ᠰᠢᠯᠤᠭᠤᠨ ᠬᠦᠬᠡ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠲᠦᠴᠢᠨ ᠨᠢᠬᠡᠳᠦᠬᠡᠷ ᠤᠳᠠᠭᠠᠨ ᠤ ᠬᠤᠷᠠᠯᠳᠤᠭᠠᠨ ᠠᠴᠠ ᠬᠢᠨᠠᠨ ᠵᠦᠪᠯᠡᠭᠰᠡᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠡ
ᠨᠡᠶᠢᠲᠡᠯᠡᠭᠰᠡᠨ ᠴᠠᠭ᠄
2017/1/20
                                  ︵2017 ᠤᠨ ᠤ 1 ᠰᠠᠷ᠎ᠠ ᠶᠢᠨ 17᠎ ᠤ ᠡᠳᠦᠷ︶                                                                   ᠤᠳᠤ ᠬᠤᠷᠠᠯᠳᠤᠭᠠᠨ ᠤ ᠲᠤᠬᠢᠷᠠᠭᠤᠯᠤᠯᠳᠠ ᠪᠠᠷ᠂ ᠠᠷᠪᠠᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠲᠦᠴᠢᠨ ᠨᠢᠬᠡᠳᠦᠬᠡᠷ ᠤᠳᠠᠭᠠᠨ ᠤ ᠬᠤᠷᠠᠯᠳᠤᠭᠠᠨ ᠎ ᠠᠴᠠ ᠬᠢᠨᠠᠨ ᠵᠦᠪᠯᠡᠭᠰᠡᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠬᠤᠰᠢᠭᠤ ᠠᠷᠠᠳ ᠤᠨ ᠵᠠᠰᠠᠭ ᠎ ᠤᠨ ᠤᠷᠳᠤᠨ ᠤ ᠮᠡᠳᠡᠬᠦᠯᠦᠯᠳᠡ ᠶᠢ ᠮᠡᠳᠡᠬᠦᠯᠦᠶ᠎ᠡ᠄          ᠨᠢᠬᠡ᠂ ᠲᠠᠷᠢᠶᠠᠯᠠᠩ ᠮᠠᠯ ᠠᠵᠤ ᠠᠬᠤᠢ ᠬᠡᠯᠪᠡᠷᠢ ᠶᠢᠨ ᠬᠤᠪᠢᠷᠠᠭᠠᠯᠳᠠ ᠪᠠ ᠲᠡᠰ ᠲᠡᠪᠰᠢᠯᠳᠡ ᠶᠢ ᠲᠦᠷᠬᠡᠳᠬᠡᠨ ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠲᠤᠭᠳᠠᠭᠤᠨ ᠨᠡᠮᠡᠯᠳᠡ ᠶᠢ ᠠᠬᠢᠭᠤᠯᠪᠠ          ︽ᠬᠤᠨᠢ ᠶᠢ ᠴᠦᠬᠡᠳᠬᠡᠨ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠲᠤᠭᠳᠠᠭᠤᠨ ᠬᠡᠷᠡᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠠ ᠶᠢ ᠬᠦᠬᠡᠬᠡᠴᠡᠯᠳᠦᠭᠰᠡᠨ ᠬᠡᠯᠪᠡᠷᠢ ᠠᠴᠠ ᠴᠢᠨᠡᠷ ᠦᠷ᠎ᠡ ᠠᠰᠢᠭ ᠢ ᠴᠢᠬᠤᠯᠠᠴᠢᠯᠠᠭᠰᠠᠨ ᠬᠡᠯᠪᠡᠷᠢ ᠵᠦᠭ ᠬᠤᠪᠢᠷᠠᠬᠤ ᠶᠢ ᠠᠬᠢᠭᠤᠯᠤᠨ᠂ ᠦᠨᠦ ᠵᠢᠯ ᠤᠨ ᠮᠠᠯ ᠤᠨ ᠲᠤᠭᠠᠯᠠᠯᠭ᠎ᠠ ᠳᠤ ᠮᠠᠨ ᠤ ᠬᠤᠰᠢᠭᠤᠨ ᠤ ᠮᠠᠯ ᠤᠨ ᠶᠡᠷᠤᠩᠬᠡᠢ ᠲᠤᠭ᠎ᠠ 79.47 ᠲᠦᠮᠡᠨ ᠲᠤᠯᠤᠭᠠᠢ ᠳᠤ ᠬᠦᠷᠴᠦ᠂ ᠮᠠᠯ ᠤᠨ ᠭᠠᠷᠭᠠᠯᠳᠠ ᠶᠢᠨ ᠲᠤᠭ᠎ᠠ ᠨᠢ 51.97 ᠲᠦᠮᠡᠨ ᠲᠤᠯᠤᠭᠠᠢ ᠳᠤ ᠬᠦᠷᠴᠡᠢ᠃ ︽ᠪᠦᠬᠦ ᠬᠤᠰᠢᠭᠤᠨ ᠤ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠬᠦᠭᠵᠢᠯᠳᠡ ᠶᠢᠨ ᠲᠦᠯᠦᠪᠵᠢᠬᠦᠯᠬᠡ ︵2016 ᠤᠨ ᠠᠴᠠ 2020 ᠤᠨ ᠪᠤᠯᠳᠠᠯᠠᠬᠢ︶︾ ᠵᠢᠴᠢ ᠲᠤᠰ ᠵᠢᠯ ᠎ ᠤᠨ ᠠᠵᠢᠯ ᠤᠨ ᠲᠦᠰᠦᠪ ᠢ ᠲᠤᠭᠤᠷᠪᠢᠨ ᠲᠤᠭᠳᠠᠭᠠᠵᠦ᠂ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ ᠢ 33 ᠪᠠᠶᠢᠭᠤᠯᠵᠦ᠂ ᠤᠯᠤᠰ ᠤᠨ ᠲᠡᠰ ᠤᠨ ᠰᠢᠯᠢᠳᠡᠭ ᠮᠢᠬᠠᠨ ᠤ ᠦᠬᠡᠷ ᠤᠨ ᠭᠤᠤᠯᠳᠠᠯᠭᠠᠳᠤ ᠦᠷ᠎ᠡ ᠶᠢᠨ ᠲᠠᠯᠠᠪᠠᠢ ᠶᠢ 3 ᠪᠠᠶᠢᠭᠤᠯᠵᠦ᠂ ᠰᠢᠯᠢᠳᠡᠭ ᠡᠬᠦᠯᠳᠡᠷ ᠤᠨ ᠰᠢᠮᠧᠨ᠋ᠲᠷ ᠦᠨᠢᠶ᠎ᠡ ᠶᠢ 330 ᠲᠤᠯᠤᠭᠠᠢ ᠤᠷᠤᠭᠤᠯᠪᠠ᠃ 8.27 ᠲᠦᠮᠡᠨ ᠲᠤᠯᠤᠭᠠᠢ ᠰᠢᠷᠠᠯᠳᠠᠢ ᠦᠬᠡᠷ ᠲᠤ ᠢᠴᠡᠬᠡᠯ ᠦᠷ᠎ᠡ ᠶᠢᠨ ᠬᠡᠬᠡᠯᠳᠦᠬᠦᠯᠬᠡ ᠬᠢᠵᠦ᠂ ᠰᠦᠷᠦᠭ ᠲᠤ ᠨᠢ ᠲᠠᠯᠪᠢᠵᠦ ᠡᠬᠦᠯᠳᠡᠷ ᠰᠠᠶᠢᠵᠢᠷᠠᠭᠤᠯᠤᠭᠰᠠᠨ ᠦᠨᠢᠶᠠᠨ ᠤ ᠲᠤᠭ᠎ᠠ ᠨᠢ 4.4 ᠲᠦᠮᠡᠨ ᠲᠤᠯᠤᠭᠠᠢ ᠳᠤ ᠬᠦᠷᠴᠠᠢ᠃ ᠰᠠᠭᠠᠯᠢ ᠶᠢᠨ ᠦᠨᠢᠶᠠᠨ ᠤ ᠦᠢᠯᠡᠰ ᠢ ᠲᠤᠭᠳᠠᠭᠤᠨ ᠬᠦᠭᠵᠢᠬᠦᠯᠵᠦ᠂ ᠦᠨᠦ ᠵᠢᠯ ᠤᠨ ᠮᠠᠯ ᠤᠨ ᠲᠤᠭᠠᠯᠠᠯᠭ᠎ᠠ ᠳᠤ ᠰᠠᠭᠠᠯᠢ ᠶᠢᠨ ᠦᠨᠢᠶᠠᠨ ᠤ ᠲᠤᠭ᠎ᠠ ᠎ ᠨᠢ 1.98 ᠲᠦᠮᠡᠨ ᠲᠤᠯᠤᠭᠠᠢ ᠳᠤ ᠬᠦᠷᠴᠦ᠂ ᠪᠠᠷᠢᠮᠵᠢᠶᠠᠨ ᠳᠤ ᠬᠦᠷᠴᠦ ᠬᠡᠪᠴᠢᠶᠡᠵᠢᠭᠰᠡᠨ ᠲᠡᠵᠢᠬᠡᠪᠦᠷᠢ ᠶᠢᠨ ᠲᠠᠯᠠᠪᠠᠢ ᠨᠢ 13᠎ ᠳᠤ ᠬᠦᠷᠦᠭᠰᠡᠨ ᠪᠠᠶᠢᠨ᠎ᠠ᠃ 2.96 ᠲᠦᠮᠡᠨ ᠲᠤᠯᠤᠭᠠᠢ ᠬᠤᠨᠢᠨ ᠳᠤ ᠬᠦᠮᠦᠨ ᠤ ᠬᠦᠴᠦᠨ ᠤ ᠬᠡᠬᠡᠯᠳᠦᠬᠦᠯᠬᠡ ᠬᠢᠵᠦ᠂ ᠰᠠᠶᠢᠨ ᠡᠬᠦᠯᠳᠡᠷ ᠤᠨ ᠨᠤᠳᠤᠭ ᠤᠨ ᠬᠤᠴᠠ ᠪᠠᠷ ᠬᠡᠬᠡᠯᠳᠦᠬᠦᠯᠦᠭᠰᠡᠨ ᠮᠠᠯ ᠤᠨ ᠲᠤᠭ᠎ᠠ ᠨᠢ 12.67 ᠲᠦᠮᠡᠨ ᠲᠤᠯᠤᠭᠠᠢ ᠎ ᠳᠤ ᠬᠦᠷᠦᠨ᠂ ᠴᠠᠬᠠᠷ ᠬᠤᠨᠢᠨ ᠤ ᠭᠤᠤᠯᠳᠠᠯᠭᠠᠳᠤ ᠰᠦᠷᠦᠭ 10᠎ ᠶᠢ ᠰᠢᠨ᠎ᠠ ᠪᠠᠷ ᠪᠠᠶᠢᠭᠤᠯᠵᠠᠢ᠃ ᠰᠢᠨ᠎ᠠ ᠬᠡᠯᠪᠡᠷᠢ ᠶᠢᠨ ᠲᠠᠷᠢᠶᠠᠯᠠᠩ ᠤᠨ ᠦᠢᠯᠡᠰ ᠢ ᠬᠦᠭᠵᠢᠬᠦᠯᠵᠦ᠂ ᠲᠠᠷᠢᠮᠠᠯ ᠤᠨ ᠲᠠᠯᠠᠪᠠᠢ ᠨᠢ 31.4 ᠲᠦᠮᠡᠨ ᠮᠤ᠋ ᠳᠤ ᠬᠦᠷᠴᠦ᠂ ᠤᠷᠭᠠᠨᠢᠭ ᠲᠡᠭᠡᠳᠦ ᠰᠢᠨᠵᠢᠯᠡᠭᠡ ᠮᠡᠷᠬᠡᠵᠢᠯ ᠤᠨ ᠵᠢᠱᠢᠶ᠎ᠡ ᠪᠤᠯᠬᠤ ᠤᠨᠴᠠᠯᠢᠭᠳᠤ ᠲᠠᠷᠢᠮᠠᠯ ᠤᠨ ᠲᠠᠯᠠᠪᠠᠢ ᠨᠢ 320 ᠮᠤ᠋ ᠳᠤ ᠬᠦᠷᠪᠠ᠃ 4 ᠡᠷᠦᠬᠡ ᠤᠯᠠᠭᠠᠨ ᠢᠳᠡᠬᠡᠨ ᠤ ᠠᠵᠤ ᠠᠬᠤᠶᠢᠯᠠᠯ ᠳᠤ 1400 ᠲᠦᠮᠡᠨ ᠲᠦᠬᠦᠷᠢᠭ ᠤᠨ ᠵᠢᠬᠡᠯᠡᠯᠬᠡ ᠶᠢ ᠵᠤᠬᠢᠴᠠᠭᠤᠯᠵᠦ᠂ 3 ᠡᠷᠦᠬᠡ ᠲᠡᠵᠢᠬᠡᠯ ᠪᠤᠷᠳᠤᠭᠠᠨ ᠤ ᠨᠦᠬᠡᠴᠡᠯᠡᠯ ᠤᠨ ᠠᠵᠤ ᠠᠬᠤᠶᠢᠯᠠᠯ ᠳᠤ 260 ᠲᠦᠮᠡᠨ ᠲᠦᠬᠦᠷᠢᠭ ᠤᠨ ᠲᠡᠵᠢᠬᠡᠯ ᠪᠤᠷᠳᠤᠭᠠᠨ ᠤ ᠨᠦᠬᠡᠴᠡᠯᠡᠯ ᠤᠨ ᠨᠦᠬᠦᠪᠦᠷᠢ ᠮᠦᠩᠬᠦ ᠪᠠᠭᠤᠯᠭᠠᠵᠦ᠂ 2 ᠰᠠᠭᠤᠷᠢ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠎ ᠶᠢ ᠪᠠᠶᠢᠭᠤᠯᠤᠭᠰᠠᠨ ᠪᠠᠶᠢᠨ᠎ᠠ᠃ ᠲᠤᠰ ᠵᠢᠯ ᠤᠨ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠤᠷᠤᠯᠭ᠎ᠠ ᠨᠢ 14730 ᠲᠦᠬᠦᠷᠢᠭ ᠲᠤ ᠬᠦᠷᠦᠨ᠂ 8%᠎ ᠪᠠᠷ ᠨᠡᠮᠡᠭᠳᠡᠵᠡᠢ᠃ ᠭᠤᠷᠪᠠᠨ ᠠᠵᠤ ᠦᠢᠯᠡᠰ ᠤᠨ ᠪᠦᠳᠦᠴᠡ ᠨᠢ 2015 ᠤᠨ ᠤ 10᠄ 68᠄ 22 ᠪᠠᠶᠢᠭᠰᠠᠨ ᠢᠶᠠᠨ 11᠄ 63᠄ 26 ᠪᠤᠯᠵᠦ᠂ ᠨᠢᠬᠡᠳᠦᠬᠡᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠡᠵᠡᠯᠡᠬᠦ ᠨᠤᠷᠮ᠎ᠠ ᠨᠢ ᠲᠤᠰᠪᠤᠷᠢ 1 ᠪᠠ 4 ᠵᠠᠭᠤᠨ ᠤ ᠬᠤᠪᠢ ᠨᠡᠮᠡᠭᠳᠡᠨ᠂ ᠪᠦᠬᠦ ᠠᠶᠢᠮᠠᠭ ᠤᠨ ᠲᠤᠮᠳᠠᠴᠢ ᠲᠦᠪᠰᠢᠨ ᠠᠴᠠ 0.4 ᠪᠠ 1 ᠵᠠᠭᠤᠨ ᠤ ᠬᠤᠪᠢ ᠢᠯᠡᠬᠦᠦ ᠪᠤᠯᠵᠠᠢ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠰ᠂ ᠰᠤᠶᠤᠯ ᠵᠢᠭᠤᠯᠴᠢᠯᠠᠯ ᠤᠨ ᠦᠢᠯᠡᠰ ᠪᠠ ᠠᠵᠦ ᠦᠢᠯᠡᠳᠪᠤᠷᠢ ᠠᠵᠤ ᠠᠬᠤᠢ ᠶᠢᠨ ᠬᠤᠭᠤᠷᠤᠨᠳᠤᠬᠢ ᠵᠦᠷᠢᠶ᠎ᠡ ᠨᠢ ᠢᠯᠡᠳᠳᠡ ᠪᠠᠭᠠᠰᠴᠤ᠂ ᠠᠵᠤ ᠠᠬᠤᠢ ᠶᠢᠨ ᠪᠦᠳᠦᠴᠡ ᠨᠢ ᠤᠯᠠᠮ ᠲᠤᠬᠢᠷᠠᠮᠵᠢᠳᠠᠢ ᠪᠤᠯᠵᠠᠢ᠃         ︽ᠠᠷᠪᠠ ᠶᠢ ᠪᠦᠷᠬᠦᠬᠦᠯᠬᠦ ᠢᠨᠵᠧᠨᠧᠷᠢᠩ︾᠎ ᠢ ᠪᠦᠬᠦ ᠲᠠᠯ᠎ᠠ ᠪᠠᠷ ᠠᠬᠢᠭᠤᠯᠵᠦ᠂ 6.77 ᠳ᠋ᠦᠩᠰᠢᠭᠤᠷ ᠲᠦᠬᠦᠷᠢᠭ ᠤᠷᠤᠭᠤᠯᠤᠨ᠂ 89 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢ ᠪᠡᠶᠡᠯᠡᠬᠦᠯᠵᠦ᠂ ᠬᠦᠳᠡᠭᠡ ᠲᠤᠰᠬᠤᠨ ᠪᠠ ᠮᠠᠯᠴᠢᠨ ᠲᠠᠷᠢᠶᠠᠴᠢᠳ ᠤᠨ ᠦᠢᠯᠡᠳᠪᠤᠷᠢᠯᠡᠯ ᠠᠮᠢᠳᠤᠷᠠᠯ ᠤᠨ ᠤᠷᠴᠢᠨ ᠨᠦᠬᠦᠴᠡᠯ ᠮᠡᠳᠡᠭᠳᠡᠮ᠎ᠡ ᠰᠠᠶᠢᠵᠢᠷᠠᠭᠰᠠᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢ ᠯᠠᠪᠳᠠᠭᠤᠨ ᠠᠬᠢᠭᠤᠯᠵᠦ᠂ ︽ᠭᠤᠷᠪᠡ ᠶᠢ ᠡᠷᠦᠬᠡ ᠳᠤ ᠤᠷᠤᠭᠤᠯᠤᠨ ᠭᠤᠷᠪᠠ ᠶᠢ ᠲᠤᠰᠬᠤᠨ ᠳᠤ ᠬᠦᠷᠬᠡᠬᠦ︾ ᠠᠵᠢᠯ ᠤᠨ ᠲᠤᠭᠤᠷᠢᠨ ᠎ ᠳᠤ 25 ᠰᠠᠤᠷᠢ ᠬᠠᠰᠢᠶ᠎ᠠ ᠰᠠᠷᠠᠪᠴᠢ ᠪᠠᠶᠢᠭᠤᠯᠤᠨ᠂ 958 ᠲᠤᠯᠤᠭᠠᠢ ᠰᠢᠮᠧᠨ᠋ᠲᠷ ᠦᠬᠡᠷ ᠬᠤᠳᠠᠯᠳᠤᠨ ᠠᠪᠴᠤ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠨᠦᠬᠦᠪᠦᠷᠢ ᠮᠦᠩᠬᠦ ᠶᠢ 20539 ᠲᠦᠮᠡᠨ ᠲᠦᠬᠦᠷᠢᠭ ᠪᠠᠭᠤᠯᠭᠠᠵᠦ᠂ 4530 ᠡᠷᠦᠬᠡ ᠶᠢᠨ ᠮᠠᠯᠴᠢᠨ ᠲᠠᠷᠢᠶᠠᠴᠢᠨ ᠢ ᠬᠠᠮᠤᠷᠤᠭᠰᠠᠨ ᠪᠠᠶᠢᠨ᠎ᠠ᠃ ᠡᠬᠦᠨ ᠤ ᠬᠠᠮᠳᠤ ᠠᠶᠢᠮᠠᠭ᠂ ᠬᠤᠰᠢᠭᠤ ᠱᠠᠳᠤᠨ ᠎ ᠤ ᠶᠠᠳᠠᠭᠤ ᠶᠢ ᠲᠡᠳᠬᠦᠬᠦ ᠪᠠᠶᠢᠭᠤᠯᠭ᠎ᠠ ᠠᠴᠠ ᠶᠠᠳᠠᠭᠤ ᠶᠢ ᠲᠡᠳᠬᠦᠬᠦ ᠠᠵᠢᠯ ᠳᠤ ᠨᠠᠶᠢᠳᠠ 1375 ᠲᠦᠮᠡᠨ ᠲᠦᠬᠦᠷᠢᠭ ᠤᠨ ᠪᠡᠯᠡ ᠤᠷᠤᠭᠤᠯᠵᠠᠢ᠃ 2014 ᠤᠨ ᠳᠤ ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠴᠢᠷᠳᠡᠢ ᠬᠦᠮᠦᠨ ᠤ ᠲᠤᠭ᠎ᠠ ᠨᠢ 1343 ᠡᠷᠦᠬᠡ ᠶᠢᠨ 3198 ᠬᠦᠮᠦᠨ ᠪᠠᠶᠢᠭᠰᠠᠨ ᠢᠶᠠᠨ ᠤᠳᠤ 188 ᠡᠷᠦᠬᠡ ᠶᠢᠨ 411 ᠬᠦᠮᠦᠨ ᠪᠤᠯᠵᠦ ᠪᠠᠭᠠᠰᠤᠨ᠂ ᠶᠠᠳᠠᠭᠤᠷᠠᠯᠳᠠ ᠶᠢᠨ  ᠨᠤᠷᠮ᠎ᠠ ᠨᠢ 6% ᠪᠠᠶᠢᠭᠰᠠᠨ ᠢᠶᠠᠨ ᠪᠠᠭᠤᠷᠠᠵᠦ 1% ᠬᠦᠷᠴᠦ᠂ ᠶᠠᠳᠠᠭᠤ ᠠᠴᠠ ᠠᠩᠬᠢᠵᠢᠷᠠᠭᠰᠠᠨ ᠬᠦᠮᠦᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠨᠢ 3100 ᠲᠦᠬᠦᠷᠢᠭ ᠢ ᠲᠤᠭᠳᠠᠭᠤᠨ ᠲᠠᠪᠠᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠶᠠᠳᠠᠭᠤ ᠬᠤᠰᠢᠭᠤᠨ ᠤ ᠨᠡᠷ᠎ᠡ ᠪᠠᠨ ᠲᠠᠶᠠᠭᠳᠠᠬᠤ ᠳᠤ ᠪᠠᠳᠤ ᠰᠠᠭᠤᠷᠢ ᠬᠠᠩᠭᠠᠨ᠂ 1325 ᠬᠦᠮᠦᠨ ᠢ ᠶᠠᠳᠠᠭᠤ ᠠᠴᠠ ᠠᠩᠬᠢᠵᠢᠷᠠᠭᠤᠯᠵᠦ ᠲᠦᠪᠬᠢᠨᠡᠬᠦᠯᠪᠡ᠃         ᠬᠤᠶᠠᠷ᠂ ᠭᠤᠤᠯᠳᠠᠯᠭ᠎ᠠ ᠲᠠᠢ ᠲᠦᠰᠦᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠪᠦᠬᠦ ᠬᠤᠰᠢᠭᠤᠨ ᠤ ᠠᠵᠤ ᠠᠬᠤᠢ ᠶᠢᠨ ᠲᠤᠭᠳᠠᠭᠤᠨ ᠦᠰᠦᠯᠳᠡ ᠶᠢ ᠨᠡᠮᠡᠭᠳᠡᠬᠦᠯᠪᠡ         ᠲᠤᠰ ᠵᠢᠯ ᠳᠤ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠰᠦᠯ ᠢ 119 ᠲᠦᠷᠦᠯ ᠲᠤᠭᠳᠠᠨ᠂ 56.58 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠡᠢ᠃ ᠬᠤᠰᠢᠭᠤ ᠱᠠᠳᠤᠨ ᠤ 40 ᠲᠦᠷᠦᠯ ᠤᠨ ᠲᠦᠰᠦᠯ ᠢ ᠠᠬᠢᠭᠤᠯᠵᠦ᠂ 39.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠪᠡ᠂ ᠡᠬᠦᠨ ᠳᠤ᠄ ᠵᠠᠯᠭᠠᠵᠦ ᠪᠠᠶᠢᠭᠤᠯᠬᠤ ᠲᠦᠰᠦᠯ 12 ᠲᠦᠷᠦᠯ᠂ ᠰᠢᠨ᠎ᠠ ᠪᠠᠷ ᠪᠠᠶᠢᠭᠤᠯᠬᠤ ᠲᠦᠰᠦᠯ 18 ᠲᠦᠷᠦᠯ᠂ ᠪᠡᠯᠡᠳᠬᠡᠵᠦ ᠠᠬᠢᠭᠤᠯᠬᠤ ᠲᠦᠰᠦᠯ 3 ᠲᠦᠷᠦᠯ ᠪᠠᠭᠳᠠᠵᠦ ᠪᠤᠢ᠃ ᠠᠶᠢᠮᠠᠭ ᠤᠨ ᠲᠡᠰ ᠤᠨ ᠭᠤᠤᠯᠳᠠᠯᠭᠠᠳᠤ ᠲᠦᠰᠦᠯ 12 ᠲᠦᠷᠦᠯ ᠪᠠᠶᠢᠵᠦ᠂ 11.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠪᠡ᠃ ᠡᠳᠡᠬᠡᠷ ᠠᠶᠢᠮᠠᠭ ᠤᠨ ᠲᠡᠰ ᠤᠨ ᠲᠦᠰᠦᠯ ᠨᠢ ᠪᠦᠬᠦᠨ ᠢᠶᠠᠷ ᠢᠶᠠᠨ ᠠᠵᠢᠯ ᠢᠶᠠᠨ ᠡᠬᠢᠯᠡᠬᠦᠯᠵᠦ᠂ 11.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠭᠰᠡᠨ ᠪᠠᠶᠢᠨ᠎ᠠ᠃ ᠬᠤᠰᠢᠭᠤ ᠱᠠᠳᠤᠨ ᠤ ᠭᠤᠤᠯᠳᠠᠯᠭᠠᠳᠤ ᠲᠦᠰᠦᠯ ᠎ ᠤᠨ 27 ᠲᠦᠷᠦᠯ ᠨᠢ ᠠᠵᠢᠯ ᠢᠶᠠᠨ ᠡᠬᠢᠯᠡᠬᠦᠯᠵᠦ᠂ ᠨᠠᠶᠢᠳᠠ 31.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃ ᠱᠠᠩᠳᠤ ᠶᠢᠨ ᠬᠠᠩᠭᠠᠢ  — — ᠪᠠᠶᠠᠠᠭᠤᠤᠯ — — ᠬᠦᠢᠳᠡᠨ ᠰᠢᠯᠢ ᠬᠦᠷᠬᠦ 500 ᠺᠢᠯᠤᠸᠤᠯᠲ ᠤᠨ ᠴᠠᠬᠢᠯᠭᠠᠨ ᠲᠠᠮᠵᠢᠭᠤᠯᠬᠤ ᠱᠤᠭᠤᠮ᠂ ᠰᠢᠯᠢ ᠶᠢᠨ ᠭᠤᠤᠯ ᠠᠶᠢᠮᠠᠭ ᠠᠴᠠ ᠵᠢᠶᠠᠩᠰᠤ ᠮᠤᠵᠢ ᠶᠢᠨ ᠲᠠᠶᠢᠵᠸᠦ  ᠬᠦᠷᠬᠦ    800᠎ ᠶᠢᠨ ᠤᠨᠴᠠ ᠦᠨᠳᠦᠷ ᠬᠦᠴᠦᠳᠡᠯᠳᠦ ᠲᠤᠭᠳᠠᠮᠠᠯ ᠴᠠᠬᠢᠯᠭᠠᠨ ᠤ ᠢᠨᠵᠧᠨᠧᠷᠢᠩ᠂ ᠰᠢᠯᠢ ᠶᠢᠨ ᠭᠤᠤᠯ ᠎ ᠠᠴᠠ ᠢᠯᠠᠯᠳᠠ ᠬᠦᠷᠬᠦ 1000 ᠺᠢᠯᠤᠸᠤᠯᠲ ᠤᠨ ᠤᠨᠴᠠ ᠦᠨᠳᠦᠷ ᠬᠦᠴᠦᠳᠡᠯᠳᠦ ᠬᠤᠪᠢᠰᠤᠮᠠᠯ ᠬᠦᠶᠦᠳᠡᠯᠳᠦ ᠴᠠᠬᠢᠯᠭᠠᠨ ᠎ ᠤ ᠢᠨᠵᠧᠨᠧᠷᠢᠩ᠂ ᠬᠤᠸᠠ ᠢ ᠪᠸᠢ ᠸᠧᠢ ᠽᠢ ᠶᠢᠨ 4.95 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ᠂ ᠷᠧᠨ ᠴᠤᠸᠠᠩ ᠡᠯᠡᠰᠦᠨ ᠤ ᠡᠬᠢ ᠪᠠᠶᠠᠯᠢᠭ ᠤᠨ ᠠᠰᠢᠭᠯᠠᠯᠳᠠ ᠶᠢᠨ ᠰᠤᠳᠤᠯᠭᠠᠨ ᠤ ᠬᠦᠷᠢᠶᠡᠯᠡᠩ ᠂ ᠬᠤᠸᠠ ᠢ ᠰᠠᠯᠬᠢᠨ ᠬᠦᠴᠦᠨ ᠤ ᠮᠠᠰᠢᠨ ᠴᠤᠭᠴᠠᠯᠠᠪᠤᠷᠢ ᠶᠢᠨ ᠦᠢᠯᠡᠳᠬᠡᠯ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠎ ᠶᠢᠨ ᠬᠠᠮᠠᠭᠠᠯᠠᠯᠳᠠ ᠶᠢᠨ ᠲᠡᠯᠬᠡᠨ ᠦᠵᠡᠬᠦᠯᠬᠡ᠂ ᠰᠢᠨ᠎ᠠ ᠡᠨᠧᠷᠬᠢ ᠶᠢᠨ ᠲᠦᠰᠦᠯ᠂ ᠰᠢ ᠪᠸᠢ ᠢᠳᠡᠬᠡᠨ ᠤᠮᠳᠠᠭᠠᠨ ᠤ ᠲᠦᠬᠦᠬᠡᠢ ᠮᠠᠲ᠋ᠧᠷᠢᠶᠠᠯ ᠤᠨ ᠦᠢᠯᠡᠳᠪᠤᠷᠢᠯᠡᠯ ᠤᠨ ᠰᠠᠭᠤᠷᠢᠨ᠂ ᠹᠦ᠋ ᠶᠠᠩ ᠬᠦᠬᠦᠷ ᠦᠬᠡᠶᠢᠳᠡᠬᠦᠯᠦᠭᠰᠡᠨ ᠵᠤᠭᠠᠩ ᠢᠶᠠᠷ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠦᠢᠯᠡᠳᠪᠤᠷᠢᠯᠡᠬᠦ ᠦᠢᠯᠡᠰ᠂ ᠵᠦᠩ ᠪᠤᠤ ᠰᠢᠨ᠎ᠠ ᠬᠡᠯᠪᠡᠷᠢ ᠶᠢᠨ ᠪᠤᠭᠤᠳᠠᠯᠯᠠᠬᠤ ᠮᠠᠲ᠋ᠧᠷᠢᠶᠠᠯ ᠤᠨ ᠦᠢᠯᠡᠳᠪᠤᠷᠢᠯᠡᠯ᠂ ᠬᠤᠩ ᠵᠢᠢ ᠬᠤᠵᠢᠷ ᠤᠨ ᠦᠢᠯᠡᠰ ᠤᠨ ᠨᠡᠬᠡᠬᠡᠯᠳᠡ ᠵᠢᠴᠢ ᠤᠷᠢᠶᠠᠮᠠᠭ ᠵᠠᠮᠠᠭ ᠤᠨ ᠦᠢᠯᠡᠳᠪᠤᠷᠢᠯᠡᠯ᠂ ᠱᠠᠩᠳᠤ ᠴᠠᠬᠢᠯᠭᠠᠨ ᠦᠢᠯᠡᠳᠪᠤᠷᠢ ᠶᠢᠨ ᠲᠤᠯᠠᠭᠠᠯᠭ᠎ᠠ ᠬᠠᠩᠭᠠᠬᠤ ᠰᠢᠰᠲ᠋ᠧᠮ ᠳᠤ ᠦᠬᠡᠷᠡᠴᠢᠯᠡᠯᠳᠡ ᠬᠢᠬᠦ ᠪᠠ ᠰᠤᠶᠤᠯ ᠤᠨ ᠦᠢᠯᠡᠰ ᠤᠨ ᠰᠠᠭᠤᠷᠢᠨ ᠵᠡᠷᠬᠡ ᠲᠦᠰᠦᠯ ᠢ ᠪᠦᠬᠦ ᠲᠠᠯ᠎ᠠ ᠪᠠᠷ ᠵᠤᠬᠢᠴᠠᠭᠤᠯᠤᠨ ᠠᠬᠢᠭᠤᠯᠤᠭᠰᠠᠨ ᠪᠤᠯᠬᠤᠷ ᠡᠳᠡᠬᠡᠷ ᠲᠦᠰᠦᠯ ᠤᠨ ᠶᠡᠬᠡᠩᠬᠢ ᠳᠤ ᠨᠢ ᠪᠡᠯᠡ ᠤᠷᠤᠭᠤᠯᠵᠦ ᠲᠠᠭᠤᠰᠬᠠᠭᠰᠠᠨ ᠪᠦᠬᠡᠳ ᠦᠢᠯᠡᠳᠪᠤᠷᠢᠯᠡᠯ ᠡᠵᠡᠩᠨᠡᠯᠳᠡ ᠪᠠᠨ ᠡᠬᠢᠯᠡᠬᠦᠯᠦᠭᠰᠡᠨ ᠪᠠᠶᠢᠨ᠎ᠠ︔ ᠰᠢᠨ ᠵᠢᠩ ᠬᠡᠷᠡᠯ ᠤᠨ ᠬᠦᠴᠦᠳᠡᠯᠳᠦ ᠴᠠᠬᠢᠯᠭᠠᠨ ᠬᠦᠴᠦᠨ᠂ ᠬᠤᠸᠠ ᠳ᠋ᠢᠶᠠᠨ ᠴᠠᠬᠢᠯᠭᠠᠨ ᠬᠦᠴᠦᠨ᠂ ᠬᠦᠸᠧ ᠳ᠋ᠢᠶᠠᠨ ᠯᠦᠩ ᠶᠤᠸᠠᠨ ᠰᠠᠯᠬᠢᠨ ᠡᠨᠧᠷᠬᠢ ᠶᠢᠨ ᠴᠠᠬᠢᠯᠭᠠᠨ ᠬᠦᠴᠦᠨ ᠤ ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ᠂ ᠲᠠᠯ᠎ᠠ ᠨᠤᠳᠤᠭ ᠤᠨ ᠪᠠᠶᠢᠭᠠᠯᠢᠯᠢᠭ ᠮᠠᠯᠵᠢᠯ ᠨᠠᠷᠠᠮᠵᠢᠳᠦ ᠦᠨᠳᠦᠰᠦᠳᠡᠨ ᠤ ᠪᠦᠳᠦᠬᠡᠭᠳᠡᠬᠦᠨ ᠪᠤᠯᠤᠨ ᠰᠤᠶᠤᠯ ᠵᠢᠭᠤᠯᠴᠢᠯᠠᠯ ᠤᠨ ᠤᠷᠭᠠᠨᠢᠭ ᠤᠶᠠᠯᠳᠤᠯ ᠤᠨ ᠲᠦᠰᠦᠯ᠂ ᠵᠦᠩ ᠮᠢᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠶᠢ ᠲᠠᠬᠢᠨ ᠪᠠᠶᠢᠭᠤᠯᠬᠤ ᠲᠦᠰᠦᠯ᠂ ᠬᠤᠯᠠᠨ ᠰᠢᠷᠭ᠎ᠠ ᠲᠠᠭ᠎ᠠ ᠡᠯᠡᠰᠤ ᠮᠠᠩᠬᠠᠨ ᠤ ᠠᠮᠢ ᠠᠬᠤᠢ ᠵᠢᠭᠤᠯᠴᠢᠯᠠᠯ ᠰᠡᠯᠡᠬᠦᠴᠡᠯ ᠤᠨ ᠰᠠᠭᠤᠷᠢᠨ᠂ ᠰᠢᠯᠢ ᠶᠢᠨ ᠬᠤᠳᠠ ᠠᠴᠠ ᠪᠡᠭᠡᠵᠢᠩ ᠬᠦᠷᠬᠦ ᠲᠦᠷᠬᠡᠨ ᠵᠠᠮ ᠤᠨ ᠠᠶᠠᠨᠴᠢᠳ ᠤᠨ ᠲᠡᠮᠤᠷ ᠵᠠᠮ ᠎ ᠤᠨ ᠱᠤᠭᠤᠮ ᠵᠡᠷᠬᠡ ᠲᠦᠰᠦᠯ ᠤᠨ ᠡᠮᠤᠨᠡᠬᠢ ᠬᠤᠭᠤᠴᠠᠭᠠᠨ ᠤ ᠪᠡᠯᠡᠳᠬᠡᠯ ᠠᠵᠢᠯ ᠠᠮᠵᠢᠯᠳᠠ ᠲᠠᠢ ᠶᠠᠪᠤᠭᠳᠠᠵᠦ᠂ 2017 ᠤᠨ ᠳᠤ ᠪᠠᠷᠢᠯᠭ᠎ᠠ ᠡᠬᠢᠯᠡᠬᠦᠯᠬᠦ ᠶᠢᠨ ᠬᠠᠮᠳᠤ ᠵᠠᠷᠢᠮ ᠢ ᠨᠢ ᠡᠵᠡᠩᠨᠡᠯᠳᠡ ᠳᠤ ᠤᠷᠤᠭᠤᠯᠤᠨ᠎ᠠ᠃         ᠤᠯᠤᠰ ᠤᠨ ᠲᠦᠰᠦᠪ ᠤᠨ ᠬᠡᠪᠴᠢᠶᠠᠨ ᠳᠠᠬᠢ 20 ᠲᠦᠷᠦᠯ ᠤᠨ ᠲᠦᠰᠦᠯ ᠢ ᠡᠷᠮᠡᠯᠵᠡᠯᠡᠨ᠂ 2.53 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠤᠯᠬᠤ ᠪᠠᠷ ᠲᠦᠯᠦᠪᠯᠡᠵᠦ᠂ ᠠᠳᠠᠯᠢ ᠬᠤᠭᠤᠴᠠᠭᠠᠨ ᠤ ᠬᠢ ᠠᠴᠠ 0.5%᠎ ᠪᠠᠷ ᠨᠡᠮᠡᠭᠳᠡᠪᠡ᠃ ᠡᠬᠦᠨ ᠳᠤ᠂ ᠲᠠᠷᠢᠶᠠᠯᠠᠩ᠂ ᠮᠠᠯ ᠠᠵᠤ ᠠᠬᠤᠢ᠂ ᠤᠢ ᠰᠢᠭᠤᠢ᠂ ᠤᠰᠤᠨ ᠠᠰᠢᠭᠯᠠᠯᠳᠠ ᠶᠢᠨ ᠲᠦᠰᠦᠯ 8 ᠲᠦᠷᠦᠯ᠂ ᠨᠠᠶᠢᠳᠠ 0.54 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ ᠴᠠᠬᠢᠯᠭᠠᠨ ᠲᠤᠤᠷ ᠤᠨ ᠲᠦᠰᠦᠯ 1 ᠲᠦᠷᠦᠯ᠂ ᠨᠠᠶᠢᠳᠠ 0.01 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ︔ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠦᠰᠦᠯ 4 ᠲᠦᠷᠦᠯ᠂ ᠨᠠᠶᠢᠳᠠ 0.21 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ︔ ᠲᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ ᠰᠢᠰᠲ᠋ᠧᠮ᠂ ᠬᠠᠤᠯᠢ ᠴᠠᠭᠠᠵᠠ ᠶᠢᠨ ᠬᠠᠮᠢᠶᠠᠳᠠᠢ 3 ᠲᠦᠷᠦᠯ ᠤᠨ ᠲᠦᠰᠦᠯ ᠎ ᠳᠤ 0.11 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠪᠠ︔ ᠨᠡᠶᠢᠬᠡᠮ ᠤᠨ ᠠᠵᠤ ᠦᠢᠯᠡᠰ ᠤᠨ ᠬᠠᠮᠢᠶᠠᠳᠠᠢ 3 ᠲᠦᠷᠦᠯ ᠳᠤ 0.67 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠪᠠ︔ ᠪᠤᠰᠤᠳ ᠵᠦᠢᠯ ᠤᠨ ᠲᠦᠰᠦᠯ ᠨᠢᠬᠡ ᠲᠦᠷᠦᠯ ︵ ᠱᠠᠩᠳᠤ ᠴᠠᠬᠢᠯᠭᠠᠨ ᠦᠢᠯᠡᠳᠪᠤᠷᠢ ᠶᠢᠨ ᠲᠤᠯᠠᠭᠠᠯᠭ᠎ᠠ ᠬᠠᠩᠭᠠᠬᠤ ᠰᠢᠰᠲ᠋ᠧᠮ ᠳᠤ ᠦᠬᠡᠷᠡᠴᠢᠯᠡᠯᠳᠡ ᠬᠢᠬᠦ︶᠎ ᠳᠤ 0.14 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠪᠠ᠃ ᠮᠠᠨ ᠤ ᠬᠤᠰᠢᠭᠤᠨ ᠤ ᠬᠦᠭᠵᠢᠯᠳᠡ ᠶᠢᠨ ᠲᠠᠪᠠᠭᠤᠯᠢᠭ᠂ ᠠᠵᠤ ᠦᠢᠯᠡᠰ ᠤᠨ ᠪᠠᠶᠢᠷᠢᠯᠠᠭᠤᠯᠤᠯᠳᠠ ᠪᠠ ᠬᠡᠯᠪᠡᠷᠢ ᠶᠢᠨ ᠬᠤᠪᠢᠷᠠᠭᠠᠯᠳᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠰᠢᠯᠤᠭᠤᠨ ᠬᠦᠬᠡ ᠬᠤᠰᠢᠭᠤᠨ ᠤ 2017 ᠤᠨ ᠠᠴᠠ 2019 ᠤᠨ ᠪᠤᠯᠳᠠᠯᠠᠬᠢ ᠭᠤᠷᠪᠠᠨ ᠵᠢᠯ ᠤᠨ ᠬᠤᠭᠤᠴᠠᠭᠠᠨ ᠳᠤ ᠬᠡᠷᠡᠭᠵᠢᠬᠦᠯᠦᠭᠳᠡᠬᠦ 8 ᠲᠦᠷᠦᠯ ᠤᠨ 120 ᠵᠦᠢᠯ ᠤᠨ ᠭᠤᠤᠯᠳᠠᠯᠭ᠎ᠠ ᠲᠠᠢ ᠲᠦᠰᠦᠯ ᠢ ᠨᠠᠶᠢᠳᠠᠪᠤᠷᠢᠵᠢᠭᠤᠯᠤᠨ᠂ ᠨᠠᠶᠢᠳᠠ 752 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠪᠡ᠃ ᠡᠬᠦᠨ ᠎ ᠳᠤ᠂ ᠰᠠᠭᠤᠷᠢ ᠪᠦᠳᠦᠬᠡᠨ ᠪᠠᠶᠢᠭᠤᠯᠤᠯᠳᠠ ᠶᠢᠨ ᠲᠦᠰᠦᠯ 31 ᠵᠦᠢᠯ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠲᠦᠰᠦᠯ 2 ᠵᠦᠢᠯ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠰᠦᠯ 11 ᠵᠦᠢᠯ᠂ ᠰᠢᠨ᠎ᠡ ᠬᠡᠯᠪᠡᠷᠢ ᠎ ᠶᠢᠨ ᠠᠵᠤ ᠦᠢᠯᠡᠳᠪᠤᠷᠢ ᠶᠢᠨ ᠲᠦᠰᠦᠯ 15 ᠵᠦᠢᠯ᠂ ᠰᠤᠶᠤᠯ ᠵᠢᠭᠤᠯᠴᠢᠯᠠᠯ ᠤᠨ ᠲᠦᠰᠦᠯ 14 ᠵᠦᠢᠯ᠂ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠠ ᠪᠠᠷ ᠬᠦᠭᠵᠢᠵᠦ ᠪᠠᠶᠢᠭ᠎ᠠ ᠠᠵᠦ ᠦᠢᠯᠡᠰ ᠤᠨ ᠲᠦᠰᠦᠯ 12 ᠵᠦᠢᠯ᠂ ᠨᠡᠶᠢᠬᠡᠮ ᠤᠨ ᠠᠵᠦ ᠦᠢᠯᠡᠰ ᠤᠨ ᠲᠦᠰᠦᠯ 26 ᠵᠦᠢᠯ᠂ ᠠᠷᠠᠳ ᠤᠨ ᠠᠮᠢᠳᠤᠷᠠᠯ ᠳᠤ ᠬᠤᠯᠪᠤᠭᠳᠠᠬᠤ ᠲᠦᠰᠦᠯ 9 ᠵᠦᠢᠯ ᠪᠠᠭᠳᠠᠨ᠎ᠠ᠃         