᠤᠨ ᠲᠣᠭᠳᠠᠭᠤᠨ ᠢ ᠬᠠᠮᠠᠭᠠᠯᠠᠵᠣ᠂ ᠬᠦᠭᠵᠢᠯᠳᠡ ᠳᠤ ᠣᠬᠢ ᠰᠠᠶᠢᠨ ᠣᠷᠴᠢᠨ ᠢ ᠡᠭᠦᠳᠬᠦ ᠬᠡᠷᠡᠭᠳᠡᠢ᠃ ᠵᠠᠪᠠᠯ ᠣᠯᠠᠨ ᠲᠦᠮᠡᠨ ᠲᠤ ᠲᠦᠰᠢᠭᠯᠡᠵᠥ᠂ ᠲᠡᠳᠡᠨ ᠤ ᠤᠶᠤᠨ ᠤᠬᠠᠭ᠎ᠠ ᠶᠢ ᠨᠢᠭᠳᠠᠷᠠᠭᠤᠯᠵᠥ᠂ ᠬᠦᠰᠡᠯ ᠵᠤᠷᠢᠯᠳᠠ ᠨᠢᠭᠡᠳᠠᠢ ᠲᠠᠶᠢᠴᠢᠨ ᠡᠩᠨᠡᠭᠡ ᠶᠢ ᠪᠦᠷᠢᠯᠳᠦᠬᠦᠯᠬᠦ ᠬᠡᠷᠡᠭᠳᠡᠢ᠃        ᠪᠢᠳᠡ ᠠᠮᠵᠢᠯᠳᠠ ᠪᠠᠨ ᠪᠠᠭ᠋ᠠᠷᠬᠠᠬᠤ ᠶᠢᠨ ᠵᠡᠷᠭᠡᠴᠡᠭᠡ ᠠᠵᠣ ᠠᠬᠤᠢ ᠨᠡᠶᠢᠬᠡᠮ ᠤᠨ ᠬᠦᠭᠵᠢᠯᠳᠡ ᠲᠤᠮᠳᠠ ᠤᠷᠤᠰᠢᠵᠥ ᠪᠠᠶᠢᠭ᠎ᠠ ᠬᠦᠴᠢᠷ ᠠᠰᠠᠭᠤᠳᠠᠯ ᠪᠤᠯᠤᠨ ᠲᠤᠳᠠᠮᠠᠭ ᠵᠦᠢᠯ ᠤᠳ ᠢ ᠰᠡᠷᠭᠡᠭ ᠢᠶᠠᠷ ᠣᠯᠵᠣ ᠲᠠᠨᠢᠬᠤ ᠬᠡᠷᠡᠭᠳᠡᠢ᠃ ᠡᠬᠦᠨ ᠢ ᠬᠤᠷᠢᠶᠠᠩᠭᠤᠶᠢᠯᠠᠪᠠᠯ᠄ ᠨᠢᠬᠡ ᠳᠤ᠂ ᠠᠵᠣ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠶᠡᠷᠦᠩᠬᠡᠶᠢᠯᠡᠭᠰᠡᠨ ᠪᠣᠳᠠᠳᠣ ᠬᠦᠴᠦᠨ ᠲᠣᠷᠣᠢ᠂ ᠪᠢᠳᠠ ᠪᠦᠬᠦ ᠤᠷᠤᠨ ᠳᠤ ᠲᠤᠮᠳᠠ ᠠᠴᠠ ᠲᠤᠤᠭᠤᠷ ᠲᠦᠪᠰᠢᠨ ᠳᠤ ᠪᠠᠶᠢᠭ᠎ᠠ ᠪᠣᠯᠬᠤᠷ ᠬᠦᠭᠵᠢᠯᠳᠡ ᠪᠠ ᠬᠦᠭᠵᠢᠯᠳᠡ ᠶᠢᠨ ᠬᠡᠯᠪᠡᠷᠢ ᠶᠢᠨ ᠬᠤᠪᠢᠷᠠᠯᠳᠠ ᠶᠢ ᠲᠦᠷᠭᠡᠳᠬᠡᠬᠦ ᠬᠤᠣᠰ ᠡᠭᠦᠷᠬᠡ ᠵᠡᠷᠭᠡ ᠪᠠᠷ ᠣᠷᠣᠰᠢᠵᠣ ᠪᠠᠶᠢᠨ᠎ᠠ᠃ ᠬᠤᠶᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠦᠨᠳᠦᠰᠦᠨ ᠨᠦᠬᠦᠴᠡᠯ ᠪᠠᠷᠤᠭᠳᠠᠢ᠂ ᠮᠠᠯᠴᠢᠨ ᠲᠠᠷᠢᠶᠠᠴᠢᠳ ᠤᠨ ᠭᠠᠮᠰᠢᠭ ᠢ ᠰᠡᠷᠭᠡᠶᠢᠯᠡᠵᠥ ᠭᠠᠮᠰᠢᠭᠳᠠᠯ ᠢ ᠪᠠᠭᠠᠰᠬᠠᠬᠤ ᠤᠬᠠᠮᠰᠠᠷ ᠲᠠᠨᠢᠯᠳᠠ ᠶᠢ ᠲᠡᠭᠡᠭᠰᠢᠯᠡᠬᠦᠯᠬᠦ ᠴᠢᠬᠤᠯᠠᠳᠠᠢ᠃ ᠮᠠᠯ ᠲᠠᠷᠢᠶᠠᠯᠠᠩ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠣ ᠠᠬᠤᠶᠢᠯᠠᠯ ᠤᠨ ᠬᠡᠪᠴᠢᠶ᠎ᠡ ᠪᠠᠭ᠎ᠠ᠂ ᠨᠠᠷᠢᠯᠢᠭ ᠦᠢᠯᠡᠳᠭᠡᠯ ᠎ ᠤᠨ ᠬᠢᠷᠢ ᠲᠦᠪᠰᠢᠨ ᠲᠤᠤᠷ᠎ᠠ᠂ ᠮᠠᠯᠴᠢᠨ ᠲᠠᠷᠢᠶᠠᠴᠢᠳ ᠲᠤ ᠠᠰᠢᠭ ᠤᠯᠭᠤᠬᠤ᠂ ᠠᠵᠢᠯ ᠤᠯᠭᠤᠬᠤ ᠲᠠᠯ᠎ᠠ ᠲᠡᠭᠡᠷ᠎ᠡ ᠲᠠᠶᠢᠴᠢᠯᠠᠭᠴᠢ ᠬᠦᠴᠤᠨ ᠰᠤᠯᠨ ᠪᠠᠶᠢᠭᠰᠠᠭᠠᠷ᠃ ᠭᠤᠷᠪᠠ ᠳᠤ᠂ ᠲᠤᠮᠳᠠ ᠵᠢᠵᠢᠭ ᠠᠵᠤ ᠠᠬᠤᠶᠢᠯᠠᠯ ᠤᠨ ᠵᠢᠭᠡᠯᠯᠡᠭᠡ ᠤᠯᠬᠤ ᠠᠷᠭ᠎ᠠ ᠵᠠᠮ ᠴᠦᠭᠡᠨ᠂ ᠪᠡᠯᠨ ᠨᠡᠶᠢᠯᠡᠬᠦᠯᠬᠦ ᠳᠤ ᠶᠡᠭᠡᠭᠡᠨ ᠬᠦᠴᠢᠷᠳᠡᠯ ᠲᠠᠢ ᠪᠠᠶᠢᠨ᠎ᠠ᠃ ᠲᠦᠷᠪᠡ ᠳᠤ᠂ ᠰᠣᠶᠣᠯ ᠵᠢᠭᠤᠯᠴᠢᠯᠠᠯ ᠎ ᠤᠨ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠬᠦᠴᠦᠯᠡᠴᠡ ᠬᠦᠷᠦᠯᠴᠡᠬᠦ ᠦᠬᠡᠢ᠂ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠭᠤᠣᠯ ᠪᠣᠯᠭᠠᠭᠰᠠᠨ ᠮᠣᠩᠭᠤᠯ ᠶᠣᠸᠠᠨ ᠤ ᠰᠣᠶᠣᠯ᠂ ᠲᠠᠯ᠎ᠠ ᠨᠣᠳᠤᠭ ᠤᠨ ᠣᠨᠴᠠᠯᠢᠭᠳᠣ ᠵᠢᠭᠤᠯᠴᠢᠯᠠᠯ ᠳᠤ ᠵᠤᠷᠢᠭᠤᠯᠤᠭᠳᠠᠭᠰᠠᠨ ᠬᠠᠮᠢᠶ᠎ᠠ ᠪᠦᠬᠦᠢ ᠲᠦᠭᠦᠭᠡᠷᠦᠮᠵᠢ ᠶᠢᠨ ᠪᠠᠶᠢᠭᠤᠯᠤᠯᠳᠠ ᠲᠤᠳᠠᠮᠠᠭ᠂ ᠵᠢᠭᠤᠯᠴᠢᠯᠠᠯ ᠤᠨ ᠦᠢᠯᠡᠰ ᠤᠨ ᠲᠡᠰ ᠲᠦᠪᠰᠢᠨ ᠢ ᠲᠠᠷᠤᠶᠢᠬᠠᠨ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃ ᠲᠠᠪᠤ ᠳᠤ᠂ ᠬᠤᠳᠠ ᠪᠠᠯᠭᠠᠰᠤᠨ ᠤ ᠦᠢᠯᠡᠴᠢᠯᠡᠭᠡ ᠎ ᠶᠢᠨ ᠴᠢᠳᠠᠪᠬᠢ ᠪᠦᠷᠢᠨ ᠪᠣᠰᠣ᠂ ᠤᠨᠴᠠᠭᠠᠢ ᠴᠠᠭ ᠠᠭᠠᠷ ᠢ ᠲᠤᠯᠵᠥ ᠴᠢᠳᠠᠬᠤ ᠴᠢᠳᠠᠮᠵᠢ ᠬᠦᠴᠤᠨ ᠢ ᠨᠡᠮᠡᠭᠳᠡᠬᠦᠯᠬᠦ ᠴᠢᠬᠤᠯᠠᠳᠠᠢ ᠪᠠᠶᠢᠨ᠎ᠠ᠃ ᠵᠢᠷᠭᠤᠭ᠎ᠠ ᠳᠤ᠂ ᠬᠤᠪᠢᠶᠠᠷᠢᠯᠠᠵᠥ ᠪᠣᠯᠬᠤᠶᠢᠴᠠ ᠡᠳ᠋ ᠤᠨ ᠬᠦᠴᠦᠨ ᠬᠠᠷᠢᠴᠠᠩᠭᠤᠢ ᠪᠠᠭ᠎ᠠ᠂ ᠵᠠᠷᠤᠯᠭ᠎ᠠ ᠶᠢᠨ ᠳᠠᠷᠣᠭᠠᠰᠣ ᠨᠡᠯᠢᠶᠡᠳ ᠬᠦᠨᠳᠤ ᠪᠠᠶᠢᠨ᠎ᠠ᠃ ᠠᠷᠠᠳ ᠤᠨ ᠠᠮᠢᠳᠣᠷᠠᠯ ᠢ ᠪᠠᠳᠤᠯᠠᠨ ᠰᠠᠶᠢᠵᠢᠷᠠᠭᠤᠯᠬᠤ ᠬᠦᠴᠦᠯᠡᠴᠡ ᠶᠢ ᠣᠯᠠᠮ ᠨᠢᠬᠡ ᠠᠯᠬᠤᠮ ᠨᠡᠮᠡᠭᠳᠡᠬᠦᠯᠬᠦ ᠬᠡᠷᠡᠭᠳᠡᠢ᠃ ᠲᠣᠯᠤᠭ᠎ᠠ ᠳᠤ᠂ ᠵᠣᠷᠢᠭᠳᠠᠢ ᠪᠠᠷ ᠦᠢᠯᠡᠰ ᠪᠣᠰᠬᠠᠬᠤ ᠢᠳᠡᠪᠬᠢᠵᠢᠯ ᠬᠦᠴᠦᠨ ᠨᠡᠶᠢᠬᠡᠮ ᠳᠤ ᠬᠠᠷᠠᠬᠠᠨ ᠪᠦᠷᠢᠯᠳᠦᠬᠡ ᠦᠬᠡᠢ ᠲᠣᠯᠨ ᠬᠦᠭᠵᠢᠯᠳᠡ ᠶᠢᠨ ᠣᠷᠴᠢᠨ ᠲᠣᠭᠤᠷᠢᠨ ᠢ ᠣᠯᠠᠮ ᠨᠢᠬᠡ ᠠᠯᠬᠤᠮ ᠰᠢᠯᠢᠳᠡᠭᠵᠢᠬᠦᠯᠬᠦ ᠬᠡᠷᠡᠭᠳᠠᠢ ᠪᠠᠶᠢᠨ᠎ᠠ᠃ ᠣᠨᠴᠠ ᠵᠠᠷᠢᠮ ᠪᠠᠶᠢᠭᠤᠯᠭ᠎ᠠ ᠨᠢᠭᠡᠴᠨ ᠪᠤᠶᠤ ᠪᠠᠶᠢᠭᠤᠯᠭ᠎ᠠ ᠎ ᠶᠢᠨ ᠠᠵᠢᠯᠳᠠᠨ ᠤ ᠠᠵᠢᠯ ᠤᠨ ᠣᠪᠣᠷ ᠰᠣᠷᠳᠠᠯ ᠵᠠᠳᠠᠭᠠᠢ᠂ ᠠᠵᠢᠯ ᠳᠤ ᠪᠠᠨ ᠬᠠᠷᠢᠭᠤᠴᠠᠯᠭ᠎ᠠ ᠦᠭᠡᠢ᠂ ᠠᠵᠢᠯ ᠤᠨ ᠬᠢᠷᠢ ᠪᠦᠳᠦᠮᠵᠢ ᠲᠤᠤᠷ᠎ᠠ᠂ ᠬᠦᠭᠵᠢᠯᠳᠡ ᠶᠢᠨ ᠱᠠᠭᠠᠷᠳᠠᠯᠭ᠎ᠠ ᠳᠤ ᠬᠦᠷᠤᠭᠡ ᠦᠭᠡᠢ ᠪᠠᠶᠢᠭᠰᠠᠭᠠᠷ᠃ ᠪᠢᠳᠡ ᠬᠤᠶᠢᠰᠢᠳᠠ ᠶᠢᠨ ᠠᠵᠢᠯ ᠲᠤᠮᠳᠠ ᠪᠠᠨ ᠡᠳᠡᠭᠡᠷ ᠤᠯᠠᠨ ᠠᠰᠠᠭᠤᠳᠠᠯ ᠤᠳ ᠢ ᠡᠷᠭᠡᠪᠰᠢ ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠦᠨᠡᠨᠬᠦ ᠰᠠᠶᠢᠨ ᠰᠢᠢᠳᠪᠦᠷᠢᠯᠡᠬᠦ ᠬᠡᠷᠡᠭᠳᠡᠢ᠃        ᠬᠤᠶᠠᠷ᠂ ᠬᠤᠶᠢᠰᠢᠳᠠ ᠶᠢᠨ ᠳᠠᠪᠣᠨ ᠵᠢᠯ ᠤᠨ ᠠᠵᠢᠯ ᠤᠨ ᠡᠬᠦᠷᠭᠡ        ᠲᠦᠯᠦᠭᠡᠯᠡᠭᠴᠢᠳ ᠡ᠂ ᠢᠷᠡᠭᠡᠳᠦᠢ ᠶᠢᠨ ᠲᠠᠪᠣᠨ ᠵᠢᠯ ᠪᠣᠯ ᠮᠠᠨ ᠤ ᠬᠤᠰᠢᠭᠤ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠦᠪᠯᠡᠭᠡ ᠶᠢᠨ ᠢᠶᠠᠨ ᠬᠠᠷᠠᠯᠳᠠ ᠡᠬᠦᠷᠭᠡ ᠶᠢ ᠪᠡᠶᠡᠯᠡᠬᠦᠯᠬᠦ᠂ ︽ᠠᠷᠠᠳ ᠢᠶᠠᠨ ᠪᠠᠶᠠᠵᠢᠭᠤᠯᠵᠥ ᠬᠤᠰᠢᠭᠤ ᠪᠠᠨ ᠬᠦᠴᠦᠷᠭᠡᠭᠵᠢᠬᠦᠯᠬᠦ︾ ᠠᠬᠢᠴᠠ ᠶᠢ ᠲᠦᠷᠭᠡᠳᠭᠡᠭᠦ ᠶᠢᠨ ᠵᠠᠩᠬᠢᠯᠠᠭ᠎ᠠ ᠶᠢᠨ ᠬᠤᠭᠤᠴᠠᠭ᠎ᠠ ᠮᠦᠨ᠃ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠪᠠᠨ ᠲᠦᠷᠭᠡᠨ ᠬᠤᠪᠢᠷᠠᠭᠤᠯᠵᠥ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠲᠡᠮᠡᠴᠡᠯ ᠎ ᠤᠨ ᠴᠠᠭ ᠬᠤᠭᠤᠴᠠᠭ᠎ᠠ ᠮᠦᠨ᠃ ᠠᠵᠤ ᠠᠬᠤᠢ ᠨᠡᠶᠢᠭᠡᠮ ᠤᠨ ᠴᠢᠨᠠᠷᠯᠢᠭ ᠲᠦᠷᠭᠡᠨ ᠬᠦᠭᠵᠢᠯᠳᠠ ᠳᠤ ᠰᠢᠯᠵᠢᠵᠤ᠂ ᠮᠡᠷᠡᠶᠢᠯᠳᠠ ᠪᠦᠳᠤᠭᠡᠯ ᠲᠠᠢ ᠠᠵᠢᠯᠯᠠᠬᠤ ᠲᠤᠬᠢᠶᠠᠯ ᠪᠤᠯᠤᠮᠵᠢ ᠲᠠᠢ ᠴᠢᠬᠤᠯᠨ ᠴᠠᠭ ᠬᠤᠭᠤᠴᠠᠭ᠎ᠠ ᠪᠤᠯᠬᠤ ᠶᠤᠮ᠃ ᠬᠤᠰᠢᠭᠤ ᠠᠷᠪᠠᠨ ᠭᠤᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠤᠯᠤᠨ ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠯᠡᠯᠭᠡ︾᠎ ᠳᠤ ᠲᠤᠭᠳᠠᠭᠰᠠᠨ ᠬᠠᠷᠠᠯᠳᠠ ᠡᠬᠦᠷᠭᠡ ᠶᠢ ᠦᠨᠳᠤᠰᠤᠯᠡᠵᠥ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠮᠵᠢ ᠶᠢ ᠲᠤᠭᠳᠠᠭᠠᠪᠠ᠃ ᠲᠠᠷᠤᠢ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠵᠥ᠂ ᠳ᠋ᠧᠩ ᠰᠢᠶᠤᠤ ᠫᠢᠩ ᠤᠨ ᠣᠨᠣᠯ ᠪᠤᠯᠤᠨ ︽ᠭᠤᠷᠪᠠ ᠶᠢ ᠲᠦᠯᠦᠭᠡᠯᠡᠭᠦ︾ ᠴᠢᠬᠤᠯᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠰᠢᠨᠵᠢᠯᠡᠬᠦ ᠤᠬᠠᠭᠠᠨ ᠢᠶᠠᠷ ᠦᠰᠦᠷᠤᠩᠬᠦᠢ ᠲᠠᠪᠰᠢᠯᠳᠠ ᠶᠢ ᠪᠡᠶᠡᠯᠡᠬᠦᠯᠬᠦ ᠪᠠᠷ ᠭᠤᠤᠯ ᠰᠡᠳᠤᠪ ᠪᠤᠯᠭᠠᠨ᠂ ︽ᠬᠦᠭᠵᠢᠯᠳᠠ ᠶᠢᠨ ᠭᠡᠯᠪᠡᠷᠢ ᠪᠠᠨ ᠬᠤᠪᠢᠷᠠᠭᠤᠯᠵᠤ᠂ ᠠᠵᠤ ᠠᠬᠤᠢ ᠶᠢᠨ ᠪᠦᠳᠤᠴᠨ ᠶᠢ ᠲᠤᠬᠢᠷᠠᠭᠤᠯᠤᠨ᠂ ᠠᠵᠤ ᠠᠬᠤᠢ ᠶᠢᠨ ᠶᠡᠷᠤᠩᠭᠡᠢ ᠭᠡᠮᠵᠢᠶ᠎ᠡ ᠶᠢ ᠨᠡᠮᠡᠭᠳᠡᠬᠦᠯᠬᠦ︾᠎ ᠪᠠᠷ ᠭᠤᠤᠯ ᠱᠤᠭᠤᠮ ᠪᠤᠯᠭᠠᠨ᠂ ᠠᠷᠠᠳ ᠤᠯᠠᠨ ᠤ ᠠᠵᠨ ᠵᠢᠷᠭᠠᠯ ᠤᠨ ᠲᠦᠪᠰᠢᠨ ᠢ ᠲᠡᠭᠡᠭᠰᠢᠯᠡᠬᠦᠯᠬᠦ ᠪᠠᠷ ᠵᠤᠷᠢᠯᠭ᠎ᠠ ᠪᠠᠨ ᠪᠤᠯᠭᠠᠨ᠎ᠠ᠃ ᠠᠷᠠᠳ ᠢᠶᠠᠨ ᠪᠠᠶᠠᠵᠢᠭᠤᠯᠬᠤ ᠪᠠ ᠬᠤᠰᠢᠭᠤ ᠪᠠᠨ ᠬᠦᠴᠦᠷᠭᠡᠭᠵᠢᠬᠦᠯᠬᠦ ᠶᠢ ᠵᠡᠷᠭᠡᠪᠡᠷ ᠴᠢᠬᠤᠯᠠᠴᠢᠯᠠᠨ᠂ ᠬᠦᠭᠵᠢᠯᠳᠡ ᠶᠢ ᠲᠦᠷᠭᠡᠳᠭᠡᠵᠥ᠂ ᠠᠮᠢ ᠠᠬᠤᠢ ᠪᠠᠨ ᠬᠠᠮᠠᠭᠠᠯᠠᠬᠤ ᠶᠢ ᠴᠤ ᠵᠡᠷᠭᠡᠪᠡᠷ ᠴᠢᠬᠤᠯᠠᠴᠢᠯᠠᠨ᠂ ᠬᠦᠭᠵᠢᠯᠳᠡ ᠶᠢ ᠠᠬᠢᠭᠤᠯᠬᠤ ᠪᠤᠯᠤᠨ ᠲᠣᠭᠳᠠᠭᠤᠨ ᠢ ᠬᠠᠮᠠᠭᠠᠯᠠᠬᠤ ᠠᠵᠢᠯ ᠢ ᠵᠡᠷᠭᠡᠪᠡᠷ ᠴᠢᠬᠤᠯᠠᠴᠢᠯᠠᠨ᠂ ᠤᠳᠤᠬᠢ ᠪᠠᠶᠢᠳᠠᠯ ᠎ ᠳᠤ ᠪᠠᠨ ᠰᠠᠭᠤᠷᠢᠯᠠᠬᠤ ᠪᠤᠯᠤᠨ ᠢᠷᠡᠭᠡᠳᠤᠢ ᠳᠤ ᠬᠠᠨᠳᠤᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠥ᠂ ᠪᠠᠶᠠᠨ ᠲᠠᠩᠰᠤᠭ᠂ ᠪᠤᠯᠪᠠᠰᠤᠨ ᠨᠠᠶᠢᠷᠠᠮᠳᠠᠭᠤ ᠰᠢᠯᠣᠭᠤᠨ ᠬᠦᠬᠡ ᠶᠢ ᠪᠠᠶᠢᠭᠤᠯᠬᠤ ᠪᠠᠷ ᠣᠷᠣᠭᠰᠢᠯᠠᠵᠠᠭᠠᠨ᠎ᠠ᠃        ᠮᠠᠨ ᠤ ᠬᠤᠰᠢᠭᠤᠨ ᠤ ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠷᠠᠯᠳᠠ ᠪᠤᠯ᠄ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠭᠡᠢ ᠥᠷᠲᠡᠭ ᠢ 120 ᠳ᠋ᠦᠩᠰᠢᠭᠤᠷ ᠲᠦᠭᠦᠷᠢᠭ ᠲᠤ ᠭᠦᠷᠬᠡᠨ᠂ ᠵᠢᠯ ᠪᠦᠷᠢ 18.4%᠎ ᠢᠶᠠᠷ ᠨᠠᠮᠡᠭᠳᠡᠬᠦᠯᠵᠥ᠂ ︽ᠠᠵᠤ ᠠᠬᠤᠢ ᠶᠢᠨ ᠶᠠᠷᠤᠩᠭᠡᠢ ᠭᠡᠮᠵᠢᠶ᠎ᠡ ᠶᠢ ᠨᠢᠭᠡ ᠲᠠᠬᠢᠨ ᠨᠡᠮᠡᠭᠳᠡᠬᠦᠯᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ︾ — ᠪᠦᠬᠦ ᠤᠯᠤᠰ ᠤᠨ ᠬᠦᠭᠵᠢᠯ ᠎ ᠤᠨ ᠬᠤᠷᠳᠤᠴᠨ ᠶᠢ ᠲᠠᠪᠠᠵᠥ ᠦᠪᠡᠷᠳᠡᠭᠡᠨ ᠵᠠᠰᠠᠬᠤ ᠤᠷᠤᠨ ᠤ ᠲᠤᠮᠳᠠ ᠲᠦᠪᠰᠢᠨ ᠳᠤ ᠬᠦᠷᠬᠦ ᠪᠠᠷ ᠴᠢᠷᠮᠠᠶᠢᠨ᠎ᠠ᠃ ᠣᠷᠣᠨ ᠨᠣᠳᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠶᠢ 18 ᠳ᠋ᠦᠩᠰᠢᠭᠤᠷ ᠲᠦᠭᠦᠷᠢᠭ ᠲᠤ ᠬᠦᠷᠭᠡᠨ᠂ ᠵᠢᠯ ᠪᠦᠷᠢ 11.1%᠎ ᠪᠠᠷ ᠨᠡᠮᠡᠭᠳᠡᠬᠦᠯᠬᠦ ᠶᠢᠨ ᠵᠡᠷᠭᠡᠴᠡᠭᠡ ᠨᠡᠶᠢᠳᠡ 300 ᠳ᠋ᠦᠩᠰᠢᠭᠤᠷ ᠲᠦᠭᠦᠷᠢᠭ ᠤᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ ᠶᠢ ᠪᠡᠶᠡᠯᠡᠬᠦᠯᠦᠨ᠂ ᠵᠢᠯ ᠪᠦᠷᠢ 11.4%᠎ ᠶᠢᠨ ᠬᠤᠷᠳᠤᠴᠨ ᠪᠠᠷ ᠨᠡᠮᠡᠭᠳᠡᠬᠦᠯᠦᠨ᠎ᠡ᠃ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠎ ᠶᠢ 36000 ᠲᠦᠭᠦᠷᠢᠭ ᠲᠤ ᠬᠦᠷᠭᠡᠵᠣ᠂ ᠵᠢᠯ ᠪᠦᠷᠢ ᠶᠢᠨ 12.9%᠎ ᠪᠠᠷ ᠨᠡᠮᠡᠭᠳᠡᠬᠦᠯᠦᠨ᠂ ᠮᠠᠯᠴᠢᠨ ᠲᠠᠷᠢᠶᠠᠴᠢᠨ ᠤ ᠬᠥᠮᠥᠨ ᠳᠣᠮᠳᠠᠴᠢ ᠶᠢᠨ ᠴᠡᠪᠡᠷ ᠣᠷᠣᠯᠭ᠎ᠠ ᠶᠢ 14100 ᠲᠦᠭᠦᠷᠢᠭ ᠲᠤ ᠬᠦᠷᠭᠡᠨ ᠵᠢᠯ ᠪᠦᠷᠢ 8.4%᠎ ᠪᠠᠷ ᠨᠡᠮᠡᠭᠳᠡᠭᠦᠯᠦᠨ᠎ᠡ᠃ ᠮᠠᠯ ᠲᠠᠷᠢᠶᠠᠯᠠᠩ ᠠᠵᠣ ᠦᠢᠯᠡᠰᠵᠢᠭᠰᠡᠨ᠂ ᠠᠵᠣ ᠦᠢᠯᠡᠳᠪᠦᠷᠢ ᠰᠢᠨᠡᠴᠢᠯᠡᠭᠳᠡᠭᠰᠡᠨ᠂ ᠦᠢᠯᠡᠴᠢᠯᠡᠬᠡᠨ ᠤ ᠦᠢᠯᠡᠰ ᠦᠷᠭᠡᠵᠢᠭᠰᠡᠨ᠂ ᠬᠤᠳᠠ ᠬᠦᠳᠡᠭᠡ ᠨᠢᠬᠡ ᠴᠣᠭᠴᠠᠵᠢᠭᠰᠠᠨ ᠬᠦᠭᠵᠢᠯᠳᠡ ᠶᠢᠨ ᠵᠠᠭᠪᠣᠷ ᠢ ᠦᠨᠳᠦᠰᠦᠨ ᠳᠤ ᠪᠠᠨ ᠪᠦᠷᠢᠯᠳᠦᠬᠦᠯᠵᠦ᠂ ᠠᠵᠣ ᠠᠬᠤᠢ ᠶᠢᠨ ᠬᠡᠯᠪᠡᠷᠢ ᠶᠢᠨ ᠬᠤᠪᠢᠷᠠᠭᠠᠯᠳᠠ ᠶᠢ ᠤᠯᠠᠮ ᠬᠦᠨᠵᠡᠭᠡᠶᠢᠷᠡᠬᠦᠯᠦᠨ᠂ ᠨᠡᠶᠢᠬᠡᠮ ᠤᠨ ᠬᠦᠭᠵᠢᠯᠳᠡ ᠶᠢ ᠨᠡᠩ ᠡᠶ᠎ᠡ ᠵᠣᠬᠢᠴᠠᠯᠳᠠᠢ ᠪᠣᠯᠭᠠᠵᠣ᠂ ᠠᠷᠠᠳ ᠤᠨ ᠠᠮᠢᠳᠣᠷᠠᠯ ᠢ ᠨᠡᠩ ᠵᠣᠯ ᠵᠢᠷᠭᠠᠯᠳᠠᠢ ᠪᠠᠶᠢᠯᠭᠠᠬᠤ ᠲᠡᠮᠡᠴᠡᠬᠦ ᠬᠠᠷᠠᠯᠳᠠ ᠪᠠᠨ ᠪᠡᠶᠡᠯᠡᠬᠦᠯᠦᠨ᠎ᠡ᠃ᠪᠢᠳᠠ ᠡᠨᠡᠬᠦ ᠳᠡᠮᠡᠴᠡᠬᠦ ᠬᠠᠷᠠᠯᠳᠠ ᠶᠢᠨ ᠢᠶᠠᠨ ᠲᠣᠭᠤᠷᠢᠨ ᠳᠤ ᠭᠤᠣᠯᠳᠠᠯᠭ᠎ᠠ ᠶᠢ ᠳᠣᠪᠣᠶᠢᠯᠭᠠᠨ᠂ ᠭᠤᠤᠯ ᠠᠰᠠᠭᠤᠳᠠᠯ ᠢ ᠰᠢᠢᠳᠴᠤ᠂ ᠪᠦᠬᠦ ᠬᠦᠴᠤᠨ ᠢᠶᠠᠷ ᠢᠶᠠᠨ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠵᠥ᠂ ᠠᠵᠣ ᠠᠬᠤᠢ ᠨᠡᠶᠢᠬᠡᠮ ᠤᠨ ᠬᠦᠭᠵᠢᠯᠳᠡ ᠤᠨ ᠭᠤᠤᠯ ᠪᠤᠯᠬᠤ ᠲᠠᠯ᠎ᠠ ᠲᠡᠭᠡᠷ᠎ᠡ ᠪᠤᠯᠤᠨ ᠵᠠᠩᠬᠢᠯᠠᠭ᠎ᠠ ᠶᠢᠨ ᠶᠠᠪᠤᠴᠨ ᠳᠤ ᠰᠢᠨ᠎ᠡ ᠨᠡᠭᠡᠭᠡᠯᠳᠠ ᠲᠡᠪᠰᠢᠯᠳᠠ ᠎ ᠲᠠᠢ ᠪᠤᠯᠬᠤ ᠪᠠᠷ ᠴᠢᠷᠮᠠᠶᠢᠬᠤ ᠪᠤᠯᠤᠨ᠎ᠠ᠃        — — ︽ᠵᠠᠭᠤᠨ ᠳ᠋ᠦᠩᠰᠢᠭᠤᠷ ᠤᠨ ᠲᠠᠪᠣᠨ ᠢᠨᠵᠧᠨᠧᠷᠢᠩ︾᠎ ᠢ ᠪᠡᠶᠡᠯᠡᠬᠦᠯᠬᠦ ᠪᠠᠶᠢᠯᠳᠣᠬᠤ ᠪᠣᠳᠣᠯᠭ᠎ᠠ ᠶᠢᠨ ᠬᠡᠷᠡᠭᠵᠢᠬᠦᠯᠦᠯᠳᠡ ᠶᠢ ᠲᠦᠷᠭᠡᠳᠬᠡᠨ᠂ ᠴᠢᠬᠤᠯᠨ ᠲᠤᠮᠤ ᠲᠦᠰᠦᠪ ᠤᠨ ᠪᠠᠶᠢᠭᠤᠯᠤᠯᠳᠠ ᠲᠡᠭᠡᠷ᠎ᠡ ᠰᠢᠨ᠎ᠡ ᠠᠮᠵᠢᠯᠳᠠ ᠭᠠᠷᠭᠠᠨ᠎ᠠ᠃ ᠪᠦᠬᠦ ᠠᠶᠢᠮᠠᠭ ᠤᠨ ᠬᠤᠶᠢᠰᠢᠳᠠ ᠶᠢᠨ ᠠᠷᠪᠠᠨ ᠵᠢᠯ ᠳᠠᠬᠢ ᠬᠦᠭᠵᠢᠯ ᠤᠨ ᠲᠦᠯᠦᠪᠯᠡᠯᠭᠡ ᠶᠢᠨ ᠲᠠᠭᠠᠤ ᠱᠠᠩᠳᠣ ᠴᠠᠬᠢᠯᠭᠠᠨ ᠦᠢᠯᠡᠳᠪᠦᠷᠢ ᠪᠠᠷ ᠭᠤᠣᠯᠳᠠᠯᠭ᠎ᠠ ᠪᠣᠯᠭᠠᠨ᠂ ᠱᠠᠩᠳᠤ ᠴᠠᠬᠢᠯᠭᠠᠨ ᠦᠢᠯᠡᠳᠪᠦᠷᠢ ᠶᠢᠨ ᠲᠦᠷᠪᠡ ᠲᠠᠪᠣᠳᠤᠭᠠᠷ ᠬᠤᠭᠤᠴᠠᠭᠠᠨ ᠤ ᠪᠠᠶᠢᠭᠤᠯᠤᠯᠳᠠ ᠶᠢ ᠠᠬᠢᠭᠤᠯᠬᠤ ᠶᠢᠨ ᠬᠠᠮᠳᠤ ︽ᠵᠢᠶ᠋ᠨ ᠶᠤᠤ︾᠂ ︽ᠯᠦᠩ ᠶᠤᠸᠠᠨ︾᠂ ︽ᠬᠤᠸ᠋ᠨ ᠢ ︾᠂ ︽ᠰᠢᠶᠧ ᠰᠢᠩ︾ ᠵᠡᠷᠭᠡ ᠰᠠᠯᠬᠢᠨ ᠬᠦᠴᠤᠨ ᠤ ᠪᠤᠯᠤᠨ ᠨᠠᠷᠠᠨ ᠡᠨᠧᠷᠬᠢ ᠶᠢᠨ ᠴᠠᠬᠢᠯᠭᠠᠨ ᠦᠢᠯᠡᠳᠪᠦᠷᠢ ᠶᠢᠨ ᠲᠦᠰᠦᠯ ᠢ ᠠᠬᠢᠭᠤᠯᠵᠥ᠂ ᠵᠠᠭᠤᠨ ᠳ᠋ᠦᠩᠰᠢᠭᠤᠷ ᠲᠠᠪᠠᠭᠰᠠᠨ ᠦᠢᠯᠡᠳᠪᠦᠷᠢᠯᠡᠯ ᠤᠨ ᠦᠷᠳᠡᠭ ᠪᠦᠬᠦᠢ ᠴᠠᠬᠢᠯᠭᠠᠨ ᠡᠷᠴᠢᠮ ᠬᠦᠴᠤᠨ ᠤ ᠠᠵᠤ ᠦᠢᠯᠡᠰ ᠢ ᠪᠠᠶᠢᠭᠤᠯᠤᠨ᠎ᠠ᠃ ᠴᠢᠯᠠᠭᠤᠨ ᠲᠤᠰᠤᠨ ᠤ ᠨᠡᠭᠡᠭᠡᠨ ᠠᠰᠢᠭᠯᠠᠯᠳᠠ ᠪᠠᠷ ᠭᠤᠤᠯᠳᠠᠯᠭ᠎ᠠ ᠪᠤᠯᠭᠠᠨ ᠴᠢᠯᠠᠭᠤᠨ ᠲᠤᠰᠤ ᠪᠤᠯᠤᠨ ᠲᠡᠬᠦᠨ ᠤ ᠪᠤᠯᠪᠠᠰᠤᠷᠠᠭᠤᠯᠤᠯ ᠪᠦᠳᠤᠭᠡᠭᠳᠡᠬᠦᠨ ᠢ ᠨᠡᠭᠡᠭᠡᠨ ᠬᠦᠭᠵᠢᠬᠦᠯᠵᠥ᠂ ᠵᠠᠭᠤᠨ ᠳ᠋ᠦᠩᠰᠢᠭᠤᠷ ᠲᠠᠪᠠᠭᠰᠠᠨ ᠦᠢᠯᠡᠳᠪᠦᠷᠢᠯᠡᠯ ᠤᠨ ᠦᠷᠳᠡᠭ ᠪᠦᠬᠦᠢ ᠴᠢᠯᠠᠭᠤᠨ ᠲᠤᠰᠤᠨ ᠤ ᠠᠵᠤ ᠦᠢᠯᠡᠰ ᠢ ᠪᠠᠶᠢᠭᠤᠯᠬᠤ ᠶᠢᠨ ᠬᠠᠮᠳᠤ ᠴᠢᠯᠠᠭᠤᠨ ᠲᠤᠰᠤ ᠶᠢ ᠴᠠᠬᠢᠯᠭᠠᠨ ᠦᠢᠯᠡᠳᠪᠦᠷᠢ ᠶᠢᠨ ᠲᠠᠷᠠᠭᠠᠬᠢ ᠠᠵᠤ ᠠᠬᠤᠢ ᠶᠢᠨ ᠰᠢᠨ᠎ᠡ ᠨᠡᠮᠡᠯᠳᠠ ᠬᠦᠴᠤᠨ ᠪᠤᠯᠭᠠᠨ᠎ᠠ᠃ ᠷᠧᠨ ᠴᠤᠸᠠᠩ ᠡᠯᠡᠰᠦᠨ ᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠡᠯᠡᠰᠤ ᠶᠢ ᠲᠠᠸᠠᠷᠵᠢᠭᠤᠯᠤᠨ ᠦᠷᠳᠡᠭᠵᠢᠬᠦᠯᠬᠦ ᠶᠢᠨ ᠲᠠᠭᠠᠤ ︽ᠱᠧᠩ ᠲᠠᠢ ᠤᠰᠤ ᠨᠡᠪᠴᠢᠬᠦᠯᠬᠦ ᠲᠣᠭᠤᠰᠬ᠎ᠠ︾ ᠦᠢᠯᠡᠳᠬᠦ ᠲᠦᠰᠤᠯ ᠢ ᠲᠡᠮᠵᠢᠨ ᠠᠬᠢᠭᠤᠯᠵᠥ᠂ ᠡᠬᠦᠨ ᠤ ᠤᠯᠠᠮ ᠢᠶᠠᠷ ᠬᠤᠰᠢᠭᠤᠨ ᠳᠤ ᠪᠠᠨ ᠨᠡᠯᠢᠶᠡᠳ ᠲᠤᠮᠤ ᠭᠡᠪᠴᠢᠶᠡᠨ ᠤ ᠡᠯᠡᠰᠤᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠵᠥ᠂ ᠵᠠᠭᠤᠨ ᠳ᠋ᠦᠩᠰᠢᠭᠤᠷ ᠲᠠᠪᠠᠭᠰᠠᠨ ᠦᠢᠯᠡᠳᠪᠦᠷᠢᠯᠡᠯ ᠤᠨ ᠦᠷᠳᠡᠭ ᠪᠦᠬᠦᠢ ᠡᠯᠡᠰᠤᠨ ᠤ ᠦᠢᠯᠡᠰ ᠢ ᠬᠦᠭᠵᠢᠬᠦᠯᠦᠨ᠎ᠡ᠃ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠥ᠂ ᠪᠡᠯᠡᠳᠭᠡᠯ ᠲᠦᠬᠦᠭᠡᠷᠤᠮᠵᠢ ᠦᠢᠯᠡᠳᠪᠦᠷᠢᠯᠡᠬᠦ᠂ ᠰᠢᠨ᠎ᠡ ᠡᠷᠴᠢᠮ ᠬᠦᠴᠤ᠂ ᠠᠷᠠᠯᠵᠢᠶ᠎ᠠ ᠬᠦᠢᠯᠭᠡᠭᠡ᠂ ᠠᠭᠤᠷᠬᠠᠢ ᠶᠢᠨ ᠪᠦᠳᠦᠭᠡᠭᠳᠡᠬᠦᠨ ᠤ ᠦᠢᠯᠡᠳᠪᠦᠷᠢ ᠵᠡᠷᠭᠡ ᠦᠢᠯᠡᠰ ᠢ ᠲᠦᠪᠯᠡᠷᠡᠬᠦᠯᠦᠨ ᠬᠦᠭᠵᠢᠬᠦᠯᠬᠦ ᠶᠢᠨ ᠲᠠᠭᠠᠤ ᠡᠯ᠎ᠡ ᠲᠦᠰᠦᠯ ᠪᠠᠶᠢᠭᠤᠯᠤᠯᠳᠠ ᠳᠠᠬᠢ ᠮᠦᠷᠳᠡᠨ ᠦᠢᠯᠡᠴᠢᠯᠡᠭᠡ ᠶᠢ ᠴᠢᠩᠭᠠᠳᠬᠠᠵᠥ ᠵᠠᠭᠤᠨ ᠳ᠋ᠦᠩᠰᠢᠭᠤᠷ ᠲᠠᠪᠠᠭᠰᠠᠨ ᠦᠢᠯᠡᠳᠪᠦᠷᠢᠯᠡᠯ ᠤᠨ ᠦᠷᠳᠡᠭ ᠪᠦᠬᠦᠢ ᠠᠵᠤ ᠦᠢᠯᠡᠰ ᠤᠨ ᠬᠦᠷᠢᠶᠡᠯᠡᠩ ᠢ ᠴᠤᠭᠴᠠᠯᠠᠨ ᠪᠠᠶᠢᠭᠤᠯᠤᠨ᠎ᠠ᠃ ᠶᠤᠸᠠᠨ ᠤ ᠲᠡᠭᠡᠳᠤ ᠨᠡᠶᠢᠰᠯᠡᠯ — ᠤᠯᠤᠰ ᠤᠨ ᠲᠡᠰ ᠤᠨ ᠰᠤᠶᠤᠯ ᠵᠢᠭᠤᠯᠴᠢᠯᠠᠯ ᠤᠨ ᠲᠤᠭᠤᠷᠢᠭ ᠢᠶᠠᠷ ᠭᠤᠤᠯᠳᠠᠯᠭ᠎ᠠ ᠪᠤᠯᠭᠠᠵᠥ ᠲᠡᠯᠡᠭᠡᠢ ᠶᠢᠨ ᠰᠤᠶᠤᠯ ᠤᠨ ᠦᠪ ᠤᠨ ᠢᠶᠠᠨ ᠨᠡᠷ᠎ᠡ ᠠᠯᠳᠠᠷ ᠢ ᠲᠡᠭᠡᠭᠰᠢᠯᠡᠬᠦᠯᠵᠥ ᠲᠡᠬᠦᠨ ᠢᠶᠠᠷ ᠲᠠᠮᠵᠢᠭᠤᠯᠵᠥ᠂ ᠭᠠᠵᠠᠷ ᠤᠷᠤᠨ ᠤ ᠬᠦᠭᠵᠢᠯᠳᠠ ᠶᠢ ᠲᠠᠶᠢᠴᠢᠯᠠᠵᠥ ᠠᠷᠠᠳ ᠤᠯᠠᠨ ᠎ ᠤ ᠠᠮᠢᠳᠤᠷᠠᠯ ᠢ ᠲᠡᠭᠡᠭᠰᠢᠯᠡᠬᠦᠯᠬᠦ ᠶᠢᠨ ᠤᠯᠠᠮ ᠠᠴᠠ ᠵᠠᠭᠤᠨ ᠳ᠋ᠦᠩᠰᠢᠭᠤᠷ ᠲᠠᠪᠠᠭᠰᠠᠨ ᠦᠢᠯᠡᠳᠪᠤᠷᠢᠯᠡᠯ ᠤᠨ ᠦᠷᠳᠡᠭ ᠪᠦᠬᠦᠢ ᠰᠤᠶᠤᠯ ᠵᠢᠭᠤᠯᠴᠢᠯᠠᠯ ᠤᠨ ᠠᠵᠤ ᠦᠢᠯᠡᠰ ᠢ ᠴᠤᠭᠴᠠᠯᠠᠨ ᠪᠠᠶᠢᠭᠤᠯᠤᠨ᠎ᠠ᠃        — — ᠤᠯᠠᠨ ᠤᠷᠦᠶᠢᠯᠠᠭᠴᠢ ᠬᠦᠴᠤᠨ ᠪᠦᠬᠦᠢ ᠠᠵᠤ ᠦᠢᠯᠡᠰ ᠤᠨ ᠲᠤᠭᠳᠠᠴᠨ ᠶᠢ ᠪᠦᠷᠢᠯᠳᠤᠬᠦᠯᠵᠥ᠂ ᠠᠵᠤ ᠠᠬᠤᠢ ᠶᠢᠨ ᠭᠡᠯᠪᠡᠷᠢ ᠶᠢ ᠬᠤᠪᠢᠷᠠᠭᠠᠬᠤ᠂ ᠠᠵᠤ ᠦᠢᠯᠡᠰ ᠤᠨ ᠪᠦᠳᠤᠴᠨ ᠶᠢ ᠬᠤᠪᠢᠷᠠᠭᠤᠯᠬᠤ ᠲᠠᠯ᠎ᠠ ᠲᠡᠭᠡᠷ᠎ᠡ ᠰᠢᠨ᠎ᠡ ᠰᠢᠪᠳᠤᠯᠤᠯᠳᠠ ᠲᠠᠢ ᠪᠤᠯᠤᠨ᠎ᠠ᠃ ᠪᠦᠬᠦ ᠲᠠᠯ᠎ᠠ ᠪᠠᠷ ᠪᠡᠯᠡᠳᠭᠡᠬᠦ᠂ ᠦᠷᠭᠡᠨ ᠬᠦᠷᠢᠶᠡᠨ ᠳᠤ ᠡᠷᠡᠮᠡᠯᠵᠡᠯᠡᠨ ᠮᠡᠳᠡᠬᠦᠯᠬᠦ᠂ ᠣᠯᠠᠨ ᠠᠷᠭ᠎ᠠ ᠵᠠᠮ ᠢᠶᠠᠷ ᠲᠡᠮᠡᠴᠡᠨ ᠣᠯᠬᠤ᠂ ᠣᠯᠠᠨ ᠭᠡᠯᠪᠡᠷᠢ ᠪᠠᠷ ᠪᠡᠯᠨ ᠨᠡᠶᠢᠯᠡᠬᠦᠯᠬᠦ᠂ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠵᠠᠷᠴᠢᠮ ᠢ ᠦᠷᠭᠦᠯᠵᠢᠯᠡᠨ ᠪᠠᠷᠢᠮᠳᠠᠯᠠᠵᠣ᠂ ᠪᠦᠬᠦ ᠬᠦᠴᠦᠨ ᠢᠶᠠᠷ ᠵᠶ᠋ᠠᠨ‌‍ᠲ᠋ᠦ᠋ᠰᠦᠯ ᠲᠡᠮᠡᠴᠡᠨ ᠤᠯᠬᠤ ᠪᠠᠷ ᠴᠢᠷᠮᠠᠶᠢᠨ᠎ᠠ᠃ ᠲᠡᠬᠦᠨᠴᠢᠯᠡᠨ ᠲᠤᠳᠤᠭᠠᠳᠤ ᠬᠦᠴᠤᠨ ᠢᠶᠠᠨ ᠠᠰᠢᠭᠯᠠᠬᠤ᠂ ᠭᠠᠳᠠᠨ᠎ᠠ ᠶᠢᠨ ᠪᠡᠯᠨ ᠶᠢ ᠲᠠᠳᠠᠬᠤ᠂ ᠬᠤᠷᠰᠢᠨ ᠠᠵᠢᠯᠯᠠᠬᠤ ᠲᠤᠬᠢᠷᠠᠯᠴᠠᠭ᠎ᠠ ᠬᠢᠬᠦ᠂ ᠪᠦᠳᠤᠴᠨ ᠶᠢᠨ ᠲᠤᠬᠢᠷᠠᠭᠤᠯᠤᠯᠳᠠ ᠪᠠᠷ ᠦᠭᠡᠷᠡᠴᠢᠯᠡᠨ ᠪᠠᠶᠢᠭᠤᠯᠬᠤ ᠵᠡᠷᠭᠡ ᠪᠦᠳᠤᠭᠡᠨ ᠪᠠᠶᠢᠭᠤᠯᠤᠯᠳᠠ ᠶᠢᠨ ᠭᠡᠯᠪᠡᠷᠢ ᠪᠠᠷ ᠲᠠᠮᠵᠢᠭᠤᠯᠵᠥ ᠨᠢᠭᠡ ᠪᠦᠯᠦᠭ ᠮᠡᠷᠭᠡᠵᠢᠯ ᠲᠧᠭᠨᠢᠯᠤᠭᠢ ᠶᠢᠨ ᠦᠨᠳᠤᠷ ᠲᠦᠪᠰᠢᠨ ᠳᠤ ᠬᠦᠷᠦᠭᠰᠡᠨ᠂ ᠠᠵᠤ ᠠᠬᠤᠢ ᠶᠢᠨ ᠠᠰᠢᠭ ᠤᠷᠤᠯᠭ᠎ᠠ ᠪᠠᠷ ᠰᠠᠶᠢᠨ ᠭᠤᠤᠯᠳᠠᠯᠭ᠎ᠠ ᠲᠠᠢ ᠲᠦᠰᠤᠯ ᠢ ᠪᠠᠶᠢᠭᠤᠯᠵᠣ᠂ ᠠᠷᠠᠳ ᠢ ᠪᠠᠶᠠᠵᠢᠭᠤᠯᠬᠤ ᠪᠠ ᠡᠳ᠋ ᠤᠨ ᠰᠣᠷᠪᠣᠯᠵᠢ ᠪᠣᠯᠣᠭᠰᠠᠨ ᠬᠡᠯᠪᠡᠷᠢ ᠶᠢᠨ ᠠᠵᠣ ᠠᠬᠤᠢ ᠶᠢ ᠪᠦᠬᠦ ᠲᠠᠯ᠎ᠠ ᠪᠠᠷ ᠬᠦᠭᠵᠢᠬᠦᠯᠦᠨ᠎ᠡ᠃ ᠪᠤᠷᠤᠬᠤᠳᠠ ᠶᠢᠨ ᠦᠷ᠎ᠡ ᠲᠦᠮᠤᠰᠤᠨ ᠤ ᠰᠠᠭᠤᠷᠢᠨ᠂ ︽ᠱᠠᠩᠳᠤ︾ ᠮᠢᠬᠠᠨ ᠤ ᠦᠢᠯᠡᠰ᠂ ︽ᠽᠤᠤ ᠶᠤᠸᠠᠨ ᠶᠢᠨ ᠵᠤᠤ︾ ᠮᠢᠬᠠᠨ ᠤ ᠦᠢᠯᠡᠰ ᠵᠡᠷᠭᠡ ᠮᠠᠯ ᠲᠠᠷᠢᠶᠠᠯᠠᠩ ᠤᠨ ᠪᠦᠳᠤᠭᠡᠭᠳᠡᠬᠦᠨ ᠪᠤᠯᠪᠠᠰᠤᠷᠠᠭᠤᠯᠬᠤ ᠲᠦᠰᠤᠯ᠂ ᠰᠤᠶᠤᠯ ᠲᠠᠮᠢᠷ ᠤᠨ ᠤᠷᠳᠤᠨ᠂ ᠶᠤᠸᠠᠨ ᠤ ᠲᠡᠭᠡᠳᠤ ᠨᠡᠶᠢᠰᠯᠡᠯ ᠤᠨ ᠮᠦᠽᠧᠢ ᠵᠡᠷᠭᠡ ᠨᠡᠶᠢᠭᠡᠮ ᠤᠨ ᠠᠵᠤ ᠦᠢᠯᠡᠰ ᠤᠨ ᠲᠦᠰᠤᠯ᠂ ︽ᠯᠢ ᠲᠦᠩ︾᠂ ︽ᠱᠦᠨ ᠹᠧᠩ︾᠂ ︽ᠵᠦᠩ ᠰᠢᠩ︾ ᠵᠡᠷᠭᠡ ᠠᠷᠠᠯᠵᠢᠶ᠎ᠠ ᠵᠦᠭᠡᠭᠡᠪᠤᠷᠢ ᠶᠢᠨ ᠲᠦᠰᠤᠯ᠂ ᠱᠠᠩᠳᠤ ᠨᠢᠰᠭᠡᠯ ᠎ ᠤᠨ ᠪᠠᠭᠤᠳᠠᠯ᠂ ᠰᠢᠯᠤᠭᠤᠨ ᠬᠦᠭᠡ — ᠴᠢᠭᠤᠯᠤᠯᠳᠤ ᠬᠠᠭᠠᠯᠭ᠎ᠠ ᠬᠤᠭᠤᠷᠤᠨᠳᠤ ᠶᠢᠨ ᠲᠡᠮᠤᠷ ᠵᠠᠮ ᠵᠡᠷᠭᠡ ᠵᠠᠮ ᠬᠠᠷᠢᠯᠴᠠᠭᠠᠨ ᠎ ᠤ ᠲᠦᠰᠦᠯ᠂ ᠰᠢᠯ ᠬᠠᠶᠢᠯᠤᠰᠢ᠂ ᠬᠦᠷᠡᠩ ᠨᠡᠬᠦᠷᠡᠰᠤ ᠶᠢ ᠪᠤᠯᠪᠠᠰᠤᠷᠠᠭᠤᠯᠬᠤ᠂ ᠰᠠᠶᠢᠨ ᠴᠢᠨᠠᠷ ᠤᠨ ᠦᠭᠡᠬᠦᠨ ᠴᠢᠯᠠᠭᠤᠨ ᠡᠯᠡᠰᠤ ᠦᠢᠯᠡᠳᠪᠦᠷᠢᠯᠡᠬᠦ ᠵᠡᠷᠭᠡ ᠠᠵᠤ ᠦᠢᠯᠡᠳᠪᠦᠷᠢ ᠶᠢᠨ ᠲᠦᠰᠤᠯ ᠢ ᠲᠦᠯᠬᠢᠨ ᠠᠬᠢᠭᠤᠯᠬᠤ ᠶᠢᠨ ᠣᠯᠠᠮ ᠢᠶᠠᠷ ᠬᠦᠭᠵᠢᠯᠳᠡ ᠶᠢᠨ ᠶᠠᠰᠣ ᠴᠢᠨᠠᠷ ᠪᠠ ᠦᠷ᠎ᠡ ᠠᠰᠢᠭ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ 2017 ᠤᠨ ᠪᠤᠯᠳᠠᠯ᠎ᠠ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ ᠵᠢᠯ ᠪᠦᠷᠢ ᠲᠤᠮᠳᠠᠴᠢ ᠪᠠᠷ 16.8%᠎ ᠪᠠᠷ ᠨᠡᠮᠡᠭᠳᠡᠬᠦᠯᠵᠥ 76 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃        — — ᠲᠠᠷᠢᠶᠠᠯᠠᠩ ᠮᠠᠯ ᠠᠵᠣ ᠠᠬᠤᠢ ᠶᠢᠨ ᠰᠠᠭᠤᠷᠢ ᠶᠢ ᠲᠠᠰᠣᠷᠠᠯᠳᠠ ᠦᠬᠡᠢ ᠪᠠᠬᠢᠵᠢᠬᠦᠯᠦᠨ᠂ ᠤᠳᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠬᠦ ᠲᠠᠯ᠎ᠠ ᠪᠠᠷ ᠰᠢᠨ᠎ᠡ ᠠᠬᠢᠯᠳᠠ ᠲᠠᠢ ᠪᠤᠯᠬᠤ ᠪᠠᠷ ᠴᠢᠷᠮᠠᠶᠢᠨ᠎ᠠ᠃ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠠᠵᠢᠯ ᠢ ᠤᠯᠠᠮ ᠴᠢᠩᠭ᠎ᠠ ᠠᠳᠬᠤᠵᠥ ᠪᠡᠬᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠬᠦᠯᠬᠦ ᠠᠵᠨ ᠲᠣᠬᠢᠶᠠᠯ ᠢ ᠰᠠᠶᠢᠳᠣᠷ ᠠᠰᠢᠭᠯᠠᠨ᠂ ᠤᠷᠴᠢᠨ ᠠᠬᠤᠢ ᠡᠯᠡᠰᠤᠷᠭᠡᠵᠢᠵᠥ ᠲᠠᠴᠢᠷᠰᠢᠭᠰᠠᠨ ᠪᠠᠶᠢᠳᠠᠯ ᠬᠦᠨᠳᠦ ᠨᠣᠴᠢᠳᠠᠢ ᠭᠠᠵᠠᠷ ᠣᠷᠣᠨ ᠳᠠᠬᠢ ᠠᠮᠢ ᠠᠬᠤᠢ ᠶᠢ ᠵᠠᠰᠠᠬᠤ ᠬᠦᠴᠦᠯᠡᠴᠡ ᠪᠠᠨ ᠨᠡᠮᠡᠭᠳᠡᠬᠦᠯᠬᠦ ᠶᠢᠨ ᠬᠠᠮᠳᠤ ︽ᠣᠢ ᠡᠯᠡᠰᠦ ᠡᠪᠡᠰᠦᠨ︾᠎ ᠤ ᠠᠵᠣ ᠦᠢᠯᠡᠰ ᠢ ᠬᠦᠭᠵᠢᠬᠦᠯᠵᠤ ︽ᠬᠠᠮᠠᠭᠠᠯᠠᠬᠤ ᠶᠢᠨ ᠳᠠᠭᠠᠣ ᠬᠦᠭᠵᠢᠬᠦᠯᠦᠨ᠂ ᠬᠦᠭᠵᠢᠬᠦᠯᠬᠦ ᠶᠢᠨ ᠳᠠᠭᠠᠣ ᠬᠠᠮᠠᠭᠠᠯᠠᠬᠤ︾ ᠵᠠᠷᠴᠢᠮ ᠶᠢ ᠦᠨᠡᠨᠬᠦ ᠬᠡᠷᠡᠭᠵᠢᠭᠦᠯᠦᠨ᠎ᠡ᠃ ᠣᠯᠣᠰ ᠤᠨ ᠲᠠᠯ᠎ᠠ ᠨᠣᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠂ ᠡᠯ᠎ᠡ ᠲᠦᠷᠦᠯ ᠤᠨ ᠮᠠᠯ ᠲᠠᠷᠢᠶᠠᠯᠠᠩ ᠎ ᠤᠨ ᠬᠠᠷᠠᠭᠠᠯᠵᠠᠯ ᠤᠨ ᠨᠦᠬᠦᠪᠦᠷᠢ ᠮᠦᠩᠬᠦ ᠶᠢ ᠴᠠᠭ ᠲᠣᠬᠠᠢ ᠳᠤᠨᠢ ᠲᠤᠭ᠎ᠠ ᠶᠣᠰᠣᠭᠠᠷ ᠬᠤᠪᠢᠶᠠᠷᠢᠯᠠᠵᠥ᠂ ᠠᠮᠢ ᠠᠬᠤᠢ ᠶᠢᠨ ᠪᠠᠶᠢᠭᠤᠯᠤᠯᠳᠠ ᠳᠤ ᠬᠦᠴᠤᠨ ᠨᠡᠮᠡᠷᠢ ᠪᠠᠨ ᠡᠷᠬᠦᠭᠰᠡᠨ ᠮᠠᠯᠴᠢᠨ ᠲᠡᠷᠢᠶᠠᠴᠢᠳ ᠤᠨ ᠦᠢᠯᠡᠳᠪᠦᠷᠢᠯᠡᠯ ᠨᠢ ᠬᠦᠭᠵᠢᠯᠳᠠ ᠲᠠᠢ᠂ ᠠᠮᠢᠳᠤᠷᠠᠯ ᠨᠢ ᠰᠠᠶᠢᠵᠢᠷᠠᠯᠳᠠ ᠲᠠᠢ ᠪᠠᠶᠢᠬᠤ ᠶᠢ ᠪᠠᠳᠤᠯᠠᠨ᠎ᠠ᠃ ᠮᠠᠯ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠎ ᠤᠨ ᠬᠦᠴᠤᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠥ᠂ ᠬᠤᠨᠢ ᠦᠭᠡᠷ ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ ᠎ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠬᠦ ᠶᠢᠨ ᠬᠠᠮᠳᠤ ᠤᠨᠴᠠᠯᠢᠭᠳᠤ ᠮᠠᠯ ᠲᠠᠷᠢᠶᠠᠯᠠᠩ ᠤᠨ ᠦᠢᠯᠡᠰ ᠢ ᠭᠡᠪᠴᠢᠶᠡᠵᠢᠬᠦᠯᠵᠥ᠂ ᠠᠵᠤ ᠦᠢᠯᠡᠰᠵᠢᠬᠦᠯᠬᠦ᠂ ᠪᠠᠷᠢᠮᠵᠢᠶᠠᠵᠢᠭᠤᠯᠬᠤ ᠲᠠᠯ᠎ᠠ ᠪᠠᠷ ᠲᠦᠷᠭᠡᠨ ᠠᠬᠢᠭᠤᠯᠵᠥ᠂ ᠮᠠᠯ ᠤᠨ ᠲᠤᠰ ᠪᠡᠶ᠎ᠡ ᠶᠢᠨ ᠬᠢᠨᠢ ᠠᠰᠢᠭ ᠰᠢᠮ᠎ᠡ ᠪᠤᠯᠤᠨ ᠪᠦᠬᠦᠶᠢᠯᠨ ᠠᠵᠤ ᠠᠬᠤᠢ ᠶᠢᠨ ᠠᠰᠢᠭ ᠤᠷᠤᠯᠭ᠎ᠠ ᠶᠢ ᠲᠡᠭᠡᠭᠰᠢᠯᠡᠬᠦᠯᠵᠥ᠂ ᠤᠨᠴᠠᠯᠢᠭᠳᠤ ᠮᠠᠯ ᠲᠠᠷᠢᠶᠠᠯᠠᠩ ᠤᠨ ᠪᠦᠳᠤᠭᠡᠭᠳᠡᠬᠦᠨ ᠤ ᠨᠡᠮᠡᠯᠳᠠ ᠦᠷᠳᠡᠭ ᠵᠢᠴᠢ ᠵᠠᠬ᠎ᠠ ᠲᠡᠯᠭᠡᠬᠦᠷ ᠲᠤ ᠡᠵᠡᠯᠡᠬᠦ ᠬᠠᠷᠢᠴᠠᠯ ᠢ ᠨᠡᠮᠡᠭᠳᠡᠬᠦᠯᠦᠨ᠎ᠡ᠃ ᠮᠠᠯᠴᠢᠨ ᠲᠠᠷᠢᠶᠠᠴᠢᠳ ᠤᠨ ᠬᠤᠷᠰᠢᠭᠰᠠᠨ ᠵᠤᠬᠢᠶᠠᠨ ᠪᠠᠶᠢᠭᠤᠯᠣᠯᠳᠠ ᠪᠤᠯᠤᠨ ᠲᠤᠰᠬᠠᠶᠢᠵᠢᠭᠰᠠᠨ ᠨᠡᠶᠢᠭᠡᠮᠢᠯᠢᠭ ᠤᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠥ ᠵᠤᠬᠢᠰᠳᠠᠢ ᠪᠡᠯᠨ ᠮᠦᠩᠬᠦ ᠪᠠ ᠲᠦᠰᠤᠯ ᠤᠨ ᠲᠡᠳᠬᠦᠮᠵᠢ ᠤᠯᠭᠤᠨ᠎ᠠ᠃ ᠠᠮᠢᠳᠠᠨ ᠤ ᠬᠢᠵᠢᠭ ᠪᠤᠯᠤᠨ ᠬᠢᠵᠢᠭ ᠤᠨ ᠪᠠᠶᠢᠳᠠᠯ ᠢ ᠢᠳᠡᠪᠬᠢᠳᠠᠢ ᠰᠡᠷᠭᠡᠶᠢᠯᠡᠨ ᠬᠤᠷᠢᠭᠯᠠᠵᠥ᠂ ᠬᠦᠮᠦᠨ ᠠᠷᠠᠳ ᠤᠨ ᠲᠤᠮᠳᠠᠬᠢ ᠪᠷᠦ᠋ᠽᠢᠯ ᠡᠪᠡᠳᠴᠢᠨ ᠢ ᠪᠦᠳᠦᠮᠵᠢᠳᠠᠢ ᠵᠠᠰᠠᠬᠤ ᠶᠢᠨ ᠬᠠᠮᠳᠤ ᠮᠠᠯ ᠤᠨ ᠪᠷᠦ᠋ᠽᠢᠯ ᠡᠪᠡᠳᠴᠢᠨ ᠤ ᠬᠤᠷᠢᠭᠯᠠᠬᠤ ᠡᠬᠦᠷᠭᠡ ᠬᠠᠷᠠᠯᠳᠠ ᠶᠢ ᠪᠡᠶᠡᠯᠡᠬᠦᠯᠦᠨ᠎ᠡ᠃ ᠬᠢᠯᠢ ᠬᠢᠵᠠᠭᠠᠷ ᠤᠷᠤᠨ ᠤ ᠶᠠᠳᠠᠭᠤ ᠬᠦᠴᠢᠷᠳᠠᠢ ᠭᠠᠴᠠᠭ᠎ᠠ ᠲᠤᠰᠬᠤᠨ ᠤ ᠦᠨᠳᠤᠰᠤᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠥ ᠭᠠᠩ ᠭᠠᠮᠰᠢᠭ ᠲᠤ ᠲᠠᠭᠠᠭᠠᠴᠠᠳᠠᠢ ᠮᠠᠯ ᠲᠠᠷᠢᠶᠠᠯᠠᠩ ᠤᠨ ᠦᠢᠯᠡᠳᠪᠦᠷᠢᠯᠡᠯ ᠢ ᠬᠦᠭᠵᠢᠬᠦᠯᠵᠥ᠂ ᠮᠠᠯᠵᠢᠬᠤ ᠲᠠᠷᠢᠶᠠᠯᠠᠬᠤ ᠤᠷᠤᠨ ᠤ ᠭᠠᠮᠰᠢᠭ ᠢ ᠰᠦᠷᠤᠨ ᠲᠠᠪᠠᠭ᠋ᠤ ᠬᠦᠴᠤᠨ ᠢ ᠨᠡᠮᠡᠭᠳᠡᠬᠦᠯᠦᠨ᠎ᠡ᠃ ᠲᠠᠷᠢᠶᠠᠯᠠᠩ ᠤᠨ ᠲᠠᠷᠢᠮᠠᠯ ᠲᠤ ᠪᠦᠳᠤᠴᠨ ᠶᠢᠨ ᠲᠤᠬᠢᠷᠠᠭᠤᠯᠤᠯᠳᠠ ᠬᠢᠵᠥ ᠭᠡᠮᠨᠡᠯᠳᠤ ᠤᠰᠤᠵᠢᠭᠤᠯᠤᠯᠳᠠ ᠶᠢᠨ ᠮᠡᠷᠭᠡᠵᠢᠯ ᠢ ᠲᠦᠭᠡᠮᠡᠯᠵᠢᠬᠦᠯᠤᠨ ᠤᠰᠤ ᠠᠷᠪᠢᠯᠠᠯ ᠲᠠᠢ ᠦᠨᠳᠤᠷ ᠦᠷ᠎ᠡ ᠠᠰᠢᠭᠳᠤ ᠲᠡᠷᠢᠶᠠᠯᠠᠩ ᠢ ᠬᠦᠭᠵᠢᠬᠦᠯᠦᠨ᠎ᠡ᠃ ︽ᠪᠦᠬᠦᠶᠢᠯᠨ ᠲᠣᠰᠬᠤᠨ ᠢᠶᠠᠷ ᠨᠢ ᠠᠬᠢᠭᠤᠯᠬᠤ᠂ ᠶᠠᠳᠠᠭᠤ ᠶᠢ ᠳᠡᠳᠬᠦᠨ ᠠᠷᠠᠳ ᠢ ᠨᠡᠬᠦᠯᠬᠡᠬᠦ︾ ᠢᠨᠵᠧᠨᠧᠷᠢᠩ ᠢ ᠡᠷᠴᠢᠮᠳᠠᠢ ᠭᠡᠷᠡᠭᠵᠢᠬᠦᠯᠵᠥ᠂ ᠨᠡᠩ ᠣᠯᠠᠨ ᠮᠠᠯᠴᠢᠨ ᠲᠠᠷᠢᠶᠠᠴᠢᠳ ᠬᠤᠳᠠ ᠪᠠᠯᠭᠠᠰᠣᠨ ᠤ ᠰᠠᠭᠤᠭᠠᠯᠢ ᠠᠷᠠᠳ ᠲᠠᠢ ᠠᠳᠠᠯᠢᠬᠠᠨ ᠠᠵᠢᠯ ᠣᠯᠭᠤᠯᠳᠠ᠂ ᠰᠣᠷᠭᠠᠨ ᠬᠦᠮᠦᠵᠢᠯ᠂ ᠨᠡᠶᠢᠭᠡᠮ ᠤᠨ ᠪᠠᠳᠣᠯᠠᠭ᠎ᠠ᠂ ᠡᠮ ᠡᠮᠨᠡᠯᠭᠡ ᠡᠷᠡᠬᠦᠯ ᠬᠠᠮᠠᠭᠠᠯᠠᠯ ᠵᠡᠷᠭᠡ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡ ᠶᠢ ᠲᠡᠷᠭᠡᠳᠠ ᠠᠴᠠ ᠪᠠᠨ ᠬᠦᠷᠳᠡᠬᠦ ᠪᠤᠯᠤᠮᠵᠢ ᠲᠠᠢ ᠪᠤᠯᠭᠠᠨ᠎ᠠ᠃ 2017 ᠤᠨ ᠪᠤᠯᠳᠠᠯ᠎ᠠ ᠪᠠᠷᠢᠮᠵᠢᠶᠠᠵᠢᠭᠰᠠᠨ ᠮᠠᠯᠵᠢᠯ ᠤᠨ ᠲᠤᠭᠤᠷᠢᠭ ᠢ 99᠎ ᠳᠤ ᠬᠦᠷᠭᠡᠬᠦ ᠪᠦᠭᠡᠳ ᠮᠠᠯ ᠤᠨ ᠡᠬᠦᠯᠳᠡᠷ ᠰᠠᠶᠢᠵᠢᠷᠠᠭᠤᠯᠤᠭᠰᠠᠨ ᠨᠤᠷᠮ᠎ᠠ ᠶᠢ 99.5%᠎ ᠳᠤ ᠬᠦᠷᠭᠡᠵᠥ ᠲᠠᠷᠢᠮᠠᠯ ᠤᠨ ᠲᠠᠯᠠᠪᠠᠢ ᠶᠢ 30.8 ᠲᠦᠮᠡᠨ ᠮᠤ᠋ ᠳᠤ ᠬᠢᠵᠠᠭᠠᠷᠯᠠᠵᠥ᠂ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ ᠵᠢᠯ ᠪᠦᠷᠢ ᠲᠤᠮᠳᠠᠴᠢ ᠪᠠᠷ 7.8%᠎ ᠪᠠᠷ ᠨᠡᠮᠡᠭᠳᠡᠬᠦᠯᠵᠥ 8 ᠳ᠋ᠦᠩᠰᠢᠭᠤᠷ ᠲᠤ ᠬᠦᠷᠭᠡᠨ᠎ᠡ᠃        — — ᠰᠤᠶᠤᠯ ᠵᠢᠭᠤᠯᠴᠢᠯᠠᠯ ᠤᠨ ᠦᠢᠯᠡᠰ ᠢ ᠬᠦᠭᠵᠢᠬᠦᠯᠦᠨ ᠡᠷᠴᠢᠮᠵᠢᠬᠦᠯᠵᠥ᠂ ᠭᠤᠷᠪᠠᠳᠤᠭᠠᠷ ᠠᠵᠤ ᠦᠢᠯᠡᠰ ᠎ ᠤᠨ ᠬᠦᠭᠵᠢᠯᠳᠠ ᠶᠢ ᠰᠢᠨ᠎ᠡ ᠦᠰᠦᠷᠤᠯᠳᠠ ᠲᠠᠢ ᠪᠤᠯᠭᠠᠬᠤ ᠪᠠᠷ ᠴᠢᠷᠮᠠᠶᠢᠨ᠎ᠠ᠃ ᠲᠠᠯᠠᠭᠡᠢ ᠶᠢᠨ ᠰᠤᠶᠤᠯ ᠤᠨ ᠦᠪ ᠪᠤᠯᠤᠭᠰᠠᠨ ᠲᠡᠭᠡᠳᠤ ᠨᠡᠶᠢᠰᠯᠡᠯ ᠤᠨ ᠪᠠᠭᠤᠷᠢ ᠶᠢᠨ ᠤᠯᠠᠨ ᠳᠤ ᠲᠠᠨᠢᠭᠳᠠᠭᠰᠠᠨ ᠨᠦᠯᠦᠭᠡ ᠲᠤᠰᠬᠠᠯ ᠳᠤ ᠪᠠᠨ ᠲᠦᠰᠢᠭᠯᠡᠨ ᠰᠤᠶᠤᠯ ᠵᠢᠭᠤᠯᠴᠢᠯᠠᠯ ᠢ ᠬᠦᠴᠤᠯᠡᠨ ᠬᠦᠭᠵᠢᠬᠦᠯᠵᠥ ︽ᠲᠣᠮᠳᠠᠳᠣ ᠣᠯᠣᠰ᠂ ᠶᠣᠸᠠᠨ ᠤ ᠳᠡᠭᠡᠳᠦ ᠨᠡᠶᠢᠰᠯᠡᠯ︾ ᠨᠡᠷᠡᠳᠦ ᠳᠡᠮᠳᠡᠭ ᠤᠨ ᠲᠣᠭᠤᠷᠢᠨ ᠳᠤ ᠡᠬᠢ ᠪᠠᠶᠠᠯᠢᠭ ᠢᠶᠠᠨ ᠨᠢᠬᠡᠳᠭᠡᠨ ᠰᠢᠯᠢᠳᠡᠭ ᠢ ᠡᠬᠦᠳᠴᠦ᠂ ᠵᠢᠭᠤᠯᠴᠢᠯᠠᠯ ᠤᠨ ᠬᠦᠭᠵᠢᠯᠳᠡ ᠎ ᠶᠢᠨ ᠣᠷᠣᠨ ᠵᠠᠢ ᠶᠢ ᠦᠷᠭᠡᠳᠭᠡᠨ ᠳᠡᠯᠡᠨ᠎ᠡ᠃ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠯ ᠤᠨ ᠲᠤᠭᠤᠷᠢᠭ ᠢ 5A ᠳᠡᠰ ᠤᠨ ᠪᠠᠷᠢᠮᠵᠢᠶ᠎ᠠ ᠪᠠᠷ ᠪᠦᠳᠦᠬᠡᠨ ᠪᠠᠶᠢᠭᠤᠯᠬᠤ ᠪᠦᠭᠡᠳ ᠶᠤᠸᠠᠨ ᠤ ᠲᠡᠭᠡᠳᠤ ᠨᠡᠶᠢᠰᠯᠡᠯ — ᠤᠯᠤᠰ ᠎ ᠤᠨ ᠲᠡᠰ ᠤᠨ ᠰᠤᠶᠤᠯ ᠵᠢᠭᠤᠯᠴᠢᠯᠠᠯ ᠤᠨ ᠠᠵᠤ ᠠᠬᠤᠢ ᠶᠢᠨ ᠬᠦᠷᠢᠶᠡᠯᠡᠩ ᠵᠢᠴᠢ ᠲᠡᠯᠡᠭᠡᠢ ᠶᠢᠨ ᠦᠯᠡᠳᠡᠭᠳᠡᠯ ᠪᠠᠭᠤᠷᠢ ᠰᠤᠳᠤᠯᠬᠤ ᠬᠦᠷᠢᠶᠡᠯᠡᠩ ᠢ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠶᠢᠨ ᠵᠡᠷᠭᠡᠴᠡᠭᠡ ᠠᠵᠤ ᠦᠢᠯᠡᠰ ᠤᠨ ᠬᠡᠯᠪᠡᠷᠢ ᠪᠠᠷ ᠵᠢᠭᠤᠯᠴᠢᠯᠠᠯ ᠢ ᠬᠦᠭᠵᠢᠬᠦᠯᠵᠥ ᠪᠡᠭᠡᠵᠢᠭ ᠤᠨ ᠤᠮᠠᠷ᠎ᠠ ᠳᠠᠬᠢ ᠬᠠᠮᠤᠭ ᠠᠴᠠ ᠲᠠᠳᠠᠬᠤ ᠬᠦᠴᠤᠨ ᠪᠦᠬᠦᠢ ᠮᠤᠩᠭᠤᠯ ᠶᠤᠸᠠᠨ ᠤ ᠰᠤᠶᠤᠯ ᠵᠢᠭᠤᠯᠴᠢᠯᠠᠯ ᠤᠨ ᠨᠡᠷᠡᠳᠤ ᠤᠷᠤᠨ ᠢ ᠴᠤᠭᠴᠠᠯᠠᠨ ᠪᠠᠶᠢᠭᠤᠯᠤᠨ᠎ᠠ᠃ ᠣᠶᠢᠷᠠᠯᠴᠠᠭᠠᠬᠢ ᠭᠠᠵᠠᠷ ᠣᠷᠣᠨ ᠯᠤᠭ᠎ᠠ ᠶᠢᠨ ᠬᠤᠷᠰᠢᠯᠴᠠᠭ᠎ᠠ ᠪᠠᠨ ᠤᠯᠠᠮ ᠴᠢᠩᠭᠠᠳᠬᠠᠨ ᠵᠢᠭᠤᠯᠴᠢᠯᠠᠯ ᠤᠨ ᠦᠢᠯᠡᠰ ᠤᠨ ᠪᠦᠰᠨ ᠤᠷᠤᠨ ᠤ ᠬᠦᠭᠵᠢᠯᠳᠡ ᠶᠢ ᠠᠬᠢᠭᠤᠯᠬᠤ ᠎ ᠶᠢᠨ ᠵᠠᠷᠭᠡᠪᠡᠷ ᠵᠢᠭᠤᠯᠴᠢᠯᠠᠯ ᠤᠨ ᠤᠷᠤᠨ ᠤ ᠰᠠᠭᠤᠷᠢ ᠲᠦᠭᠦᠭᠡᠷᠦᠮᠵᠢ ᠶᠢ ᠳᠡᠭᠦᠯᠳᠡᠷᠵᠢᠬᠦᠯᠦᠨ᠂ ᠵᠢᠭᠤᠯᠴᠢᠳ ᠲᠤ ᠵᠤᠷᠢᠭᠤᠯᠤᠭᠰᠠᠨ ᠪᠠᠷᠠᠭ᠎ᠠ ᠲᠠᠸᠠᠷ ᠲᠦᠰᠦᠪᠯᠡᠨ ᠦᠢᠯᠡᠳᠪᠦᠷᠢᠯᠡᠬᠦ ᠵᠢᠴᠢ ᠢᠳᠡᠭᠡᠨ ᠣᠮᠳᠠᠭᠠᠨ ᠬᠤᠨᠤᠭ ᠪᠠᠭᠤᠴᠠ᠂ ᠬᠤᠳᠠᠯᠳᠤᠭ᠎ᠠ ᠵᠤᠭ᠎ᠠ ᠴᠡᠩᠭᠡᠯ ᠵᠡᠷᠭᠡ ᠵᠢᠭᠤᠯᠴᠢᠯᠠᠯ ᠤᠨ ᠦᠢᠯᠡᠰ ᠤᠨ ᠲᠠᠭᠠᠯᠳᠠ ᠠᠵᠣ ᠦᠢᠯᠡᠰ ᠤᠨ ᠬᠦᠭᠵᠢᠯᠳᠡ ᠶᠢ ᠲᠦᠷᠭᠡᠳᠭᠡᠬᠦ ᠶᠢᠨ ᠬᠠᠮᠳᠤ ︽ᠮᠠᠯᠴᠢᠨ ᠠᠶᠢᠯ︾ ᠵᠡᠷᠭᠡ ᠦᠨᠳᠤᠰᠤᠳᠡᠨ ᠤ ᠤᠨᠴᠠᠯᠢᠭ ᠲᠠᠢ ᠵᠤᠭᠠᠴᠠᠯ ᠢ ᠬᠦᠭᠵᠢᠬᠦᠯᠵᠥ ᠮᠠᠨ ᠤ ᠬᠤᠰᠢᠭᠤ ᠪᠠᠨ ᠵᠢᠭᠤᠯᠴᠢᠯᠠᠯ ᠤᠨ ᠡᠬᠢ ᠪᠠᠶᠠᠯᠢᠭ ᠤᠨ ᠲᠣᠮᠣ ᠬᠤᠰᠢᠭᠤ ᠠᠴᠠ ᠵᠢᠭᠤᠯᠴᠢᠯᠠᠯ ᠤᠨ ᠠᠵᠣ ᠦᠢᠯᠡᠰ ᠎ ᠤᠨ ᠲᠣᠮᠣ ᠬᠤᠰᠢᠭᠤ ᠪᠣᠯᠭᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ᠃ ᠲᠠᠬᠢᠪᠠᠯ ᠪᠢᠳᠠ ᠭᠠᠵᠠᠷ ᠵᠦᠢ ᠶᠢᠨ ᠲᠠᠪᠠᠭᠤᠯᠢᠭ ᠢᠶᠠᠨ ᠠᠰᠢᠭᠯᠠᠨ ᠰᠢᠨ᠎ᠡ ᠭᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠵᠢᠴᠢ ᠤᠳᠤᠬᠢᠴᠢᠯᠠᠭᠰᠠᠨ ᠠᠴᠢᠶ᠎ᠠ ᠵᠦᠭᠡᠭᠡᠪᠤᠷᠢ ᠶᠢᠨ ᠦᠢᠯᠡᠰ ᠢ ᠢᠳᠡᠪᠬᠢᠳᠠᠢ ᠬᠦᠭᠵᠢᠬᠦᠯᠵᠥ ᠦᠨᠳᠤᠰᠤᠳᠡᠨ ᠤ ᠠᠷᠠᠯᠵᠢᠶ᠎ᠠ᠂ ᠵᠠᠮ ᠵᠦᠭᠡᠭᠡᠪᠦᠷᠢ ᠵᠡᠷᠭᠡ ᠣᠯᠠᠮᠵᠢᠯᠠᠯᠳᠣ ᠦᠢᠯᠡᠴᠢᠯᠡᠬᠡᠨ ᠤ ᠦᠢᠯᠡᠰ ᠢ ᠥᠭᠡᠷᠡᠴᠢᠯᠡᠨ‌ᠢᠳᠡᠪᠬᠢᠵᠢᠬᠦᠯᠵᠦ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠢ ᠬᠦᠴᠤᠯᠡᠨ ᠬᠦᠭᠵᠢᠬᠦᠯᠦᠨ᠎ᠡ᠃ 2017 ᠤᠨ ᠪᠤᠯᠳᠠᠯ᠎ᠠ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ ᠵᠢᠯ ᠪᠦᠷᠢ ᠲᠤᠮᠳᠠᠴᠢ ᠪᠠᠷ 26.5%᠎ ᠪᠠᠷ ᠦᠰᠭᠡᠨ᠂ 36 ᠳ᠋ᠦᠩᠰᠢᠭᠤᠷ ᠲᠦᠬᠦᠷᠢᠭ ᠲᠤ ᠬᠦᠷᠬᠡᠬᠦ ᠎ ᠪᠠᠷ ᠴᠢᠷᠮᠠᠶᠢᠨ᠎ᠠ᠃        — — ᠬᠤᠲᠠ ᠪᠠᠯᠭᠠᠰᠤᠨ ᠤ ᠰᠠᠭᠤᠷᠢ ᠪᠦᠲᠦᠭᠡᠨ ᠪᠠᠶᠢᠭᠤᠯᠣᠯᠲᠠ ᠶᠢ ᠨᠢᠬᠡᠳᠦᠯᠳᠠᠢ ᠲᠦᠯᠦᠪᠯᠡᠨ ᠴᠢᠩᠭ᠎ᠠ ᠠᠳᠬᠤᠵᠥ ᠬᠤᠳᠠ ᠬᠦᠳᠡᠭᠡ ᠶᠢ ᠨᠢᠬᠡ ᠴᠣᠭᠴᠠᠵᠢᠭᠤᠯᠣᠭᠰᠠᠨ ᠬᠦᠭᠵᠢᠯᠳᠡ ᠶᠢ ᠰᠢᠨ᠎ᠡ ᠬᠤᠪᠢᠷᠠᠯᠳᠠ ᠲᠠᠢ ᠪᠣᠯᠭᠠᠬᠤ ᠪᠠᠷ ᠴᠢᠷᠮᠠᠶᠢᠨ᠎ᠠ᠃ ᠰᠢᠯᠢ ᠶᠢᠨ ᠭᠤᠤᠯ ᠤᠨ ᠡᠮᠤᠨ᠎ᠡ ᠭᠡᠰᠡᠭ ᠤᠨ ᠲᠦᠪ ᠬᠤᠳᠠ ᠶᠢ ᠲᠦᠯᠦᠪᠯᠡᠨ ᠪᠠᠶᠢᠭᠤᠯᠬᠤ ᠪᠠᠷ ᠪᠠᠶᠢᠭ᠎ᠠ ᠠᠰᠢᠭᠳᠠᠢ ᠲᠤᠬᠢᠶᠠᠯ ᠢ ᠵᠠᠪᠳᠤᠨ ᠱᠠᠩᠳᠤ ᠪᠠᠯᠭᠠᠰᠤ ᠪᠤᠯᠤᠨ ᠪᠤᠰᠤᠳ ᠭᠤᠤᠯ ᠪᠠᠯᠭᠠᠳ ᠢ ᠪᠦᠳᠦᠭᠡᠨ ᠪᠠᠶᠢᠭᠤᠯᠬᠤ ᠠᠯᠬᠤᠴᠠ ᠶᠢ ᠲᠦᠷᠭᠡᠳᠭᠡᠨ᠂ ᠣᠰᠣ ᠬᠠᠩᠭᠠᠯᠭ᠎ᠠ᠂ ᠤᠰᠤ ᠭᠠᠳᠠᠭᠰᠢᠯᠠᠭᠤᠯᠬᠤ᠂ ᠲᠣᠯᠠᠭᠠᠯᠠᠯᠭ᠎ᠠ᠂ ᠰᠢᠳᠠᠮᠠᠬᠠᠢ ᠬᠡᠢ᠂ ᠴᠠᠬᠢᠯᠭᠠᠨ ᠵᠡᠷᠭᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠨᠡᠮᠡᠭᠳᠡᠬᠦᠯᠵᠦ᠂ ᠴᠡᠴᠡᠷᠯᠢᠭ᠂ ᠠᠭᠤᠳᠠᠮ ᠲᠠᠯᠠᠪᠠᠢ᠂ ᠲᠡᠷᠭᠡᠨ ᠵᠣᠭᠰᠣᠭᠠᠯ ᠵᠷᠭᠡ ᠨᠡᠶᠢᠳᠡ ᠶᠢᠨ ᠲᠦᠭᠦᠬᠡᠷᠦᠮᠵᠢ ᠶᠢ ᠢᠵᠢ ᠪᠦᠷᠢᠳᠦᠬᠦᠯᠦᠨ᠂ ᠨᠤᠭᠤᠭᠠᠷᠠᠭᠤᠯᠤᠯᠳᠠ᠂ ᠬᠠᠳᠠᠭᠤᠵᠢᠭᠤᠯᠤᠯᠳᠠ᠂ ᠭᠤᠶᠣᠵᠢᠭᠤᠯᠣᠯᠳᠠ᠂ ᠭᠡᠷᠡᠯᠳᠤᠬᠦᠯᠭᠡ ᠶᠢᠨ ᠢᠨᠵᠧᠨᠧᠷᠢᠩ ᠢ ᠬᠦᠴᠦᠯᠡᠨ ᠬᠡᠷᠡᠭᠵᠢᠬᠦᠯᠵᠦ᠂ ᠬᠤᠳᠠ ᠎ ᠶᠢᠨ ᠴᠢᠳᠠᠪᠬᠢ ᠶᠢ ᠳᠡᠭᠦᠯᠳᠡᠷᠵᠢᠬᠦᠯᠦᠨ ᠬᠤᠳᠠ ᠶᠢᠨ ᠲᠡᠰ ᠵᠢᠩᠳᠠᠭ᠎ᠠ ᠶᠢ ᠳᠡᠭᠡᠭᠰᠢᠯᠡᠬᠦᠯᠵᠦ᠂ ᠮᠣᠩᠭᠤᠯ ᠶᠣᠸᠠᠨ ᠤ ᠰᠣᠶᠣᠯ ᠎ ᠤᠨ ᠬᠡᠪ ᠨᠠᠮᠪᠠ ᠲᠠᠢ᠂ ᠴᠠᠭ ᠡᠷᠡᠨ ᠤ ᠬᠢᠯᠪᠠᠭ᠎ᠠ ᠪᠦᠷᠢᠳᠦᠭᠰᠡᠨ ᠲᠠᠩᠰᠤᠭ ᠬᠤᠳᠠ ᠶᠢ ᠪᠦᠳᠤᠭᠡᠨ ᠪᠠᠶᠢᠭᠤᠯᠤᠨ᠎ᠠ᠃ 2017 ᠣᠨ ᠪᠣᠯᠳᠠᠯ᠎ᠠ ᠱᠠᠩᠳᠣ ᠪᠠᠯᠭᠠᠰᠣᠨ ᠤ ᠬᠤᠳᠠ ᠶᠢᠨ ᠶᠡᠷᠤᠩᠭᠡᠢ ᠲᠠᠯᠠᠪᠠᠢ ᠶᠢ 21.1 ᠳᠡᠭᠰᠢ ᠲᠦᠷᠪᠡᠯᠵᠢᠨ ᠺᠢᠯᠣᠮᠧᠲᠷ ᠲᠤ ᠬᠦᠷᠭᠡᠨ᠎ᠡ᠃ ᠰᠢᠨ᠎ᠡ ᠬᠦᠳᠡᠭᠡ ᠲᠣᠰᠬᠤᠨ ᠤ ᠪᠦᠳᠦᠭᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠷᠭᠡᠳᠭᠡᠨ ᠵᠠᠮ ᠨᠡᠪᠳᠡᠷᠡᠬᠦᠯᠬᠡ᠂ ᠣᠰᠣ ᠴᠠᠬᠢᠯᠭᠠᠨ ᠵᠡᠷᠭᠡ ᠦᠨᠳᠤᠰᠤᠨ ᠪᠠᠶᠢᠭᠤᠯᠣᠯᠳᠠ ᠶᠢᠨ ᠲᠠᠯ᠎ᠠ ᠪᠠᠷ ᠬᠦᠷᠤᠩᠭᠡ ᠣᠷᠣᠭᠤᠯᠣᠯᠳᠠ ᠪᠠᠨ ᠨᠡᠮᠡᠭᠳᠡᠬᠦᠯᠵᠦ᠂ ᠭᠠᠴᠠᠭ᠎ᠠ ᠲᠣᠰᠬᠤᠨ ᠤ ᠲᠦᠷᠢ ᠲᠦᠷᠭᠦ ᠶᠢ ᠬᠠᠯᠠᠨ ᠰᠠᠶᠢᠵᠢᠷᠠᠭᠤᠯᠣᠨ᠎ᠠ᠃ ᠵᠢᠵᠢᠭ ᠬᠤᠳᠠ ᠪᠠᠯᠭᠠᠰᠣᠨ ᠤ ᠪᠦᠳᠦᠬᠡᠨ ᠪᠠᠶᠢᠭᠤᠯᠣᠯᠳᠠ ᠶᠢ ︽ᠬᠤᠳᠠ ᠬᠦᠳᠡᠭᠡ ᠶᠢ ᠨᠢᠭᠡ ᠴᠣᠭᠴᠠᠵᠢᠭᠤᠯᠬᠤ︾᠎ ᠶᠢ ᠠᠬᠢᠭᠤᠯᠬᠤ ᠴᠢᠬᠤᠯᠨ ᠠᠵᠢᠯ ᠪᠣᠯᠭᠠᠨ ᠪᠠᠷᠢᠮᠳᠠᠯᠠᠵᠣ᠂ ᠭᠠᠵᠠᠷ ᠣᠷᠣᠨ ᠤ ᠣᠨᠴᠠᠯᠢᠭ ᠲᠤ ᠲᠣᠭᠢᠷᠠᠭᠤᠯᠣᠨ ᠪᠦᠳᠦᠭᠡᠨ ᠪᠠᠶᠢᠭᠤᠯᠵᠣ᠂ ᠣᠯᠠᠨ ᠴᠢᠭᠯᠡᠯ ᠢᠶᠠᠷ ᠪᠡᠯᠨ ᠨᠡᠶᠢᠯᠡᠬᠦᠯᠵᠦ᠂ ᠵᠠᠬ᠎ᠠ ᠳᠡᠯᠭᠡᠭᠦᠷ ᠤᠨ ᠮᠠᠶ᠋ᠢᠭ ᠢᠶᠠᠷ ᠠᠵᠢᠯᠯᠠᠭᠤᠯᠣᠨ ᠵᠢᠵᠢᠭ ᠬᠤᠳᠠ ᠪᠠᠯᠭᠠᠰᠣᠨ ᠎ ᠤ ᠪᠦᠳᠦᠬᠡᠨ ᠪᠠᠶᠢᠭᠤᠯᠣᠯᠳᠠ ᠶᠢ ᠠᠯᠬᠤᠮ ᠠᠯᠬᠤᠮ ᠢᠶᠠᠷ ᠠᠬᠢᠭᠤᠯᠣᠨ᠎ᠠ᠃ ᠬᠤᠰᠢᠭᠤ ᠬᠢᠵᠠᠭᠠᠷ ᠲᠣᠳᠣᠷᠠᠬᠢ ᠵᠢᠴᠢ ᠬᠤᠰᠢᠭᠤ ᠠᠯᠣᠰᠯᠠᠭᠰᠠᠨ ᠳᠡᠭᠡᠳᠦ ᠳᠡᠰ ᠤᠨ ᠵᠠᠰᠠᠮᠠᠯ ᠵᠠᠮ ᠪᠠ ᠳᠡᠮᠦᠷ ᠵᠠᠮ ᠤᠨ ᠪᠠᠷᠢᠯᠭ᠎ᠠ ᠶᠢ ᠭᠤᠣᠯᠳᠠᠯᠭ᠎ᠠ ᠲᠠᠢ ᠨᠠᠶᠢᠳᠠᠪᠣᠷᠢᠵᠢᠭᠤᠯᠣᠨ᠂ 2017 ᠣᠨ ᠤ ᠡᠴᠦᠰ ᠪᠣᠯᠳᠠᠯ᠎ᠠ ᠨᠡᠩ ᠪᠦᠷᠢᠨ ᠳᠡᠭᠦᠯᠳᠡᠷ ᠰᠢᠯᠣᠭᠤᠨ ᠲᠦᠳᠠ ᠵᠠᠮ ᠨᠡᠪᠳᠡᠷᠡᠬᠦᠯᠬᠡ ᠶᠢᠨ ᠰᠢᠰᠲ᠋ᠧᠮ ᠢ ᠪᠠᠶᠢᠭᠤᠯᠤᠨ᠎ᠠ᠃        — — ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢ ᠵᠣᠬᠢᠴᠠᠩᠭᠤᠢ ᠬᠦᠭᠵᠢᠬᠦᠯᠵᠦ᠂ ᠣᠯᠠᠨ ᠨᠡᠶᠢᠳᠡ ᠎ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠬᠦ ᠲᠠᠯ᠎ᠠ ᠳᠤ ᠰᠢᠨ᠎ᠡ ᠦᠬᠡᠷᠡᠴᠢᠯᠡᠯᠳᠡ ᠲᠠᠢ ᠪᠣᠯᠭᠠᠬᠤ ᠪᠠᠷ ᠴᠢᠷᠮᠠᠶᠢᠨ᠎ᠠ᠃ ᠶᠣᠰᠣ ᠮᠣᠷᠠᠯ ᠢᠶᠠᠷ ᠬᠡᠦᠬᠡᠳ ᠬᠦᠮᠤᠵᠢᠬᠦᠯᠬᠦ ᠶᠢ ᠰᠣᠷᠭᠠᠨ ᠬᠦᠮᠦᠵᠢᠯ ᠤᠨ ᠦᠨᠳᠦᠰᠦᠨ ᠡᠬᠦᠷᠭᠡ ᠪᠣᠯᠭᠠᠵᠣ᠂ ᠬᠡᠪ ᠴᠢᠨᠠᠷ ᠤᠨ ᠰᠣᠷᠭᠠᠨ ᠬᠦᠮᠦᠵᠢᠯ ᠢ ᠪᠦᠬᠦ ᠲᠠᠯ᠎ᠠ ᠪᠠᠷ ᠠᠬᠢᠭᠤᠯᠣᠨ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠬᠠᠮᠢᠶᠠᠷᠣᠯᠳᠠ ᠶᠢ ᠴᠢᠩᠭᠠᠳᠬᠠᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠳᠡᠭᠦᠯᠳᠡᠷᠵᠢᠬᠦᠯᠵᠦ᠂ ᠪᠠᠭᠰᠢ ᠶᠢᠨ ᠬᠡᠪ ᠰᠣᠷᠳᠠᠯ ᠎ ᠤᠨ ᠪᠠᠶᠢᠭᠤᠯᠣᠯᠳᠠ ᠶᠢ ᠴᠢᠬᠤᠯᠠᠴᠢᠯᠠᠨ᠂ ᠡᠯ᠎ᠡ ᠱᠠᠳᠣᠨ ᠳᠠᠬᠢ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠶᠠᠰᠣ ᠴᠢᠨᠠᠷ ᠎ ᠢ ᠳᠡᠭᠡᠭᠰᠢᠯᠡᠬᠦᠯᠵᠣ᠂ ᠰᠣᠷᠣᠭᠴᠢ ᠶᠢᠨ ᠨᠡᠶᠢᠬᠡᠮ ᠤᠨ ᠬᠠᠷᠢᠭᠤᠴᠠᠯᠭᠠᠳᠣ ᠰᠡᠳᠬᠢᠯᠬᠡ᠂ ᠰᠢᠨ᠎ᠡ ᠶᠢ ᠡᠬᠦᠳᠬᠦ ᠵᠣᠷᠢᠭ ᠰᠠᠨᠠᠭ᠎ᠠ ᠂ ᠪᠣᠳᠠᠳᠣ ᠠᠵᠢᠯᠯᠠᠭᠠᠨ ᠤ ᠴᠢᠳᠠᠪᠣᠷᠢ ᠶᠢ ᠬᠦᠮᠦᠵᠢᠬᠦᠯᠦᠨ᠂ ᠠᠷᠠᠳ ᠲᠦᠮᠡᠨ ᠬᠠᠨᠣᠮᠵᠢᠳᠠᠢ ᠰᠣᠷᠭᠠᠨ ᠬᠦᠮᠦᠵᠢᠯ ᠢ ᠡᠷᠬᠢᠯᠡᠨ᠎ᠡ᠃ ᠰᠣᠶᠣᠯ ᠲᠠᠮᠢᠷ ᠤᠨ ᠦᠢᠯᠡᠰ ᠢ ᠲᠦᠷᠭᠡᠨ ᠬᠦᠭᠵᠢᠬᠦᠯᠵᠦ᠂ ᠭᠤᠣᠯᠳᠠᠯᠭ᠎ᠠ ᠲᠠᠢ ᠣᠯᠠᠨ ᠨᠡᠶᠢᠳᠡ ᠶᠢᠨ ᠰᠣᠶᠣᠯ ᠎ ᠤᠨ ᠢᠨᠵᠧᠨᠧᠷᠢᠩ ᠪᠠ ᠰᠣᠶᠣᠯ ᠤᠨ ᠪᠦᠳᠦᠭᠡᠨ ᠪᠠᠶᠢᠭᠤᠯᠣᠯᠳᠠ ᠶᠢᠨ ᠲᠦᠰᠦᠯ ᠢ ᠨᠡᠮᠡᠭᠳᠡᠬᠦᠯᠦᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮ ᠢ ᠳᠡᠬᠦᠯᠳᠡᠷᠵᠢᠬᠦᠯᠦᠨ᠎ᠡ᠃ ᠰᠣᠶᠣᠯ ᠤᠨ ᠴᠢᠳᠠᠪᠣᠷᠢᠳᠠᠨ ᠢ ᠬᠦᠮᠦᠵᠢᠬᠦᠯᠬᠦ ᠠᠵᠢᠯ ᠎ ᠢ ᠴᠢᠬᠤᠯᠠᠴᠢᠯᠠᠨ᠂ ᠲᠡᠯᠡᠬᠡᠢ ᠶᠢᠨ ᠰᠣᠶᠣᠯ ᠤᠨ ᠦᠪ ᠪᠠ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠬᠦᠷᠤᠩᠭᠡ ᠣᠷᠣᠭᠤᠯᠣᠯᠳᠠ ᠪᠠᠨ ᠨᠡᠮᠡᠭᠳᠡᠬᠦᠯᠵᠥ ᠣᠯᠠᠨ ᠲᠦᠮᠡᠨ ᠤ ᠡᠳᠦᠷ ᠲᠣᠳᠣᠮ ᠎ ᠤᠨ ᠠᠮᠢᠳᠣᠷᠠᠯ ᠲᠠᠢ ᠨᠢᠭᠳᠠ ᠬᠤᠯᠪᠤᠭᠳᠠᠵᠥ ᠪᠠᠶᠢᠳᠠᠭ ᠨᠡᠶᠢᠬᠡᠮ ᠤᠨ ᠡᠯ᠎ᠡ ᠠᠵᠢᠯ ᠦᠢᠯᠡᠰ ᠤᠨ ᠬᠦᠭᠵᠢᠯᠳᠡ ᠶᠢ ᠠᠬᠢᠭᠤᠯᠣᠨ᠎ᠠ᠃ ᠣᠶᠣᠨ ᠤ ᠪᠣᠯᠪᠠᠰᠣᠨ ᠢ ᠪᠦᠳᠦᠬᠡᠨ ᠪᠠᠶᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠦ᠂ ᠨᠡᠶᠢᠬᠡᠮ ᠨᠡᠶᠢᠳᠡ ᠶᠢᠨ ᠮᠣᠷᠠᠯ᠂ ᠠᠵᠢᠯ ᠮᠡᠷᠬᠡᠵᠢᠯ ᠤᠨ ᠶᠣᠰᠣ ᠰᠣᠷᠳᠠᠬᠤᠨ᠂ ᠬᠡᠷ ᠪᠦᠯᠢ ᠶᠢᠨ ᠰᠣᠷᠭᠠᠯ᠂ ᠬᠤᠪᠢ ᠬᠦᠮᠦᠨ ᠤ ᠮᠣᠷᠠᠯ ᠰᠤᠷᠳᠠᠯ ᠢ ᠰᠠᠶᠢᠵᠢᠷᠠᠭᠤᠯᠵᠥ᠂ ᠲᠣᠮᠳᠠᠳᠣ ᠶᠢᠨ ᠦᠨᠳᠦᠰᠦᠳᠡᠨ ᠤ ᠣᠯᠠᠮᠵᠢᠯᠠᠯᠳᠣ ᠶᠤᠰᠤ ᠰᠣᠷᠳᠠᠯ ᠢ ᠤᠯᠠᠮᠵᠢᠯᠠᠨ ᠪᠠᠳᠠᠷᠠᠭᠤᠯᠵᠣ᠂ ᠴᠠᠭ ᠡᠷᠡᠨ ᠤ ᠰᠢᠨ᠎ᠡ ᠤᠬᠠᠮᠰᠠᠷ ᠢ ᠣᠷᠢᠶᠠᠯᠠᠨ ᠪᠦᠬᠦ ᠠᠷᠠᠳ ᠤᠨ ᠶᠣᠰᠣ ᠰᠣᠷᠳᠠᠬᠤᠨ ᠬᠡᠪ ᠴᠢᠨᠠᠷ ᠤᠨ ᠬᠢᠷᠢ ᠲᠦᠪᠰᠢᠨ ᠪᠠ ᠨᠡᠶᠢᠬᠡᠮ ᠤᠨ ᠪᠣᠯᠪᠠᠰᠣᠨ ᠤ ᠬᠡᠮᠵᠢᠶ᠎ᠡ ᠶᠢ ᠣᠯᠠᠮ ᠨᠢᠬᠡ ᠠᠯᠬᠤᠮ ᠳᠡᠭᠡᠭᠰᠢᠯᠡᠬᠦᠯᠦᠨ᠎ᠡ᠃        — — ᠡᠶ᠎ᠡ ᠵᠤᠬᠢᠴᠠᠯᠳᠤ ᠨᠡᠶᠢᠭᠡᠮ ᠢ ᠪᠦᠳᠤᠭᠡᠨ ᠪᠠᠶᠢᠭᠤᠯᠬᠤ ᠠᠯᠬᠤᠴᠨ ᠪᠠᠨ ᠲᠦᠷᠭᠡᠳᠭᠡᠨ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠪᠠᠷ ᠴᠢᠷᠮᠠᠶᠢᠨ᠎ᠠ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠡᠯ᠎ᠡ ᠠᠵᠢᠯ ᠲᠦᠷᠤᠯ ᠤᠨ ᠢᠶᠠᠨ ᠡᠬᠢᠯᠡᠯ᠂ ᠵᠤᠭᠰᠤᠴᠨ ᠪᠠᠨ ᠪᠤᠯᠭᠠᠨ ᠨᠡᠶᠢᠭᠡᠮ ᠨᠡᠶᠢᠳᠡ ᠳᠠᠬᠢ ᠡᠳ᠋ ᠤᠨ ᠵᠠᠰᠠᠭ ᠤᠨ ᠬᠦᠷᠤᠩᠭᠡ ᠤᠷᠤᠭᠤᠯᠤᠯᠳᠠ ᠪᠠᠨ ᠨᠡᠮᠡᠭᠳᠡᠬᠦᠯᠬᠦ ᠶᠢᠨ ᠬᠠᠮᠳᠤ ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮ ᠢ ᠳᠠᠰᠣᠷᠠᠯᠳᠠ ᠦᠬᠡᠢ ᠲᠡᠬᠦᠯᠳᠡᠷᠵᠢᠬᠦᠯᠵᠥ ᠪᠠᠳᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠠᠵᠢᠯ ᠤᠯᠭᠤᠬᠤ ᠪᠠ ᠬᠠᠪᠰᠤᠷᠤᠨ ᠲᠡᠳᠬᠦᠬᠦ ᠪᠤᠳᠤᠯᠭ᠎ᠠ ᠶᠢ ᠬᠢᠨᠠᠮᠠᠭᠠᠢ ᠭᠡᠷᠡᠭᠵᠢᠬᠦᠯᠵᠥ᠂ ᠠᠵᠢᠯ ᠦᠢᠯᠡᠰ ᠡᠷᠬᠢᠯᠡᠨ ᠠᠮᠢᠳᠤᠷᠠᠯᠭ᠎ᠠ ᠪᠠᠨ ᠰᠠᠶᠢᠵᠢᠷᠠᠭᠤᠯᠬᠤ ᠶᠢ ᠵᠤᠷᠢᠭᠵᠢᠭᠤᠯᠬᠤ ᠪᠦᠭᠡᠳ ᠶᠡᠭᠡ ᠰᠤᠷᠭᠠᠭᠤᠯᠢ ᠲᠡᠬᠦᠰᠦᠭᠰᠡᠨ ᠤᠶᠤᠳᠠᠳ ᠤᠨ ᠠᠵᠢᠯ ᠤᠯᠭᠤᠯᠳᠠ ᠶᠢ ᠲᠡᠮᠵᠢᠬᠦ ᠰᠠᠭᠤᠷᠢ ᠮᠦᠩᠬᠦ ᠭᠠᠷᠭᠠᠬᠤ ᠵᠠᠰᠠᠭ ᠤᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠥ᠂ ᠲᠡᠮᠵᠢᠬᠦ ᠬᠦᠴᠤᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠵᠥ ᠦᠢᠯᠡᠰ ᠡᠷᠭᠢᠯᠡᠬᠦ ᠪᠠᠷ ᠲᠠᠮᠵᠢᠭᠤᠯᠵᠥ ᠠᠵᠢᠯ ᠤᠯᠭᠤᠯᠳᠠ ᠶᠢ ᠠᠬᠢᠭᠤᠯᠤᠨ᠎ᠠ᠃ ᠶᠡᠭᠡ ᠰᠤᠷᠭᠠᠭᠤᠯᠢ ᠲᠡᠬᠦᠰᠦᠭᠰᠡᠨ ᠤᠶᠤᠳᠠᠳ᠂ ᠮᠠᠯᠵᠢᠬᠤ ᠲᠠᠷᠢᠶᠠᠯᠠᠬᠤ ᠤᠷᠤᠨ ᠠᠴᠠ ᠬᠤᠳᠠ ᠰᠢᠯᠵᠢᠭᠰᠡᠨ ᠬᠦᠳᠡᠯᠮᠤᠷᠢ ᠬᠦᠴᠤ᠂ ᠬᠤᠳᠠ ᠬᠦᠳᠡᠭᠡ ᠶᠢᠨ ᠠᠵᠢᠯ ᠤᠯᠬᠤ ᠳᠤ ᠬᠦᠴᠢᠷᠳᠠᠢ ᠪᠠᠶᠢᠭ᠎ᠠ ᠬᠦᠮᠤᠰ ᠲᠤ ᠠᠵᠢᠯ ᠤᠯᠭᠤᠬᠤ ᠠᠰᠠᠭᠤᠳᠠᠯ ᠢ ᠰᠠᠶᠢᠨ ᠬᠢᠬᠦ ᠪᠦᠭᠡᠳ ᠨᠦᠬᠦᠴᠡᠯ ᠪᠤᠯᠤᠮᠵᠢ ᠬᠠᠩᠭᠠᠵᠥ ᠠᠷᠠᠳ ᠤᠯᠠᠨ ᠤ ᠬᠦᠷᠤᠩᠭᠡ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ ᠡᠳ᠋ ᠤᠨ ᠬᠦᠴᠤᠨ ᠤ ᠴᠢᠩᠭᠠᠷᠠᠬᠤ ᠶᠢ ᠲᠠᠭᠠᠯᠳᠤᠭᠤᠯᠵᠥ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠥ ᠪᠤᠯᠬᠤᠶᠢᠴᠨ ᠤᠷᠤᠯᠭ᠎ᠠ ᠪᠤᠯᠤᠨ ᠮᠠᠯᠴᠢᠨ ᠲᠠᠷᠢᠶᠠᠴᠢᠨ ᠤ ᠴᠡᠪᠡᠷ ᠣᠷᠣᠯᠭ᠎ᠠ ᠶᠢᠨ ᠲᠦᠪᠰᠢᠨ ᠢ ᠲᠠᠰᠤᠷᠠᠯᠳᠠ ᠦᠭᠡᠢ ᠨᠡᠮᠡᠭᠳᠡᠬᠦᠯᠦᠨ᠎ᠡ᠃ ᠡᠳ᠋ ᠤᠨ ᠪᠤᠯᠤᠨ ᠭᠠᠶᠢᠯᠢ ᠎ ᠶᠢᠨ ᠶᠠᠪᠤᠳᠠᠯ ᠢ ᠲᠤᠬᠢᠷᠠᠭᠤᠯᠬᠤ ᠠᠷᠭ᠎ᠠ ᠭᠡᠮᠵᠢᠶ᠎ᠡ ᠠᠪᠴᠤ ᠠᠳᠠᠯᠢ ᠪᠤᠰᠤ ᠠᠵᠢᠯ ᠲᠦᠷᠤᠯ ᠪᠤᠯᠤᠨ ᠠᠳᠠᠯᠢ ᠪᠤᠰᠤ ᠬᠦᠮᠤᠰ ᠎ ᠤᠨ ᠬᠤᠭᠤᠷᠤᠨᠳᠤᠬᠢ ᠤᠷᠤᠯᠭ᠎ᠠ ᠶᠢᠨ ᠵᠦᠷᠢᠶ᠎ᠡ ᠶᠢ ᠪᠠᠭᠠᠰᠠᠬᠠᠵᠥ ᠬᠠᠮᠳᠤ ᠪᠠᠷ ᠴᠢᠨᠡᠭᠡᠯᠢᠭᠵᠢᠬᠦ ᠶᠢ ᠴᠢᠷᠮᠠᠶᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠭᠤᠴᠢᠨ ᠭᠡᠷ ᠤᠷᠤᠨ ᠢ ᠵᠠᠰᠠᠨ ᠰᠢᠨᠡᠳᠭᠡᠬᠦ ᠵᠢᠴᠢ ᠬᠢᠮᠳᠠ ᠲᠦᠷᠢᠶᠡᠰᠤᠨ ᠭᠡᠷ᠂ ᠬᠢᠮᠳᠠ ᠦᠨ᠎ᠡ ᠶᠢᠨ ᠭᠡᠷ᠂ ᠨᠡᠶᠢᠳᠠ ᠶᠢᠨ ᠲᠦᠷᠢᠶᠡᠰᠤᠨ ᠭᠡᠷ ᠵᠡᠷᠭᠡ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠨ ᠪᠠᠶᠢᠭᠤᠯᠬᠤ ᠠᠵᠢᠯ ᠢ ᠲᠦᠷᠭᠡᠳᠭᠡᠵᠥ ᠡᠬᠦᠨ ᠤ ᠤᠯᠠᠮ ᠠᠴᠠ ᠬᠤᠳᠠ ᠬᠦᠳᠡᠭᠡ ᠶᠢᠨ ᠤᠷᠤᠯᠭ᠎ᠠ ᠪᠠᠭ᠎ᠠ ᠲᠠᠢ ᠬᠦᠮᠤᠰ ᠤᠨ ᠭᠡᠷ ᠤᠷᠤᠨ ᠤ ᠠᠰᠠᠭᠤᠳᠠᠯ ᠢ ᠰᠢᠢᠳᠪᠦᠷᠢᠯᠡᠨ᠎ᠡ᠃ ᠬᠦᠳᠡᠯᠮᠦᠷᠢ ᠬᠦᠴᠦᠨ ᠤ ᠲᠠᠯ᠎ᠠ ᠪᠠᠷ ᠬᠢ ᠬᠢᠨᠠᠨ ᠪᠠᠶᠢᠴᠠᠭᠠᠯᠳᠠ ᠶᠢ ᠣᠯᠠᠮ ᠨᠢᠬᠡ ᠠᠯᠬᠤᠮ ᠴᠢᠩᠭᠠᠳᠬᠠᠵᠣ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠭᠡ ᠠᠰᠢᠭ ᠶᠢ ᠪᠠᠳᠣᠯᠠᠨ᠎ᠠ᠃ ᠰᠢᠨ᠎ᠡ ᠨᠡᠶᠢᠭᠡᠮ ᠠᠬᠤᠢ ᠲᠤᠤᠷ᠎ᠠ ᠤᠯᠠᠨ ᠲᠦᠮᠡᠨ ᠤ ᠠᠵᠢᠯ ᠢ ᠰᠠᠶᠢᠳᠤᠷ ᠬᠢᠵᠥ ᠡᠶ᠎ᠡ ᠵᠤᠬᠢᠴᠠᠩᠭᠤᠢ ᠠᠮᠤᠷ ᠲᠤᠭᠳᠠᠭᠤᠨ ᠰᠢᠯᠤᠭᠤᠨ ᠬᠦᠭᠡ ᠶᠢ ᠪᠠᠶᠢᠭᠤᠯᠬᠤ ᠠᠵᠢᠯ ᠢ ᠴᠢᠩᠭᠠᠳᠬᠠᠵᠥ ᠠᠷᠠᠳ ᠤᠯᠠᠨ ᠤ ᠠᠮᠢᠳᠤᠷᠠᠯ ᠤᠨ ᠬᠢᠷᠢ ᠲᠦᠪᠰᠢᠨ ᠪᠤᠯᠤᠨ ᠠᠵᠨ ᠵᠢᠷᠭᠠᠯ ᠤᠨ ᠬᠢᠷᠢ ᠭᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃        ᠭᠤᠷᠪᠠ᠂ 2013 ᠤᠨ ᠤ ᠠᠵᠢᠯ ᠤᠨ ᠲᠦᠰᠦᠪ        2013 ᠤᠨ ᠪᠤᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠡᠬᠢᠯᠡᠵᠥ ᠪᠠᠶᠢᠭ᠎ᠠ ᠵᠢᠯ ᠪᠤᠯᠬᠤ ᠮᠦᠷᠳᠡᠭᠡᠨ ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠯᠡᠯᠭᠡ︾᠎ ᠶᠢ ᠭᠡᠷᠡᠭᠵᠢᠬᠦᠯᠵᠥ ︽ᠠᠷᠠᠳ ᠢᠶᠠᠨ ᠪᠠᠶᠠᠵᠢᠭᠤᠯᠵᠥ ᠬᠤᠰᠢᠭᠤ ᠪᠠᠨ ᠬᠦᠴᠤᠷᠭᠡᠭᠵᠢᠬᠦᠯᠬᠦ︾ ᠦᠢᠯᠡᠰ ᠢ ᠠᠬᠢᠭᠤᠯᠬᠤ ᠴᠢᠬᠤᠯᠨ ᠨᠢᠭᠡ ᠵᠢᠯ ᠪᠤᠯᠬᠤ ᠶᠤᠮ᠃ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠳᠠ ᠶᠢᠨ ᠤᠷᠢᠳᠴᠢᠯᠠᠭᠰᠠᠨ ᠲᠦᠰᠤᠪ ᠪᠤᠯ᠄  ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠭᠡᠢ ᠦᠷᠳᠡᠭ ᠢ 56 ᠳ᠋ᠦᠩᠰᠢᠭᠤᠷ ᠲᠤ ᠬᠦᠷᠭᠡᠵᠥ 8.5%᠎ ᠪᠠᠷ ᠨᠡᠮᠡᠭᠳᠡᠬᠦᠯᠦᠨ᠎ᠡ᠃ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ 5.7 ᠳ᠋ᠦᠩᠰᠢᠭᠤᠷ ᠲᠦᠬᠦᠷᠢᠭ ᠲᠤ ᠬᠦᠷᠭᠡᠨ 3.6%᠎ ᠪᠠᠷ ᠨᠡᠮᠡᠭᠳᠡᠬᠦᠯᠵᠥ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 37 ᠳ᠋ᠦᠩᠰᠢᠭᠤᠷ ᠲᠤ ᠬᠦᠷᠭᠡᠨ 5.7%᠎ ᠪᠠᠷ ᠨᠡᠮᠡᠭᠳᠡᠬᠦᠯᠦᠨ᠎ᠡ᠃ ᠬᠤᠶᠠᠳᠤᠭᠠᠷ ᠠᠵᠤ ᠦᠢᠯᠡᠰ ᠤᠨ ᠲᠤᠳᠤᠷ᠎ᠠ ᠠᠵᠦ ᠦᠢᠯᠡᠳᠪᠦᠷᠢ ᠶᠢᠨ ᠨᠡᠮᠡᠭᠳᠡᠯ ᠥᠷᠳᠡᠭ ᠢ 34 ᠳ᠋ᠦᠩᠰᠢᠭᠤᠷ ᠲᠤ ᠬᠦᠷᠭᠡᠨ 6.3%᠎ ᠪᠠᠷ ᠨᠡᠮᠡᠭᠳᠡᠬᠦᠯᠦᠨ᠎ᠡ᠃ ᠭᠤᠷᠪᠠᠳᠣᠭᠠᠷ ᠠᠵᠦ ᠦᠢᠯᠡᠰ ᠤᠨ ᠨᠡᠮᠡᠭᠳᠡᠯ ᠥᠷᠲᠡᠭ ᠢ 13.3 ᠳ᠋ᠦᠩᠰᠢᠭᠤᠷ ᠲᠤ ᠬᠦᠷᠭᠡᠵᠦ 20%᠎ ᠪᠠᠷ ᠨᠡᠮᠡᠭᠳᠡᠬᠦᠯᠦᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ ᠶᠢ 45 ᠳ᠋ᠦᠩᠰᠢᠭᠤᠷ ᠲᠤ ᠭᠦᠷᠭᠡᠨ 7.1%᠎ ᠪᠠᠷ ᠨᠡᠮᠡᠭᠳᠡᠭᠦᠯᠵᠦ᠂ ᠣᠷᠣᠨ ᠨᠣᠲᠤᠭ ᠤᠨ ᠡᠳ᠋ ᠤᠨ ᠵᠠᠰᠠᠭ ᠤᠨ ᠶᠡᠷᠦᠩᠭᠡᠢ ᠣᠷᠣᠯᠭ᠎ᠠ ᠶᠢ 11.63 ᠳ᠋ᠦᠩᠰᠢᠭᠤᠷ ᠲᠤ ᠬᠦᠷᠭᠡᠨ 9.3%᠎ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠬᠥᠮᠥᠨ ᠳᠣᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢ 21800 ᠲᠥᠭᠦᠷᠢᠭ ᠲᠤ ᠬᠦᠷᠭᠡᠨ᠂ ᠮᠠᠯᠴᠢᠨ ᠲᠠᠷᠢᠶᠠᠴᠢᠨ ᠤ ᠬᠥᠮᠥᠨ ᠳᠣᠮᠳᠠᠴᠢ ᠶᠢᠨ ᠴᠡᠪᠡᠷ ᠣᠷᠣᠯᠭ᠎ᠠ ᠶᠢ 10400 ᠲᠥᠭᠦᠷᠢᠭ ᠎ ᠲᠤ ᠬᠦᠷᠭᠡᠵᠦ᠂ ᠲᠣᠰ ᠪᠦᠷᠢ 11.2% ᠪᠠ 10.6%᠎ ᠪᠠᠷ ᠨᠡᠮᠡᠭᠳᠡᠭᠦᠯᠦᠨ᠎ᠡ᠃        ᠡᠨᠡᠬᠦ ᠬᠠᠷᠠᠯᠳᠠ ᠶᠢ ᠪᠡᠶᠡᠯᠡᠬᠦᠯᠬᠦ ᠳᠤ ᠲᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯ ᠠᠳᠬᠤᠬᠤ ᠬᠡᠷᠡᠭᠲᠠᠢ᠄        — — ᠠᠵᠦ ᠦᠢᠯᠡᠳᠪᠦᠷᠢ ᠶᠢᠨ ᠲᠠᠯ᠎ᠠ ᠪᠠᠷ᠄ ᠨᠢᠬᠡ ᠳᠤ᠂ ᠲᠦᠰᠦᠯ ᠤᠨ ᠪᠦᠳᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠳᠤ 50 ᠲᠦᠮᠡᠨ ᠲᠦᠭᠦᠷᠢᠭ ᠠᠴᠠ ᠳᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠨ ᠣᠷᠣᠭᠤᠯᠣᠯᠳᠠ ᠲᠠᠢ ᠲᠦᠰᠦᠯ 110᠎ ᠶᠢ ᠪᠠᠶᠢᠷᠢᠯᠠᠭᠤᠯᠣᠭᠰᠠᠨ ᠪᠦᠬᠡᠳ ᠭᠤᠣᠯᠳᠠᠯᠭ᠎ᠠ ᠲᠠᠢ ᠨᠢ 37 ᠪᠠᠶᠢᠨ᠎ᠠ᠃ ︽ᠵᠠᠭᠤᠨ ᠳ᠋ᠦᠩᠰᠢᠭᠤᠷ ᠤᠨ ᠲᠠᠪᠣᠨ ᠢᠨᠵᠧᠨᠧᠷᠢᠩ︾᠎ ᠢ ᠬᠦᠭᠵᠢᠬᠦᠯᠬᠦ ᠲᠦᠯᠦᠪᠯᠡᠯᠭᠡ ᠶᠢ ᠴᠠᠭ ᠠᠮᠵᠢᠨ ᠪᠡᠶᠡᠯᠡᠬᠦᠯᠬᠦ ᠶᠢᠨ ᠲᠤᠰᠠᠳᠠ ᠱᠠᠩᠳᠣ ᠴᠠᠬᠢᠯᠭᠠᠨ ᠦᠢᠯᠡᠳᠪᠦᠷᠢ ᠶᠢᠨ ᠲᠦᠷᠪᠡᠳᠦᠭᠡᠷ ᠬᠤᠭᠤᠴᠠᠭᠠᠨ ᠤ ᠪᠠᠷᠢᠯᠭ᠎ᠠ ᠶᠢ ᠳᠡᠭᠡᠷ᠎ᠡ ᠬᠠᠭᠠᠰ ᠵᠢᠯ ᠳᠤ ᠡᠬᠢᠯᠡᠬᠦᠯᠬᠦ ᠪᠠᠷ ᠴᠢᠷᠮᠠᠶᠢᠨ᠂ ᠲᠠᠪᠣᠳᠣᠭᠠᠷ ᠬᠤᠭᠤᠴᠠᠭᠠᠨ ᠤ ᠪᠡᠯᠡᠳᠬᠡᠯ ᠠᠵᠢᠯ ᠢ ᠰᠠᠶᠢᠳᠣᠷ ᠬᠦᠢᠴᠡᠳᠬᠡᠨ᠎ᠡ᠃ ︽︿ᠷᠧᠨ ᠴᠤᠸᠠᠩ ᠲᠧᠭᠨᠢᠭ ᠮᠡᠷᠭᠡᠵᠢᠯ﹀ ᠬᠤᠷᠠᠮᠠᠯ ᠡᠯᠡᠰᠤ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠣ ᠦᠢᠯᠡᠰ ᠤᠨ ᠬᠦᠷᠢᠶᠡᠯᠡᠩ︾᠂ ᠴᠢᠯᠠᠭᠤᠨ ᠲᠣᠰᠣ ᠮᠠᠯᠳᠠᠬᠤ ᠵᠢᠴᠢ ᠴᠢᠯᠠᠭᠤᠨ ᠲᠤᠰᠤᠨ ᠤ ᠪᠣᠯᠪᠠᠰᠣᠷᠠᠭᠤᠯᠣᠭᠰᠠᠨ ᠪᠦᠳᠦᠭᠡᠭᠳᠡᠬᠦᠨ ᠢ ᠨᠡᠭᠡᠭᠡᠨ ᠬᠦᠭᠵᠢᠬᠦᠯᠬᠦ ᠲᠦᠰᠦᠯ ᠢ ᠬᠦᠴᠦᠯᠡᠨ ᠲᠡᠮᠵᠢᠵᠣ᠂ ᠲᠦᠰᠦᠯ ᠤᠨ ᠪᠡᠯᠨ ᠮᠦᠩᠬᠦ ᠪᠠ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠢᠳᠡᠪᠬᠢᠳᠠᠢ ᠲᠡᠮᠡᠴᠡᠨ ᠣᠯᠵᠣ᠂ ᠲᠦᠰᠦᠯ ᠤᠨ ᠬᠠᠮᠳᠣᠷᠠᠯᠴᠠᠭ᠎ᠠ ᠪᠠ ᠮᠦᠷᠳᠡᠨ ᠦᠢᠯᠡᠴᠢᠯᠡᠭᠡ ᠶᠢ ᠰᠠᠶᠢᠳᠣᠷ ᠬᠦᠢᠴᠡᠳᠬᠡᠨ᠂ ᠭᠤᠣᠯᠳᠠᠯᠭ᠎ᠠ ᠲᠠᠢ ᠲᠦᠰᠦᠯ ᠢ ᠤᠯᠠᠮ ᠠᠬᠢᠭᠤᠯᠣᠨ᠎ᠠ᠃ ︽ᠵᠢᠶᠠ ᠶᠣᠣ︾᠂ ︽ᠯᠦᠩ ᠶᠤᠸᠠᠨ︾ ᠤᠯᠤᠰ ᠤᠨ ᠴᠠᠬᠢᠯᠭᠠᠨ ᠪᠤᠯᠤᠨ ︽ᠬᠤᠸᠠ ᠢ︾᠂ ᠰᠢᠶᠠᠩᠭᠠᠩ ᠤᠨ ︽ᠰᠢᠶᠧ ᠰᠢᠨ︾ ᠵᠡᠷᠭᠡ ᠰᠠᠯᠬᠢᠨ ᠬᠦᠴᠦᠨ ᠤ ᠴᠠᠬᠢᠯᠭᠠᠨ ᠪᠣᠶᠣ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠤᠯ ᠤᠨ ᠪᠠᠷᠢᠯᠭ᠎ᠠ ᠶᠢᠨ ᠠᠵᠢᠯ ᠢ ᠦᠷᠬᠦᠯᠵᠢᠯᠡᠨ ᠰᠠᠶᠢᠳᠣᠷ ᠬᠢᠵᠣ᠂ ᠭᠡᠰᠡᠭ ᠪᠠᠷᠢᠯᠭ᠎ᠠ ᠶᠢ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠪᠤᠷᠤᠬᠤᠳᠠ ᠶᠢᠨ ᠦᠷ᠎ᠡ ᠲᠦᠮᠤᠰᠤᠨ ᠤ ᠰᠠᠭᠤᠷᠢᠨ᠂ ︽ᠬᠤᠩ ᠵᠢᠶᠠᠩ︾ ᠨᠡᠭᠦᠷᠡᠰᠦᠨ ᠤ ᠦᠨᠡᠰᠦ ᠴᠢᠨᠳᠠᠷᠣᠣ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ︽᠎ ᠶᠢᠨ ᠯᠢᠶᠠᠨ ᠴᠤᠸᠠᠨ︾ ᠼᠧᠮᠨᠧᠲ ᠦᠢᠯᠡᠳᠪᠦᠷᠢᠯᠡᠬᠦ ᠦᠷᠳᠡᠭᠡᠨ ᠳᠤ ᠮᠡᠷᠭᠡᠵᠢᠯ ᠎ ᠤᠨ ᠰᠢᠨᠡᠴᠢᠯᠡᠯᠳᠠ ᠬᠢᠬᠦ ᠵᠡᠷᠭᠡ ᠲᠦᠰᠦᠯ ᠢ ᠢᠳᠡᠪᠬᠢᠳᠠᠢ ᠠᠬᠢᠭᠤᠯᠬᠤ ᠶᠢᠨ ᠬᠠᠮᠳᠣ ᠪᠡᠭᠡᠵᠢᠩ ᠤᠨ ︽ᠱᠧᠦ ᠨᠥᠩ︾ ᠪᠦᠯᠦᠭᠯᠡᠯ᠂ ︽ᠳ᠋ᠠ ᠰᠢᠶᠦ᠋ᠩ︾ ᠠᠮᠢᠳᠣ ᠪᠣᠳᠠᠰ ᠤᠨ ᠲᠧᠭᠨᠢᠭ ᠮᠡᠷᠭᠡᠵᠢᠯ ᠤᠨ ᠬᠢᠵᠠᠭᠠᠷᠳᠣ ᠺᠣᠮᠫᠠᠨᠢ᠂ ᠭᠤᠸᠠᠩᠳᠦ᠋ᠩ ᠤᠨ ︽ᠹᠥᠸᠧ ᠱᠠᠨ︾ ᠬᠡᠷ ᠤᠨ ᠬᠡᠷᠡᠭᠰᠡᠯ ᠤᠨ ᠨᠡᠶᠢᠬᠡᠮᠯᠢᠭ ᠵᠡᠷᠭᠡ ᠰᠢᠨ᠎ᠡ ᠪᠠᠷ ᠨᠠᠮᠡᠭᠳᠡᠭᠰᠡᠨ ᠠᠵᠣ ᠠᠬᠤᠶᠢᠯᠠᠯ ᠯᠤᠭ᠎ᠠ ᠶᠢᠨ ᠬᠤᠷᠰᠢᠯᠴᠠᠭ᠎ᠠ ᠪᠠᠨ ᠲᠦᠷᠭᠡᠳᠬᠡᠵᠣ᠂ ᠬᠡᠰᠡᠭ ᠲᠦᠰᠦᠯ ᠢ ᠳᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ ᠃ ᠰᠠᠶᠢᠨ ᠴᠢᠨᠠᠷ ᠤᠨ ᠦᠬᠡᠬᠦᠨ ᠴᠢᠯᠠᠭᠤᠨ ᠡᠯᠡᠰᠤᠨ ᠤ ᠦᠢᠯᠡᠳᠪᠦᠷᠢ ᠪᠠ ︽ᠬᠤᠸᠠ ᠢ︾ ᠦᠨᠳᠦᠷ ᠲᠣᠣᠷ᠎ᠠ ᠬᠦᠴᠦᠳᠡᠯ ᠎ ᠤᠨ ᠴᠠᠬᠢᠯᠭᠠᠨ ᠬᠦᠴᠤᠨ ᠤ ᠲᠦᠰᠦᠯ ᠢ ᠠᠰᠢᠭᠯᠠᠯᠳᠠ ᠳᠤ ᠣᠷᠣᠭᠤᠯᠬᠤ ᠪᠠᠷ ᠴᠢᠷᠮᠠᠶᠢᠨ᠎ᠠ᠃ ᠦᠨᠳᠦᠰᠦᠳᠡᠨ ᠤ ᠣᠨᠴᠠᠯᠢᠭᠳᠣ ᠠᠵᠣ ᠦᠢᠯᠡᠰ ᠤᠨ ᠬᠦᠷᠢᠶᠡᠯᠡᠩ ᠢ ᠪᠠᠶᠢᠭᠤᠯᠵᠣ ᠳᠠᠭᠤᠰᠬᠠᠬᠤ ᠶᠢᠨ ᠵᠡᠷᠭᠡᠪᠡᠷ ᠠᠵᠣ ᠠᠬᠤᠶᠢᠯᠠᠯ ᠤᠳ ᠢ ᠵᠢᠯᠣᠭᠤᠳᠣᠨ ᠬᠦᠷᠢᠶᠡᠯᠡᠩ ᠲᠤ ᠤᠷᠤᠭᠤᠯᠤᠨ᠎ᠠ᠃ ᠴᠢᠯᠠᠭᠤᠨ ᠲᠣᠰᠣ᠂ ᠨᠡᠬᠦᠷᠡᠰᠦ᠂ ᠰᠢᠳᠠᠮᠠᠬᠠᠢ ᠬᠡᠢ᠂ ᠦᠩᠬᠡᠳᠦ ᠲᠡᠮᠦᠷᠯᠢᠭ ᠵᠡᠷᠭᠡ ᠡᠬᠢ ᠪᠠᠶᠠᠯᠢᠭ ᠤᠨ ᠬᠠᠶᠢᠨ ᠰᠢᠨᠵᠢᠯᠡᠯᠳᠡ ᠳᠠᠬᠢ ᠬᠦᠷᠤᠩᠭᠡ ᠣᠷᠣᠭᠤᠯᠣᠯᠳᠠ ᠪᠠᠨ ᠨᠡᠮᠡᠭᠳᠡᠬᠦᠯᠵᠦ᠂ ᠪᠣᠷᠣᠬᠤᠳᠠ ᠶᠢᠨ ᠨᠡᠭᠦᠷᠡᠰᠦᠨ ᠠᠭᠤᠷᠬᠠᠢ ᠶᠢᠨ ᠨᠡᠬᠡᠬᠡᠨ ᠠᠰᠢᠭᠯᠠᠯᠳᠠ ᠪᠠ ᠬᠦᠷᠡᠩ ᠨᠡᠬᠦᠷᠡᠰᠣ ᠶᠢ ᠪᠤᠯᠪᠠᠰᠤᠷᠠᠭᠤᠯᠬᠤ ᠲᠦᠰᠦᠯ ᠳᠤ ᠰᠢᠨ᠎ᠡ ᠠᠬᠢᠯᠳᠠ ᠭᠠᠷᠭᠠᠨ᠎ᠠ᠃ ᠬᠤᠶᠠᠷ ᠲᠤ᠂ ᠵᠠᠰᠠᠭ᠂ ᠪᠠᠩᠬᠢ᠂ ᠠᠵᠣ ᠠᠬᠤᠶᠢᠯᠠᠯ ᠤᠨ ᠬᠠᠮᠳᠣᠷᠠᠯᠴᠠᠭ᠎ᠠ ᠶᠢ ᠬᠦᠨᠵᠡᠭᠡᠶᠢᠷᠡᠬᠦᠯᠦᠨ᠂ ᠢᠳᠡᠭᠡᠮᠵᠢᠳᠤ ᠵᠢᠭᠡᠯᠡᠯᠭᠡ ᠶᠢᠨ ᠬᠡᠪᠴᠢᠶ᠎ᠡ ᠶᠢ ᠦᠷᠭᠡᠳᠬᠡᠵᠣ ᠱᠠᠩᠳᠣ ᠪᠠᠯᠭᠠᠰᠣᠨ ᠤ ᠪᠡᠯᠨ ᠨᠡᠶᠢᠯᠡᠬᠦᠯᠦᠯᠳᠡ ᠶᠢᠨ ᠴᠢᠨᠠᠷᠳᠠᠢ ᠪᠠᠳᠣᠯᠠᠭ᠎ᠠ ᠶᠢᠨ ᠺᠣᠮᠫᠠᠨᠢ ᠶᠢᠨ ᠪᠠᠳᠣᠯᠠᠭᠠᠳᠣ ᠵᠢᠬᠡᠯᠡᠯᠬᠡ ᠶᠢ 2 ᠳ᠋ᠦᠩᠰᠢᠭᠤᠷ ᠲᠦᠭᠦᠷᠢᠭ ᠎ ᠠᠴᠠ ᠳᠡᠭᠡᠭᠰᠢ ᠪᠣᠯᠭᠠᠬᠤ ᠪᠠᠷ ᠴᠢᠷᠮᠡᠶᠢᠵᠣ ᠵᠢᠵᠢᠭ ᠪᠠᠭ᠎ᠠ ᠠᠵᠣ ᠠᠬᠤᠶᠢᠯᠠᠯ ᠤᠨ ᠡᠷᠡᠭᠦᠯ ᠬᠦᠭᠵᠢᠯᠳᠡ ᠶᠢ ᠠᠬᠢᠭᠤᠯᠣᠨ᠎ᠠ᠃ ᠭᠤᠷᠪᠠ ᠳᠤ᠂ ᠲᠣᠭᠤᠷᠢᠭ ᠤᠨ ᠲᠦᠯᠦᠪᠵᠢᠬᠦᠯᠬᠡ ᠶᠢ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠦᠨ᠂ ᠲᠤᠭᠳᠠᠭᠰᠠᠨ ᠬᠤᠭᠤᠴᠠᠭᠠᠨ ᠳᠤ ᠪᠠᠷᠢᠯᠭ᠎ᠠ ᠪᠠᠶᠢᠭᠤᠯᠤᠯᠳᠠ ᠶᠠᠪᠤᠭᠳᠠᠭᠤᠯᠤᠭ᠎ᠠ ᠦᠭᠡᠢ ᠭᠠᠵᠠᠷ ᠰᠢᠷᠤᠢ ᠳᠠᠬᠢ ᠬᠠᠮᠢᠶᠠᠷᠣᠯᠳᠠ ᠪᠠᠨ ᠴᠢᠩᠭᠠᠳᠬᠠᠵᠣ᠂ ᠠᠵᠣ ᠦᠢᠯᠡᠳᠪᠦᠷᠢ ᠶᠢᠨ ᠲᠣᠭᠤᠷᠢᠭ ᠤᠨ ᠪᠠᠭᠳᠠᠭᠠᠮᠵᠢ ᠶᠢᠨ ᠭᠡᠮᠵᠢᠶ᠎ᠡ ᠪᠠ ᠦᠢᠯᠡᠴᠢᠯᠡᠭᠡᠨ ᠤ ᠴᠢᠳᠠᠪᠬᠢ ᠎ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠠᠵᠣ ᠦᠢᠯᠡᠳᠪᠦᠷᠢ ᠶᠢᠨ ᠲᠣᠭᠤᠷᠢᠭ ᠢ ᠬᠦᠴᠦᠷᠭᠡᠭᠵᠢᠬᠦᠯᠦᠨ᠎ᠡ᠃ ᠲᠦᠷᠪᠡ ᠳᠤ᠂ ᠰᠢᠨ᠎ᠡ ᠡᠷᠴᠢᠮ ᠬᠦᠴᠤ᠂ ᠪᠡᠯᠡᠳᠭᠡᠯ ᠲᠦᠭᠦᠭᠡᠷᠦᠮᠵᠢ ᠶᠢᠨ ᠦᠢᠯᠡᠳᠭᠡᠯ ᠵᠡᠷᠭᠡ ᠰᠢᠨ᠎ᠡ ᠪᠠᠷ ᠮᠠᠨᠳᠣᠭᠰᠠᠨ ᠠᠵᠣ ᠦᠢᠯᠡᠰ ᠤᠨ ᠲᠦᠰᠦᠯ ᠤᠨ ᠲᠣᠭᠤᠷᠢᠨ ᠳᠤ᠂ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠠᠵᠢᠯ ᠢ ᠰᠠᠶᠢᠳᠣᠷ ᠶᠠᠪᠣᠭᠳᠠᠭᠤᠯᠣᠨ᠂ ᠪᠡᠯᠨ ᠣᠷᠣᠭᠤᠯᠣᠯᠳᠠ ᠪᠠᠷ ᠶᠡᠭᠡ᠂ ᠠᠵᠣ ᠦᠢᠯᠡᠰ ᠤᠨ ᠲᠠᠶᠢᠴᠢᠯᠠᠬᠤ ᠬᠦᠴᠦᠨ ᠢᠶᠠᠷ ᠴᠢᠩᠭ᠎ᠠ᠂ ᠵᠠᠬ᠎ᠠ ᠲᠡᠯᠬᠡᠬᠦᠷ ᠤᠨ ᠡᠵᠡᠯᠡᠬᠦ ᠬᠠᠷᠢᠴᠠᠯ ᠶᠡᠭᠡ ᠨᠢᠬᠡ ᠪᠦᠯᠦᠭ ᠲᠣᠮᠣ ᠠᠵᠣ ᠠᠬᠤᠶᠢᠯᠠᠯ ᠢ ᠣᠷᠢᠨ ᠤᠷᠤᠭᠤᠯᠬᠤ ᠪᠦᠭᠡᠳ ᠭᠠᠵᠠᠷ ᠤᠨ ᠳᠡᠰ ᠤᠨ ᠣᠳᠣᠷᠢᠳᠣᠯᠭ᠎ᠠ ᠠᠴᠠ ᠭᠤᠣᠯᠳᠠᠯᠭ᠎ᠠ ᠲᠠᠢ ᠲᠦᠰᠦᠯ ᠢ ᠳᠠᠭᠠᠭᠠᠴᠢᠯᠠᠨ ᠬᠠᠷᠢᠭᠤᠴᠠᠬᠤ ᠲᠦᠷᠢᠮ ᠢ ᠳᠡᠭᠦᠯᠳᠡᠷᠵᠢᠬᠦᠯᠦᠨ ᠲᠦᠰᠦᠯ ᠤᠨ ᠪᠠᠶᠢᠭᠤᠯᠣᠯᠳᠠ ᠶᠢᠨ ᠣᠷᠣᠭᠰᠢᠳᠠᠢ ᠶᠠᠪᠣᠭᠳᠠᠬᠤ ᠳᠤ ᠪᠠᠳᠤᠯᠠᠭ᠎ᠠ ᠬᠠᠩᠭᠠᠨ᠎ᠠ᠃ ᠲᠠᠪᠤ ᠳᠤ᠂ ᠭᠠᠵᠠᠷ ᠳᠣᠣᠷᠠᠬᠢ ᠣᠰᠣ ᠶᠢ ᠶᠡᠭᠡ ᠬᠡᠮᠵᠢᠶ᠎ᠡ ᠪᠠᠷ ᠰᠦᠢᠳᠬᠡᠳᠡᠭ ᠠᠵᠦ ᠦᠢᠯᠡᠳᠪᠦᠷᠢ ᠶᠢ ᠬᠥᠭᠵᠢᠭᠦᠯᠬᠦ ᠶᠢ ᠴᠢᠩᠭ᠎ᠠ ᠬᠤᠷᠢᠭᠯᠠᠨ᠂ ᠭᠠᠳᠠᠭᠰᠢ ᠲᠠᠯᠪᠢᠨ ᠭᠠᠷᠭᠠᠵᠥ ᠪᠠᠶᠢᠭ᠎ᠠ ᠤᠰᠤᠨ ᠤ ᠪᠤᠬᠢᠷᠳᠤᠯ ᠤᠨ ᠭᠡᠮᠵᠢᠶᠡᠨ ᠳᠤ ᠴᠢᠩᠭ᠎ᠠ ᠰᠢᠯᠭᠠᠭᠤᠷ ᠬᠢᠨ ᠬᠢᠵᠠᠭᠠᠷᠯᠠᠵᠣ ︽ᠡᠨᠧᠷᠬᠢ ᠠᠷᠪᠢᠯᠠᠨ ᠪᠣᠬᠢᠷᠳᠣᠯ ᠢ ᠪᠠᠭᠠᠰᠬᠠᠬᠤ︾ ᠠᠵᠢᠯ ᠢ ᠦᠨᠡᠨᠬᠦ ᠰᠠᠶᠢᠳᠣᠷ ᠪᠡᠶᠡᠯᠡᠬᠦᠯᠦᠨ᠎ᠡ᠃        — — ᠲᠠᠷᠢᠶᠠᠯᠠᠩ ᠮᠠᠯ ᠠᠵᠦ ᠠᠬᠤᠢ ᠶᠢᠨ ᠲᠠᠯ᠎ᠠ ᠪᠠᠷ᠄ ᠨᠢᠬᠡ ᠳᠤ᠂ ᠠᠮᠢ ᠠᠬᠤᠢ ᠶᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠠᠵᠢᠯ ᠢ ᠰᠠᠶᠢᠳᠣᠷ ᠠᠳᠬᠤᠨ᠎ᠠ᠃ ᠪᠡᠬᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠡᠬᠢ ᠶᠢ ᠵᠠᠰᠠᠬᠤ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠦᠨ ᠨᠠᠶᠢᠳᠠ 28.5 ᠲᠦᠮᠡᠨ ᠮᠤ᠋ ᠲᠠᠯᠠᠪᠠᠢ ᠡᠯᠡᠰᠦ ᠶᠢ ᠵᠠᠰᠠᠬᠤ ᠪᠠᠷ ᠲᠦᠯᠦᠪᠯᠡᠪᠡ᠃ ᠣᠢ ᠰᠢᠭᠤᠢ ᠶᠢᠨ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢ ᠠᠬᠢᠭᠤᠯᠣᠨ ᠰᠢᠨ᠎ᠡ ᠪᠠᠷ 28.5 ᠲᠦᠮᠡᠨ ᠮᠤ᠋ ᠣᠶᠢᠵᠢᠭᠤᠯᠵᠣ᠂ 78 ᠲᠦᠮᠡᠨ ᠮᠤ᠋ ᠨᠠᠶᠢᠳᠠ ᠶᠢᠨ ᠠᠰᠢᠭᠳᠣ ᠣᠢ ᠰᠢᠭᠤᠢ ᠎ ᠶᠢ ᠨᠡᠮᠡᠵᠣ ᠣᠶᠢᠵᠢᠭᠤᠯᠣᠨ᠎ᠠ᠃ ᠱᠠᠩᠳᠣ ᠶᠢᠨ ᠭᠤᠣᠯ ᠤᠨ ᠳᠡᠭᠡᠳᠦ ᠣᠷᠣᠰᠬᠠᠯ ᠤᠨ ᠣᠰᠣ ᠶᠢ ᠲᠠᠯᠪᠢᠭᠤᠯᠬᠤ ᠣᠷᠳᠣ ᠬᠤᠭᠤᠴᠠᠭᠠᠨ ᠤ ᠪᠦᠳᠦᠮᠵᠢᠳᠣ ᠲᠣᠭᠳᠠᠯᠴᠠᠭ᠎ᠠ ᠶᠢ ᠪᠠᠶᠢᠭᠤᠯᠵᠣ᠂ ᠭᠤᠣᠯ ᠯᠠᠶᠢᠳᠠᠬᠤ ᠢᠨᠵᠧᠨᠧᠷᠢᠩ ᠢ ᠰᠠᠶᠢᠳᠣᠷ ᠬᠡᠷᠡᠭᠵᠢᠬᠦᠯᠦᠨ᠎ᠡ᠃ ᠣᠯᠠᠨ ᠲᠦᠮᠡᠨ ᠤ ᠠᠮᠢ ᠠᠬᠤᠢ ᠶᠢ ᠬᠠᠮᠠᠭᠠᠯᠠᠬᠤ ᠪᠡᠶᠡᠴᠢ ᠦᠢᠯᠡᠳᠦᠯ ᠢ ᠤᠯᠠᠮ ᠢᠯᠡᠬᠦᠤ ᠪᠠᠳᠠᠷᠠᠭᠤᠯᠵᠥ᠂ ᠲᠦᠰᠦᠯ ᠳᠤ ᠤᠷᠤᠭᠰᠠᠨ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠣᠯᠳᠠ ᠪᠠ ᠬᠠᠮᠢᠶᠠᠷᠣᠯᠳᠠ ᠶᠢ ᠴᠢᠩᠭᠠᠳᠬᠠᠨ᠂ ᠬᠠᠣᠯᠢ ᠪᠣᠰᠣ ᠪᠠᠷ ᠠᠳᠠᠷ ᠬᠠᠭᠠᠯᠪᠣᠷᠢᠯᠠᠬᠤ ᠠᠵᠢᠯᠯᠠᠭ᠎ᠠ ᠳᠤ ᠴᠢᠩᠭ᠎ᠠ ᠴᠣᠬᠢᠯᠳᠠ ᠥᠭᠬᠦ ᠵᠢᠴᠢ ᠲᠠᠯ᠎ᠠ ᠨᠣᠳᠤᠭ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠰᠠᠶᠢᠳᠣᠷ ᠠᠳᠬᠤᠨ᠎ᠠ᠃ ᠬᠤᠶᠠᠷ ᠲᠤ᠂ ᠣᠯᠣᠰ ᠤᠨ ᠲᠠᠯ᠎ᠠ ᠨᠣᠲᠤᠭ ᠎ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠶᠢᠨ ᠲᠦᠷᠢᠮ ᠢ ᠬᠢᠨᠠᠮᠠᠭᠠᠢ ᠨᠠᠶᠢᠳᠠᠪᠣᠷᠢᠵᠢᠭᠤᠯᠣᠨ᠂ ︽ᠲᠦᠷᠪᠡᠨ ᠲᠦᠷᠦᠯ ᠤᠨ ᠨᠦᠬᠦᠪᠦᠷᠢ︾᠎ ᠶᠢ ᠬᠤᠪᠢᠶᠠᠷᠢᠯᠠᠬᠤ ᠪᠠᠷᠢᠮᠵᠢᠶ᠎ᠠ ᠶᠢ ᠴᠢᠩᠭ᠎ᠠ ᠬᠢᠨᠠᠮᠠᠭᠠᠢ ᠬᠡᠷᠡᠭᠵᠢᠬᠦᠯᠵᠦ᠂ ᠨᠦᠬᠦᠪᠦᠷᠢ ᠮᠦᠩᠬᠦ ᠶᠢ ᠴᠠᠭ ᠲᠣᠬᠠᠢ ᠳᠤᠨᠢ ᠲᠤᠭ᠎ᠠ ᠶᠣᠰᠣᠭᠠᠷ ᠬᠤᠪᠢᠶᠠᠷᠢᠯᠠᠨ᠎ᠠ᠃ ᠲᠦᠰᠦᠯ ᠤᠨ ᠲᠣᠭᠤᠷᠢᠭ ᠲᠠᠬᠢ ᠮᠠᠯ ᠪᠤᠷᠤᠯᠠᠭᠤᠯᠤᠯᠳᠠ ᠶᠢᠨ ᠠᠵᠢᠯ ᠢ ᠲᠦᠷᠭᠡᠳᠬᠡᠨ᠂ ᠬᠤᠪᠢᠨ ᠳᠤ ᠪᠠᠨ ᠮᠠᠯᠵᠢᠵᠣ ᠪᠠᠶᠢᠭ᠎ᠠ ᠮᠠᠯ ᠤᠨ ᠲᠤᠭ᠎ᠠ ᠲᠣᠯᠣᠭᠠᠢ ᠶᠢ ᠲᠣᠭᠳᠠᠪᠣᠷᠢᠵᠢᠭᠤᠯᠵᠣ᠂ ᠮᠠᠯ ᠤᠨ ᠡᠭᠦᠯᠳᠡᠷ ᠰᠠᠶᠢᠵᠢᠷᠠᠭᠤᠯᠣᠯᠳᠠ ᠶᠢᠨ ᠨᠤᠷᠮ᠎ᠠ ᠪᠠ ᠡᠬᠡ ᠮᠠᠯ ᠤᠨ ᠨᠣᠷᠮ᠎ᠠ ᠶᠢ ᠲᠣᠰ ᠲᠣᠰ 99.4% ᠪᠡ 88%᠎ ᠳᠤ ᠬᠦᠷᠭᠡᠨ᠂ ᠦᠬᠡᠷ ᠬᠤᠨᠢᠨ ᠤ ᠣᠨᠳᠣᠷᠣᠯᠳᠠ ᠶᠢᠨ ᠨᠣᠷᠮ᠎ᠠ ᠶᠢ ᠲᠣᠰ ᠲᠣᠰ 97% ᠪᠠ 101%᠎ ᠳᠤ ᠬᠦᠷᠭᠡᠨ᠎ᠡ᠃ ᠭᠤᠷᠪᠠ ᠳᠤ᠂ ᠡᠷᠦᠬᠡ ᠬᠤᠯᠪᠣᠭᠠᠯᠠᠨ ᠡᠵᠡᠩᠨᠡᠭᠰᠡᠨ ᠮᠠᠯᠵᠢᠯ ᠤᠨ ᠲᠠᠯᠠᠪᠠᠢ᠂ ᠲᠤᠰᠬᠠᠶᠢᠵᠢᠭᠰᠠᠨ ᠬᠤᠷᠰᠢᠶᠠᠵᠢᠯ ᠢ ᠬᠦᠴᠦᠯᠡᠨ ᠬᠦᠭᠵᠢᠬᠦᠯᠵᠦ ︽ᠠᠵᠣ ᠠᠬᠤᠶᠢᠯᠠᠯ + ᠮᠠᠯᠵᠢᠬᠤ ᠲᠠᠷᠢᠶᠠᠯᠠᠬᠤ ᠡᠷᠦᠬᠡ︾ — ᠦᠢᠯᠡᠳᠪᠦᠷᠢᠯᠡᠯ ᠤᠨ ᠵᠠᠭᠪᠣᠷ ᠢᠶᠠᠷ ᠦᠬᠡᠷ ᠬᠤᠨᠢ ᠪᠣᠷᠳᠣᠨ ᠲᠠᠷᠭᠤᠯᠠᠭᠤᠯᠬᠤ᠂ ᠦᠷ᠎ᠡ ᠲᠦᠮᠤᠰᠤ᠂ ᠢᠳᠡᠰᠢᠨ ᠨᠣᠭᠤᠭ᠎ᠠ᠂ ᠴᠠᠷᠭᠠᠰᠣ ᠲᠠᠷᠢᠬᠤ᠂ ᠡᠪᠡᠰᠦᠨ ᠡᠮ ᠲᠠᠷᠢᠵᠣ ᠪᠣᠶᠢᠵᠢᠭᠤᠯᠬᠤ ᠲᠦᠰᠦᠯ ᠢ ᠬᠦᠭᠵᠢᠬᠦᠯᠦᠨ᠂ ᠮᠠᠯ ᠲᠠᠷᠢᠶᠠᠯᠠᠩ ᠤᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠴᠢᠳᠠᠪᠣᠷᠢ ᠶᠢ ᠳᠠᠰᠣᠷᠠᠯᠳᠠ ᠦᠬᠡᠢ ᠲᠠᠭᠡᠭᠰᠢᠯᠡᠬᠦᠯᠵᠥ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠦᠨ᠎ᠡ᠃ ᠲᠣᠰᠣᠯᠭᠠᠨ ᠣᠰᠣᠯᠠᠬᠤ ᠬᠡᠮᠨᠡᠯᠳᠣ ᠣᠰᠣᠯᠠᠯᠳᠠ ᠶᠢᠨ ᠮᠡᠷᠭᠡᠵᠢᠯ ᠢ ᠶᠡᠭᠡ ᠎ ᠪᠠᠷ ᠲᠦᠭᠡᠮᠡᠯᠵᠢᠬᠦᠯᠦᠨ ᠲᠠᠷᠢᠮᠠᠯ ᠤᠨ ᠨᠢᠬᠡᠴᠡ ᠣᠨᠠᠯᠳᠠ ᠶᠢᠨ ᠬᠡᠮᠵᠢᠶ᠎ᠡ ᠪᠣᠯᠣᠨ ᠦᠷ᠎ᠡ ᠠᠰᠢᠭ ᠢ ᠳᠡᠭᠡᠭᠰᠢᠯᠡᠬᠦᠯᠦᠨ᠎ᠡ᠃ ᠪᠦᠬᠦ ᠬᠤᠰᠢᠭᠤᠨ ᠤ ᠲᠠᠷᠢᠮᠠᠯ ᠤᠨ ᠲᠠᠯᠠᠪᠠᠢ ᠶᠢ 30.8 ᠲᠦᠮᠡᠨ ᠮᠣ᠋ ᠪᠠᠷ ᠪᠠᠷᠢᠮᠳᠠᠯᠠᠬᠤ ᠶᠢᠨ ᠬᠠᠮᠳᠣ 4 ᠲᠦᠮᠡᠨ ᠮᠣ᠋ ᠬᠡᠮᠨᠡᠯᠳᠣ ᠣᠰᠣᠯᠠᠯᠳᠠ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠣᠨ᠎ᠠ᠃ ᠲᠦᠷᠪᠡ ᠳᠤ᠂ ᠮᠠᠯᠴᠢᠨ ᠲᠠᠷᠢᠶᠠᠴᠢᠨ ᠤ ᠨᠢᠳᠣᠨ ᠡᠮᠦᠨᠡᠬᠢ ᠠᠰᠢᠭ ᠳᠣᠰᠠ ᠪᠠ ᠮᠠᠷᠭᠠᠰᠢ ᠬᠤᠶᠢᠴᠢ ᠶᠢᠨ ᠬᠢᠨᠢ ᠠᠵᠣ ᠠᠮᠢᠳᠣᠷᠠᠯ ᠢ ᠴᠢᠬᠤᠯᠠᠴᠢᠯᠠᠨ ᠠᠩᠬᠠᠷᠴᠤ᠂ ᠦᠨᠳᠦᠰᠦᠳᠡᠨ ᠤ ᠢᠳᠡᠭᠡᠨ ᠣᠮᠳᠠᠭᠠᠨ᠂ ᠬᠤᠪᠴᠠᠰᠣ ᠵᠠᠰᠠᠯ᠂ ᠭᠠᠷ ᠣᠷᠠᠯᠠᠯ ᠵᠡᠷᠭᠡ ᠦᠪᠡᠷᠮᠢᠴᠡ ᠠᠵᠣ ᠦᠢᠯᠡᠰ ᠤᠨ ᠬᠦᠭᠵᠢᠯᠳᠡ ᠶᠢ ᠢᠳᠡᠪᠬᠢᠳᠠᠢ ᠠᠬᠢᠭᠤᠯᠵᠣ᠂ ᠮᠠᠯᠴᠢᠨ ᠲᠠᠷᠢᠶᠠᠴᠢᠨ ᠤ ᠬᠤᠳᠠ ᠣᠷᠣᠵᠣ ᠠᠵᠢᠯ ᠣᠯᠬᠤ ᠠᠷᠭ᠎ᠠ ᠵᠠᠮ ᠢ ᠦᠷᠭᠡᠳᠭᠡᠨ᠎ᠡ᠃ ᠲᠠᠪᠤ ᠳᠤ᠂ ᠲᠠᠷᠢᠶᠠᠯᠠᠩ ᠮᠠᠯ ᠠᠵᠣ ᠠᠬᠤᠢ ᠶᠢᠨ ᠲᠦᠰᠦᠯ ᠤᠨ ᠪᠡᠯᠨ ᠮᠦᠩᠬᠦ ᠶᠢ ᠴᠣᠮᠬᠠᠳᠬᠠᠵᠣ᠂ ᠫᠧᠩ ᠬᠤᠷᠤᠭ᠎ᠠ᠂ ᠨᠣᠭᠤᠭᠠᠨ ᠲᠠᠷᠣᠰᠢ ᠶᠢᠨ ᠵᠣᠭᠤᠷᠢ᠂ ᠡᠪᠡᠰᠤᠨ ᠤ ᠰᠠᠷᠠᠪᠴᠢ᠂ ᠳᠣᠯᠠᠭᠠᠨ ᠬᠦᠯᠡᠮᠵᠢ ᠪᠦᠳᠦᠬᠡᠨ ᠪᠠᠶᠢᠭᠤᠯᠬᠤ ᠠᠵᠢᠯ ᠢ ᠰᠠᠶᠢᠳᠣᠷ ᠠᠳᠬᠤᠨ᠎ᠠ᠃ ︽ᠪᠦᠬᠦᠶᠢᠯᠨ ᠲᠣᠰᠬᠤᠨ ᠢᠶᠠᠷ ᠨᠢ ᠠᠬᠢᠭᠤᠯᠬᠤ᠂ ᠠᠷᠠᠳ ᠢ ᠨᠡᠬᠦᠯᠬᠡᠨ ᠰᠢᠯᠵᠢᠬᠦᠯᠬᠦ︾ ᠠᠵᠢᠯ ᠢ ᠤᠯᠠᠮ ᠬᠦᠨᠵᠡᠭᠡᠶᠢᠷᠡᠬᠦᠯᠵᠥ ᠠᠵᠣ ᠦᠢᠯᠡᠰ ᠢᠶᠠᠷ ᠶᠠᠳᠠᠭᠤ ᠶᠢ ᠳᠡᠳᠬᠦᠬᠦ ᠬᠦᠴᠦᠯᠡᠴᠡ ᠶᠢ ᠨᠡᠮᠡᠭᠳᠡᠬᠦᠯᠦᠨ᠎ᠡ᠃ ᠵᠢᠷᠭᠤᠭ᠎ᠠ ᠳᠤ᠂ ︽ᠶᠡᠭᠡ ᠬᠦᠢᠳᠡᠨ ᠠᠴᠠ ᠰᠡᠷᠭᠡᠶᠢᠯᠡᠬᠦ᠂ ᠶᠡᠭᠡ ᠭᠠᠮᠰᠢᠭ ᠠᠴᠠ ᠰᠡᠷᠭᠡᠶᠢᠯᠡᠬᠦ᠂ ᠣᠷᠳᠣ ᠬᠤᠭᠤᠴᠠᠭ᠎ᠠ ᠪᠠᠷ ᠭᠠᠮᠰᠢᠭ ᠠᠴᠠ ᠰᠡᠷᠭᠡᠶᠢᠯᠡᠬᠦ︾ ᠣᠬᠠᠮᠰᠠᠷ ᠢ ᠪᠠᠳᠣᠳᠬᠠᠨ᠂ ᠡᠯ᠎ᠡ ᠲᠦᠷᠦᠯ ᠤᠨ ᠭᠠᠮᠰᠢᠭ ᠠᠴᠠ ᠠᠪᠣᠷᠠᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠲᠡᠭᠦᠯᠳᠡᠷᠵᠢᠬᠦᠯᠵᠦ᠂ ᠭᠠᠮᠰᠢᠭ ᠠᠴᠠ ᠰᠡᠷᠬᠡᠶᠢᠯᠡᠬᠦ ᠭᠠᠮᠰᠢᠭ ᠠᠴᠠ ᠠᠪᠣᠷᠠᠬᠤ ᠡᠳ᠋ ᠪᠣᠳᠠᠰ ᠢ ᠡᠷᠳᠡᠭᠡᠨ ᠵᠦᠬᠡᠬᠡᠪᠦᠷᠢᠯᠡᠵᠣ ᠬᠦᠢᠴᠡᠳ ᠪᠡᠯᠡᠳᠬᠡᠨ᠂ ᠮᠠᠯ ᠲᠠᠷᠢᠶᠠᠯᠠᠩ ᠤᠨ ᠦᠢᠯᠡᠰ ᠤᠨ ᠭᠠᠮᠰᠢᠭ ᠠᠴᠠ ᠰᠡᠷᠬᠡᠶᠢᠯᠡᠨ ᠭᠠᠮᠰᠢᠭᠳᠠᠯ ᠢ ᠪᠠᠭᠠᠰᠬᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠪᠡᠶᠡᠯᠡᠬᠦᠯᠦᠨ᠎ᠡ᠃        — — ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠄ ︽ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠵᠢᠭᠤᠯᠴᠢᠯᠠᠯ ᠢ ᠬᠦᠭᠵᠢᠬᠦᠯᠬᠦ ᠲᠦᠯᠦᠪᠵᠢᠬᠦᠯᠬᠡ︾ ᠶᠣᠰᠣᠭᠠᠷ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠲᠡᠦᠬᠡ ᠰᠣᠶᠣᠯ ᠤᠨ ᠠᠭᠤᠯᠬᠤᠨ ᠢ ᠬᠦᠢᠴᠡᠳ ᠢᠯᠡᠷᠡᠬᠦᠯᠵᠥ ᠲᠡᠯᠡᠭᠡᠢ ᠶᠢᠨ ᠦᠪ ᠪᠤᠯᠤᠭᠰᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠵᠦᠪ ᠤᠷᠴᠢᠯ ᠤᠨ ᠵᠠᠮ ᠳᠤ ᠨᠢ ᠣᠷᠣᠭᠤᠯᠵᠣ᠂ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢᠳᠣ ᠣᠷᠣᠨ ᠢ 5A ᠳᠡᠰ ᠤᠨ ᠵᠢᠭᠤᠯᠴᠢᠯᠠᠯ ᠤᠨ ᠣᠷᠣᠨ ᠢᠶᠠᠷ ᠡᠷᠡᠮᠡᠯᠵᠡᠯᠡᠬᠦ ᠠᠯᠬᠤᠴᠠ ᠪᠠᠨ ᠲᠦᠷᠭᠡᠳᠭᠡᠨ᠎ᠡ᠃ ᠱᠠᠩᠳᠣ ᠨᠠᠭᠤᠷ᠂ ᠳ᠋ᠠ ᠵᠦᠩ ᠬᠤᠸᠠ᠂ ᠪᠣᠷᠣᠬᠤᠳᠠ ᠶᠢᠨ ︽ᠶᠢᠨ ᠺᠠᠩ︾ ᠬᠦᠳᠡᠭᠡ ᠠᠶᠠᠯᠠᠯ ᠵᠡᠷᠭᠡ ᠲᠦᠰᠦᠯ ᠢ ᠭᠤᠣᠯᠳᠠᠯᠭ᠎ᠠ ᠲᠠᠢ ᠠᠬᠢᠭᠤᠯᠣᠨ᠎ᠠ᠃ ᠭᠠᠳᠠᠭᠰᠢ ᠰᠣᠷᠳᠠᠯᠴᠢᠯᠠᠬᠤ ᠠᠵᠢᠯ ᠢᠶᠠᠨ ᠣᠯᠠᠮ ᠴᠢᠩᠭᠠᠳᠬᠠᠨ᠂ ᠵᠢᠭᠤᠯᠴᠢᠯᠠᠯ ᠤᠨ ᠦᠢᠯᠡᠰ ᠤᠨ ᠳᠠᠳᠠᠬᠤ ᠬᠦᠴᠦᠨ ᠢ ᠳᠡᠭᠡᠭᠰᠢᠯᠡᠬᠦᠯᠬᠦ ᠶᠢᠨ ᠬᠠᠮᠳᠣ ᠵᠢᠭᠤᠯᠴᠢᠯᠠᠯ ᠤᠨ ᠦᠵᠡᠮᠵᠢᠳᠣ ᠣᠷᠣᠨ ᠤ ᠰᠠᠭᠤᠷᠢ ᠳᠦᠬᠦᠬᠡᠷᠦᠮᠵᠢ᠂ ᠣᠭᠳᠣᠨ ᠵᠣᠴᠢᠯᠠᠬᠤ ᠴᠢᠳᠠᠯ ᠪᠠ ᠵᠠᠮ ᠨᠡᠪᠳᠡᠷᠡᠬᠦᠯᠬᠡ ᠶᠢᠨ ᠨᠦᠬᠦᠴᠡᠯ ᠎ ᠢ ᠪᠦᠬᠦ ᠲᠠᠯ᠎ᠠ ᠪᠠᠷ ᠳᠡᠭᠡᠭᠰᠢᠯᠡᠬᠦᠯᠣᠨ᠎ᠡ᠃ ᠳᠣᠯᠣᠨᠨᠠᠭᠤᠷ ᠰᠢᠶᠠᠨ᠂ ᠾᠧᠪᠧᠢ ᠮᠤᠵᠢ᠂ ᠬᠡᠰᠢᠭᠳᠡᠨ ᠬᠤᠰᠢᠭᠤ ᠵᠡᠷᠭᠡ ᠬᠦᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠳᠣᠷᠠᠯᠴᠠᠭ᠎ᠠ ᠪᠠᠨ ᠴᠢᠩᠭᠠᠳᠬᠠᠨ᠂ ᠦᠪᠡᠷᠮᠢᠴᠡ ᠣᠨᠴᠠᠯᠢᠭᠳᠣ ᠵᠢᠭᠤᠯᠴᠢᠯᠠᠯ ᠎ ᠤᠨ ᠱᠣᠭᠤᠮ ᠢ ᠨᠡᠬᠡᠬᠡᠨ ᠬᠦᠭᠵᠢᠬᠦᠯᠵᠦ ᠵᠢᠭᠤᠯᠴᠢᠯᠠᠯ ᠤᠨ ᠦᠢᠯᠡᠰ ᠤᠨ ᠪᠦᠰᠨ ᠤᠷᠤᠨ ᠤ ᠬᠦᠭᠵᠢᠯᠳᠡ ᠶᠢ ᠲᠦᠷᠭᠡᠳᠭᠡᠨ᠎ᠡ᠃ ᠣᠳᠣᠬᠢᠴᠢᠯᠠᠭᠰᠠᠨ ᠪᠠᠷᠠᠭᠠᠨ ᠤ ᠵᠦᠬᠡᠬᠡᠪᠦᠷᠢ ᠶᠢᠨ ᠦᠢᠯᠡᠰ ᠢ ᠦᠳᠳᠡᠷ ᠬᠦᠭᠵᠢᠬᠦᠯᠦᠨ᠂ ︽ᠯᠢ ᠲᠦᠩ ︾ ᠨᠡᠬᠦᠷᠡᠰᠦ ᠪᠣᠯᠣᠨ ᠡᠳ᠋ ᠪᠠᠷᠠᠭᠠᠨ ᠤ ᠵᠦᠬᠡᠬᠡᠪᠦᠷᠢ ᠶᠢᠨ ᠲᠦᠰᠦᠯ ᠢ ᠭᠤᠣᠯᠳᠠᠯᠭ᠎ᠠ ᠲᠠᠢ ᠠᠬᠢᠭᠤᠯᠣᠨ᠎ᠠ᠃ ᠠᠷᠠᠯᠵᠢᠶ᠎ᠠ ᠬᠤᠳᠠᠯᠳᠤᠭ᠎ᠠ᠂ ᠢᠳᠡᠭᠡᠨ ᠣᠮᠳᠠᠭᠠᠨ᠂ ᠵᠠᠭᠤᠴᠢ ᠦᠢᠯᠡᠴᠢᠯᠡᠭᠡ᠂ ᠮᠦᠩᠬᠦᠨ ᠬᠦᠢᠯᠬᠡᠬᠡᠨ ᠤ ᠳᠠᠭᠠᠳᠬᠠᠯ ᠵᠡᠷᠭᠡ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠰᠠᠴᠠᠭᠤ ᠬᠦᠷᠢᠶ᠎ᠡ ᠬᠡᠪᠴᠢᠶ᠎ᠡ᠂ ᠦᠷ᠎ᠡ ᠠᠰᠢᠭ ᠢ ᠨᠢ ᠳᠡᠭᠡᠭᠰᠢᠯᠡᠬᠦᠯᠦᠨ᠎ᠡ᠃ ᠠᠮᠣ ᠪᠣᠳᠠᠭᠠᠨ ᠤ ᠬᠦᠢᠯᠭᠡᠭᠡᠨ ᠤ ᠰᠢᠰᠲ᠋ᠧᠮ ᠢ ᠣᠯᠠᠮ ᠨᠢᠬᠡ ᠠᠯᠬᠤᠮ ᠳᠡᠭᠦᠯᠳᠡᠷᠵᠢᠬᠦᠯᠵᠦ᠂ ᠠᠮᠣ ᠪᠣᠳᠠᠭᠠᠨ ᠤ ᠠᠶᠣᠯᠬᠦᠢ ᠪᠠᠶᠢᠳᠠᠯ ᠢ ᠪᠦᠳᠦᠮᠵᠢᠳᠠᠢ ᠪᠠᠳᠣᠯᠠᠭᠠᠵᠢᠭᠤᠯᠣᠨ᠎ᠠ᠃        — — ᠬᠤᠲᠠ ᠬᠦᠳᠡᠭᠡ ᠶᠢᠨ ᠰᠠᠭᠤᠷᠢ ᠲᠥᠭᠦᠭᠡᠷᠥᠮᠵᠢ ᠶᠢᠨ ᠪᠦᠲᠦᠭᠡᠨ ᠪᠠᠶᠢᠭᠤᠯᠣᠯᠲᠠ ᠶᠢᠨ ᠲᠠᠯ᠎ᠠ ᠪᠠᠷ᠄ ᠨᠢᠭᠡ ᠳᠤ᠂ ᠪᠠᠷᠢᠮᠵᠢᠶᠠᠳᠣ ᠪᠦᠳᠦᠬᠡᠨ ᠪᠠᠶᠢᠭᠤᠯᠣᠯᠳᠠ ᠶᠢᠨ ᠲᠦᠯᠦᠪᠵᠢᠬᠦᠯᠬᠡ ᠵᠢᠴᠢ ᠲᠣᠰᠬᠠᠢ ᠲᠦᠷᠦᠯ ᠤᠨ ᠲᠦᠯᠦᠪᠡᠯᠡᠭᠡ ᠎ ᠶᠢ ᠨᠠᠶᠢᠷᠠᠭᠤᠯᠣᠨ ᠬᠡᠷᠡᠭᠵᠢᠬᠦᠯᠬᠦ ᠠᠵᠢᠯ ᠢ ᠬᠢᠨᠠᠮᠠᠭᠠᠢ ᠠᠳᠬᠤᠵᠣ᠂ ᠨᠡᠩ ᠣᠯᠠᠨ ᠨᠡᠶᠢᠬᠡᠮ ᠤᠨ ᠪᠡᠯᠨ ᠮᠦᠩᠬᠦ ᠶᠢ ᠮᠠᠨ ᠤ ᠬᠤᠰᠢᠭᠤᠨ ᠤ ᠬᠤᠳᠠ ᠪᠠᠯᠭᠠᠰᠣᠨ ᠤ ᠪᠦᠳᠦᠬᠡᠨ ᠪᠠᠶᠢᠭᠤᠯᠣᠯᠳᠠ ᠳᠤ ᠳᠠᠳᠠᠨ ᠣᠷᠣᠭᠤᠯᠵᠣ᠂ ᠬᠤᠳᠠ ᠶᠢᠨ ᠴᠢᠳᠠᠪᠬᠢ ᠶᠢ ᠳᠡᠭᠦᠯᠳᠡᠷᠵᠢᠬᠦᠯᠵᠣ᠂ ᠳᠡᠰ ᠵᠢᠩᠳᠠᠭ᠎ᠠ ᠶᠢ ᠳᠡᠭᠡᠭᠰᠢᠯᠡᠬᠦᠯᠦᠨ᠂ ᠦᠨᠳᠦᠰᠦᠳᠡᠨ ᠤ ᠣᠨᠴᠠᠯᠢᠭ ᠢ ᠲᠣᠪᠣᠶᠢᠯᠭᠠᠬᠤ ᠶᠢᠨ ᠣᠯᠠᠮ ᠎ ᠢᠶᠠᠷ ᠠᠵᠢᠯ ᠬᠢᠵᠣ ᠠᠮᠢᠳᠣᠷᠠᠨ ᠰᠠᠭᠤᠬᠤ ᠳᠤ ᠲᠣᠬᠢᠳᠠᠢ᠂ ᠰᠣᠶᠣᠯ ᠵᠢᠭᠤᠯᠴᠢᠯᠠᠯ ᠤᠨ ᠬᠤᠳᠠ ᠪᠠᠯᠭᠠᠰᠣ ᠶᠢ ᠪᠦᠳᠦᠭᠡᠨ ᠪᠠᠶᠢᠭᠤᠯᠣᠨ᠎ᠠ᠃ ᠬᠤᠶᠠᠷ ᠲᠤ᠂ ᠬᠤᠳᠠ ᠪᠠᠯᠭᠠᠰᠣᠨ ᠤ ᠣᠰᠣ ᠬᠠᠩᠭᠠᠯᠭ᠎ᠠ᠂ ᠴᠠᠬᠢᠯᠭᠠᠨ᠂ ᠲᠣᠯᠠᠭᠠᠯᠠᠯᠭ᠎ᠠ᠂ ᠰᠢᠳᠠᠮᠠᠬᠠᠢ ᠬᠡᠢ ᠶᠢᠨ ᠪᠠᠳᠣᠯᠠᠭᠠᠨ ᠤ ᠴᠢᠳᠠᠮᠵᠢ ᠶᠢ ᠣᠯᠠᠮ ᠨᠢᠬᠡ ᠠᠯᠬᠤᠮ ᠨᠡᠮᠡᠭᠳᠡᠬᠦᠯᠦᠨ᠂ ᠬᠠᠳᠠᠭᠤᠵᠢᠭᠤᠯᠣᠯᠳᠠ᠂ ᠨᠣᠭᠤᠭᠠᠷᠠᠭᠤᠯᠣᠯᠳᠠ᠂ ᠭᠡᠷᠡᠯᠳᠦᠬᠦᠯᠬᠡ ᠪᠠ ᠭᠤᠶᠣᠵᠢᠭᠤᠯᠣᠯᠳᠠ ᠶᠢᠨ ᠲᠦᠪᠰᠢᠨ ᠢ ᠳᠡᠭᠡᠭᠰᠢᠯᠡᠬᠦᠯᠦᠨ᠎ᠡ᠃ ᠬᠤᠳᠠ ᠪᠠᠯᠭᠠᠰᠣᠨ ᠤ ᠵᠠᠷ ᠢᠯᠡᠷᠬᠡᠶᠢᠯᠡᠯ ᠤᠨ ᠫᠠᠶᠢᠰᠠ ᠳᠡᠮᠳᠡᠭ ᠢ ᠲᠦᠰᠦᠪᠯᠡᠬᠦ ᠪᠠ ᠮᠣᠩᠭᠤᠯ ᠬᠢᠳᠡᠳ ᠦᠰᠦᠭ ᠢ ᠲᠦᠷᠢᠮᠵᠢᠬᠦᠨ ᠬᠡᠷᠡᠭᠯᠡᠬᠦ ᠠᠵᠢᠯ ᠢ ᠰᠠᠶᠢᠳᠣᠷ ᠬᠢᠵᠣ᠂ ᠵᠠᠷ ᠢᠯᠡᠷᠭᠡᠶᠢᠯᠡᠯ ᠤᠨ ᠫᠠᠶᠢᠰᠠ ᠲᠡᠮᠳᠡᠭ ᠳᠡᠭᠡᠷᠡᠬᠢ ᠰᠣᠶᠣᠯ ᠤᠨ ᠡᠯᠧᠮᠧᠨ᠋ᠲ ᠪᠣᠯᠣᠨ ᠭᠤᠸ᠎ᠠ ᠰᠠᠶᠢᠬᠠᠨ ᠢ ᠴᠢᠬᠤᠯᠠᠴᠢᠯᠠᠨ᠎ᠠ᠃ ᠭᠤᠷᠪᠠ ᠳᠤ᠂ ᠨᠡᠶᠢᠳᠡ ᠶᠢᠨ ᠬᠡᠷᠡᠭᠯᠡᠬᠡᠨ ᠤ ᠲᠣᠨᠤᠭ ᠲᠦᠭᠦᠭᠡᠷᠦᠮᠵᠢ ᠶᠢᠨ ᠪᠦᠳᠦᠬᠡᠨ ᠪᠠᠶᠢᠭᠤᠯᠣᠯᠳᠠ ᠶᠢᠨ ᠬᠦᠴᠦᠯᠡᠴᠡ ᠪᠠᠨ ᠦᠷᠬᠦᠯᠵᠢᠯᠡᠨ ᠨᠡᠮᠡᠭᠳᠡᠬᠦᠯᠵᠦ᠂ ᠡᠨᠡ ᠵᠢᠯ ᠰᠣᠶᠣᠯ ᠲᠠᠮᠢᠷ ᠤᠨ ᠤᠷᠳᠤᠨ ᠂ ᠶᠡᠷᠦᠩᠬᠡᠶᠢᠯᠡᠭᠰᠡᠨ ᠵᠣᠴᠢᠯᠠᠬᠤ ᠲᠦᠪ ᠵᠡᠷᠭᠡ ᠭᠤᠣᠯᠳᠠᠯᠭ᠎ᠠ ᠲᠠᠢ ᠪᠠᠷᠢᠯᠭ᠎ᠠ ᠶᠢᠨ ᠲᠦᠰᠦᠯ ᠢ ᠪᠡᠶᠡᠯᠡᠬᠦᠯᠦᠨ᠎ᠡ᠃ ᠲᠦᠷᠪᠡ ᠎ ᠳᠤ᠂ ᠬᠤᠳᠠ ᠪᠠᠯᠭᠠᠰᠣᠨ ᠤ ᠬᠠᠮᠢᠶᠠᠷᠣᠯᠳᠠ ᠶᠢᠨ ᠣᠷᠳᠣ ᠣᠳᠠᠭᠠᠨ ᠲᠣᠭᠳᠠᠯᠴᠠᠭ᠎ᠠ ᠶᠢ ᠪᠠᠶᠢᠭᠤᠯᠣᠨ ᠲᠡᠭᠦᠯᠳᠡᠷᠵᠢᠬᠦᠯᠵᠦ᠂ ᠬᠤᠳᠠ ᠶᠢᠨ ᠬᠠᠮᠢᠶᠠᠷᠣᠯᠳᠠ ᠶᠢᠨ ᠶᠡᠭᠡ ᠠᠩᠬᠢ ᠠᠴᠠ ᠣᠳᠣᠷᠢᠳᠴᠣ᠂ ᠡᠯ᠎ᠡ ᠰᠠᠯᠠᠭ᠎ᠠ ᠮᠦᠴᠢᠷ ᠬᠠᠮᠵᠢᠯᠴᠠᠨ ᠣᠯᠠᠨ ᠲᠦᠮᠡᠨ ᠣᠷᠣᠯᠴᠠᠭᠰᠠᠨ ᠬᠠᠮᠢᠶᠠᠷᠣᠯᠳᠠ ᠶᠢᠨ ᠵᠠᠭᠪᠣᠷ ᠢ ᠪᠦᠷᠢᠯᠳᠦᠬᠦᠯᠦᠨ᠂ ᠶᠡᠭᠡ ᠴᠠᠰᠣ ᠰᠢᠷᠦᠬᠦᠨ ᠪᠣᠷᠣᠭᠠᠨ ᠵᠡᠷᠭᠡ ᠬᠡᠪ ᠎ ᠤᠨ ᠪᠣᠰᠣ ᠴᠠᠭ ᠠᠭᠤᠷ ᠢ ᠠᠷᠭᠠᠴᠠᠭᠠᠬᠤ ᠴᠢᠳᠠᠪᠣᠷᠢ ᠪᠠ ᠬᠢᠷᠢ ᠲᠦᠪᠰᠢᠨ ᠢ ᠦᠨᠡᠨᠬᠦ ᠳᠡᠭᠡᠭᠰᠢᠯᠡᠬᠦᠯᠦᠨ᠎ᠡ᠃ ᠲᠠᠪᠤ ᠳᠤ᠂ ᠬᠤᠳᠠ ᠲᠣᠭᠤᠷᠢᠭ ᠤᠨ ᠦᠨᠳᠦᠰᠦᠨ ᠪᠦᠳᠦᠬᠡᠨ ᠪᠠᠶᠢᠭᠤᠯᠣᠯᠳᠠ ᠶᠢᠨ ᠬᠦᠴᠦᠯᠡᠴᠡ ᠪᠠᠨ ᠦᠷᠬᠦᠯᠵᠢᠯᠡᠨ ᠨᠡᠮᠡᠭᠳᠡᠬᠦᠯᠵᠣ᠂ 5.1 ᠮᠠᠯᠵᠢᠯ ᠤᠨ ᠲᠠᠯᠪᠠᠢ᠂ ᠪᠣᠷᠣᠬᠤᠳᠠ ᠵᠢᠱᠢᠶ᠎ᠡ ᠦᠵᠡᠬᠦᠯᠬᠦ ᠲᠤᠭᠤᠷᠢᠭ᠂ ᠵᠢᠭᠠᠰᠣᠳᠠᠢ ᠰᠣᠮᠣ ᠶᠢᠨ ᠲᠦᠪ ᠤᠨ ᠰᠠᠭᠤᠷᠢ ᠲᠦᠭᠦᠭᠡᠷᠦᠮᠵᠢ ᠵᠣᠬᠢᠬᠤ ᠬᠡᠮᠵᠢᠶ᠎ᠡ ᠪᠠᠷ ᠰᠠᠶᠢᠵᠢᠷᠠᠭᠤᠯᠣᠨ᠎ᠠ᠃ ᠵᠢᠷᠭᠤᠭ᠎ᠠ ᠳᠤ᠂ ᠱᠠᠩᠳᠣ ᠨᠢᠰᠬᠡᠯ ᠤᠨ ᠪᠠᠭᠤᠳᠠᠯ ᠪᠠᠶᠢᠭᠤᠯᠬᠤ ᠲᠦᠰᠦᠯ ᠤᠨ ᠲᠠᠯ᠎ᠠ ᠪᠠᠷ ᠪᠣᠳᠠᠳᠣ ᠠᠬᠢᠯᠳᠠ ᠭᠠᠷᠭᠠᠨ᠎ᠠ᠃ ᠭᠠᠴᠠᠭ᠎ᠠ ᠲᠣᠰᠬᠤᠨ ᠳᠤ ᠨᠡᠶᠢᠳᠡ 81.7 ᠺᠢᠯᠣᠮᠧᠲᠷ ᠵᠠᠮ ᠵᠠᠰᠠᠵᠣ ᠦᠭᠬᠦᠨ᠎ᠡ᠃ ᠰᠠᠶᠢᠨᠬᠤᠳᠳᠤᠭ᠂ ᠪᠣᠱᠣᠣᠳᠠᠢ ᠳᠤ ᠰᠢᠨ᠎ᠡ ᠪᠠᠷ 35 ᠺᠢᠯᠤᠸᠠᠲ ᠤᠨ ᠬᠤᠪᠢᠰᠬᠤ ᠴᠠᠬᠢᠯᠭᠠᠨ ᠤᠷᠤᠭᠤᠯᠬᠤ ᠢᠨᠵᠧᠨᠧᠷᠢᠩ ᠢ ᠶᠠᠪᠤᠭᠳᠠᠭᠤᠯᠵᠥ᠂ ᠬᠠᠪᠢᠷᠭ᠎ᠠ ᠪᠤᠯᠤᠨ ᠰᠢᠷᠠᠳᠠᠯ᠎ᠠ ᠶᠢᠨ 35 ᠺᠢᠯᠣᠸᠠᠲ ᠤᠨ ᠬᠦᠴᠦᠳᠡᠯ ᠦᠭᠡᠷᠡᠴᠢᠯᠡᠬᠦ ᠦᠷᠳᠡᠭᠡᠨ ᠤ ᠦᠷᠭᠡᠳᠬᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃        — — ᠠᠷᠠᠳ ᠤᠨ ᠠᠮᠢᠳᠣᠷᠠᠯ ᠢ ᠪᠠᠳᠣᠯᠠᠬᠤ ᠪᠠ ᠰᠠᠶᠢᠵᠢᠷᠠᠭᠤᠯᠬᠤ ᠲᠠᠯ᠎ᠠ ᠪᠠᠷ᠄ ᠡᠨᠡ ᠵᠢᠯ ᠵᠠᠰᠠᠭ ᠤᠨ ᠣᠷᠳᠣᠨ ᠠᠴᠠ ᠠᠷᠠᠳ ᠲᠤ ᠬᠢᠬᠦ ᠠᠷᠪᠠᠨ ᠪᠣᠳᠠᠳᠠᠢ ᠠᠵᠢᠯ ᠢ ᠦᠷᠬᠦᠯᠵᠢᠯᠡᠨ ᠰᠠᠶᠢᠳᠣᠷ ᠨᠠᠶᠢᠳᠠᠪᠣᠷᠢᠵᠢᠭᠤᠯᠣᠨ᠎ᠠ᠃ ᠨᠢᠬᠡ ᠎ ᠳᠤ᠂ ᠪᠦᠬᠦᠯᠢ ᠡᠳᠦᠷ ᠢᠶᠠᠷ ᠬᠢᠴᠢᠶᠡᠯᠯᠡᠬᠦ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠤᠯᠣᠨ ᠡᠯᠰᠡᠭᠳᠡᠭᠰᠡᠨ ᠠᠮᠢᠳᠣᠷᠠᠯ ᠬᠦᠴᠢᠷᠳᠠᠢ ᠣᠶᠣᠳᠠᠳ ᠪᠣᠯᠣᠨ ᠶᠡᠭᠡ ᠰᠣᠷᠭᠠᠭᠤᠯᠢ ᠳᠤ ᠰᠣᠷᠴᠣ ᠪᠠᠶᠢᠭ᠎ᠠ ᠠᠮᠢᠳᠣᠷᠠᠯ ᠨᠢ ᠬᠦᠴᠢᠷᠳᠡᠢ ᠣᠶᠣᠳᠠᠳ ᠲᠤ ᠨᠢᠬᠡᠯᠨ ᠳᠡᠭᠡᠷ᠎ᠡ ᠲᠣᠰ ᠲᠣᠰ 3000 ᠲᠦᠭᠦᠷᠢᠭ ᠪᠠ 1500 ᠲᠦᠭᠦᠷᠢᠭ ᠤᠨ ᠨᠦᠬᠦᠪᠦᠷᠢ ᠣᠯᠭᠤᠬᠤ ᠪᠠ ᠪᠦᠬᠦ ᠬᠤᠰᠢᠭᠤᠨ ᠤ ᠲᠣᠮᠳᠠ ᠪᠠᠭ᠎ᠠ ᠰᠣᠷᠭᠠᠭᠤᠯᠢ ᠪᠣᠯᠣᠨ ᠴᠡᠴᠡᠷᠯᠢᠭ ᠤᠨ ᠬᠡᠦᠬᠡᠳ ᠤᠳ ᠲᠤ ᠨᠢᠬᠡ ᠣᠳᠠᠭᠠᠨ ᠤ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ ᠬᠢᠵᠣ ᠦᠭᠬᠦᠨ᠎ᠡ᠃ ᠬᠤᠶᠠᠷ ᠲᠤ᠂ ᠬᠤᠳᠠ ᠪᠠᠯᠭᠠᠰᠣᠨ ᠤ ᠦᠨᠳᠦᠰᠦᠨ ᠠᠮᠢᠵᠢᠷᠠᠭᠠᠨ ᠤ ᠪᠠᠳᠣᠯᠠᠭ᠎ᠠ ᠬᠦᠷᠳᠡᠵᠣ ᠪᠠᠶᠢᠭ᠎ᠠ ᠡᠷᠦᠬᠡ ᠶᠢᠨ ᠬᠦᠮᠦᠨ ᠲᠣᠮᠳᠠᠴᠢ ᠶᠢᠨ ᠨᠦᠬᠦᠪᠦᠷᠢ ᠶᠢ ᠵᠢᠯ ᠤᠨ 4244 ᠲᠦᠭᠦᠷᠢᠭ ᠪᠠᠶᠢᠭᠰᠠᠨ ᠠᠴᠠ ᠨᠢ 4824 ᠲᠦᠭᠦᠷᠢᠭ ᠪᠣᠯᠭᠠᠨ ᠳᠡᠭᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠠᠮᠢᠵᠢᠷᠠᠭᠠᠨ ᠤ ᠪᠠᠳᠣᠯᠠᠭ᠎ᠠ ᠬᠦᠷᠳᠡᠵᠣ ᠪᠠᠶᠢᠭ᠎ᠠ ᠡᠷᠦᠬᠡ ᠶᠢᠨ ᠬᠦᠮᠦᠨ ᠲᠣᠮᠳᠠᠴᠢ ᠶᠢᠨ ᠨᠦᠬᠦᠪᠦᠷᠢ ᠶᠢ ᠵᠢᠯ ᠎ ᠤᠨ 2028 ᠲᠦᠭᠦᠷᠢᠭ ᠪᠠᠶᠢᠭᠰᠠᠨ ᠠᠴᠠ ᠨᠢ 2328 ᠲᠦᠭᠦᠷᠢᠭ ᠪᠣᠯᠭᠠᠵᠣ ᠳᠡᠭᠡᠭᠰᠢᠯᠡᠬᠦᠯᠦᠨ᠎ᠡ᠃ ᠭᠤᠷᠪᠠ ᠳᠤ᠂ ︽ᠲᠠᠪᠣᠨ ᠪᠠᠳᠣᠯᠠᠭᠠᠳᠣ︾ ᠡᠷᠦᠬᠡ ᠶᠢ ᠲᠦᠪᠯᠡᠷᠡᠬᠦᠯᠦᠨ ᠳᠡᠳᠬᠦᠬᠦ ᠲᠡᠳᠬᠦᠮᠵᠢ ᠶᠢᠨ ᠪᠠᠷᠢᠮᠵᠢᠶ᠎ᠠ ᠶᠢ ᠬᠦᠮᠦᠨ ᠲᠣᠮᠳᠠᠴᠢ ᠪᠠᠷ ᠵᠢᠯ ᠪᠦᠷᠢ 6000 ᠲᠦᠭᠦᠷᠢᠭ ᠣᠯᠭᠤᠵᠣ ᠪᠠᠶᠢᠭᠰᠠᠨ ᠠᠴᠠ ᠳᠡᠭᠡᠭᠰᠢᠯᠡᠬᠦᠯᠦᠨ 6900 ᠲᠦᠭᠦᠷᠢᠭ ᠪᠣᠯᠭᠠᠵᠣ᠂ ᠲᠣᠰ ᠎ ᠲᠤᠨᠢ ᠳᠡᠳᠭᠦᠬᠦ ᠲᠡᠳᠬᠦᠮᠵᠢ ᠶᠢᠨ ᠪᠠᠷᠢᠮᠵᠢᠶ᠎ᠠ ᠶᠢ ᠬᠦᠮᠦᠨ ᠲᠣᠮᠳᠠᠴᠢ ᠪᠠᠷ ᠵᠢᠯ ᠪᠦᠷᠢ 4800 ᠲᠦᠭᠦᠷᠢᠭ ᠣᠯᠭᠤᠵᠣ ᠪᠠᠶᠢᠭᠰᠠᠨ ᠠᠴᠠ ᠳᠡᠭᠡᠭᠰᠢᠯᠡᠬᠦᠯᠦᠨ 5520 ᠲᠦᠭᠦᠷᠢᠭ ᠪᠣᠯᠭᠠᠨ᠎ᠠ᠃ ᠲᠦᠷᠪᠡ ᠳᠤ᠂ ᠣᠷᠣᠨ ᠨᠣᠳᠤᠭ ᠤᠨ ᠡᠳ᠋ ᠤᠨ ᠵᠠᠰᠠᠭ ᠠᠴᠠ ᠶᠡᠭᠡ ᠰᠣᠷᠭᠠᠭᠤᠯᠢ ᠳᠡᠭᠦᠰᠦᠭᠰᠡᠨ ᠣᠶᠣᠳᠠᠳ ᠤᠨ ᠦᠪᠡᠰᠦᠪᠡᠨ ᠦᠢᠯᠡᠰ ᠪᠣᠰᠬᠠᠬᠤ ᠶᠢ ᠳᠡᠮᠵᠢᠬᠦ 500 ᠲᠦᠮᠡᠨ ᠲᠦᠭᠦᠷᠢᠭ ᠤᠨ ᠪᠡᠯᠨ ᠮᠦᠩᠬᠦ ᠶᠢ ᠦᠷᠭᠦᠯᠵᠢᠯᠡᠨ ᠪᠠᠶᠢᠷᠢᠯᠠᠭᠤᠯᠣᠨ᠎ᠠ᠃ ᠳᠠᠪᠤ ᠳᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠬᠡᠮ ᠤᠨ ᠨᠠᠰᠣᠵᠢᠯ ᠤᠨ ᠳᠠᠭᠠᠳᠬᠠᠯ ᠤᠨ ᠦᠨᠳᠦᠰᠦᠨ ᠨᠠᠰᠣᠵᠢᠯ ᠤᠨ ᠨᠦᠬᠦᠪᠦᠷᠢ ᠮᠦᠩᠬᠦ ᠶᠢ ᠳᠡᠭᠡᠭᠰᠢᠯᠡᠬᠦᠯᠦᠨ ᠬᠦᠮᠦᠨ ᠲᠣᠮᠳᠠᠴᠢ ᠪᠠᠷ ᠰᠠᠷ᠎ᠠ ᠪᠦᠷᠢ ᠶᠢᠨ 25 ᠲᠦᠭᠦᠷᠢᠭ ᠪᠣᠯᠭᠠᠨ᠎ᠠ᠃ ᠵᠢᠷᠭᠤᠭ᠎ᠠ ᠳᠤ᠂ ᠮᠠᠯᠵᠢᠬᠤ ᠲᠠᠷᠢᠶᠠᠯᠠᠬᠤ ᠣᠷᠣᠨ ᠤ 800 ᠡᠷᠦᠬᠡ ᠶᠢᠨ ᠬᠠᠭᠤᠴᠢᠨ ᠬᠡᠷ ᠪᠡᠶᠢᠰᠢᠩ ᠢ ᠰᠡᠯᠪᠢᠨ ᠵᠠᠰᠠᠨ᠎ᠠ᠃ ᠲᠣᠯᠤᠭ᠎ᠠ ᠳᠤ᠂ ᠱᠠᠩᠳᠣ ᠪᠠᠯᠭᠠᠰᠣᠨ ᠤ ᠪᠣᠬᠢᠷ ᠣᠰᠣ ᠭᠠᠳᠠᠭᠰᠢᠯᠠᠭᠤᠯᠬᠤ ᠰᠣᠪᠠᠭ ᠲᠠᠯᠪᠢᠭᠳᠠᠭᠰᠠᠨ ᠬᠡᠮᠵᠢᠶ᠎ᠡ ᠶᠢ ᠦᠷᠭᠡᠳᠭᠡᠬᠦ ᠪᠠ ᠰᠠᠩ ᠤᠨ ᠳᠠᠯᠠᠢ ᠪᠠᠯᠭᠠᠰᠣᠨ ᠤ ᠪᠣᠬᠢᠷ ᠣᠰᠣᠨ ᠤ ᠦᠢᠯᠡᠳᠪᠦᠷᠢ ᠶᠢᠨ ᠪᠠᠷᠢᠯᠭ᠎ᠠ ᠶᠢ ᠡᠬᠢᠯᠡᠬᠦᠯᠦᠨ᠎ᠡ᠃ ᠨᠠᠢᠮᠠ ᠳᠤ᠂ ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶᠎ ᠤ ᠠᠯᠪᠠᠨ ᠤ ᠶᠠᠪᠣᠳᠠᠯ ᠤᠨ ᠵᠠᠷᠣᠳᠠᠯ ᠪᠣᠯᠣᠨ ᠺᠠᠳ᠋ᠷᠴᠣᠳ ᠲᠤ ᠣᠯᠭᠤᠬᠤ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ᠎ᠡ᠃ ᠶᠢᠰᠦ ᠳᠤ᠂ 376 ᠮᠠᠯᠵᠢᠬᠤ ᠲᠠᠷᠢᠶᠠᠯᠠᠬᠤ ᠡᠷᠦᠬᠡ ᠳᠤ ᠴᠠᠬᠢᠯᠭᠠᠨ ᠨᠡᠪᠳᠡᠷᠡᠬᠦᠯᠬᠦ ᠎ ᠶᠢᠨ ᠬᠠᠮᠳᠣ 2029 ᠮᠠᠯᠴᠢᠨ ᠲᠠᠷᠢᠶᠠᠴᠢᠨ ᠡᠷᠦᠬᠡ ᠳᠤ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠲᠦᠭᠦᠭᠡᠷᠦᠮᠵᠢ ᠣᠭᠰᠠᠷᠠᠵᠣ ᠦᠭᠬᠦᠨ᠎ᠡ᠃ ᠠᠷᠪᠠ ᠳᠤ᠂ ᠨᠡᠶᠢᠳᠡ 2794 ᠬᠦᠮᠦᠨ ᠠᠮᠨ ᠶᠢᠨ ᠢᠳᠡᠭᠡᠨ ᠣᠮᠳᠠᠭᠠᠨ ᠤ ᠴᠡᠪᠡᠷ ᠣᠰᠣ ᠪᠣᠯᠣᠨ 1.9 ᠲᠦᠮᠡᠨ ᠲᠣᠯᠣᠭᠠᠢ ᠮᠠᠯ ᠤᠨ ᠣᠰᠣ ᠣᠮᠳᠠᠨ ᠤ ᠠᠰᠠᠭᠤᠳᠠᠯ ᠢ ᠰᠢᠢᠳᠪᠦᠷᠢᠯᠡᠨ᠎ᠡ᠃        — — ᠨᠡᠶᠢᠬᠡᠮ ᠤᠨ ᠠᠵᠢᠯ ᠦᠢᠯᠡᠰ ᠤᠨ ᠲᠠᠯ᠎ᠠ ᠪᠠᠷ᠄ ︽ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠶᠠᠰᠣ ᠴᠢᠨᠠᠷ ᠢ ᠳᠡᠭᠡᠭᠰᠢᠯᠡᠬᠦᠯᠬᠦ︾ ᠠᠵᠢᠯᠯᠠᠭᠠᠨ ᠤ ᠲᠣᠭᠤᠷᠢᠨ ᠳᠤ ᠪᠠᠭᠰᠢ ᠨᠠᠷ ᠤᠨ ᠵᠢᠭᠠᠨ ᠰᠣᠷᠭᠠᠯᠳᠠ ᠶᠢᠨ ᠴᠢᠳᠠᠪᠤᠷᠢ ᠪᠠ ᠭᠡᠪ ᠰᠣᠷᠳᠠᠯ ᠤᠨ ᠪᠠᠶᠢᠭᠤᠯᠣᠯᠳᠠ ᠶᠢ ᠳᠠᠰᠣᠷᠠᠯᠳᠠ ᠦᠬᠡᠢ ᠴᠢᠩᠭᠠᠳᠬᠠᠵᠣ᠂ ᠰᠣᠷᠭᠠᠭᠤᠯᠢ ᠶᠢᠨ ᠬᠠᠮᠢᠶᠠᠷᠣᠯᠳᠠ ᠶᠢᠨ ᠲᠦᠪᠰᠢᠨ ᠎ ᠢ ᠳᠡᠭᠡᠭᠰᠢᠯᠡᠬᠦᠯᠦᠨ᠎ᠡ᠃ ᠬᠤᠰᠢᠭᠤᠨ ᠠᠴᠠ ᠰᠣᠷᠭᠠᠨ ᠬᠦᠮᠦᠵᠢᠯ ᠳᠠᠬᠢ ᠬᠦᠷᠦᠩᠬᠡ ᠣᠷᠣᠭᠤᠯᠣᠯᠳᠠ ᠪᠠᠨ ᠨᠡᠮᠡᠭᠳᠡᠬᠦᠯᠵᠦ᠂ ᠰᠣᠷᠭᠠᠭᠤᠯᠢ ᠡᠷᠬᠢᠯᠡᠬᠦ ᠨᠦᠬᠦᠴᠡᠯ ᠢ ᠣᠯᠠᠮ ᠨᠢᠬᠡ ᠠᠯᠬᠤᠮ ᠰᠠᠶᠢᠵᠢᠷᠠᠭᠤᠯᠣᠨ᠎ᠠ᠃ ᠡᠨᠡ ᠵᠢᠯ ᠦᠨᠳᠦᠰᠦᠳᠡᠨ ᠤ ᠴᠡᠴᠡᠷᠯᠢᠭ ᠎ ᠤᠨ ᠪᠠᠷᠢᠯᠭ᠎ᠠ ᠪᠠᠶᠢᠭᠤᠯᠤᠯᠳᠠ ᠶᠢ ᠳᠠᠭᠤᠰᠬᠠᠨ ᠠᠰᠢᠭᠯᠠᠯᠳᠠ ᠳᠤ ᠣᠷᠣᠭᠤᠯᠬᠤ ᠪᠠᠷ ᠴᠢᠷᠮᠠᠶᠢᠬᠤ ᠶᠢᠨ ᠬᠠᠮᠳᠣ ᠮᠣᠩᠭᠤᠯ ᠳᠣᠮᠳᠠᠳᠣ ᠰᠣᠷᠭᠠᠭᠤᠯᠢ᠂ ᠬᠤᠶᠠᠳᠣᠭᠠᠷ ᠲᠣᠮᠳᠠᠳᠣ ᠰᠣᠷᠭᠠᠭᠤᠯᠢ ᠶᠢᠨ ᠪᠠᠷᠢᠮᠵᠢᠶᠠᠳᠣ ᠲᠠᠮᠢᠷ ᠤᠨ ᠲᠠᠯᠠᠪᠣᠷ ᠪᠠ ᠪᠣᠷᠣᠬᠤᠳᠠ ᠵᠢᠱᠢᠶ᠎ᠡ ᠦᠵᠡᠬᠦᠯᠬᠦ ᠲᠣᠭᠤᠷᠢᠭ ᠤᠨ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠣᠷᠭᠠᠯᠳᠠ ᠶᠢᠨ ᠠᠰᠠᠷ ᠢ ᠰᠢᠨ᠎ᠡ ᠎ ᠪᠠᠷ ᠪᠠᠶᠢᠭᠤᠯᠣᠨ᠎ᠠ᠃ ᠦᠢᠯᠡᠰ ᠪᠣᠰᠬᠠᠯᠳᠠ ᠪᠠᠷ ᠠᠵᠢᠯ ᠣᠯᠭᠤᠯᠳᠠ ᠶᠢ ᠠᠬᠢᠭᠤᠯᠬᠤ ᠡᠯ᠎ᠡ ᠲᠦᠷᠦᠯ ᠤᠨ ᠠᠷᠭ᠎ᠠ ᠬᠡᠮᠵᠢᠶ᠎ᠡ ᠎ ᠶᠢ ᠬᠢᠨᠠᠮᠠᠭᠠᠢ ᠨᠠᠶᠢᠳᠠᠪᠣᠷᠢᠵᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦ ᠬᠢᠬᠡᠳ ᠬᠤᠳᠠ ᠪᠠᠯᠭᠠᠰᠣᠨ ᠎ ᠤ ᠠᠵᠢᠯ ᠠᠯᠳᠠᠭᠰᠠᠳ ᠲᠤ ᠦᠷᠭᠡᠨ ᠴᠢᠯᠦᠬᠡᠳᠡᠢ ᠠᠵᠢᠯ ᠣᠯᠬᠤ ᠣᠷᠴᠢᠨ ᠬᠠᠩᠭᠠᠬᠤ ᠶᠢᠨ ᠣᠯᠠᠮ ᠠᠴᠠ ᠡᠨᠡ ᠵᠢᠯ ᠨᠡᠶᠢᠳᠡ 7500 ᠠᠵᠢᠯ ᠤᠨ ᠪᠠᠶᠢᠷᠢ ᠴᠣᠭᠯᠠᠭᠤᠯᠣᠨ᠂ ᠬᠤᠳᠠ ᠪᠠᠯᠭᠠᠰᠣᠨ ᠤ ᠳᠠᠩᠰᠠᠯᠠᠭᠳᠠᠭᠰᠠᠨ ᠠᠵᠢᠯ ᠠᠯᠳᠠᠭᠰᠠᠳ ᠤᠨ ᠨᠣᠷᠮ᠎ᠠ ᠶᠢ 3.9%᠎ ᠶᠢᠨ ᠲᠣᠳᠣᠷ᠎ᠠ ᠬᠢᠵᠠᠭᠠᠷᠯᠠᠬᠤ ᠪᠠᠷ ᠲᠦᠯᠦᠪᠯᠡᠵᠣ ᠪᠣᠢ᠃ ᠬᠤᠳᠠ ᠪᠠᠯᠭᠠᠰᠣᠨ ᠤ ᠠᠵᠢᠯᠳᠠᠳ ᠤᠨ ᠣᠨᠴᠠᠭᠠᠢ ᠠᠷᠬᠠᠭ ᠡᠪᠡᠳᠴᠢᠨ ᠤ ᠡᠮᠴᠢᠯᠡᠬᠡᠨ ᠤ ᠳᠠᠭᠠᠳᠬᠠᠯ ᠤᠨ ᠠᠵᠢᠯ ᠢ ᠦᠷᠨᠢᠬᠦᠯᠵᠦ᠂ ᠡᠮᠴᠢᠯᠡᠬᠡᠨ ᠤ ᠰᠦᠢᠳᠬᠡᠯ ᠬᠡᠳᠦ ᠦᠨᠳᠦᠷ ᠪᠠᠶᠢᠭ᠎ᠠ ᠪᠣᠳᠠᠳᠠᠢ ᠬᠦᠴᠢᠷᠳᠡᠯ ᠢ ᠬᠦᠩᠬᠡᠷᠡᠬᠦᠯᠦᠨ᠎ᠡ᠃ ᠮᠠᠯᠴᠢᠨ ᠲᠠᠷᠢᠶᠠᠴᠢᠨ ᠳᠤ ᠬᠡᠷᠡᠭᠯᠡᠭᠡᠨ ᠤ ᠮᠡᠷᠭᠡᠵᠢᠯ ᠎ ᠤᠨ ᠪᠣᠯᠪᠠᠰᠣᠷᠠᠯ ᠬᠢᠬᠦ ᠬᠦᠴᠤᠯᠡᠴᠨ ᠪᠠᠨ ᠨᠠᠮᠡᠭᠳᠡᠬᠦᠯᠬᠦ ᠶᠢᠨ ᠲᠠᠭᠠᠤ ᠲᠣᠮᠳᠠ ᠵᠢᠵᠢᠭ ᠠᠵᠣ ᠠᠬᠤᠶᠢᠯᠠᠯ ᠢ ᠵᠢᠯᠣᠭᠤᠳᠣᠨ ᠳᠡᠳᠡᠨ ᠤ ᠮᠡᠷᠭᠡᠵᠢᠯ ᠤᠨ ᠰᠢᠨᠡᠴᠢᠯᠡᠯᠳᠡ ᠬᠢᠬᠦ ᠶᠢ ᠲᠡᠮᠵᠢᠵᠣ᠂ ᠰᠢᠨᠵᠢᠯᠡᠭᠡ ᠮᠡᠷᠬᠡᠵᠢᠯ ᠤᠨ ᠬᠡᠷᠡᠭᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠰᠣᠶᠣᠯ ᠤᠨ ᠦᠢᠯᠡᠰ ᠢ ᠲᠦᠷᠭᠡᠨ ᠬᠦᠭᠵᠢᠬᠦᠯᠵᠦ᠂ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ ᠶᠢᠨ ᠲᠤᠬᠢᠵᠢᠭᠤᠯᠤᠨ ᠴᠢᠮᠡᠬᠦ ᠠᠵᠢᠯ ᠢ ᠡᠨᠡ ᠵᠢᠯ ᠳᠠᠭᠤᠰᠬᠠᠨ᠂ ᠶᠣᠸᠠᠨ ᠤ ᠳᠡᠭᠡᠳᠦ ᠨᠡᠶᠢᠰᠯᠡᠯ — ᠣᠯᠣᠰ ᠤᠨ ᠳᠡᠰ ᠤᠨ ᠰᠣᠶᠣᠯ ᠵᠢᠭᠤᠯᠴᠢᠯᠠᠯ ᠤᠨ ᠠᠵᠣ ᠦᠢᠯᠡᠰ ᠤᠨ ᠲᠣᠭᠤᠷᠢᠭ ᠪᠠᠶᠢᠭᠤᠯᠬᠤ ᠲᠦᠰᠦᠯ ᠤᠨ ᠲᠠᠯ᠎ᠠ ᠪᠠᠷ ᠪᠣᠳᠠᠳᠣ ᠪᠦᠳᠤᠮᠵᠢ ᠣᠯᠬᠤ ᠪᠠᠷ ᠴᠢᠷᠮᠠᠶᠢᠨ᠎ᠠ᠃ ᠰᠣᠮᠣ ᠪᠠᠯᠭᠠᠰᠣ᠂ ᠭᠠᠴᠠᠭ᠎ᠠ ᠲᠣᠰᠬᠤᠨ ᠤ ᠰᠣᠶᠣᠯ ᠲᠦᠬᠡᠮᠡᠯᠵᠢᠬᠦᠯᠬᠦ ᠴᠡᠭ ᠢ ᠳᠡᠬᠦᠯᠳᠡᠷᠵᠢᠬᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠬᠦ ᠪᠠ ᠨᠡᠶᠢᠭᠡᠮ ᠲᠣᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠪᠠ ᠰᠣᠮᠣ ᠪᠠᠯᠭᠠᠰᠣᠨ ᠤ ᠡᠮᠨᠡᠯᠬᠡ ᠶᠢᠨ ᠬᠤᠷᠢᠶ᠎ᠠ ᠶᠢᠨ ᠰᠠᠭᠤᠷᠢ ᠲᠦᠭᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠣᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠣᠨ ᠳᠡᠭᠦᠯᠳᠡᠷᠵᠢᠬᠦᠯᠬᠦ ᠶᠢᠨ ᠤᠯᠠᠮ ᠠᠴᠠ ᠮᠠᠯᠴᠢᠨ ᠲᠠᠷᠢᠶᠠᠴᠢᠳ ᠤᠨ ᠦᠢᠷ᠎ᠠ ᠲᠦᠰᠦᠷ ᠲᠤ ᠪᠠᠨ ᠡᠪᠡᠳᠴᠢᠨ ᠢᠶᠠᠨ ᠦᠵᠡᠬᠦᠯᠬᠦ ᠪᠤᠯᠤᠮᠵᠢ ᠪᠠᠭ᠎ᠠ ᠪᠠᠶᠢᠳᠠᠭ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠎ᠡ ᠃ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠭᠠᠵᠠᠷ᠂ ᠬᠢᠵᠢᠭ ᠢ ᠰᠡᠷᠬᠡᠶᠢᠯᠡᠬᠦ ᠲᠥᠪ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠯᠪᠦᠷᠢ ᠵᠡᠷᠭᠡ ᠪᠠᠷᠢᠯᠭ᠎ᠠ ᠶᠢᠨ ᠲᠦᠰᠦᠯ ᠢ ᠲᠦᠷᠭᠡᠳᠬᠡᠨ ᠠᠬᠢᠭᠤᠯᠣᠨ᠎ᠠ᠃ ᠣᠯᠣᠰ ᠤᠨ ᠡᠵᠡᠩᠨᠡᠯᠳᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠣᠯᠠᠮ ᠨᠢᠬᠡ ᠠᠯᠬᠤᠮ ᠬᠦᠨᠵᠡᠭᠡᠶᠢᠷᠡᠬᠦᠯᠵᠦ᠂ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠡᠶᠢᠬᠡᠮ ᠤᠨ ᠡᠭᠦᠷᠭᠡ ᠴᠢᠳᠠᠮᠵᠢ ᠶᠢ ᠲᠤᠰ ᠲᠤᠨᠢ ᠰᠠᠯᠭᠠᠨ ᠰᠢᠯᠵᠢᠬᠦᠯᠬᠦ ᠠᠵᠢᠯ ᠢ ᠲᠦᠷᠭᠡᠳᠬᠡᠨ᠎ᠡ᠃ ᠬᠠᠪᠢᠷᠭ᠎ᠠ ᠪᠠᠯᠭᠠᠰᠣ᠂ ᠪᠣᠱᠣᠣᠳᠠᠢ ᠰᠣᠮᠣ᠂ ᠵᠢᠭᠠᠰᠣᠳᠠᠢ ᠰᠣᠮᠣᠨ ᠤ ᠺᠠᠳ᠋ᠷ ᠠᠵᠢᠯᠳᠠᠨ ᠤ ᠪᠠᠶᠢᠷᠢ ᠪᠠ ᠬᠤᠭᠤᠯᠠᠨ ᠲᠠᠩᠬᠢᠮ ᠢ ᠪᠠᠶᠢᠭᠤᠯᠣᠨ᠎ᠠ᠃ ᠣᠶᠣᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ ᠨᠡᠶᠢᠬᠡᠮ ᠵᠢᠷᠣᠮ ᠤᠨ ᠢᠷᠠᠭᠤ ᠠᠯᠳᠠᠷ ᠢᠴᠢᠬᠦᠷᠢ ᠭᠤᠳᠣᠮᠰᠢᠭ ᠤᠨ ᠦᠵᠡᠯᠳᠡ ᠶᠢ ᠪᠣᠢ ᠪᠣᠯᠭᠠᠨ᠂ ᠣᠯᠠᠨ ᠲᠦᠮᠡᠨᠴᠢ ᠴᠢᠨᠠᠷᠳᠠᠢ ᠣᠶᠣᠨ ᠤ ᠪᠣᠯᠪᠠᠰᠣᠨ ᠢ ᠡᠭᠦᠳᠬᠦ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠦ᠂ ᠡᠷᠡᠬᠦᠯ ᠪᠤᠯᠪᠠᠰᠤᠨ᠂ ᠦᠭᠡᠳᠡᠷᠡᠭ ᠲᠠᠪᠰᠢᠯᠳᠠ ᠲᠠᠢ ᠨᠡᠶᠢᠬᠡᠮ ᠤᠨ ᠠᠭᠤᠷ ᠠᠮᠢᠰᠬᠤᠯ ᠢ ᠪᠣᠢ ᠪᠣᠯᠭᠠᠨ᠎ᠠ᠃ ᠤᠯᠤᠰ ᠠᠴᠠ ᠲᠦᠯᠦᠪᠤᠷᠢ ᠦᠭᠡᠢ ᠶᠠᠪᠤᠭᠤᠯᠵᠥ ᠪᠠᠶᠢᠭ᠎ᠠ ᠵᠢᠷᠮᠦᠰᠦᠯᠡᠬᠦ ᠠᠴᠠ ᠡᠮᠦᠨᠡᠬᠢ ᠰᠢᠯᠢᠳᠡᠭ ᠲᠦᠷᠦᠯᠳᠠ ᠶᠢᠨ ᠪᠠᠶᠢᠴᠠᠭᠠᠯᠳᠠ ᠪᠠ ︽ᠨᠢᠬᠡ ᠴᠣᠮᠣ ᠰᠦ︾ ᠬᠠᠩᠭᠠᠬᠤ ᠲᠦᠰᠦᠯ ᠢ ᠢᠳᠡᠪᠬᠢᠳᠠᠢ ᠶᠠᠪᠤᠭᠳᠠᠭᠤᠯᠤᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠯ᠎ᠠ ᠪᠠᠷ ᠬᠢ ᠣᠬᠠᠭᠠᠣᠯᠭ᠎ᠠ ᠬᠦᠮᠦᠵᠢᠯ ᠢ ᠴᠢᠩᠭᠠᠳᠬᠠᠨ ᠂ ︽ᠬᠤᠶᠠᠷ ᠢ ᠬᠦᠷᠢᠶᠡᠯᠡᠬᠦ︾ ᠠᠵᠢᠯ ᠢ ᠰᠠᠶᠢᠳᠣᠷ ᠪᠡᠶᠡᠯᠡᠬᠦᠯᠬᠦ ᠶᠢᠨ ᠬᠠᠮᠳᠣ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ ᠤᠨ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠱᠠᠰᠢᠨ ᠰᠣᠷᠳᠠᠬᠤᠨ ᠤ ᠠᠵᠢᠯᠯᠠᠭᠠᠨ ᠤ ᠳᠠᠯᠠᠪᠣᠷ ᠤᠨ ᠬᠠᠮᠢᠶᠠᠷᠣᠯᠳᠠ ᠶᠢ ᠴᠢᠩᠭᠠᠳᠬᠠᠨ᠎ᠠ᠃ ᠲᠤᠭ᠎ᠠ ᠪᠦᠷᠢᠳᠭᠡᠯ᠂ ᠣᠷᠣᠨ ᠲᠤᠭ᠎ᠠ᠂ ᠵᠡᠮᠳᠡᠭᠴᠣᠣᠯ ᠤᠨ ᠬᠤᠯᠪᠣᠭ᠎ᠠ᠂ ᠭᠠᠯ ᠰᠡᠷᠬᠡᠶᠢᠯᠡᠯᠳᠡ᠂ ᠳᠠᠩᠰᠠ ᠡᠪᠬᠢᠮᠠᠯ ᠵᠡᠷᠭᠡ ᠠᠵᠢᠯ ᠢ ᠦᠷᠬᠦᠯᠵᠢᠯᠡᠨ ᠰᠠᠶᠢᠳᠣᠷ ᠬᠢᠵᠣ᠂ ᠡᠯ᠎ᠡ ᠲᠦᠷᠦᠯ ᠤᠨ ᠠᠵᠢᠯ ᠦᠢᠯᠡᠰ ᠎ ᠤᠨ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠣᠨ᠎ᠠ᠃        — — ᠳᠡᠯᠡᠬᠡᠢ ᠶᠢᠨ ᠰᠣᠶᠣᠯ ᠤᠨ ᠦᠪ ᠢ ᠬᠠᠮᠢᠶᠠᠷᠴᠤ ᠬᠠᠮᠠᠭᠠᠯᠠᠨ ᠠᠰᠢᠭᠯᠠᠬᠤ ᠲᠠᠯ᠎ᠠ ᠪᠠᠷ᠄ ᠬᠠᠮᠠᠭᠠᠯᠠᠯᠳᠠ ᠪᠤᠯᠤᠨ ᠠᠰᠢᠭᠯᠠᠯᠳᠠ ᠶᠢᠨ ᠬᠠᠷᠢᠴᠠᠭ᠎ᠠ᠂ ᠠᠵᠣ ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ ᠤᠨ ᠬᠠᠷᠢᠴᠠᠭ᠎ᠠ ᠶᠢ ᠵᠦᠪ ᠰᠢᠢᠳᠪᠦᠷᠢᠯᠡᠵᠣ᠂ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠬᠠᠮᠢᠶᠠᠷᠣᠯᠳᠠ ᠎ ᠶᠢᠨ ᠲᠦᠯᠦᠪᠵᠢᠬᠦᠯᠬᠡ ᠶᠢ ᠳᠡᠭᠦᠯᠳᠡᠷᠵᠢᠬᠦᠯᠦᠨ᠂ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠡᠯ᠎ᠡ ᠲᠦᠷᠦᠯ ᠤᠨ ᠬᠠᠮᠢᠶᠠᠷᠣᠯᠳᠠ ᠶᠢᠨ ᠠᠷᠭ᠎ᠠ ᠶᠢ ᠴᠢᠩᠭ᠎ᠠ ᠨᠠᠶᠢᠳᠠᠪᠣᠷᠢᠵᠢᠭᠤᠯᠣᠨ ᠳᠡᠯᠡᠬᠡᠢ ᠶᠢᠨ ᠦᠪ ᠢ ᠬᠠᠮᠠᠭᠠᠯᠠᠬᠤ ᠪᠠ ᠤᠷᠳᠤ ᠤᠳᠠᠭᠠᠨ ᠠᠰᠢᠭᠯᠠᠬᠤ ᠵᠤᠬᠢᠴᠠᠩᠭᠤᠢ ᠬᠦᠭᠵᠢᠯᠳᠡ ᠶᠢ ᠪᠠᠶᠡᠯᠡᠬᠦᠯᠦᠨ᠎ᠡ᠃ ᠪᠠᠶᠢᠭᠤᠯᠣᠮᠵᠢ ᠪᠠᠨ ᠦᠷᠭᠡᠳᠭᠡᠨ᠂ ᠡᠯ᠎ᠡ ᠲᠦᠷᠦᠯ ᠤᠨ ᠲᠦᠷᠢᠮ ᠲᠣᠭᠳᠠᠭᠠᠯ ᠢ ᠳᠡᠭᠦᠯᠳᠡᠷᠵᠢᠬᠦᠯᠵᠦ᠂ ᠬᠠᠮᠠᠭᠠᠯᠠᠯᠳᠠ ᠶᠢᠨ ᠪᠡᠯᠨ ᠮᠦᠩᠬᠦ ᠶᠢ ᠣᠯᠠᠨ ᠠᠷᠭ᠎ᠠ ᠵᠠᠮ ᠢᠶᠠᠷ ᠲᠡᠮᠡᠴᠡᠨ ᠤᠯᠬᠤ ᠶᠢᠨ ᠬᠠᠮᠳᠤ ᠦᠢᠯᠡᠴᠢᠯᠡᠭᠡᠨ ᠤ ᠲᠦᠭᠦᠭᠡᠷᠦᠮᠵᠢ ᠶᠢ ᠰᠢᠯᠢᠳᠡᠭᠵᠢᠬᠦᠯᠦᠨ ᠪᠦᠷᠢᠨᠰᠢᠬᠦᠯᠵᠥ᠂ ᠬᠠᠮᠢᠶᠠᠷᠣᠯᠳᠠ ᠶᠢᠨ ᠲᠦᠪᠰᠢᠨ ᠢ ᠳᠡᠭᠡᠭᠰᠢᠯᠡᠬᠦᠯᠵᠣ᠂ ᠳᠡᠯᠡᠬᠡᠢ ᠶᠢᠨ ᠰᠣᠶᠣᠯ ᠤᠨ ᠦᠪ ᠤᠨ ᠬᠠᠮᠠᠭᠠᠯᠠᠯᠳᠠ ᠬᠠᠮᠢᠶᠠᠷᠣᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠵᠢᠷᠠᠭᠤᠯᠣᠨ᠎ᠠ᠃        — — ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠠᠯ᠎ᠠ ᠪᠠᠷ᠄ ᠬᠢᠮᠠᠭᠠᠳᠠᠵᠣ ᠭᠠᠮᠨᠠᠬᠤ ᠦᠵᠡᠯ ᠰᠠᠨᠠᠭ᠎ᠠ ᠶᠢ ᠪᠣᠢ ᠪᠣᠯᠭᠠᠨ ᠡᠳ᠋ ᠤᠨ ᠵᠠᠰᠠᠭ ᠤᠨ ᠲᠦᠰᠦᠪ ᠤᠨ ᠬᠡᠷᠡᠭᠵᠢᠬᠦᠯᠦᠯᠳᠡ ᠪᠠ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠠᠵᠢᠯᠯᠠᠭ᠎ᠠ ᠶᠢ ᠲᠦᠷᠢᠮᠵᠢᠬᠦᠯᠵᠦ᠂ ᠶᠡᠷᠦᠳᠡ ᠶᠢᠨ ᠴᠢᠨᠠᠷᠳᠠᠢ ᠵᠠᠷᠣᠳᠠᠯ ᠪᠠ ᠵᠠᠰᠠᠭ ᠵᠠᠬᠢᠷᠭᠠᠨ ᠤ ᠴᠢᠨᠠᠷᠳᠠᠢ ᠵᠠᠷᠣᠳᠠᠯ ᠢ ᠴᠢᠩᠭ᠎ᠠ ᠡᠵᠡᠮᠳᠡᠨ᠂ ᠮᠠᠯ ᠲᠠᠷᠢᠶᠠᠯᠠᠩ ᠤᠨ ᠬᠠᠷᠠᠭᠠᠯᠵᠠᠯ ᠤᠨ ᠲᠦᠰᠤᠯ ᠪᠠ ᠠᠷᠠᠳ ᠤᠨ ᠠᠮᠢᠳᠣᠷᠠᠯ ᠤᠨ ᠢᠨᠵᠧᠨᠧᠷᠢᠩ ᠎ ᠳᠠᠬᠢ ᠬᠦᠷᠤᠩᠭᠡ ᠣᠷᠣᠭᠤᠯᠣᠯᠳᠠ ᠶᠢᠨ ᠬᠦᠴᠦᠯᠡᠴᠡ ᠪᠠᠨ ᠨᠡᠮᠡᠭᠳᠡᠬᠦᠯᠵᠣ᠂ ᠡᠳ᠋ ᠤᠨ ᠬᠦᠴᠦᠨ ᠢᠶᠠᠨ ᠲᠦᠪᠯᠡᠷᠡᠬᠦᠯᠦᠨ ᠠᠷᠠᠳ ᠤᠨ ᠲᠦᠯᠦᠬᠡ ᠪᠣᠳᠠᠳᠣ ᠶᠠᠪᠣᠳᠠᠯ ᠬᠢᠨ᠎ᠡ᠃ ᠡᠳ᠋ ᠤᠨ ᠵᠠᠰᠠᠭ ᠤᠨ ᠬᠠᠮᠢᠶᠠᠷᠣᠯᠳᠠ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠰᠠᠯᠠᠭ᠎ᠠ ᠮᠦᠴᠢᠷ ᠤᠨ ᠶᠡᠷᠦᠩᠬᠡᠶᠢᠯᠡᠭᠰᠡᠨ ᠲᠦᠰᠦᠪ ᠪᠠ ᠣᠯᠣᠰ ᠤᠨ ᠬᠦᠮᠦᠷᠭᠡ ᠎ ᠠᠴᠠ ᠲᠦᠪᠯᠡᠷᠡᠭᠦᠯᠦᠨ ᠣᠯᠭᠤᠬᠤ ᠲᠦᠷᠢᠮ ᠢ ᠲᠣᠭᠳᠠᠭᠠᠨ ᠳᠡᠭᠦᠯᠳᠡᠷᠵᠢᠬᠦᠯᠬᠦ ᠶᠢᠨ ᠣᠯᠠᠮ ᠠᠴᠠ ᠲᠣᠰᠬᠠᠢ ᠲᠦᠷᠦᠯ ᠤᠨ ᠪᠡᠯᠨ ᠮᠦᠩᠬᠦᠨ ᠤ ᠬᠠᠮᠢᠶᠠᠷᠣᠯᠳᠠ ᠶᠢ ᠣᠯᠠᠮ ᠨᠢᠬᠡ ᠠᠯᠬᠤᠮ ᠴᠢᠩᠭᠠᠳᠬᠠᠨ᠂ ᠪᠡᠯᠨ ᠮᠦᠩᠬᠦᠨ ᠤ ᠭᠡᠷᠡᠭᠯᠡᠭᠡᠨ ᠤ ᠠᠶᠣᠯᠬᠦᠢ ᠪᠠᠰᠠ ᠲᠦᠷᠢᠮᠵᠢᠯ ᠲᠠᠢ ᠪᠠᠶᠢᠬᠤ ᠶᠢ ᠦᠨᠡᠨᠬᠦ ᠪᠠᠳᠣᠯᠠᠨ᠎ᠠ᠃ ︽ᠣᠶᠣᠳᠣ ᠺᠠᠷᠲ︾᠎ ᠤᠨ ᠬᠠᠮᠢᠶᠠᠷᠣᠯᠳᠠ ᠶᠢ ᠴᠢᠩᠭᠠᠳᠬᠠᠨ᠂ ᠮᠠᠯ ᠲᠠᠷᠢᠶᠠᠯᠠᠩ ᠤᠨ ᠡᠯ᠎ᠡ ᠲᠦᠷᠦᠯ ᠤᠨ ᠬᠠᠷᠠᠭᠠᠯᠵᠠᠯ ᠤᠨ ᠪᠡᠯᠨ ᠮᠦᠩᠬᠦ ᠶᠢ ᠴᠠᠭ ᠲᠣᠬᠠᠢ ᠳᠤᠨᠢ ᠲᠤᠭ᠎ᠠ ᠶᠣᠰᠣᠭᠠᠷ ᠬᠤᠪᠢᠶᠠᠷᠢᠯᠠᠬᠤ ᠶᠢ ᠦᠨᠡᠨᠬᠦ ᠪᠠᠳᠣᠯᠠᠨ᠎ᠠ᠃ ᠮᠦᠩᠬᠦᠨ ᠬᠦᠢᠯᠬᠡᠬᠡᠨ ᠤ ᠦᠢᠯᠡᠴᠢᠯᠡᠭᠡ ᠶᠢ ᠰᠢᠨᠡᠳᠬᠡᠨ᠂ ︽ᠭᠠᠴᠠᠭ᠎ᠠ ᠪᠠᠯᠭᠠᠰᠣᠨ ᠤ ᠪᠠᠩᠬᠢ︾ ᠵᠡᠷᠭᠡ ᠰᠢᠨ᠎ᠡ ᠪᠠᠷ ᠪᠠᠶᠢᠭᠤᠯᠣᠭᠰᠠᠨ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢ ᠲᠡᠮᠵᠢᠵᠣ᠂ ᠨᠡᠩ ᠣᠯᠠᠨ ᠪᠡᠯᠨ ᠮᠦᠩᠬᠦ ᠶᠢ ᠳᠠᠳᠠᠨ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠡ ᠳᠤ ᠣᠷᠣᠯᠴᠠᠭᠤᠯᠣᠨ᠎ᠠ᠃        — — ᠨᠡᠶᠢᠭᠡᠮ ᠤᠨ ᠬᠠᠮᠢᠶᠠᠷᠣᠯᠲᠠ ᠶᠢ ᠰᠢᠨᠡᠴᠢᠯᠡᠬᠦ ᠲᠠᠯ᠎ᠠ ᠪᠠᠷ᠄ ᠨᠡᠶᠢᠬᠡᠮ ᠤᠨ ᠲᠣᠭᠳᠠᠭᠤᠨ ᠤ ᠠᠶᠣᠯ ᠲᠦᠭᠰᠢᠬᠦᠷᠢ ᠶᠢ ᠦᠨᠡᠯᠡᠨ ᠲᠣᠭᠳᠠᠭᠠᠬᠤ ᠲᠦᠷᠢᠮ ᠢ ᠣᠯᠠᠮ ᠨᠢᠬᠡ ᠠᠯᠬᠤᠮ ᠳᠡᠭᠦᠯᠳᠡᠷᠵᠢᠬᠦᠯᠵᠦ᠂ ᠨᠡᠶᠢᠬᠡᠮ ᠤᠨ ᠵᠦᠷᠢᠴᠡᠯ ᠎ ᠢ ᠣᠭ ᠦᠨᠳᠦᠰᠦᠨ ᠠᠴᠠ ᠨᠢ ᠰᠡᠷᠡᠮᠵᠢᠯᠡᠨ ᠪᠠᠭᠠᠰᠬᠠᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠪᠠ ᠲᠣᠭᠳᠠᠭᠤᠨ ᠢ ᠬᠠᠮᠠᠭᠠᠯᠠᠬᠤ ᠠᠵᠢᠯ ᠢ ᠦᠨᠡᠨᠬᠦ ᠰᠠᠶᠢᠳᠣᠷ ᠠᠳᠬᠤᠨ ᠠᠷᠠᠳ ᠣᠯᠠᠨ ᠤ ᠰᠠᠨᠠᠯ ᠪᠤᠳᠤᠯ ᠢᠶᠠᠨ ᠢᠯᠡᠳᠬᠡᠬᠦ ᠠᠷᠭ᠎ᠠ ᠵᠠᠮ ᠢ ᠣᠯᠠᠮ ᠰᠢᠯᠣᠭᠤᠳᠬᠠᠵᠣ᠂ ᠣᠳᠣᠷᠢᠳᠬᠤ ᠺᠠᠳ᠋ᠷ ᠠᠴᠠ ᠬᠡᠷᠡᠭ ᠲᠠᠭᠠᠭᠠᠴᠢᠯᠠᠬᠤ ᠪᠠ ᠵᠠᠬᠢᠳᠠᠯ ᠰᠣᠷᠪᠣᠯᠵᠢᠯᠠᠭ᠎ᠠ ᠬᠦᠯᠢᠶᠡᠨ ᠠᠪᠬᠤ ᠠᠵᠢᠯ ᠤᠨ ᠲᠦᠷᠢᠮ ᠢ ᠬᠢᠨᠠᠮᠠᠭᠠᠢ ᠨᠠᠶᠢᠳᠠᠪᠣᠷᠢᠵᠢᠭᠤᠯᠣᠨ᠎ᠠ᠃ ᠭᠡᠨᠡᠳᠳᠡ ᠶᠢᠨ ᠬᠡᠷᠡᠭ ᠣᠴᠢᠷ ᠢ ᠠᠷᠭᠠᠴᠠᠭᠠᠬᠤ ᠲᠦᠷᠢᠮ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠬᠡᠷᠡᠭ ᠶᠠᠪᠣᠳᠠᠯ ᠰᠢᠢᠳᠪᠦᠷᠢᠯᠡᠬᠦ ᠦᠢᠯᠨ ᠠᠵᠢᠯᠯᠠᠭ᠎ᠠ ᠪᠠᠨ ᠲᠦᠷᠢᠮᠵᠢᠬᠦᠯᠦᠨ᠂ ᠭᠡᠨᠡᠳᠳᠡ ᠶᠢᠨ ᠬᠡᠷᠡᠭ ᠢ ᠣᠷᠢᠳᠴᠢᠯᠠᠨ ᠰᠡᠷᠭᠡᠶᠢᠯᠡᠬᠦ ᠪᠠ ᠠᠰᠠᠭᠤᠳᠠᠯ ᠰᠢᠢᠳᠪᠦᠷᠢᠯᠡᠬᠦ ᠴᠢᠳᠠᠪᠣᠷᠢ ᠪᠠᠨ ᠳᠡᠭᠡᠭᠰᠢᠯᠡᠬᠦᠯᠦᠨ᠎ᠡ᠃ ᠭᠠᠢ ᠭᠠᠮᠰᠢᠭ ᠢ ᠤᠷᠢᠳᠴᠢᠯᠡᠨ ᠮᠡᠳᠡᠭᠡᠯᠡᠬᠦ ᠠᠵᠢᠯ ᠢ ᠦᠨᠡᠨᠬᠦ ᠰᠠᠶᠢᠳᠣᠷ ᠬᠢᠵᠣ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠬᠦ ᠪᠠ ᠭᠠᠮᠰᠢᠭᠳᠠᠯ ᠠᠴᠠ ᠵᠠᠶᠢᠯᠠᠬᠤ ᠴᠢᠳᠠᠪᠤᠷᠢ ᠪᠠᠨ ᠳᠡᠭᠡᠭᠰᠢᠯᠡᠬᠦᠯᠦᠨ᠎ᠡ᠃ ᠨᠡᠶᠢᠬᠡᠮ ᠤᠨ ᠠᠮᠣᠷ ᠎ ᠢ ᠬᠠᠮᠠᠭᠠᠯᠠᠬᠤ ᠰᠡᠷᠭᠡᠶᠢᠯᠡᠨ ᠡᠵᠡᠮᠰᠢᠯᠳᠡ ᠶᠢᠨ ᠰᠢᠰᠲ᠋ᠧᠮ ᠤᠨ ᠪᠦᠳᠦᠭᠡᠨ ᠪᠠᠶᠢᠭᠤᠯᠣᠯᠳᠠ ᠶᠢ ᠨᠡᠮᠡᠭᠳᠡᠬᠦᠯᠦᠨ᠂ ︽ᠵᠠᠪᠬᠠᠢ ᠠᠵᠢᠯᠯᠠᠭ᠎ᠠ᠂ ᠮᠦᠷᠦᠢ ᠴᠡᠩᠭᠡᠬᠦᠨ᠂ ᠬᠤᠣᠷ ᠰᠠᠷᠢᠭᠠᠯᠠᠬᠤ︾ ᠵᠡᠷᠭᠡ ᠬᠠᠣᠯᠢ ᠪᠣᠰᠣ ᠠᠵᠢᠯᠯᠠᠭ᠎ᠠ ᠳᠤ ᠡᠷᠡᠰ ᠲᠠᠰᠤᠷᠬᠠᠢ ᠠᠷᠭ᠎ᠠ ᠭᠡᠮᠵᠢᠶ᠎ᠡ ᠠᠪᠤᠨ᠎ᠠ᠃ ᠠᠶᠣᠯᠬᠦᠢ ᠦᠢᠯᠡᠳᠪᠦᠷᠢᠯᠡᠯ ᠢ ᠪᠠᠳᠤᠯᠠᠬᠤ ᠬᠠᠷᠢᠭᠤᠴᠠᠯᠭ᠎ᠠ ᠶᠢᠨ ᠲᠦᠷᠢᠮ ᠢ ᠣᠯᠠᠮ ᠨᠢᠬᠡ ᠠᠯᠬᠤᠮ ᠨᠠᠶᠢᠳᠠᠪᠣᠷᠢᠵᠢᠭᠤᠯᠣᠨ᠂ ᠢᠳᠡᠭᠡᠨ ᠤ ᠪᠠ ᠡᠮ ᠤᠨ ᠵᠦᠢᠯ ᠤᠨ ᠶᠠᠰᠣ ᠴᠢᠨᠠᠷ ᠤᠨ ᠬᠢᠨᠠᠨ ᠬᠠᠮᠢᠶᠠᠷᠣᠯᠲᠠ ᠶᠢ ᠴᠢᠩᠭᠠᠳᠬᠠᠵᠦ᠂ ᠠᠮᠣᠷ ᠲᠦᠪᠰᠢᠨ ᠤ ᠲᠠᠯ᠎ᠠ ᠪᠠᠷ ᠬᠦᠨᠳᠤ ᠭᠡᠴᠡᠬᠦᠤ ᠣᠰᠣᠯ ᠠᠳᠡᠯ ᠡᠬᠦᠰᠬᠦ ᠦᠬᠡᠢ ᠪᠠᠶᠢᠬᠤ ᠶᠢ ᠦᠨᠡᠨᠬᠦ ᠪᠠᠲᠣᠯᠠᠨ᠎ᠠ᠃        — — ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠲᠦᠭᠡᠨ ᠪᠠᠶᠢᠭᠤᠯᠣᠯᠲᠠ ᠶᠢᠨ ᠲᠠᠯ᠎ᠠ ᠪᠠᠷ᠄ ᠨᠢᠭᠡ ᠳᠤ᠂ ᠠᠷᠠᠳᠴᠢᠯᠠᠯᠲᠦ ᠬᠠᠣᠯᠢ ᠶᠤᠰᠤᠳᠤ ᠵᠠᠰᠠᠭ ᠤᠨ ᠣᠷᠳᠣᠨ ᠢ ᠪᠠᠶᠢᠭᠤᠯᠬᠤ ᠠᠵᠢᠯ ᠢ ᠦᠨᠡᠨᠬᠦ ᠴᠢᠩᠭᠠᠳᠬᠠᠨ᠂ ᠴᠢᠬᠤᠯᠨ ᠶᠡᠭᠡ ᠬᠡᠷᠡᠭ ᠣᠴᠢᠷ ᠢ ᠬᠠᠮᠳᠣ ᠪᠠᠷ ᠵᠦᠪᠯᠡᠨ ᠲᠣᠭᠳᠠᠭᠠᠬᠤ ᠶᠢ ᠪᠠᠷᠢᠮᠳᠠᠯᠠᠨ᠂ ᠣᠯᠠᠨ ᠲᠦᠮᠡᠨ ᠣᠷᠣᠯᠴᠠᠬᠤ᠂ ᠨᠡᠶᠢᠬᠡᠮ ᠳᠤ ᠨᠡᠶᠢᠳᠡᠯᠡᠬᠦ ᠪᠠ ᠬᠡᠷᠡᠴᠢᠯᠡᠯᠳᠡ ᠰᠣᠨᠣᠰᠬᠤ ᠵᠡᠷᠭᠡ ᠲᠦᠷᠢᠮ ᠢ ᠳᠡᠭᠦᠯᠳᠡᠷᠵᠢᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠣᠯᠢ ᠶᠣᠰᠣᠭᠠᠷ ᠬᠦᠯᠢᠶᠡᠨ᠂ ᠣᠯᠣᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠦ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠬᠦ ᠶᠢᠨ ᠬᠠᠮᠳᠤ ᠠᠷᠠᠳ ᠤᠨ ᠲᠦᠯᠦᠬᠡᠯᠡᠭᠴᠢᠳ ᠎ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠪᠠ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠢ ᠰᠢᠢᠳᠪᠦᠷᠢᠯᠡᠬᠦ ᠠᠵᠢᠯ ᠢ ᠰᠠᠶᠢᠳᠣᠷ ᠠᠳᠬᠤᠨ᠎ᠠ᠃ ᠬᠤᠶᠠᠷ ᠲᠤ᠂ ︽ᠠᠵᠢᠯ ᠤᠨ ᠬᠡᠪ ᠰᠣᠷᠳᠠᠯ ᠢᠶᠠᠨ ᠬᠠᠯᠠᠨ ᠰᠠᠶᠢᠵᠢᠷᠠᠭᠤᠯᠵᠤ᠂ ᠣᠯᠠᠨ ᠲᠦᠮᠡᠨ ᠲᠠᠢ ᠨᠢᠭᠳᠠ ᠬᠠᠷᠢᠯᠴᠠᠬᠤ︾ ᠨᠠᠢᠮᠠᠨ ᠵᠣᠷᠪᠣᠰ ᠲᠣᠭᠳᠠᠭᠠᠯ ᠢ ᠴᠢᠩᠭ᠎ᠠ ᠨᠠᠶᠢᠳᠠᠪᠣᠷᠢᠵᠢᠭᠤᠯᠵᠣ᠂ ᠦᠨᠳᠦᠰᠦᠨ ᠱᠠᠳᠣᠨ ᠳᠤ ᠪᠠᠶᠢᠩᠭᠤ ᠬᠦᠨᠵᠡᠭᠡᠶᠢᠷᠡᠨ ᠪᠠᠶᠢᠴᠠᠭᠠᠨ ᠰᠣᠳᠣᠯᠣᠯᠳᠠ ᠬᠢᠵᠣ᠂ ᠣᠯᠠᠨ ᠲᠦᠮᠡᠨ ᠲᠠᠢ ᠨᠢᠭᠳᠠ ᠬᠠᠷᠢᠯᠴᠠᠨ᠂ ᠪᠣᠳᠠᠳᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠵᠠᠷᠢᠮ ᠨᠢᠭᠡ ᠰᠠᠯᠠᠭ᠎ᠠ ᠮᠦᠴᠢᠷ ᠎ ᠤᠨ ᠠᠵᠢᠯ ᠤᠨ ᠭᠡᠪ ᠰᠣᠷᠳᠠᠯ ᠨᠠᠵᠠᠭᠠᠢ᠂ ᠦᠷ᠎ᠡ ᠪᠦᠳᠦᠮᠵᠢ ᠪᠠᠷ ᠳᠣᠣᠷ᠎ᠠ᠂ ᠦᠢᠯᠡᠴᠢᠯᠡᠭᠡ ᠠᠨᠠᠢ᠂ ᠠᠪᠯᠢᠭᠠᠯ ᠤᠨ ᠠᠰᠠᠭᠤᠳᠠᠯ ᠲᠠᠢ ᠪᠠᠶᠢᠭ᠎ᠠ ᠪᠠᠶᠢᠳᠠᠯ ᠢ ᠴᠢᠩᠭ᠎ᠠ ᠰᠢᠢᠳᠪᠦᠷᠢᠯᠡᠨ᠎ᠡ᠃ ᠭᠤᠷᠪᠠ ᠳᠤ᠂ ᠢᠯᠵᠠᠷᠠᠯ ᠢ ᠰᠡᠷᠭᠡᠶᠢᠯᠡᠬᠦ ᠵᠢᠴᠢ ᠵᠠᠯᠬᠠᠭᠠᠨ ᠰᠢᠢᠳᠭᠡᠬᠦ ᠰᠢᠰᠲ᠋ᠧᠮ ᠤᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠵᠣ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠣᠨ᠂ ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠬᠠᠮᠢᠶ᠎ᠠ ᠪᠦᠬᠦᠢ ᠲᠦᠷᠢᠮ ᠲᠤᠭᠳᠠᠭᠠᠯ ᠢ ᠴᠢᠩᠭ᠎ᠠ ᠵᠢᠷᠤᠮᠯᠠᠵᠥ᠂ ᠠᠵᠢᠯᠴᠢ ᠠᠷᠪᠢᠴᠢ ᠰᠤᠷᠳᠠᠯ ᠢ ᠡᠷᠬᠢᠮᠯᠡᠵᠣ᠂ ᠺᠠᠳ᠋ᠷ ᠲᠦᠪ ᠭᠤᠣᠯᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠣᠯᠣᠰ ᠲᠦᠷᠦ ᠢᠯᠨ ᠲᠤᠳᠤ ᠪᠠᠶᠢᠬᠤ ᠵᠠᠷᠴᠢᠮ ᠢ ᠪᠡᠶᠡᠯᠡᠬᠦᠯᠦᠨ᠎ᠡ᠃ ᠵᠠᠰᠠᠭ ᠤᠨ ᠣᠷᠳᠣᠨ ᠠᠴᠠ ᠪᠡᠯᠨ ᠣᠷᠣᠭᠤᠯᠣᠭᠰᠠᠨ ᠲᠦᠰᠦᠯ ᠢ ᠬᠢᠨᠠᠨ ᠪᠣᠳᠣᠵᠣ ᠬᠠᠮᠢᠶᠠᠷᠬᠤ ᠪᠠ ᠵᠠᠰᠭ ᠵᠠᠬᠢᠷᠭᠠᠨ ᠤ ᠬᠢᠨᠠᠨ ᠪᠠᠶᠢᠴᠠᠭᠠᠯᠳᠠ ᠶᠢ ᠴᠢᠩᠭᠠᠳᠬᠠᠵᠣ᠂ ᠪᠠᠷᠢᠯᠭ᠎ᠠ ᠶᠢᠨ ᠳᠠᠭᠠᠭᠠᠴᠢᠯᠠᠯᠳᠠ ᠵᠠᠷᠯᠠᠬᠤ ᠳᠠᠭᠠᠭᠠᠴᠢᠯᠠᠯᠳᠠ ᠬᠦᠯᠢᠶᠡᠬᠦ᠂ ᠵᠠᠰᠠᠭ ᠤᠨ ᠣᠷᠳᠣᠨ ᠠᠴᠠ ᠬᠤᠳᠠᠯᠳᠣᠨ ᠤᠷᠤᠭᠤᠯᠬᠤ ᠵᠡᠷᠭᠡ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠎ ᠤ ᠠᠵᠢᠯᠯᠠᠭ᠎ᠠ ᠶᠢ ᠲᠦᠷᠢᠮᠵᠢᠬᠦᠯᠦᠨ᠂ ᠪᠠᠷᠢᠯᠭ᠎ᠠ ᠶᠢᠨ ᠪᠦᠳᠦᠬᠡᠨ ᠪᠠᠶᠢᠭᠤᠯᠣᠯᠳᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠵᠠᠰᠠᠨ ᠴᠡᠭᠴᠡᠯᠡᠵᠣ᠂ ᠵᠠᠰᠠᠭ ᠤᠨ ᠠᠵᠢᠯ ᠤᠨ ᠢᠯᠨ ᠲᠤᠳᠤᠷᠬᠠᠢ ᠴᠢᠨᠠᠷ ᠢ ᠳᠡᠭᠡᠭᠰᠢᠯᠡᠬᠦᠯᠦᠨ᠎ᠡ᠃        ᠲᠥᠯᠥᠭᠡᠯᠡᠭᠴᠢᠳ ᠡ᠂ ᠪᠢᠳᠠ ᠲᠡᠤᠭᠡ ᠶᠢᠨ ᠴᠢᠬᠤᠯᠨ ᠱᠠᠳᠤ ᠦᠶ᠎ᠡ ᠳᠤ ᠠᠯᠬᠤᠨ ᠣᠷᠣᠯ᠎ᠠ᠃ ᠮᠣᠩᠭᠤᠯ ᠶᠣᠸᠠᠨ ᠤ ᠰᠣᠶᠣᠯ ᠪᠠ ᠶᠣᠸᠠᠨ ᠤ ᠳᠡᠭᠡᠳᠦ ᠨᠡᠶᠢᠰᠯᠡᠯ ᠤᠨ ᠲᠡᠤᠭᠡᠨ ᠦᠪ ᠦᠯᠡᠳᠡᠭᠳᠡᠯ ᠨᠢ ᠪᠢᠳᠡᠨ ᠳᠤ ᠬᠢᠵᠠᠭᠠᠯᠠᠰᠢ ᠦᠬᠡᠢ ᠦᠩᠭᠡ ᠭᠡᠷᠡᠯ ᠠᠪᠴᠢᠷᠠᠯ᠎ᠠ᠃ ᠤᠳᠤ ᠪᠤᠯᠬᠤ ᠳᠤ ᠪᠦᠬᠦ ᠬᠤᠰᠢᠭᠤᠨ ᠤ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠦᠨᠳᠤᠷ ᠦᠷ᠎ᠡ ᠪᠦᠳᠦᠮᠵᠢ ᠤᠯᠵᠥ᠂ ᠠᠵᠣ ᠦᠢᠯᠡᠳᠪᠦᠷᠢ ᠡᠷᠡᠬᠦᠯ ᠲᠤᠭᠳᠠᠭᠤᠨ ᠬᠦᠭᠵᠢᠵᠥ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠰᠢᠨᠡᠴᠢᠯᠡᠯᠳᠠ ᠦᠭᠡᠷᠡᠴᠢᠯᠡᠯᠳᠠ ᠲᠠᠢ ᠪᠤᠯᠤᠭᠰᠠᠨ ᠢᠶᠠᠷ ᠦᠯᠦ ᠪᠠᠷᠠᠮ ᠬᠤᠪᠣᠷ ᠲᠣᠬᠢᠶᠠᠬᠤ ᠲᠡᠦᠬᠡᠨ ᠠᠵᠨ ᠵᠠᠪᠰᠢᠶᠠᠨ ᠤᠯᠳᠠᠭᠰᠠᠨ ᠨᠢ ᠪᠢᠳᠡᠨ ᠤ ᠢᠷᠡᠭᠡᠳᠤᠢ ᠳᠤ ᠪᠠᠨ ᠢᠳᠡᠭᠡᠬᠦ ᠬᠦᠰᠡᠯ ᠵᠤᠷᠢᠭ ᠢ ᠬᠦᠪᠴᠢᠯᠡᠵᠥ ᠦᠭᠬᠦᠯ᠎ᠡ᠃ ᠶᠠᠭ ᠡᠨᠡᠬᠦ ᠬᠦᠭᠵᠢᠯ ᠪᠠᠳᠠᠷᠠᠯ ᠤᠨ ᠴᠠᠭ ᠦᠶ᠎ᠡ ᠳᠤ ᠪᠢᠳᠡ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠬᠦᠯᠢᠶᠡᠵᠥ ᠪᠠᠶᠢᠬᠤ ᠳᠤ ᠪᠠᠨ ᠦᠪᠡᠷ ᠤᠨ ᠡᠬᠦᠷᠭᠡ ᠲᠤᠰᠢᠶᠠᠯ ᠦᠩᠬᠡ ᠬᠡᠷᠡᠯᠳᠡᠢ ᠮᠦᠷᠳᠡᠭᠡᠨ ᠬᠠᠷᠢᠭᠤᠴᠠᠯᠭ᠎ᠠ ᠮᠠᠰᠢ ᠬᠦᠨᠳᠤ ᠪᠠᠶᠢᠨ᠎ᠠ ᠭᠡᠳᠡᠭ ᠢ ᠬᠦᠨ᠎ᠡ ᠮᠡᠳᠡᠷᠡᠵᠣ ᠪᠠᠶᠢᠨ᠎ᠠ᠃ ᠪᠢᠳᠡ ᠬᠤᠰᠢᠭᠤ ᠨᠠᠮ ᠤᠨ ᠬᠤᠷᠢᠶᠠᠨ ᠤ ᠭᠤᠶᠢᠪᠢᠰᠢ ᠦᠬᠡᠢ ᠣᠳᠣᠷᠢᠳᠣᠯᠭ᠎ᠠ ᠳᠣᠣᠷ᠎ᠠ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠣᠣᠱᠠᠯᠠᠭᠤᠯᠣᠨ ᠨᠠᠶᠢᠳᠠᠪᠣᠷᠢᠵᠢᠭᠤᠯᠵᠣ᠂ ᠰᠢᠨᠵᠢᠯᠡᠬᠦ ᠣᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠣᠭᠤᠳᠣᠯᠭ᠎ᠠ ᠪᠣᠯᠭᠠᠨ ᠰᠢᠨ᠎ᠡ ᠭᠠᠷᠣᠭᠠᠨ ᠤ ᠴᠡᠭ ᠳᠡᠭᠡᠷ᠎ᠡ ᠠᠴᠠ ᠲᠣᠬᠢᠶᠠᠯ ᠢ ᠠᠳᠬᠤᠨ ᠵᠣᠷᠢᠭᠳᠠᠢ ᠪᠠᠷ ᠨᠡᠭᠡᠭᠡᠨ ᠣᠷᠣᠭᠰᠢᠯᠠᠵᠣ᠂ ᠬᠤᠰᠢᠭᠤᠨ ᠤ ᠪᠠᠨ ᠮᠠᠷᠭᠠᠰᠢ ᠶᠢᠨ ᠰᠠᠶᠢᠨ ᠰᠠᠶᠢᠬᠠᠨ ᠪᠤᠯᠤᠨ ᠠᠷᠠᠳ ᠤᠯᠠᠨ ᠤ ᠪᠠᠨ ᠠᠮᠢᠳᠣᠷᠠᠯ ᠵᠢᠷᠭᠠᠯ ᠤᠨ ᠲᠦᠯᠦᠭᠡ ᠰᠡᠳᠬᠢᠯ ᠢᠶᠠᠨ ᠨᠢᠬᠡᠳᠬᠡᠨ ᠢᠳᠡᠭᠡᠯ ᠢᠶᠠᠨ ᠪᠠᠳᠤᠳᠬᠠᠵᠥ ᠬᠠᠮᠳᠣᠪᠠᠷ ᠮᠡᠷᠡᠶᠢᠨ ᠠᠵᠢᠯᠯᠠᠰᠤᠭᠠᠢ︕
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号