ᠴᠠᠬᠠᠷ ᠨᠠᠢᠮᠠᠨ ᠬᠤᠰᠢᠭᠤᠨ ᠤ ᠬᠤᠪᠢᠰᠤᠯ
ᠨᠡᠶᠢᠲᠡᠯᠡᠭᠰᠡᠨ ᠴᠠᠭ᠄
2017/1/6
         
                                     ᠮᠠᠲ᠋ᠧᠷᠢᠶᠠᠯ ᠵᠢᠷᠤᠭ         1917 ᠤᠨ ᠤ 6 ᠰᠠᠷ᠎ᠠ ᠳᠤ᠂ ᠤᠮᠠᠷᠠᠳᠤ ᠶᠢᠨ ᠵᠠᠰᠠᠭ ᠤᠨ ᠤᠷᠳᠤᠨ ᠠᠴᠠ ᠿᠧ ᠡᠾᠧ᠂ ᠰᠦᠢᠶᠤᠸᠠᠨ᠂ ᠴᠠᠬᠠᠷ ᠢ ᠭᠤᠷᠪᠠᠨ ᠤᠨᠴᠠᠭᠠᠢ ᠤᠷᠤᠨ ᠪᠤᠯᠭᠠᠵᠤ᠂  ᠢᠷᠭᠡᠨ  ᠤᠯᠤᠰ ᠤᠨ  ᠠᠷᠪᠠᠨ  ᠳᠤᠯᠤᠳᠤᠭᠠᠷ  ᠤᠨ  ︵1928︶  ᠎ ᠤ  ᠶᠢᠰᠤᠨ ᠰᠠᠷ᠎ᠠ ᠳᠤ᠂ ᠭᠤᠮᠢᠨᠳᠠᠩ ᠤᠨ ᠵᠠᠰᠠᠭ ᠤᠨ ᠤᠷᠳᠤᠨ ᠠᠴᠠ ᠭᠤᠷᠪᠠᠨ ᠤᠨᠴᠠᠭᠠᠢ ᠤᠷᠤᠨ ᠢ ᠮᠤᠵᠢ ᠪᠤᠯᠭᠠᠨ ᠦᠭᠡᠷᠡᠴᠢᠯᠡᠵᠤ ᠴᠠᠬᠠᠷ ᠨᠠᠢᠮᠠᠨ ᠬᠤᠰᠢᠭᠤ ᠶᠢ  ᠴᠠᠬᠠᠷ  ᠮᠤᠵᠢ ᠳᠤ  ᠬᠠᠮᠢᠶᠠᠷᠤᠭᠤᠯᠵᠡᠢ᠃1935  ᠤᠨ ᠳᠤ  ᠴᠠᠬᠠᠷ  ᠪᠠᠷᠠᠭᠤᠨ  ᠭᠠᠷᠤᠨ  ᠲᠦᠷᠪᠡᠨ ᠬᠤᠰᠢᠭᠤ ᠶᠢ ᠰᠦᠢᠶᠤᠸᠠᠨ ᠮᠤᠵᠢ ᠳᠤ  ᠬᠠᠷᠢᠶᠠᠯᠠᠭᠤᠯᠵᠤ᠂  ᠲᠡᠤᠬᠡᠨ ᠳᠤ  ︽ᠰᠦᠢᠶᠤᠸᠠᠨ ᠤ  ᠵᠡᠭᠦᠨ  ᠲᠦᠷᠪᠡᠨ  ᠬᠤᠰᠢᠭᠤ︾ ᠭᠡᠳᠡᠭ᠃        1936 ᠤᠨ ᠤ 1 ᠰᠠᠷ᠎ᠠ ᠶᠢᠨ 22᠎ ᠤ ᠡᠳᠤᠷ᠂  ᠴᠠᠬᠠᠷ  ᠠᠶᠢᠮᠠᠭ ᠤᠨ ᠵᠠᠬᠢᠷᠭ᠎ᠠ  ᠪᠠᠶᠢᠭᠤᠯᠤᠭᠳᠠᠪᠠ᠃1937 ᠤᠨ ᠤ10 ᠰᠠᠷ᠎ᠠ ᠳᠤ ︽ᠮᠤᠩᠭᠤᠯ ᠤᠨ  ᠬᠤᠯᠪᠦᠭᠠᠲᠤ  ᠦᠪᠡᠷᠳᠡᠭᠡᠨ ᠵᠠᠰᠠᠬᠤ ᠵᠠᠰᠠᠭ ᠤᠨ ᠤᠷᠳᠤᠨ︾  ᠪᠠᠶᠢᠭᠤᠯᠤᠭᠳᠠᠭᠰᠠᠨ ᠤ ᠳᠠᠷᠠᠭ᠎ᠠ᠂ ᠴᠠᠬᠠᠷ ᠵᠡᠭᠦᠨ ᠭᠠᠷᠤᠨ ᠲᠦᠷᠪᠡᠨ ᠬᠤᠰᠢᠭᠤ ᠵᠢᠴᠢ ᠱᠠᠨᠲᠤ  ᠬᠤᠰᠢᠭᠤ᠂  ᠮᠢᠩᠭᠠᠨ  ᠬᠤᠰᠢᠭᠤ᠂ ᠲᠠᠶᠢᠪᠦᠰᠧ ᠵᠡᠭᠦᠨ ᠭᠠᠷᠤᠨ ᠬᠤᠰᠢᠭᠤ᠂ ᠲᠠᠶᠢᠪᠦᠰᠧ ᠪᠠᠷᠠᠭᠤᠨ ᠭᠠᠷᠤᠨ ᠬᠤᠰᠢᠭᠤ ᠶᠢ ᠴᠠᠬᠠᠷ ᠠᠶᠢᠮᠠᠭ ᠲᠤ ᠬᠠᠷᠢᠶᠠᠯᠠᠭᠤᠯᠵᠤ᠂ ᠰᠦᠢᠶᠤᠸᠠᠨ ᠤ ᠵᠡᠭᠦᠨ ᠲᠦᠷᠪᠡᠨ ᠬᠤᠰᠢᠭᠤ ᠶᠢ ᠪᠠᠶᠠᠨᠲᠠᠯ᠎ᠠ ᠠᠶᠢᠮᠠᠭ ᠳᠤ ᠬᠠᠷᠢᠶᠠᠯᠠᠭᠤᠯᠵᠡᠢ᠃1945  ᠤᠨ ᠳᠤ  ᠶᠠᠫᠦᠨ  ᠪᠠᠭᠤᠵᠤ  ᠦᠭᠭᠦᠭᠰᠡᠨ ᠤ ᠳᠠᠷᠠᠭ᠎ᠠ ᠪᠠᠶᠠᠨᠲᠠᠯ᠎ᠠ ᠠᠶᠢᠮᠠᠭ ᠢ ᠦᠭᠡᠢ ᠪᠤᠯᠭᠠᠪᠠ᠃         1947 ᠤᠨ ᠤ 5 ᠰᠠᠷ᠎ᠠ ᠶᠢᠨ1᠎ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠵᠤ᠂ ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠰᠦᠢᠶᠤᠸᠠᠨ ᠮᠤᠵᠢ ᠶᠢᠨ ᠵᠡᠭᠦᠨ ᠳᠦᠷᠪᠡᠨ ᠬᠤᠰᠢᠭᠤᠨ ᠤ  ᠬᠡᠷᠡᠭ  ᠡᠷᠬᠢᠯᠡᠬᠦ ᠭᠠᠵᠠᠷ ᠲᠤ ᠬᠠᠮᠢᠶᠠᠷᠠᠭᠤᠯᠪᠠ᠃1950 ᠤᠨ ᠤ  1  ᠰᠠᠷ᠎ᠠ ᠶᠢᠨ  20᠎ ᠤ  ᠡᠳᠤᠷ  ᠰᠦᠢᠶᠤᠸᠠᠨ  ᠮᠤᠵᠢ ᠶᠢᠨ  ᠠᠷᠠᠳ ᠤᠨ ᠵᠠᠰᠠᠭ ᠤᠨ ᠤᠷᠳᠤᠨ ᠠᠴᠠ ᠵᠡᠭᠦᠨ ᠳᠦᠷᠪᠡᠨ ᠬᠤᠰᠢᠭᠤᠨ ᠤ ᠬᠡᠷᠡᠭ ᠡᠷᠬᠢᠯᠡᠬᠦ ᠭᠠᠵᠠᠷ ᠢ ᠦᠭᠡᠢ ᠪᠤᠯᠭᠠᠵᠤ᠂ ᠲᠦᠪ ᠬᠤᠰᠢᠭᠤᠨ ᠤ ᠳᠦᠷᠢᠮ ᠢ ᠬᠡᠷᠡᠭᠵᠢᠭᠦᠯᠦᠨ᠂ ᠭᠦᠯᠦ ᠤᠯᠠᠭᠠᠨ ᠬᠤᠰᠢᠭᠤ ᠪᠠᠷ ᠲᠢᠪ ᠬᠤᠰᠢᠭᠤ ᠪᠤᠯᠭᠠᠨ᠂ ᠮᠤᠵᠢ ᠶᠢᠨ ᠵᠠᠰᠠᠭ ᠤᠨ ᠤᠷᠳᠤᠨ ᠠᠴᠠ ᠤᠳᠤᠷᠢᠳᠤᠭᠤᠯᠪᠠ᠃ 1952 ᠤᠨ ᠳᠤ ᠴᠠᠬᠠᠷ ᠮᠤᠵᠢ ᠶᠢ ᠦᠭᠡᠢ ᠪᠤᠯᠭᠠᠪᠠ᠂1954 ᠤᠨ ᠤ 3 ᠰᠠᠷ᠎ᠠ ᠶᠢᠨ  19᠎ ᠳᠤ᠂ ᠰᠦᠢᠶᠤᠸᠠᠨ ᠮᠤᠵᠢ ᠪᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠢ ᠬᠠᠮᠲᠤᠷᠠᠭᠤᠯᠤᠭᠠᠳ᠂ ᠰᠦᠢᠶᠤᠸᠠᠨ ᠮᠤᠵᠢ ᠶᠢ ᠦᠭᠡᠢ ᠪᠤᠯᠭᠠᠪᠠ᠃ ᠲᠤᠰ ᠰᠠᠷ᠎ᠠ ᠳᠤ᠂ ᠵᠡᠭᠦᠨ ᠳᠦᠷᠪᠡᠨ  ᠬᠤᠰᠢᠭᠤᠨ ᠤ  ᠲᠦᠪ  ᠬᠤᠰᠢᠭᠤ ᠶᠢ  ᠦᠭᠡᠢ  ᠪᠤᠯᠭᠠᠵᠤ᠂  ᠴᠠᠬᠠᠷ ᠪᠠᠷᠠᠭᠤᠨ ᠭᠠᠷ ᠡᠮᠤᠨᠡᠳᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠ ᠬᠤᠰᠢᠭᠤ᠂ ᠴᠠᠬᠠᠷ ᠪᠠᠷᠠᠭᠤᠨ ᠬᠤᠶᠢᠲᠤ  ᠬᠤᠰᠢᠭᠤ ᠶᠢ ᠪᠠᠶᠢᠭᠤᠯᠵᠡᠢ᠃1958 ᠤᠨ ᠳᠤ ᠴᠠᠬᠠᠷ ᠠᠶᠢᠮᠠᠭ ᠢ ᠰᠢᠯᠢ ᠶᠢᠨ ᠭᠤᠤᠯ ᠠᠶᠢᠮᠠᠭ ᠲᠤ ᠪᠠᠭᠲᠠᠭᠠᠨ᠂  ᠴᠠᠬᠠᠷ  ᠪᠠᠷᠠᠭᠤᠨ  ᠭᠠᠷᠤᠨ ᠳᠦᠷᠪᠡᠨ ᠬᠤᠰᠢᠭᠤ ᠶᠢ ᠤᠯᠠᠭᠠᠨᠴᠠᠪ ᠠᠶᠢᠮᠠᠭ ᠲᠤ ᠪᠠᠭᠲᠠᠭᠠᠵᠠᠢ᠃  
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号