ᠠᠷᠠᠯᠵᠢᠶᠠᠴᠢᠨ ᠤᠷᠢᠵᠦ ᠪᠡᠯᠡ ᠲᠠᠳᠠᠬᠤ ᠬᠦᠴᠦᠯᠡᠴᠡ ᠪᠠᠨ ᠨᠡᠮᠡᠭᠳᠡᠬᠦᠯᠦᠨ᠂ ᠲᠤᠰ ᠵᠢᠯ ᠳᠤ ᠨᠠᠶᠢᠳᠠ 46 ᠵᠦᠢᠯ ᠤᠨ ᠲᠦᠰᠦᠯ ᠳᠤ ᠪᠡᠯᠡ ᠲᠠᠳᠠᠨ᠂ ᠠᠶᠢᠮᠠᠭ ᠤᠨ ᠭᠠᠳᠠᠨᠠᠬᠢ ᠪᠡᠯᠡ ᠮᠦᠩᠬᠦ ᠶᠢ ᠨᠠᠶᠢᠳᠠ 33.5 ᠳ᠋ᠦᠩᠰᠢᠭᠤᠷ ᠲᠦᠬᠦᠷᠢᠭ ᠲᠠᠳᠠᠨ ᠠᠪᠴᠢᠷᠠᠵᠦ᠂ ᠲᠤᠰ ᠵᠢᠯ ᠤᠨ ᠡᠬᠦᠷᠬᠡ ᠪᠠᠨ 101.2%᠎ ᠪᠠᠷ ᠪᠡᠶᠡᠯᠡᠬᠦᠯᠪᠡ᠂ ᠡᠬᠦᠨ ᠳᠤ᠂ ᠤᠷᠤᠨ ᠎ ᠤ ᠭᠠᠳᠠᠨᠠᠬᠢ ᠲᠦᠰᠦᠯ ︵ᠦᠷᠬᠦᠯᠵᠢᠯᠡᠨ ᠪᠠᠶᠢᠭᠤᠯᠬᠤ ᠲᠦᠰᠦᠯ ᠢ ᠪᠠᠭᠳᠠᠭᠠᠨ᠎ᠠ︶ 18 ᠵᠦᠢᠯ ᠪᠠᠶᠢᠵᠦ᠂ 18.9 ᠳ᠋ᠦᠩᠰᠢᠭᠤᠷ ᠲᠦᠬᠦᠷᠢᠭ ᠤᠨ ᠪᠡᠯᠡ ᠶᠢ ᠲᠠᠳᠠᠨ ᠠᠪᠴᠢᠷᠠᠭᠰᠠᠨ ᠪᠠᠶᠢᠨ᠎ᠠ᠃ ᠪᠡᠭᠡᠵᠢᠩ᠂ ᠲᠢᠶᠠᠨᠵᠢᠨ᠂ ᠴᠧᠩᠳᠦ᠋᠂ ᠱᠧᠨ᠋ᠵᠧᠨ ᠵᠡᠷᠬᠡ ᠭᠠᠵᠠᠷ ᠤᠷᠤᠨ ᠢᠶᠠᠷ ᠤᠷᠢᠳ ᠬᠤᠵᠢᠳ ᠬᠦᠷᠴᠦ ᠲᠦᠰᠦᠯ ᠤᠨ ᠲᠤᠬᠠᠢ 6 ᠤᠳᠠᠭᠠᠨ ᠤ ᠶᠠᠷᠢᠯᠴᠠᠭ᠎ᠠ ᠬᠢᠵᠦ᠂ ᠭᠠᠳᠠᠨ᠎ᠠ ᠤᠷᠤᠨ ᠠᠴᠠ ᠬᠦᠷᠦᠯᠴᠡᠨ ᠢᠷᠡᠭᠰᠡᠨ ᠠᠷᠠᠯᠵᠢᠶᠠᠴᠢᠨ ᠢ 120 ᠭᠠᠷᠤᠢ ᠬᠦᠮᠦᠨ ᠤᠳᠠᠭ᠎ᠠ ᠤᠭᠳᠤᠨ ᠵᠤᠴᠢᠯᠠᠪᠠ᠃ ᠠᠮᠧᠷᠢᠺᠡ ᠶᠢᠨ ᠬᠤᠯᠪᠤᠭᠠᠨ ᠤ ᠠᠭᠠᠷ ᠰᠠᠨᠰᠠᠷ ᠤᠨ ᠬᠤᠪᠢ ᠤᠷᠤᠭᠤᠯᠤᠯᠳᠠ ᠶᠢ ᠡᠷᠬᠡᠰᠢᠶᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠬᠤᠸᠠ ᠨᠧᠩ ᠰᠢᠯᠤᠭᠤᠨ ᠬᠦᠬᠡ ᠬᠤᠰᠢᠭᠤᠨ ᠤ ᠰᠢᠨ᠎ᠠ ᠡᠨᠧᠷᠬᠢ ᠶᠢᠨ ᠴᠠᠬᠢᠯᠭᠠᠨ ᠭᠠᠷᠭᠠᠬᠤ ᠬᠢᠵᠠᠭᠠᠷᠳᠤ ᠺᠤᠮᠫᠠᠨᠢ᠂ ᠬᠤᠸᠠ ᠷᠦᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠺᠤᠮᠫᠠᠨᠢ ᠶᠢᠨ ᠦᠪᠦᠷ ᠮᠤᠩᠭᠤᠯ ᠎ ᠳᠠᠬᠢ ᠬᠤᠪᠢᠶᠠᠷᠢ ᠺᠤᠮᠫᠠᠨᠢ᠂ ᠦᠪᠦᠷ ᠮᠤᠩᠭᠤᠯ ᠤᠨ ᠡᠨᠧᠷᠬᠢ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ᠂ 960 ᠪᠦᠯᠦᠭᠯᠡᠯᠳᠦ ᠬᠠᠮᠢᠶᠠᠷᠤᠯᠳᠠ ᠶᠢᠨ ᠲᠦᠪ᠂ ᠪᠡᠭᠡᠵᠢᠩ ᠤᠨ ᠮᠠᠶᠢᠯᠠᠰᠤ ᠺᠢᠨᠤ᠋ ᠵᠢᠷᠤᠭᠯᠠᠯ ᠰᠤᠶᠤᠯ ᠤᠨ ᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠠᠽᠢᠶ᠎ᠠ ᠲᠢᠪ ᠤᠨ BAJA ᠮᠠᠰᠢᠨ ᠲᠡᠷᠭᠡᠨ ᠤ ᠬᠡᠬᠡᠷ᠎ᠡ ᠶᠢᠨ ᠠᠶᠠᠯᠠᠯ ᠤᠨ ᠤᠷᠤᠯᠳᠤᠭᠠᠨ ᠤ ᠪᠡᠯᠡᠳᠬᠡᠯ ᠵᠦᠪᠯᠠᠯ᠂ ᠦᠪᠦᠷ ᠮᠤᠩᠭᠤᠯ ᠤᠨ ᠾᠦᠢ ᠯᠢ ᠳ᠋ᠦᠸᠧ ᠢᠳᠡᠬᠡᠨ ᠤ ᠵᠦᠢᠯ ᠤᠨ ᠬᠢᠵᠠᠭᠠᠷᠳᠤ ᠺᠤᠮᠫᠠᠨᠢ ᠵᠡᠷᠬᠡ 8 ᠠᠵᠤ ᠠᠬᠤᠶᠢᠯᠠᠯ ᠲᠠᠢ ᠬᠠᠮᠳᠤᠷᠠᠯᠴᠠᠭᠠᠨ ᠤ ᠬᠡᠷ᠎ᠡ ᠲᠤᠭᠳᠠᠪᠠ᠃ ᠲᠦᠰᠦᠯ ᠤᠨ ᠬᠦᠮᠦᠷᠬᠡ ᠶᠢᠨ ᠪᠠᠶᠢᠭᠤᠯᠤᠯᠳᠠ ᠶᠢ ᠤᠯᠠᠮ ᠢᠶᠠᠷ ᠲᠡᠬᠦᠯᠳᠡᠷᠵᠢᠬᠦᠯᠦᠨ᠂ ᠠᠷᠠᠯᠵᠢᠶᠠᠴᠢᠨ ᠤᠷᠢᠵᠦ ᠪᠡᠯᠡ ᠲᠠᠳᠠᠬᠤ 80 ᠲᠦᠷᠦᠯ ᠤᠨ ᠭᠤᠤᠯᠳᠠᠯᠭ᠎ᠠ ᠲᠠᠢ ᠲᠦᠰᠦᠯ ᠢ ᠲᠦᠰᠦᠪᠯᠡᠨ᠂ 2015 ᠤᠨ ᠤ ᠬᠢ ᠠᠴᠠ 12 ᠲᠦᠷᠦᠯ ᠨᠡᠮᠡᠭᠳᠡᠨ᠂ ᠠᠶᠢᠮᠠᠭ ᠤᠨ ᠠᠷᠠᠯᠵᠢᠶᠠᠴᠢᠨ ᠤᠷᠢᠵᠦ ᠪᠡᠯᠡ ᠲᠠᠳᠠᠬᠤ ᠲᠤᠪᠴᠢᠶᠠᠨ ᠳᠤ 15 ᠲᠦᠷᠦᠯ ᠤᠨ ᠲᠦᠰᠦᠯ ᠢ ᠮᠡᠳᠡᠬᠦᠯᠦᠨ᠂ ᠰᠢᠯᠤᠭᠤᠨ ᠬᠦᠬᠡ ᠬᠤᠰᠢᠭᠤᠨ ᠤ ᠠᠷᠠᠯᠵᠢᠶᠠᠴᠢᠨ ᠤᠷᠢᠬᠤ ᠡᠯᠧᠺᠲᠷᠤᠨ ᠲᠠᠩᠰᠠᠯᠠᠯ ᠢ ᠲᠦᠰᠦᠪᠯᠡᠨ ᠬᠦᠢᠴᠡᠳᠭᠡᠭᠰᠡᠨ ᠪᠠᠶᠢᠨ᠎ᠠ᠃         ᠭᠤᠷᠪᠠ᠂ ᠰᠤᠶᠤᠯ ᠵᠢᠭᠤᠯᠴᠢᠯᠠᠯ ᠤᠨ ᠦᠢᠯᠡᠰ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠰᠤᠶᠤᠯ ᠵᠢᠭᠤᠯᠴᠢᠯᠠᠯ ᠤᠨ ᠦᠢᠯᠡᠰ ᠤᠨ ᠤᠷᠭᠠᠨᠢᠭ ᠬᠦᠭᠵᠢᠯᠳᠡ ᠶᠢ ᠠᠬᠢᠭᠤᠯᠪᠠ         ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠤᠷᠤᠨ ᠪᠠᠶᠢᠷᠢᠰᠢᠯ ᠤᠨ ᠲᠠᠪᠠᠭᠤᠯᠢᠭ᠂ ᠵᠠᠮ ᠬᠠᠷᠢᠯᠴᠠᠭᠠᠨ ᠤ ᠲᠦᠬᠦᠮ ᠲᠦᠳᠡ ᠤᠨᠴᠠᠯᠢᠭ ᠲᠤ ᠰᠠᠭᠤᠷᠢᠯᠠᠨ᠂ ᠦᠨᠳᠦᠰᠦᠳᠠᠨ ᠤ ᠰᠤᠶᠤᠯ ᠤᠨ ᠲᠡᠯᠬᠡᠨ ᠦᠵᠡᠬᠦᠯᠬᠡ᠂ ᠰᠤᠶᠤᠯ ᠵᠢᠭᠤᠯᠴᠢᠯᠠᠯ ᠤᠨ ᠦᠢᠯᠡᠰ᠂ ᠦᠨᠳᠦᠰᠦᠳᠡᠨ ᠤ ᠬᠤᠪᠴᠠᠰᠦ ᠵᠠᠰᠠᠯ᠂ ᠦᠨᠳᠦᠰᠦᠳᠡᠨ ᠤ ᠤᠨᠴᠠᠯᠢᠭᠳᠤ ᠭᠠᠷ ᠤᠷᠠᠯᠠᠯ ᠤᠨ ᠦᠢᠯᠡᠳᠬᠡᠯ ᠪᠤᠷᠤᠯᠠᠭᠤᠯᠭ᠎ᠠ᠂ ᠦᠨᠳᠦᠰᠦᠳᠡᠨ ᠤ ᠤᠨᠴᠠᠯᠢᠭᠳᠤ ᠢᠳᠡᠬᠡᠨ ᠤᠮᠳᠠᠭᠠᠨ ᠤ ᠰᠤᠶᠤᠯ ᠤᠨ ᠦᠢᠯᠡᠰ ᠵᠡᠷᠬᠡ ᠲᠠᠪᠤᠨ ᠶᠡᠭᠡ ᠠᠵᠦ ᠦᠢᠯᠡᠰ ᠢ ᠬᠦᠴᠦᠯᠡᠨ ᠬᠦᠭᠵᠢᠬᠦᠯᠵᠦ᠂ ᠰᠤᠶᠤᠯ ᠵᠢᠭᠤᠯᠴᠢᠯᠠᠯ ᠤᠨ ᠤᠷᠭᠠᠨᠢᠭ ᠬᠦᠭᠵᠢᠯᠳᠡ ᠶᠢ ᠲᠦᠷᠬᠡᠳᠬᠡᠪᠡ᠃ ᠮᠤᠩᠭᠤᠯ ᠬᠤᠪᠴᠠᠰᠤ ᠵᠠᠰᠠᠯ ᠤᠨ ᠲᠦᠰᠦᠪᠯᠡᠯ᠂ ᠦᠢᠯᠡᠳᠬᠡᠯ᠂ ᠦᠵᠡᠬᠦᠯᠬᠡ ᠲᠤᠭᠯᠠᠯᠳᠠ  ᠪᠤᠷᠤᠯᠠᠭᠤᠯᠭ᠎ᠠ ᠶᠢᠨ ᠠᠵᠦ ᠦᠢᠯᠡᠰ ᠤᠨ ᠬᠡᠯᠬᠢᠶ᠎ᠡ ᠨᠢᠬᠡᠨᠳᠡ ᠠᠩᠬ᠎ᠠ ᠠᠯᠬᠤᠮ ᠪᠦᠷᠢᠯᠳᠦᠭᠰᠡᠨ ᠪᠠᠶᠢᠨ᠎ᠠ᠃ ︽ᠲᠤᠮᠳᠠᠳᠤ ᠤᠯᠤᠰ ᠤᠨ ᠴᠠᠭᠠᠨ ᠢᠳᠡᠬᠡᠨ ᠤ ᠰᠤᠶᠤᠯ ᠤᠨ ᠤᠷᠤᠨ︾ ᠬᠡᠬᠦ ᠨᠡᠷᠡᠳᠦ ᠲᠡᠮᠳᠡᠭ ᠤᠨ ᠲᠠᠪᠠᠭᠤᠯᠢᠭ ᠲᠤ ᠲᠦᠰᠢᠭᠯᠡᠨ ᠴᠠᠭᠠᠨ ᠢᠳᠡᠬᠡᠨ ᠤ ᠡᠳ᠋ᠰᠢᠬᠦᠯᠦᠯᠳᠡ  ᠪᠤᠷᠤᠯᠠᠭᠤᠯᠭ᠎ᠠ ᠶᠢᠨ 20 ᠭᠠᠷᠤᠢ ᠠᠵᠤ ᠠᠬᠤᠶᠢᠯᠠᠯ ᠢ ᠬᠦᠭᠵᠢᠬᠦᠯᠦᠨ᠂ ᠪᠠᠭ᠎ᠠ ᠬᠡᠯᠪᠡᠷᠢ ᠶᠢᠨ ᠴᠠᠭᠠᠨ ᠢᠳᠡᠬᠡᠨ ᠤ ᠦᠢᠯᠡᠳᠪᠤᠷᠢᠯᠡᠯ ᠤᠨ ᠭᠠᠵᠠᠷ 100 ᠭᠠᠷᠤᠢ ᠳᠤ ᠬᠦᠷᠴᠦ᠂ ᠬᠦᠳᠡᠭᠡ ᠲᠤᠰᠬᠤᠨ ᠤ ᠢᠯᠡᠬᠦᠦ ᠬᠦᠳᠡᠯᠮᠦᠷᠢ ᠬᠦᠴᠦ ᠪᠠ ᠠᠵᠢᠯ ᠠᠴᠠ ᠪᠠᠨ ᠪᠠᠭᠤᠭᠰᠠᠨ ᠠᠵᠢᠯᠳᠠᠨ ᠵᠡᠷᠬᠡ 1000 ᠭᠠᠷᠤᠢ ᠬᠦᠮᠦᠨ ᠤ ᠠᠵᠢᠯ ᠤᠯᠭᠤᠯᠳᠠ ᠳᠤ ᠲᠤᠰᠠᠯᠠᠵᠦ ᠴᠢᠳᠠᠪᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠪᠠᠷ ᠲᠦᠪ ᠪᠤᠯᠭᠠᠨ᠂ ᠰᠤᠶᠤᠯ ᠵᠢᠭᠤᠯᠴᠢᠯᠠᠯ ᠤᠨ ᠦᠢᠯᠡᠰ ᠤᠨ ᠤᠷᠭᠠᠨᠢᠭ ᠬᠦᠭᠵᠢᠯᠳᠡ ᠶᠢ ᠲᠦᠷᠬᠡᠳᠬᠡᠪᠡ᠃ ︽ᠰᠢᠯᠤᠭᠤᠨ ᠬᠦᠬᠡ ᠬᠤᠰᠢᠭᠤᠨ ᠤ ᠪᠦᠬᠦ ᠬᠡᠪᠴᠢᠶᠡᠨ ᠤ ᠵᠢᠭᠤᠯᠴᠢᠯᠠᠯ ᠤᠨ ᠦᠢᠯᠡᠰ ᠤᠨ ᠶᠡᠷᠤᠩᠬᠡᠢ ᠲᠦᠰᠦᠪ︾᠂ ︽ᠰᠤᠶᠤᠯ ᠵᠢᠭᠤᠯᠴᠢᠯᠠᠯ ᠤᠨ ᠠᠵᠦ ᠦᠢᠯᠡᠰ ᠤᠨ ᠲᠦᠪᠯᠡᠷᠡᠭᠰᠡᠨ ᠤᠷᠤᠨ ᠳᠠᠬᠢ ᠨᠡᠷᠢᠨ ᠲᠦᠷᠢᠮ︾ ᠵᠡᠷᠬᠡ ᠲᠦᠰᠦᠪ ᠲᠦᠯᠦᠪᠯᠡᠭᠡ ᠪᠤᠯᠤᠨ ︽ᠦᠵᠡᠮᠵᠢᠳᠦ ᠤᠷᠤᠨ᠂ ᠦᠵᠡᠮᠵᠢ ᠶᠢᠨ ᠴᠢᠭ ᠤᠨ ᠪᠠᠶᠢᠭᠤᠯᠤᠯᠳᠠ ᠶᠢᠨ ᠬᠢᠨᠠᠨ ᠵᠦᠪᠰᠢᠶᠡᠷᠡᠯ ᠪᠠ ᠲᠦᠷᠢᠮ ᠤᠨ ᠬᠠᠮᠢᠶᠠᠷᠤᠯᠳᠠ ᠶᠢᠨ ᠠᠷᠭ᠎ᠠ︾᠂ ︽ᠮᠠᠯᠴᠢᠨ ᠠᠶᠢᠯ ᠤᠨ ᠵᠢᠭᠤᠯᠴᠢᠯᠠᠯ ᠤᠨ ᠭᠠᠵᠠᠷ ︵ᠲᠠᠷᠢᠶᠠᠴᠢᠨ ᠡᠷᠦᠬᠡ ᠶᠢᠨ ᠵᠢᠭᠤᠯᠴᠢᠯᠠᠯ︶᠎ ᠲᠤ ᠦᠨᠡᠯᠡᠯᠳᠡ ᠬᠢᠬᠦ ᠪᠠ ᠱᠠᠩᠨᠠᠨ ᠬᠦᠬᠢᠬᠦᠯᠬᠦ ᠠᠵᠢᠯ ᠤᠨ ᠲᠦᠷᠢᠮ︾᠂ ︽ᠰᠢᠯᠤᠭᠤᠨ ᠬᠦᠬᠡ ᠬᠤᠰᠢᠭᠤᠨ ᠤ ᠵᠢᠭᠤᠯᠴᠢᠯᠠᠯ ᠤᠨ ᠦᠵᠡᠮᠵᠢ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠷᠭ᠎ᠠ︾ ᠵᠡᠷᠬᠡ ᠲᠦᠷᠢᠮ ᠲᠤᠭᠳᠠᠭᠠᠯ ᠢ ᠲᠤᠭᠳᠠᠭᠠᠨ ᠬᠡᠷᠡᠭᠵᠢᠬᠦᠯᠵᠦ᠂ ᠵᠢᠭᠤᠯᠴᠢᠯᠠᠯ ᠤᠨ ᠦᠵᠡᠮᠵᠢ ᠶᠢᠨ ᠤᠷᠤᠨ ᠪᠠ ︽ᠮᠠᠯᠴᠢᠨ ᠠᠶᠢᠯ ᠤᠨ ᠵᠢᠭᠤᠯᠴᠢᠯᠠᠯ ᠤᠨ ᠭᠠᠵᠠᠷ︾᠎ ᠤᠨ ᠡᠵᠡᠩᠨᠡᠨ ᠬᠠᠮᠢᠶᠠᠷᠤᠯᠳᠠ ᠶᠢ ᠲᠦᠷᠢᠮᠵᠢᠬᠦᠯᠵᠦ᠂ ᠲᠠᠯ᠎ᠠ ᠨᠤᠳᠤᠭ ᠤᠨ ᠵᠢᠭᠤᠯᠴᠢᠯᠠᠯ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠂ 116 ᠡᠷᠦᠬᠡ ︽ᠮᠠᠯᠴᠢᠨ ᠠᠶᠢᠯ ᠤᠨ ᠵᠢᠭᠤᠯᠴᠢᠯᠠᠯ ᠤᠨ ᠭᠠᠵᠠᠷ︾᠎ ᠢ ᠬᠠᠪᠰᠤᠷᠤᠨ ᠬᠦᠭᠵᠢᠬᠦᠯᠦᠭᠰᠡᠨ ᠪᠠᠶᠢᠨ᠎ᠠ᠃         ᠪᠦᠬᠦ ᠠᠶᠢᠮᠠᠭ ᠤᠨ ᠵᠢᠭᠤᠯᠴᠢᠯᠠᠯ ᠤᠨ ᠦᠢᠯᠡᠰ ᠢ ᠲᠠᠨᠢᠯᠴᠠᠭᠤᠯᠤᠨ ᠠᠬᠢᠭᠤᠯᠬᠤ ᠬᠤᠷᠠᠯ ᠢ ᠳᠠᠭᠠᠭᠠᠴᠢᠯᠠᠨ ᠬᠤᠷᠠᠯᠳᠣᠭᠤᠯᠵᠤ᠂ ᠠᠷᠪᠠᠨ ᠭᠤᠷᠪᠠᠳᠣᠭᠠᠷ ᠬᠤᠭᠤᠴᠠᠭᠠᠨ ᠤ ᠮᠦᠩᠬᠦᠨ ᠡᠪᠤᠯ ᠤᠨ ᠲᠡᠮᠡᠭᠡᠨ ᠰᠣᠶᠣᠯ ᠤᠨ ᠨᠠᠭᠠᠳᠣᠮ᠂  ᠤᠯᠠᠭᠠᠨ ᠪᠠᠴᠢᠨ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ᠂ ᠶᠢᠰᠦᠳᠦᠭᠡᠷ ᠬᠤᠭᠤᠴᠠᠭᠠᠨ ᠤ ︽ᠴᠬᠠᠠᠷ︾ ᠴᠠᠭᠠᠨ ᠢᠳᠡᠭᠡᠨ ᠤ ᠨᠡᠶᠢᠷ ᠵᠡᠷᠭᠡ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠠᠮᠵᠢᠯᠳᠠᠢ ᠦᠷᠨᠢᠭᠦᠯᠵᠦ᠂ ᠠᠷᠠᠳ ᠣᠯᠠᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠵᠤ᠂ ᠭᠠᠳᠠᠭᠠᠳᠤ ᠣᠬᠠᠭᠤᠯᠭ᠎ᠠ ᠶᠢᠨ ᠲᠠᠯ᠎ᠠ ᠪᠠᠷ ᠣᠬᠢ ᠰᠠᠶᠢᠨ ᠦᠷ᠎ᠡ ᠪᠦᠳᠦᠮᠵᠢ ᠣᠯᠪᠠ᠃ ᠪᠤᠳᠠᠰ ᠤᠨ ᠪᠤᠰᠣ ᠰᠣᠶᠣᠯ ᠤᠨ ᠦᠪ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠨ᠂ ᠣᠯᠣᠰ᠂ ᠦᠪᠡᠷᠳᠡᠭᠡᠨ ᠵᠠᠰᠠᠬᠤ ᠤᠷᠤᠨ᠂ ᠠᠶᠢᠮᠠᠭ᠂ ᠬᠤᠰᠢᠭᠤᠨ ᠤ ᠲᠡᠰ ᠤᠨ ᠪᠤᠳᠠᠰ ᠤᠨ ᠪᠤᠰᠣ ᠰᠣᠶᠣᠯ ᠤᠨ ᠦᠪ ᠤᠨ ᠲᠦᠷᠦᠯ ᠵᠦᠢᠯ ᠨᠢ ᠲᠤᠰ ᠪᠦᠷᠢ 2᠂ 15᠂ 24᠂ 63᠎ ᠳᠤ ᠬᠦᠷᠪᠡ᠃ ᠶᠤᠸᠠᠨ ᠤ ᠲᠡᠭᠡᠳᠦ ᠨᠡᠶᠢᠰᠯᠠᠯ ᠤᠨ ᠰᠣᠶᠣᠯ ᠵᠢᠭᠤᠯᠴᠢᠯᠠᠯ ᠎ ᠤᠨ ᠠᠵᠤ ᠦᠢᠯᠡᠰ ᠤᠨ ᠬᠦᠷᠢᠶᠡᠯᠡᠩ ᠤᠨ ᠲᠦᠰᠦᠯ ᠢ ᠡᠬᠢᠯᠡᠭᠦᠯᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠣᠯᠣᠰ ᠤᠨ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠬᠤ ᠡᠷᠡᠮᠵᠡᠯᠡᠯ ᠤᠨ ᠹᠢᠯᠢᠮ ᠢ ᠦᠢᠯᠡᠳᠦᠨ ᠭᠦᠢᠴᠡᠳᠭᠡᠪᠡ᠃ ᠵᠢᠭᠤᠯᠴᠢᠯᠠᠯ ᠤᠨ ᠬᠠᠮᠢᠶᠠᠳᠠᠢ ᠣᠬᠠᠭᠤᠯᠭ᠎ᠠ ᠰᠤᠷᠳᠠᠯᠴᠢᠯᠠᠭᠠᠨ ᠤ ᠠᠵᠢᠯ ᠤᠨ ᠡᠷᠴᠢᠮ ᠢ ᠴᠢᠩᠭᠠᠳᠬᠠᠨ᠂ ᠮᠠᠨ ᠤ ᠬᠤᠰᠢᠭᠤᠨ ᠤ ᠵᠢᠭᠤᠯᠴᠢᠯᠠᠯ ᠤᠨ ᠨᠡᠷᠡᠳᠦ ᠲᠡᠮᠳᠡᠭ ᠪᠠ ᠨᠦᠯᠦᠬᠡᠯᠡᠬᠦ ᠬᠦᠴᠦᠨ ᠢ ᠳᠠᠰᠣᠷᠠᠯᠳᠠ ᠦᠭᠡᠢ ᠲᠡᠭᠡᠭᠰᠢᠯᠡᠭᠦᠯᠵᠦ᠂ ᠲᠤᠰ ᠵᠢᠯ ᠳᠤ ᠣᠯᠣᠰ ᠤᠨ ᠳᠣᠳᠣᠭᠠᠳᠣ ᠭᠠᠳᠠᠭᠠᠳᠣ ᠶᠢᠨ 65 ᠲᠦᠮᠡᠨ ᠵᠢᠭᠤᠯᠴᠢᠨ ᠢ ᠤᠭᠳᠤᠨ ᠵᠤᠴᠢᠯᠠᠵᠦ᠂ 4.5 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠬᠠᠮᠢᠶᠠᠳᠠᠢ ᠤᠷᠤᠯᠭ᠎ᠠ ᠶᠢ ᠡᠬᠦᠳᠦᠨ᠂ ᠲᠦᠷᠦᠬᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 21.2% ᠪᠠ 40.6%᠎ ᠪᠠᠷ ᠨᠡᠮᠡᠭᠳᠡᠪᠡ᠃         ᠲᠦᠷᠪᠡ᠂ ᠡᠳ᠋ ᠤᠨ ᠵᠠᠰᠠᠭ ᠤᠨ ᠲᠦᠰᠦᠪ ᠤᠨ ᠲᠤᠬᠠᠢ         ︵ᠨᠢᠭᠡ︶ ᠰᠢᠨ᠎ᠡ ︽ᠲᠦᠰᠦᠪ ᠤᠨ ᠲᠦᠷᠢᠮ︾᠎ ᠢ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠬᠠᠣᠯᠢ ᠶᠤᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠦᠵᠡᠯᠳᠡ ᠶᠢ ᠴᠢᠩᠭᠠᠳᠬᠠᠪᠠ         2016 ᠣᠨ ᠳᠤ᠂ ᠰᠢᠨ᠎ᠡ ︽ᠲᠦᠰᠦᠪ ᠤᠨ ᠲᠦᠷᠢᠮ︾᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠣᠬᠠᠭᠤᠯᠵᠤ᠂ ᠰᠢᠨ᠎ᠠ ᠶᠢ ᠡᠬᠦᠳᠬᠦ ᠠᠯᠬᠤᠴᠠ ᠪᠠᠨ ᠲᠦᠷᠬᠡᠳᠬᠡᠨ᠂ ᠰᠢᠨ᠎ᠡ ᠴᠠᠭ ᠤᠨ ᠬᠦᠭᠵᠢᠯᠳᠡ ᠶᠢᠨ ᠪᠠᠶᠢᠳᠠᠯ ᠳᠤ ᠲᠤᠬᠢᠷᠠᠬᠤ ᠡᠳ᠋ ᠤᠨ ᠵᠠᠰᠠᠭ ᠤᠨ ᠠᠵᠢᠯ ᠤᠨ ᠳᠣᠭᠳᠠᠯᠴᠠᠭ᠎ᠠ ᠶᠢ ᠲᠡᠬᠦᠯᠳᠡᠷᠵᠢᠬᠦᠯᠦᠨ᠂ ᠲᠦᠰᠦᠪ ᠤᠨ ᠲᠤᠬᠠᠢ ᠳᠣᠭᠳᠠᠯᠴᠠᠭᠠᠨ ᠤ ᠦᠭᠡᠷᠡᠴᠢᠯᠡᠯᠳᠡ ᠶᠢ ᠳᠠᠰᠣᠷᠠᠯᠳᠠ ᠦᠭᠡᠢ ᠬᠦᠨᠵᠡᠭᠡᠶᠢᠷᠡᠭᠦᠯᠪᠡ᠃ ᠲᠦᠰᠦᠪ ᠲᠤᠭᠳᠠᠭᠠᠬᠤ  ᠳᠣᠭᠳᠠᠯᠴᠠᠭ᠎ᠠ ᠶᠢ ᠦᠷᠭᠦᠯᠵᠢᠯᠠᠨ ᠲᠡᠭᠦᠯᠳᠡᠷᠵᠢᠭᠦᠯᠵᠦ᠂ ᠪᠠᠶᠢᠭᠤᠯᠭ᠎ᠠ ᠨᠢᠭᠡᠴᠡ ᠶᠢᠨ ᠲᠦᠰᠦᠪ ᠤᠨ ᠬᠠᠮᠢᠶᠠᠷᠣᠯᠳᠠ ᠶᠢ ᠴᠢᠩᠭᠠᠳᠬᠠᠨ᠂ ᠵᠠᠷᠤᠯᠭ᠎ᠠ ᠶᠢᠨ ᠲᠦᠰᠦᠪ ᠢ ᠨᠠᠷᠢᠪᠴᠢᠯᠠᠵᠦ᠂ ᠲᠦᠷᠦᠬᠦᠦ ᠵᠢᠯ ᠤᠨ ᠦᠯᠡᠳᠡᠭᠰᠡᠨ ᠮᠦᠩᠭᠦᠨ ᠤ ᠬᠠᠮᠢᠶᠠᠷᠣᠯᠳᠠ ᠶᠢ ᠲᠦᠷᠢᠮᠵᠢᠬᠦᠯᠦᠭᠰᠡᠨ ᠠᠴᠠ 2016 ᠣᠨ ᠳᠤ ᠲᠦᠰᠦᠪ ᠠᠴᠠ ᠲᠦᠯᠦᠪᠯᠡᠬᠡᠨ ᠤ ᠭᠠᠳᠠᠨᠠᠬᠢ ᠨᠢᠬᠡ ᠮᠦᠩᠬᠦ ᠶᠢ ᠬᠡᠷᠡᠭᠯᠡᠭᠰᠡᠨ ᠦᠬᠡᠢ᠃ ᠨᠠᠶᠢᠳᠡᠮ ᠳᠤ ᠨᠢ ᠬᠠᠮᠤᠷᠤᠭᠰᠠᠨ ᠲᠦᠰᠦᠪ ᠤᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠦ᠂ ᠤᠯᠤᠰ ᠤᠨ ᠦᠮᠴᠢᠯᠡᠯᠳᠦ ᠬᠦᠷᠦᠩᠬᠡ ᠶᠢᠨ ᠲᠦᠰᠦᠪ ᠠᠴᠠ ᠭᠠᠳᠠᠨᠠᠬᠢ ᠪᠤᠰᠤᠳ ᠭᠤᠷᠪᠠᠨ ᠲᠦᠷᠦᠯ ᠤᠨ ᠲᠦᠰᠦᠪ ᠢ ᠨᠢᠬᠡᠨᠳᠡ ᠪᠦᠬᠦᠨ ᠢ ᠲᠤᠭᠳᠠᠭᠠᠨ ᠲᠠᠭᠤᠰᠬᠠᠵᠦ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠦᠪᠰᠢᠶᠡᠷᠡᠯ ᠢ ᠤᠯᠤᠭᠰᠠᠨ ᠪᠠᠶᠢᠨ᠎ᠠ᠃  2016 ᠣᠨ ᠤ ᠲᠦᠰᠦᠪ ᠲᠤ ᠲᠡᠭᠡᠳᠦ ᠱᠠᠳᠣᠨ ᠤ ᠣᠷᠢᠳᠠᠪᠡᠷ ᠪᠠᠭᠤᠯᠭᠠᠭᠰᠠᠨ ᠳᠣᠰᠬᠠᠢ ᠲᠦᠷᠦᠯ ᠤᠨ ᠪᠡᠯᠡ ᠮᠦᠩᠬᠦ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠳᠦ ᠶᠢᠨ ᠪᠡᠯᠡ ᠮᠦᠩᠬᠦ ᠳᠣᠳᠠᠵᠤ ᠪᠠᠶᠢᠨ᠎ᠡ᠃ 2017 ᠣᠨ ᠠᠴᠠ ᠡᠬᠢᠯᠡᠵᠦ᠂ ᠨᠢᠭᠡᠨᠳᠡ ᠲᠤᠭᠳᠠᠭᠰᠠᠨ ᠲᠡᠭᠡᠳᠦ ᠱᠠᠳᠣᠨ ᠤ ᠳᠣᠰᠬᠠᠢ ᠲᠦᠷᠦᠯ ᠤᠨ ᠪᠡᠯᠡ ᠮᠦᠩᠬᠦ ᠶᠢ ᠪᠦᠬᠦᠨ ᠢ ᠲᠦᠰᠦᠪ ᠲᠤ ᠣᠷᠣᠭᠤᠯᠵᠤ᠂ ᠲᠦᠰᠦᠪ ᠤᠨ ᠲᠤᠭᠳᠠᠭᠠᠯᠳᠠ ᠶᠢᠨ ᠪᠦᠷᠢᠨ ᠪᠦᠳᠦᠨ ᠴᠢᠨᠠᠷ ᠢ ᠲᠡᠭᠡᠭᠰᠢᠯᠡᠬᠦᠯᠬᠦ ᠪᠠᠷ ᠪᠤᠢ᠃ ᠲᠠᠷᠠᠭ᠎ᠠ ᠵᠢᠯ ᠎ ᠤᠨ ᠢᠶᠠᠨ ᠵᠠᠰᠠᠭ ᠤᠨ ᠤᠷᠳᠤᠨ ᠤ ᠵᠢᠬᠡᠯᠡᠯᠬᠡ ᠶᠢᠨ ᠲᠡᠮᠳᠡᠭᠳᠦ ᠶᠢᠨ ᠪᠡᠯᠡ ᠮᠦᠩᠬᠦᠨ ᠤ ᠬᠡᠮᠵᠢᠶ᠎ᠠ ᠶᠢ ᠮᠡᠳᠡᠵᠦ ᠳᠠᠶᠢᠯᠬᠦ ᠦᠭᠡᠢ ᠳᠣᠯᠠ ᠵᠠᠰᠠᠭ ᠤᠨ ᠣᠷᠳᠣᠨ ᠤ ᠵᠢᠭᠡᠯᠡᠯᠭᠡ ᠶᠢᠨ ᠳᠡᠮᠳᠡᠭ ᠢ ᠲᠦᠰᠦᠪ ᠲᠤ ᠤᠷᠢᠳᠠᠪᠠᠷ ᠤᠷᠤᠭᠤᠯᠤᠭᠰᠠᠨ ᠦᠬᠡᠢ᠂ ᠬᠡᠪᠡᠴᠦ ᠵᠢᠯ ᠤᠨ ᠳᠣᠮᠳᠠᠴᠢ ᠪᠠᠷ ᠳᠤᠭ᠎ᠠ ᠪᠠᠷᠢᠮᠳᠠ ᠶᠢ ᠲᠤᠳᠤᠷᠬᠠᠶᠢᠯᠠᠭᠰᠠᠨ ᠤ ᠲᠠᠷᠠᠭ᠎ᠠ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠳᠤ ᠮᠡᠳᠡᠭᠦᠯᠦᠨ ᠬᠢᠨᠠᠨ ᠵᠦᠪᠯᠡᠭᠦᠯᠪᠠ᠃ ᠡᠭᠦᠨ ᠤ ᠬᠠᠮᠳᠤ ᠵᠠᠰᠠᠭ ᠤᠨ ᠣᠷᠳᠣᠨ ᠠᠴᠠ ᠬᠤᠷᠠᠮᠳᠤᠭᠤᠯᠤᠭᠰᠠᠨ ᠬᠦᠢᠯᠭᠡᠭᠡᠨ ᠤ  ᠪᠡᠯᠡ ᠮᠦᠩᠬᠦ ᠵᠢᠴᠢ ᠪᠡᠯᠡ ᠮᠦᠩᠬᠦᠨ ᠤ ᠬᠡᠷᠡᠭᠯᠡᠯᠳᠡ ᠪᠠᠨ ᠲᠤᠳᠤᠷᠬᠠᠶᠢᠯᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠪᠠ᠃         ︵ᠬᠤᠶᠠᠷ︶ ᠭᠠᠶᠢᠯᠢ ᠶᠢᠨ ᠢᠷᠡᠯᠳᠡ ᠶᠢ ᠨᠡᠮᠡᠭᠳᠡᠭᠦᠯᠬᠦ ᠪᠠ ᠭᠠᠶᠢᠯᠢ ᠶᠢᠨ ᠬᠢᠨᠠᠨ ᠬᠠᠮᠢᠶᠠᠷᠣᠯᠳᠠ ᠶᠢ ᠴᠢᠬᠤᠯᠠᠴᠢᠯᠠᠨ᠂ ᠪᠦᠬᠦ ᠵᠢᠯ ᠤᠨ ᠡᠭᠦᠷᠭᠡ ᠬᠠᠷᠠᠯᠳᠠ ᠪᠠᠨ ᠳᠠᠪᠠᠭᠤᠯᠤᠨ ᠪᠡᠶᠡᠯᠡᠭᠦᠯᠪᠡ         ᠲᠤᠰ ᠵᠢᠯ ᠳᠤ ᠡᠳ᠋ ᠤᠨ ᠵᠠᠰᠠᠭ ᠤᠨ ᠭᠠᠶᠢᠯᠢ ᠶᠢᠨ ᠶᠠᠪᠤᠳᠠᠯ ᠤᠨ ᠬᠠᠷᠢᠯᠴᠠᠬᠤ ᠬᠤᠷᠠᠯ ᠢ ᠤᠯᠠᠨᠳᠠ ᠬᠤᠷᠠᠯᠳᠣᠭᠤᠯᠵᠤ᠂ ᠭᠠᠶᠢᠯᠢ ᠶᠢᠨ ᠢᠷᠡᠯᠳᠡ ᠶᠢ ᠵᠤᠬᠢᠰᠳᠠᠢ ᠲᠤᠬᠢᠷᠠᠭᠤᠯᠵᠦ᠂ ᠬᠤᠷᠢᠶᠠᠬᠤ ᠵᠤᠬᠢᠰᠳᠠᠢ ᠭᠠᠶᠢᠯᠢ ᠶᠢ ᠪᠦᠬᠦᠨ ᠢ ᠬᠤᠷᠢᠶᠠᠪᠠ᠃ ᠡᠭᠦᠨ ᠤ ᠬᠠᠮᠳᠣ᠂ ᠭᠠᠶᠢᠯᠢ ᠶᠢᠨ ᠪᠤᠰᠣ ᠣᠷᠣᠯᠭ᠎ᠠ ᠶᠢᠨ ᠬᠠᠮᠢᠶᠠᠷᠤᠯᠳᠠ ᠶᠢᠨ ᠠᠵᠢᠯ ᠢ ᠴᠢᠩᠭ᠎ᠠ ᠠᠳᠬᠤᠵᠤ ᠂ ᠭᠠᠶᠢᠯᠢ ᠶᠢᠨ ᠪᠤᠰᠣ ᠣᠷᠣᠯᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠪᠠᠶᠢᠴᠠᠭᠠᠯᠳᠠ ᠬᠢᠵᠦ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠤᠪᠴᠢᠶ᠎ᠠ᠂ ᠠᠶᠤᠯᠬᠦᠢ ᠦᠢᠯᠡᠳᠪᠤᠷᠢᠯᠡᠯ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠵᠡᠷᠭᠡ 22 ᠪᠠᠶᠢᠭᠤᠯᠭ᠎ᠠ ᠨᠢᠭᠡᠴᠡ ᠶᠢ ᠰᠣᠩᠭᠤᠨ ᠪᠠᠶᠢᠴᠠᠭᠠᠵᠤ᠂ ᠪᠠᠶᠢᠴᠠᠭᠠᠯᠳᠠ ᠶᠢᠨ ᠳ᠋ᠦᠩ ᠳᠤ ᠭᠠᠶᠢᠯᠢ ᠶᠢᠨ ᠪᠤᠰᠣ ᠣᠷᠣᠯᠭ᠎ᠠ ᠶᠢᠨ ᠬᠠᠮᠢᠶᠠᠳᠠᠢ ᠠᠰᠠᠭᠤᠳᠠᠯ ᠢ ᠢᠯᠡᠷᠡᠭᠦᠯᠦᠭᠰᠡᠨ ᠦᠭᠡᠢ ᠪᠠᠶᠢᠵᠤ᠂ ᠭᠠᠶᠢᠯᠢ ᠶᠢᠨ ᠪᠤᠰᠣ ᠣᠷᠣᠯᠭ᠎ᠠ ᠶᠢ ᠨᠢᠭᠡᠨᠳᠡ ᠪᠦᠬᠦᠨ ᠢ ᠡᠳ᠋ ᠤᠨ ᠵᠠᠰᠠᠭ ᠤᠨ ᠭᠠᠶᠢᠯᠢ ᠶᠢᠨ ᠪᠤᠰᠣ ᠣᠷᠣᠯᠭ᠎ᠠ ᠶᠢᠨ ᠳᠣᠰᠬᠠᠢ ᠳᠠᠩᠰᠠᠨ ᠳᠤ ᠣᠷᠣᠭᠤᠯᠵᠤ᠂ ︽ᠣᠷᠣᠯᠭ᠎ᠠ ᠵᠠᠷᠣᠯᠭ᠎ᠠ ᠶᠢ ᠠᠰ ᠲᠤ ᠨᠢ ᠬᠠᠮᠢᠶᠠᠷᠬᠤ︾ ᠬᠠᠮᠢᠶᠠᠷᠤᠯᠳᠠ ᠶᠢ ᠪᠡᠶᠡᠯᠡᠭᠦᠯᠪᠡ᠃ 2016 ᠣᠨ ᠳᠤ᠂ ᠠᠵᠤ ᠠᠬᠤᠢ ᠶᠢᠨ ᠪᠠᠭᠤᠷᠠᠯᠳᠠ ᠶᠢᠨ ᠳᠠᠷᠣᠯᠳᠠ ᠶᠢ ᠪᠦᠳᠦᠮᠵᠢᠳᠠᠢ ᠠᠷᠭᠠᠴᠠᠨ᠂ ᠦᠷ᠎ᠡ ᠪᠦᠳᠦᠮᠵᠢᠳᠣ ᠲᠦᠰᠦᠪ ᠤᠨ ᠬᠠᠮᠢᠶᠠᠷᠣᠯᠳᠠ ᠪᠠ ᠪᠡᠯᠡ ᠣᠷᠣᠭᠤᠯᠤᠯᠳᠠ ᠶᠢ ᠬᠢᠨᠠᠨ ᠵᠦᠪᠯᠡᠬᠦ ᠲᠦᠷᠢᠮ ᠢ ᠭᠡᠷᠡᠭᠵᠢᠭᠦᠯᠵᠦ᠂ ᠳᠣᠳᠣᠭᠠᠳᠣ ᠡᠵᠡᠮᠰᠢᠯᠳᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠠᠵᠢᠯ ᠦᠢᠯᠡᠰ ᠪᠠ ᠭᠤᠤᠯᠳᠠᠯᠭ᠎ᠠ ᠲᠠᠢ ᠭᠠᠶᠢᠯᠢ ᠶᠢᠨ ᠠᠵᠤ ᠠᠬᠤᠶᠢᠯᠠᠯ ᠳᠠᠬᠢ ᠬᠢᠨᠠᠨ ᠬᠠᠮᠢᠶᠠᠷᠣᠯᠳᠠ ᠶᠢ ᠴᠢᠩᠭᠠᠳᠬᠠᠨ᠂ ᠪᠦᠬᠦ ᠬᠤᠰᠢᠭᠤᠨ ᠤ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠢ 5.59 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.63%᠎ ᠪᠠᠷ ᠨᠡᠮᠡᠭᠳᠡᠪᠡ᠃         ᠲᠠᠪᠤ᠂ ᠪᠠᠶᠢᠭᠤᠯᠭ᠎ᠠ ᠨᠢᠭᠡᠴᠡ ᠶᠢᠨ ᠡᠳ᠋ ᠤᠨ ᠶᠠᠪᠤᠳᠠᠯ ᠤᠨ ᠬᠠᠮᠢᠶᠠᠷᠣᠯᠳᠠ ᠶᠢ ᠴᠢᠩᠭᠠᠳᠬᠠᠪᠠ         ᠡᠨᠡ ᠵᠢᠯ᠂ ᠮᠠᠨ ᠤ ᠬᠤᠰᠢᠭᠤ ᠨᠢ ︽ᠨᠢᠭᠳᠠᠯᠠᠨ ᠪᠤᠳᠣᠭᠴᠢ ᠶᠢᠨ ᠳᠠᠩᠰᠠ ᠡᠪᠬᠢᠮᠠᠯ ᠤᠨ ᠬᠠᠮᠢᠶᠠᠷᠤᠯᠳᠠ ᠶᠢᠨ ᠠᠷᠭ᠎ᠠ︾ ᠪᠠ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠳᠣᠳᠣᠭᠠᠳᠣ ᠬᠡᠷᠡᠭᠯᠡᠬᠡᠨ ᠤ ᠡᠵᠡᠮᠰᠢᠯ ᠎ ᠳᠤ ᠦᠨᠳᠦᠰᠦᠨ ᠦᠨᠡᠯᠡᠯᠳᠡ ᠬᠢᠬᠦ ᠪᠤᠯᠪᠠᠰᠣᠷᠠᠯ ᠤᠨ ᠠᠩᠬᠢ ᠡᠷᠬᠢᠯᠡᠵᠦ᠂ ᠪᠦᠬᠦ ᠬᠤᠰᠢᠭᠤᠨ ᠤ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠣᠳᠣᠷᠢᠳᠣᠯᠭ᠎ᠠ ᠪᠠ ᠨᠢᠭᠳᠠᠯᠠᠨ ᠪᠤᠳᠣᠭᠴᠢ ᠵᠡᠷᠬᠡ ᠨᠡᠶᠢᠳᠡ 368 ᠬᠦᠮᠦᠨ ᠪᠤᠯᠪᠠᠰᠤᠷᠠᠯ ᠳᠤ ᠤᠷᠤᠯᠴᠠᠨ᠂  ᠪᠦᠬᠦ ᠬᠤᠰᠢᠭᠤᠨ ᠤ ᠨᠢᠭᠳᠠᠯᠠᠨ ᠪᠤᠳᠣᠭᠴᠢ ᠶᠢᠨ ᠠᠵᠢᠯ ᠳᠤ ᠪᠠᠳᠤ ᠰᠠᠭᠤᠷᠢ ᠬᠠᠩᠭᠠᠪᠠ᠃ ᠮᠠᠨ ᠤ ᠬᠤᠰᠢᠭᠤᠨ ᠤ ᠪᠠᠨ ᠪᠤᠳᠠᠳᠠᠢ ᠪᠠᠶᠢᠳᠠᠯ ᠲᠠᠢ ᠣᠶᠠᠯᠳᠣᠭᠤᠯᠤᠨ᠂ ᠡᠳ᠋ ᠤᠨ ᠵᠠᠰᠠᠭ᠂ ᠬᠢᠨᠠᠨ ᠪᠤᠳᠣᠯᠳᠠ᠂ ᠨᠢᠭᠳᠠᠯᠠᠨ ᠪᠤᠳᠣᠭᠴᠢ ᠳᠤ ᠬᠢᠨᠠᠯᠳᠠ ᠲᠠᠯᠪᠢᠬᠤ ᠠᠵᠢᠯ ᠢ ᠣᠷᠭᠠᠨᠢᠭ ᠢᠶᠠᠷ ᠣᠶᠠᠯᠳᠣᠭᠤᠯᠬᠤ ᠶᠢ ᠪᠠᠷᠢᠮᠳᠠᠯᠠᠵᠦ᠂ ᠨᠢᠭᠳᠠᠯᠠᠨ ᠪᠤᠳᠣᠭᠴᠢ ᠎ ᠶᠢᠨ ᠠᠵᠢᠯ ᠳᠤ ᠬᠢᠨᠠᠯᠳᠠ ᠲᠠᠯᠪᠢᠬᠤ ᠣᠷᠳᠣ ᠬᠤᠭᠤᠴᠠᠭᠠᠨ ᠤ ᠳᠣᠭᠳᠠᠯᠴᠠᠭ᠎ᠠ ᠶᠢ ᠲᠡᠭᠦᠯᠳᠡᠷᠵᠢᠭᠦᠯᠪᠠ᠃ ᠦᠨᠦ ᠵᠢᠯ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠡᠳ᠋ ᠤᠨ ᠶᠠᠪᠤᠳᠠᠯ ᠤᠨ ᠲᠦᠷᠢᠮ ᠢ ᠬᠡᠷᠡᠭᠵᠢᠬᠦᠯᠦᠭᠰᠡᠨ ᠪᠠᠶᠢᠳᠠᠯ ᠳᠤ ᠪᠠᠶᠢᠴᠠᠭᠠᠯᠳᠠ ᠬᠢᠵᠦ᠂ ᠳᠠᠩᠰᠠ ᠡᠪᠬᠢᠮᠠᠯ ᠢ ᠣᠷᠪᠠᠭᠤᠯᠤᠨ ᠦᠵᠡᠭᠦ ᠵᠡᠷᠭᠡ ᠠᠷᠭ᠎ᠠ ᠪᠠᠷ ᠲᠡᠤᠬᠡ ᠶᠢᠨ ᠳᠣᠷᠠᠰᠬᠠᠯᠳᠣ ᠵᠦᠢᠯᠡᠰ ᠤᠨ ᠲᠤᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠣᠯᠳᠠ ᠶᠢᠨ ᠠᠯᠪᠠᠨ ᠭᠡᠷ ᠵᠡᠷᠭᠡ 11 ᠪᠠᠶᠢᠭᠤᠯᠭ᠎ᠠ ᠨᠢᠭᠡᠴᠡ ᠶᠢ ᠰᠤᠩᠭᠤᠨ ᠪᠠᠶᠢᠴᠠᠭᠠᠵᠤ᠂ ᠡᠳ᠋ ᠤᠨ ᠶᠡᠪᠤᠳᠠᠯ ᠤᠨ ᠲᠦᠷᠢᠮ ᠢ ᠵᠦᠷᠢᠴᠡᠭᠰᠡᠨ ᠠᠰᠠᠭᠤᠳᠠᠯ ᠢ ᠢᠯᠡᠷᠡᠭᠦᠯᠦᠭᠰᠡᠨ ᠦᠭᠡᠢ᠃2016 ᠣᠨ ᠳᠤ᠂ ︽ᠰᠢᠯᠤᠭᠤᠨ ᠬᠦᠬᠡ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠎ ᠶᠢᠨ ᠣᠯᠣᠰ ᠤᠨ ᠦᠮᠴᠢᠯᠡᠯᠳᠣ ᠡᠳ᠋ ᠬᠦᠷᠦᠩᠭᠡ ᠶᠢ ᠰᠢᠢᠳᠪᠦᠷᠢᠯᠡᠬᠦ ᠠᠷᠭ᠎ᠠ︾᠎ ᠶᠢ ᠪᠦᠬᠦ ᠲᠠᠯ᠎ᠠ ᠪᠠᠷ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠣᠯᠣᠰ ᠤᠨ ᠦᠮᠴᠢᠯᠡᠯᠳᠦ ᠡᠳ᠋ ᠬᠦᠷᠦᠩᠭᠡ ᠶᠢ ᠰᠢᠢᠳᠪᠦᠷᠢᠯᠡᠬᠦ᠂ ᠠᠰᠢᠭ ᠬᠦᠷᠳᠡᠬᠦ ᠲᠡᠭᠡᠭᠰᠢ ᠲᠤᠰᠢᠶᠠᠬᠤ ᠠᠵᠢᠯ ᠤᠨ ᠲᠦᠷᠢᠮ ᠢ ᠰᠠᠶᠢᠳᠦᠷ ᠨᠠᠶᠢᠳᠠᠪᠤᠷᠢᠵᠢᠭᠤᠯᠵᠦ᠂ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠎ ᠶᠢᠨ ᠣᠯᠣᠰ ᠤᠨ ᠦᠮᠴᠢᠯᠡᠯᠳᠣ ᠡᠳ᠋ ᠬᠦᠷᠦᠩᠭᠡ ᠶᠢ ᠬᠤᠳᠠᠯᠳᠤᠬᠤ᠂ ᠰᠢᠯᠵᠢᠬᠦᠯᠬᠦ᠂ ᠬᠡᠷᠡᠭᠯᠡᠬᠡᠨ ᠠᠴᠠ ᠭᠠᠷᠭᠠᠬᠤ ᠪᠠ ᠰᠤᠶᠢᠳᠦᠯ ᠢᠶᠠᠷ ᠮᠡᠳᠡᠬᠦᠯᠬᠦ ᠵᠡᠷᠭᠡ ᠵᠦᠪᠰᠢᠶᠡᠷᠡᠯ ᠤᠨ ᠮᠠᠲ᠋ᠧᠷᠢᠶᠠᠯ ᠢ 25 ᠬᠤᠪᠢ ᠪᠠᠭᠤᠯᠭᠠᠨ᠂ ᠣᠯᠣᠰ ᠤᠨ ᠦᠮᠴᠢᠯᠡᠯᠳᠣ ᠡᠳ᠋ ᠬᠦᠷᠦᠩᠭᠡ ᠶᠢ ᠰᠢᠢᠳᠪᠦᠷᠢᠯᠡᠭᠰᠡᠨ ᠣᠷᠣᠯᠭ᠎ᠠ ᠨᠢ 1331 ᠲᠦᠮᠡᠨ ᠲᠦᠭᠦᠷᠢᠭ ᠲᠤ ᠬᠦᠷᠦᠭᠰᠡᠨ ᠤ ᠬᠠᠮᠳᠣ ᠣᠯᠣᠰ ᠎ ᠤᠨ ᠬᠦᠮᠦᠷᠭᠡ ᠳᠤ ᠲᠠᠷᠤᠶᠢᠬᠠᠨ ᠤᠷᠤᠭᠤᠯᠪᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠣᠯᠳᠠ ᠶᠢ ᠣᠯᠠᠮ ᠴᠢᠩᠭᠠᠳᠬᠠᠬᠤ ᠶᠢᠨ ᠳᠣᠯᠠᠳᠠ᠂ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠶᠢᠨ ᠡᠳ᠋ ᠬᠦᠷᠦᠩᠬᠡ ᠶᠢ ᠲᠤᠳᠤᠷᠬᠠᠶᠢᠯᠠᠨ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠶᠢᠨ ᠡᠳ᠋ ᠬᠦᠷᠦᠩᠭᠡ ᠶᠢ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠭᠰᠡᠨ ᠤ ᠬᠠᠮᠳᠣ ᠠᠶᠢᠮᠠᠭ ᠎ ᠤᠨ ᠡᠳ᠋ ᠤᠨ ᠵᠠᠰᠠᠭ ᠤᠨ ᠳᠣᠪᠴᠢᠶᠠᠨ ᠠᠴᠠ ᠭᠤᠷᠪᠠᠳᠣᠭᠠᠷ ᠡᠳᠡᠭᠡᠳ ᠢ ᠣᠷᠢᠨ ᠵᠠᠯᠠᠵᠤ᠂ ᠡᠳ᠋ ᠬᠦᠷᠦᠩᠭᠡ ᠶᠢᠨ ᠪᠠᠶᠢᠴᠠᠭᠠᠯᠳᠠ ᠶᠢᠨ ᠠᠵᠢᠯ ᠤᠨ ᠠᠯᠬᠤᠮ ᠳᠠᠷᠠᠭᠠᠯᠠᠯ ᠪᠠ ᠡᠳ᠋ ᠬᠦᠷᠦᠩᠭᠡ ᠶᠢᠨ ᠪᠠᠶᠢᠴᠠᠭᠠᠯᠳᠠ᠂ ᠤᠯᠵᠠᠪᠤᠷᠢ ᠬᠤᠷᠤᠭᠳᠠᠯ ᠎ ᠳᠤ ᠲᠤᠰᠬᠠᠢ ᠬᠢᠨᠠᠨ ᠪᠤᠳᠤᠯᠳᠠ᠂ ᠰᠢᠯᠭᠠᠨ ᠭᠡᠷᠡᠴᠢᠯᠡᠯᠳᠡ ᠬᠢᠪᠡ᠃ ᠪᠠᠶᠢᠴᠠᠭᠠᠯᠳᠠ ᠶᠢᠨ ᠳᠣᠮᠳᠠ᠂ ᠭᠤᠷᠪᠠᠳᠤᠭᠠᠷ ᠡᠳᠡᠭᠡᠳ ᠎ ᠨᠢ ᠡᠳ᠋ ᠤᠨ ᠵᠠᠰᠠᠭ ᠤᠨ ᠲᠤᠪᠴᠢᠶ᠎ᠠ᠂ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠲᠠᠢ ᠢᠳᠡᠪᠬᠢᠳᠠᠢ ᠬᠠᠷᠢᠯᠴᠠᠵᠤ᠂ ᠪᠠᠶᠢᠭᠤᠯᠭ᠎ᠠ ᠨᠢᠭᠡᠴᠡ ᠦᠪᠡᠷᠰᠡᠳ ᠢᠶᠠᠨ ᠪᠠᠶᠢᠴᠠᠭᠠᠬᠤ᠂ ᠭᠤᠷᠪᠠᠳᠤᠭᠠᠷ ᠡᠳᠡᠭᠡᠳ ᠤᠨ ᠳᠣᠰᠬᠠᠢ ᠲᠦᠷᠦᠯ ᠤᠨ ᠬᠢᠨᠠᠨ ᠪᠤᠳᠣᠯᠳᠠ ᠪᠤᠯᠤᠨ ᠡᠳ᠋ ᠬᠦᠷᠦᠩᠭᠡ ᠶᠢᠨ ᠤᠯᠵᠠᠪᠤᠷᠢ ᠬᠤᠷᠤᠭᠳᠠᠯ ᠤᠨ ᠪᠠᠶᠢᠴᠠᠭᠠᠯᠳᠠ ᠶᠢ ᠬᠠᠷᠢᠯᠴᠠᠨ ᠣᠶᠠᠯᠳᠣᠭᠤᠯᠬᠤ ᠠᠷᠭ᠎ᠠ ᠪᠠᠷ ᠦᠪᠡᠷᠳᠡᠭᠡᠨ ᠪᠠᠶᠢᠴᠠᠭᠠᠬᠤ ᠶᠢᠨ ᠲᠠᠭᠠᠤ ᠬᠢᠨᠠᠨ ᠪᠤᠳᠣᠬᠤ ᠪᠠ ᠡᠳ᠋ ᠬᠦᠷᠦᠩᠭᠡ ᠶᠢᠨ ᠤᠯᠵᠠᠪᠤᠷᠢ ᠬᠤᠷᠤᠭᠳᠠᠯ ᠎ ᠤᠨ ᠬᠡᠷᠡᠴᠢ ᠮᠠᠲ᠋ᠧᠷᠢᠶᠠᠯ ᠢ ᠴᠣᠭᠯᠠᠭᠤᠯᠬᠤ᠂ ᠡᠳ᠋ ᠬᠦᠷᠦᠩᠭᠡ ᠶᠢᠨ ᠳᠤᠭ᠎ᠠ ᠪᠠᠷᠢᠮᠳᠠ ᠶᠢ ᠬᠠᠷᠭᠤᠭᠤᠯᠤᠨ ᠦᠵᠡᠬᠦ ᠶᠢ ᠬᠠᠮᠳᠤᠷᠠᠭᠤᠯᠤᠭᠰᠠᠨ ᠪᠠᠶᠢᠴᠠᠭᠠᠯᠳᠠ ᠶᠢᠨ ᠠᠷᠭ᠎ᠠ ᠬᠡᠮᠵᠢᠶ᠎ᠠ ᠪᠠᠷ ᠡᠳ᠋ ᠬᠦᠷᠦᠩᠭᠡ ᠳᠤ ᠪᠠᠶᠢᠴᠠᠭᠠᠯᠳᠠ ᠬᠢᠬᠦ ᠡᠯ᠎ᠡ ᠲᠦᠷᠦᠯ ᠎ ᠤᠨ ᠠᠵᠢᠯ ᠢ ᠠᠬᠢᠭᠤᠯᠵᠤ᠂ ᠪᠠᠶᠢᠴᠠᠭᠠᠨ ᠢᠯᠡᠷᠡᠭᠦᠯᠦᠭᠰᠡᠨ ᠡᠯ᠎ᠡ ᠲᠦᠷᠦᠯ ᠤᠨ ᠪᠡᠯᠡ ᠮᠦᠩᠬᠦᠨ ᠤ ᠤᠯᠵᠠᠪᠤᠷᠢ ᠬᠤᠷᠤᠭᠳᠠᠯ ᠂ ᠪᠡᠯᠡ ᠮᠦᠩᠬᠦᠨ ᠤ ᠲᠠᠩᠰᠠᠨ ᠳᠤ ᠲᠡᠮᠳᠡᠭᠯᠡᠭᠳᠡᠬᠦ ᠲᠦᠷᠢᠮ ᠪᠠ ᠬᠠᠤᠯᠢ ᠶᠤᠰᠤᠨ ᠤ ᠳᠣᠰᠬᠠᠢ ᠲᠦᠷᠦᠯ ᠤᠨ ᠬᠢᠨᠠᠨ ᠪᠤᠳᠣᠯᠳᠠ ᠶᠢᠨ ᠮᠡᠳᠡᠭᠦᠯᠦᠯᠳᠡ ᠪᠠ ᠠᠵᠣ ᠠᠬᠤᠢ ᠶᠢᠨ ᠮᠡᠳᠡᠭᠦᠯᠦᠯᠳᠡ ᠶᠢ ᠬᠠᠩᠭᠠᠪᠠ᠃ ᠭᠤᠷᠪᠠᠳᠣᠭᠠᠷ ᠡᠳᠡᠭᠡᠳ ᠤᠨ ᠪᠠᠶᠢᠴᠠᠭᠠᠯᠳᠠ ᠪᠠᠷ ᠳᠠᠮᠵᠢᠨ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠶᠢᠨ ᠳᠠᠩᠰᠠᠨ ᠎ ᠠᠴᠠ ᠭᠠᠷᠭᠠᠬᠤ ᠡᠳ᠋ ᠬᠦᠷᠦᠩᠬᠡ ᠶᠢᠨ ᠶᠡᠷᠤᠩᠬᠡᠢ ᠦᠷᠳᠡᠭ ᠨᠢ 18933284.04 ᠲᠦᠭᠦᠷᠢᠭ ᠲᠤ ᠬᠦᠷᠴᠦ᠂ ᠡᠭᠦᠨ ᠎ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠩᠰᠠᠨ ᠠᠴᠠ ᠭᠠᠷᠭᠠᠬᠤ ᠶᠡᠷᠤᠩᠬᠡᠢ ᠦᠷᠳᠡᠭ ᠨᠢ 7277846.22 ᠲᠦᠭᠦᠷᠢᠭ᠂ ᠠᠵᠢᠯ ᠦᠢᠯᠡᠰ ᠤᠨ ᠪᠠᠶᠢᠭᠤᠯᠭ᠎ᠠ ᠶᠢᠨ ᠲᠠᠩᠰᠠᠨ ᠠᠴᠠ ᠭᠠᠷᠭᠠᠬᠤ ᠶᠡᠷᠤᠩᠬᠡᠢ ᠦᠷᠳᠡᠭ ᠢ 11655437.82 ᠲᠦᠭᠦᠷᠢᠭ ᠲᠤ ᠬᠦᠷᠬᠡᠬᠦ ᠪᠠᠷ ᠲᠦᠯᠦᠪᠯᠡᠵᠡᠢ᠃         ᠵᠢᠷᠭᠤᠭ᠎ᠠ᠂ ᠬᠢᠨᠠᠨ ᠪᠤᠳᠣᠯᠳᠠ ᠶᠢᠨ ᠠᠵᠢᠯ ᠤᠨ ᠲᠠᠯ᠎ᠠ ᠪᠠᠷ         ︵ᠨᠢᠭᠡ︶ ᠬᠢᠨᠠᠨ ᠪᠤᠳᠣᠯᠳᠠ ᠳᠤ ᠬᠢᠨᠠᠯᠳᠠ ᠲᠠᠯᠪᠢᠬᠤ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠪᠡᠯᠡ ᠮᠦᠩᠬᠦᠨ ᠤ ᠭᠡᠷᠡᠭᠯᠡᠯᠳᠡ ᠶᠢᠨ ᠦᠷ᠎ᠡ ᠪᠦᠳᠦᠮᠵᠢ ᠶᠢ ᠲᠡᠭᠡᠭᠰᠢᠯᠡᠭᠦᠯᠪᠡ         2016 ᠣᠨ ᠳᠤ᠂ 36 ᠲᠦᠰᠦᠯ ᠳᠤ ᠬᠢᠨᠠᠨ ᠪᠤᠳᠣᠯᠳᠠ ᠪᠠ ᠬᠢᠨᠠᠨ ᠪᠤᠳᠣᠯᠳᠠ ᠶᠢᠨ ᠪᠠᠶᠢᠴᠠᠭᠠᠯᠳᠠ ᠶᠢ ᠬᠢᠭᠰᠡᠨ ᠪᠠᠶᠢᠨ᠎ᠠ᠃ ᠡᠭᠦᠨ ᠳᠤ᠂ ᠲᠤᠰ ᠱᠠᠳᠣᠨ ᠤ ᠲᠦᠰᠦᠪ ᠤᠨ ᠭᠡᠷᠡᠭᠵᠢᠭᠦᠯᠦᠯᠳᠡ ᠶᠢ ᠬᠢᠨᠠᠨ ᠪᠤᠳᠣᠭᠰᠠᠨ ᠲᠦᠰᠦᠯ 1᠂ ᠳᠣᠰᠬᠠᠢ ᠲᠦᠷᠦᠯ ᠤᠨ ᠪᠡᠯᠡ ᠮᠦᠩᠬᠦᠨ ᠳᠤ ᠬᠢᠨᠠᠨ ᠪᠤᠳᠤᠯᠳᠠ ᠬᠢᠭᠰᠡᠨ 4 ᠲᠦᠰᠦᠯ᠂ ᠵᠠᠰᠠᠭ ᠵᠠᠬᠢᠷᠭᠠᠨ ᠤ ᠠᠵᠢᠯ ᠦᠢᠯᠡᠰ ᠤᠨ ᠲᠤᠬᠠᠢ ᠬᠢᠨᠠᠨ ᠪᠤᠳᠤᠯᠳᠠ ᠬᠢᠭᠰᠡᠨ 10 ᠲᠦᠰᠦᠯ᠂ ᠠᠵᠤ ᠠᠬᠤᠢ ᠶᠢᠨ ᠡᠭᠦᠷᠭᠡ ᠬᠠᠷᠢᠭᠤᠴᠠᠯᠭ᠎ᠠ  ᠎ ᠪᠠᠨ ᠬᠦᠢᠴᠡᠳᠭᠡᠭᠰᠡᠨ ᠪᠠᠶᠢᠳᠠᠯ ᠤᠨ ᠲᠤᠬᠠᠢ ᠬᠢᠨᠠᠨ ᠪᠤᠳᠤᠯᠳᠠ ᠬᠢᠭᠰᠡᠨ 8 ᠲᠦᠰᠦᠯ᠂ ᠮᠦᠩᠭᠦᠨ ᠬᠦᠢᠯᠭᠡᠭᠡᠨ ᠤ ᠭᠠᠳᠠᠭᠠᠳᠣ ᠪᠡᠯᠡ ᠶᠢ ᠲᠠᠳᠠᠭᠰᠠᠨ ᠲᠠᠯ᠎ᠠ ᠪᠠᠷ ᠬᠢ ᠬᠢᠨᠠᠨ ᠪᠤᠳᠤᠯᠳᠠ ᠶᠢᠨ ᠲᠦᠰᠦᠯ 1᠂ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠤᠯᠳᠠ ᠶᠢ ᠬᠢᠨᠠᠨ ᠪᠤᠳᠣᠭᠰᠠᠨ 7 ᠲᠦᠰᠦᠯ᠂ ᠳᠣᠭᠳᠠᠭᠤᠨ ᠬᠦᠭᠵᠢᠯᠳᠡ ᠵᠡᠷᠭᠡ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠳᠠ ᠬᠢᠭᠰᠡᠨ 4 ᠲᠦᠰᠦᠯ᠂ ︽ᠠᠷᠪᠠ ᠶᠢ ᠪᠦᠷᠭᠦᠭᠦᠯᠬᠦ ᠢᠨᠵᠧᠨᠧᠷᠢᠩ︾ ᠎ ᠤᠨ ᠮᠦᠷᠳᠡᠨ ᠪᠠᠶᠢᠴᠠᠭᠠᠯᠳᠠ ᠶᠢᠨ 1 ᠲᠦᠰᠦᠯ ᠢ ᠬᠢᠨᠠᠨ ᠪᠠᠶᠢᠴᠠᠭᠠᠪᠠ᠃ ᠬᠢᠨᠠᠨ ᠪᠤᠳᠣᠯᠳᠠ ᠪᠠᠷ ᠲᠠᠮᠵᠢᠨ ᠢᠯᠡᠷᠡᠬᠦᠯᠦᠭᠰᠡᠨ ᠲᠦᠷᠢᠮ ᠵᠦᠷᠢᠴᠡᠵᠦ ᠬᠡᠷᠡᠭᠯᠡᠭᠰᠡᠨ ᠪᠡᠯᠡ ᠮᠦᠩᠬᠦ 451 ᠲᠦᠮᠡᠨ ᠲᠦᠭᠦᠷᠢᠭ ᠲᠤ ᠬᠦᠷᠴᠦ᠂ 257 ᠲᠦᠮᠡᠨ ᠲᠦᠭᠦᠷᠢᠭ ᠎ ᠤᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠪᠡᠯᠡ ᠮᠦᠩᠬᠦ ᠶᠢ ᠬᠠᠰᠣᠪᠠ᠃ ᠡᠭᠦᠨ ᠳᠤ᠂ 2015 ᠣᠨ ᠤ ᠬᠤᠰᠢᠭᠤ ᠱᠠᠳᠣᠨ ᠤ ᠡᠳ᠋ ᠤᠨ ᠵᠠᠰᠠᠭ ᠤᠨ ᠲᠦᠰᠦᠪ ᠤᠨ ᠭᠡᠷᠡᠭᠵᠢᠭᠦᠯᠦᠯᠳᠡ ᠪᠠ ᠪᠤᠰᠣᠳ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠪᠠᠶᠢᠳᠠᠯ ᠤᠨ ᠬᠢᠨᠠᠨ ᠪᠤᠳᠣᠯᠳᠠ ᠳᠤ 3 ᠲᠦᠰᠦᠪ ᠤᠨ ᠬᠡᠷᠡᠭᠵᠢᠬᠦᠯᠦᠯᠳᠡ ᠶᠢ ᠬᠠᠮᠤᠷᠤᠪᠠ᠃ ᠬᠢᠨᠠᠨ ᠪᠤᠳᠣᠯᠳᠠ ᠶᠢᠨ ᠦᠷ᠎ᠡ ᠳ᠋ᠦᠩ ᠠᠴᠠ ᠬᠤᠰᠢᠭᠤ ᠡᠳ᠋ ᠤᠨ ᠵᠠᠰᠠᠭ ᠵᠢᠴᠢ ᠡᠯ᠎ᠡ ᠲᠦᠰᠦᠪ ᠤᠨ ᠬᠡᠷᠡᠭᠵᠢᠬᠦᠯᠦᠯᠳᠡ ᠶᠢᠨ ᠪᠠᠶᠢᠭᠤᠯᠭ᠎ᠠ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠶᠢᠨ ᠠᠵᠢᠯ ᠤᠨ ᠭᠤᠤᠯᠳᠠᠯᠭ᠎ᠠ ᠶᠢ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠣᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠳᠠ ᠶᠢ ᠨᠡᠮᠡᠭᠳᠡᠬᠦᠯᠦᠨ᠂ ᠲᠦᠰᠦᠪ ᠤᠨ ᠬᠠᠮᠢᠶᠠᠷᠣᠯᠳᠠ ᠶᠢᠨ ᠬᠢᠷᠢ ᠲᠦᠪᠰᠢᠨ ᠢ ᠣᠯᠠᠮ ᠴᠢᠩᠭᠠᠳᠬᠠᠪᠠ᠃ ᠬᠡᠪᠡᠴᠦ 2015 ᠣᠨ ᠎ ᠳᠤ ᠬᠤᠰᠢᠭᠤ ᠱᠠᠳᠣᠨ ᠤ ᠲᠦᠰᠦᠪ ᠤᠨ ᠭᠡᠷᠡᠭᠵᠢᠭᠦᠯᠦᠯᠳᠡ ᠶᠢᠨ ᠶᠠᠪᠤᠴᠠ ᠳᠣᠮᠳᠠ ᠭᠠᠶᠢᠯᠢ ᠶᠢᠨ ᠪᠤᠰᠣ ᠣᠷᠣᠯᠭ᠎ᠠ ᠶᠢ ᠣᠯᠣᠰ ᠤᠨ ᠬᠦᠮᠦᠷᠭᠡ ᠳᠤ ᠣᠷᠣᠭᠤᠯᠣᠭᠰᠠᠨ ᠦᠭᠡᠢ᠂ ᠲᠡᠭᠡᠳᠦ ᠱᠠᠳᠣᠨ ᠤ ᠪᠠᠭᠤᠯᠭᠠᠭᠰᠠᠨ ᠳᠣᠰᠬᠠᠢ ᠲᠦᠷᠦᠯ ᠤᠨ ᠪᠡᠯᠡ ᠮᠦᠩᠬᠦ ᠶᠢ ᠳᠠᠷᠬᠠᠭᠠᠭᠰᠠᠨ ᠦᠭᠡᠢ ᠪᠠ ᠲᠦᠰᠦᠪ ᠤᠨ ᠲᠤᠭᠳᠠᠭᠠᠯᠳᠠ ᠪᠦᠷᠢᠨ ᠭᠦᠢᠴᠡᠳ ᠦᠭᠡᠢ᠂ ᠪᠡᠯᠡᠳᠭᠡᠯ ᠮᠦᠩᠬᠦᠨ ᠤ ᠳᠣᠬᠢᠷᠠᠭᠤᠯᠤᠯᠳᠠ ᠳᠣᠳᠠᠮᠠᠭ ᠵᠡᠷᠭᠡ ᠠᠰᠠᠭᠤᠳᠠᠯ ᠣᠷᠣᠰᠢᠵᠤ᠂ ᠬᠢᠨᠠᠨ ᠪᠤᠳᠣᠯᠳᠠ ᠶᠢᠨ ᠰᠠᠯᠠᠭ᠎ᠠ ᠮᠦᠴᠢᠷ ᠠᠴᠠ ᠵᠠᠯᠠᠷᠠᠭᠤᠯᠤᠨ ᠲᠦᠷᠢᠮᠵᠢᠭᠦᠯᠬᠦ ᠰᠠᠨᠠᠯ ᠳᠣᠷᠠᠳᠪᠠ᠃         ︵ᠬᠤᠶᠠᠷ︶ ᠬᠢᠨᠠᠨ ᠪᠤᠳᠣᠯᠳᠠ ᠶᠢᠨ ᠲᠤᠮᠳᠠ ᠢᠯᠡᠷᠡᠬᠦᠯᠦᠭᠰᠡᠨ ᠠᠰᠠᠭᠤᠳᠠᠯ ᠢ ᠰᠠᠶᠢᠳᠣᠷ ᠴᠡᠭᠴᠡᠯᠡᠨ ᠦᠭᠡᠷᠡᠴᠢᠯᠡᠵᠦ᠂ ᠬᠢᠨᠠᠨ ᠪᠤᠳᠣᠯᠳᠠ ᠶᠢᠨ ᠦᠷ᠎ᠡ ᠪᠦᠳᠦᠮᠵᠢ ᠶᠢ ᠦᠨᠡᠨᠬᠦ ᠨᠠᠶᠢᠳᠠᠪᠤᠷᠢᠵᠢᠭᠤᠯᠬᠤ ᠶᠢ ᠪᠠᠳᠣᠯᠠᠪᠠ         ᠬᠢᠨᠠᠨ ᠪᠤᠳᠣᠯᠳᠠ ᠶᠢᠨ ᠲᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠶᠢ ᠴᠢᠬᠤᠯᠠᠴᠢᠯᠠᠨ᠂ ᠴᠡᠭᠴᠡᠯᠡᠨ ᠦᠭᠡᠷᠡᠴᠢᠯᠡᠯᠳᠡ ᠶᠢ ᠮᠦᠷᠳᠡᠨ ᠪᠠᠶᠢᠴᠠᠭᠠᠬᠤ ᠠᠵᠢᠯ ᠢ ᠲᠦᠷᠢᠮᠵᠢᠭᠦᠯᠦᠨ᠂ ᠡᠳᠦᠷ ᠳᠣᠳᠣᠮ ᠤᠨ ᠬᠢᠨᠠᠨ ᠪᠠᠶᠢᠴᠠᠭᠠᠯᠳᠠ ᠶᠢᠨ ᠠᠵᠢᠯ ᠢ ᠴᠡᠭᠴᠡᠯᠡᠨ ᠵᠠᠰᠠᠬᠤ ᠠᠵᠢᠯ ᠲᠠᠢ ᠬᠠᠷᠢᠯᠴᠠᠨ ᠤᠶᠠᠯᠳᠣᠭᠤᠯᠵᠤ᠂ ᠬᠢᠨᠠᠨ ᠪᠤᠳᠣᠵᠤ ᠴᠡᠭᠴᠡᠯᠡᠨ ᠵᠠᠰᠠᠬᠤ ᠠᠵᠢᠯ ᠢ ᠬᠢᠨᠠᠨ ᠪᠤᠳᠣᠬᠤ ᠪᠠᠶᠢᠭᠤᠯᠭ᠎ᠠ ᠶᠢᠨ ᠲᠦᠷᠢᠮ ᠳᠣᠭᠳᠠᠭᠠᠯ ᠢ ᠠᠬᠢᠭᠤᠯᠬᠤ ᠠᠵᠢᠯ ᠲᠠᠢ ᠣᠶᠠᠯᠳᠣᠭᠤᠯᠵᠤ᠂ ᠬᠢᠨᠠᠨ ᠪᠤᠳᠣᠵᠤ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠪᠠ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠭᠦᠯᠪᠠ᠃ ᠬᠢᠨᠠᠨ ᠪᠤᠳᠣᠯᠳᠠ ᠶᠢᠨ ᠪᠠᠶᠢᠭᠤᠯᠭ᠎ᠠ ᠶᠢᠨ ᠳᠣᠷᠠᠳᠣᠭᠰᠠᠨ ᠴᠡᠭᠴᠡᠯᠡᠨ ᠵᠠᠰᠠᠬᠤ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠬᠢᠨᠠᠨ ᠪᠤᠳᠤᠯᠳᠠ ᠬᠢᠯᠭᠡᠭᠰᠡᠨ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠳᠣᠭᠳᠠᠭᠰᠠᠨ ᠬᠤᠭᠤᠴᠠᠭᠠᠨ ᠳᠤ ᠪᠠᠨ ᠬᠤᠰᠢᠭᠤ ᠬᠢᠨᠠᠨ ᠪᠤᠳᠣᠯᠳᠠ ᠶᠢᠨ ᠳᠣᠪᠴᠢᠶᠠᠨ ᠳᠤ ᠴᠡᠭᠴᠡᠯᠡᠨ ᠵᠠᠰᠠᠪᠤᠷᠢᠯᠠᠭᠰᠠᠨ ᠠᠵᠢᠯ ᠤᠨ ᠦᠷ᠎ᠡ ᠳ᠋ᠦᠩ ᠵᠢᠴᠢ ᠬᠠᠮᠢᠶᠠᠳᠠᠢ ᠪᠢᠴᠢᠭ ᠮᠠᠲ᠋ᠧᠷᠢᠶᠠᠯ ᠢᠶᠠᠨ ᠮᠡᠳᠡᠭᠦᠯᠦᠭᠰᠡᠨ ᠪᠤᠯᠪᠠᠴᠣ ᠬᠤᠰᠢᠭᠤᠨ ᠤ ᠡᠳ᠋ ᠤᠨ ᠵᠠᠰᠠᠭ ᠤᠨ ᠬᠦᠴᠦᠨ ᠬᠦᠷᠦᠯᠴᠡᠭᠡ ᠦᠭᠡᠢ ᠳᠣᠯᠠ ᠬᠠᠮᠢᠶ᠎ᠠ ᠪᠦᠬᠦᠢ ᠪᠡᠯᠡ ᠮᠦᠩᠬᠦ ᠶᠢ ᠪᠠᠭᠤᠯᠭᠠᠵᠤ ᠳᠠᠶᠢᠯᠬᠦ ᠦᠭᠡᠢ ᠠᠰᠠᠭᠤᠳᠠᠯ ᠢ ᠦᠨᠳᠦᠰᠦᠨ ᠠᠴᠠ ᠨᠢ ᠴᠡᠭᠴᠡᠯᠡᠨ ᠵᠠᠰᠠᠪᠤᠷᠢᠯᠠᠵᠦ ᠳᠠᠶᠢᠯᠬᠦ ᠦᠬᠡᠢ ᠪᠠᠶᠢᠨ᠎ᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号