| ᠮᠠᠲ᠋ᠧᠷᠢᠶᠠᠯ ᠵᠢᠷᠤᠭ | 1917 ᠤᠨ ᠤ 6 ᠰᠠᠷ᠎ᠠ ᠳᠤ᠂ ᠤᠮᠠᠷᠠᠳᠤ ᠶᠢᠨ ᠵᠠᠰᠠᠭ ᠤᠨ ᠤᠷᠳᠤᠨ ᠠᠴᠠ ᠿᠧ ᠡᠾᠧ᠂ ᠰᠦᠢᠶᠤᠸᠠᠨ᠂ | ᠴᠠᠬᠠᠷ ᠢ ᠭᠤᠷᠪᠠᠨ ᠤᠨᠴᠠᠭᠠᠢ ᠤᠷᠤᠨ ᠪᠤᠯᠭᠠᠵᠤ᠂ ᠢᠷᠭᠡᠨ ᠤᠯᠤᠰ ᠤᠨ ᠠᠷᠪᠠᠨ ᠳᠤᠯᠤᠳᠤᠭᠠᠷ ᠤᠨ ︵1928︶ | ᠤ ᠶᠢᠰᠤᠨ ᠰᠠᠷ᠎ᠠ ᠳᠤ᠂ ᠭᠤᠮᠢᠨᠳᠠᠩ ᠤᠨ ᠵᠠᠰᠠᠭ ᠤᠨ ᠤᠷᠳᠤᠨ ᠠᠴᠠ ᠭᠤᠷᠪᠠᠨ ᠤᠨᠴᠠᠭᠠᠢ ᠤᠷᠤᠨ ᠢ ᠮᠤᠵᠢ ᠪᠤᠯᠭᠠᠨ | ᠦᠭᠡᠷᠡᠴᠢᠯᠡᠵᠤ ᠴᠠᠬᠠᠷ ᠨᠠᠢᠮᠠᠨ ᠬᠤᠰᠢᠭᠤ ᠶᠢ ᠴᠠᠬᠠᠷ ᠮᠤᠵᠢ ᠳᠤ ᠬᠠᠮᠢᠶᠠᠷᠤᠭᠤᠯᠵᠡᠢ᠃1935 ᠤᠨ ᠳᠤ ᠴᠠᠬᠠᠷ | ᠪᠠᠷᠠᠭᠤᠨ ᠭᠠᠷᠤᠨ ᠲᠦᠷᠪᠡᠨ ᠬᠤᠰᠢᠭᠤ ᠶᠢ ᠰᠦᠢᠶᠤᠸᠠᠨ ᠮᠤᠵᠢ ᠳᠤ ᠬᠠᠷᠢᠶᠠᠯᠠᠭᠤᠯᠵᠤ᠂ ᠲᠡᠤᠬᠡᠨ ᠳᠤ | ︽ᠰᠦᠢᠶᠤᠸᠠᠨ ᠤ ᠵᠡᠭᠦᠨ ᠲᠦᠷᠪᠡᠨ ᠬᠤᠰᠢᠭᠤ︾ ᠭᠡᠳᠡᠭ᠃ | 1936 ᠤᠨ ᠤ 1 ᠰᠠᠷ᠎ᠠ ᠶᠢᠨ 22 ᠤ ᠡᠳᠤᠷ᠂ ᠴᠠᠬᠠᠷ ᠠᠶᠢᠮᠠᠭ ᠤᠨ ᠵᠠᠬᠢᠷᠭ᠎ᠠ ᠪᠠᠶᠢᠭᠤᠯᠤᠭᠳᠠᠪᠠ᠃ | 1937 ᠤᠨ ᠤ10 ᠰᠠᠷ᠎ᠠ ᠳᠤ ︽ᠮᠤᠩᠭᠤᠯ ᠤᠨ ᠬᠤᠯᠪᠦᠭᠠᠲᠤ ᠦᠪᠡᠷᠳᠡᠭᠡᠨ ᠵᠠᠰᠠᠬᠤ ᠵᠠᠰᠠᠭ ᠤᠨ ᠤᠷᠳᠤᠨ︾ | ᠪᠠᠶᠢᠭᠤᠯᠤᠭᠳᠠᠭᠰᠠᠨ ᠤ ᠳᠠᠷᠠᠭ᠎ᠠ᠂ ᠴᠠᠬᠠᠷ ᠵᠡᠭᠦᠨ ᠭᠠᠷᠤᠨ ᠲᠦᠷᠪᠡᠨ ᠬᠤᠰᠢᠭᠤ ᠵᠢᠴᠢ ᠱᠠᠨᠲᠤ ᠬᠤᠰᠢᠭᠤ᠂ ᠮᠢᠩᠭᠠᠨ | ᠬᠤᠰᠢᠭᠤ᠂ ᠲᠠᠶᠢᠪᠦᠰᠧ ᠵᠡᠭᠦᠨ ᠭᠠᠷᠤᠨ ᠬᠤᠰᠢᠭᠤ᠂ ᠲᠠᠶᠢᠪᠦᠰᠧ ᠪᠠᠷᠠᠭᠤᠨ ᠭᠠᠷᠤᠨ ᠬᠤᠰᠢᠭᠤ ᠶᠢ ᠴᠠᠬᠠᠷ ᠠᠶᠢᠮᠠᠭ ᠲᠤ | ᠬᠠᠷᠢᠶᠠᠯᠠᠭᠤᠯᠵᠤ᠂ ᠰᠦᠢᠶᠤᠸᠠᠨ ᠤ ᠵᠡᠭᠦᠨ ᠲᠦᠷᠪᠡᠨ ᠬᠤᠰᠢᠭᠤ ᠶᠢ ᠪᠠᠶᠠᠨᠲᠠᠯ᠎ᠠ ᠠᠶᠢᠮᠠᠭ ᠳᠤ ᠬᠠᠷᠢᠶᠠᠯᠠᠭᠤᠯᠵᠡᠢ᠃1945 | ᠤᠨ ᠳᠤ ᠶᠠᠫᠦᠨ ᠪᠠᠭᠤᠵᠤ ᠦᠭᠭᠦᠭᠰᠡᠨ ᠤ ᠳᠠᠷᠠᠭ᠎ᠠ ᠪᠠᠶᠠᠨᠲᠠᠯ᠎ᠠ ᠠᠶᠢᠮᠠᠭ ᠢ ᠦᠭᠡᠢ ᠪᠤᠯᠭᠠᠪᠠ᠃ | 1947 ᠤᠨ ᠤ 5 ᠰᠠᠷ᠎ᠠ ᠶᠢᠨ1 ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠵᠤ᠂ ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠰᠦᠢᠶᠤᠸᠠᠨ ᠮᠤᠵᠢ ᠶᠢᠨ ᠵᠡᠭᠦᠨ ᠳᠦᠷᠪᠡᠨ | ᠬᠤᠰᠢᠭᠤᠨ ᠤ ᠬᠡᠷᠡᠭ ᠡᠷᠬᠢᠯᠡᠬᠦ ᠭᠠᠵᠠᠷ ᠲᠤ ᠬᠠᠮᠢᠶᠠᠷᠠᠭᠤᠯᠪᠠ᠃1950 ᠤᠨ ᠤ 1 ᠰᠠᠷ᠎ᠠ ᠶᠢᠨ 20 ᠤ ᠡᠳᠤᠷ | ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠠᠴᠠ ᠵᠡᠭᠦᠨ ᠳᠦᠷᠪᠡᠨ ᠬᠤᠰᠢᠭᠤᠨ ᠤ ᠬᠡᠷᠡᠭ ᠡᠷᠬᠢᠯᠡᠬᠦ | ᠭᠠᠵᠠᠷ ᠢ ᠦᠭᠡᠢ ᠪᠤᠯᠭᠠᠵᠤ᠂ ᠲᠦᠪ ᠬᠤᠰᠢᠭᠤᠨ ᠤ ᠳᠦᠷᠢᠮ ᠢ ᠬᠡᠷᠡᠭᠵᠢᠭᠦᠯᠦᠨ᠂ ᠭᠦᠯᠦ ᠤᠯᠠᠭᠠᠨ ᠬᠤᠰᠢᠭᠤ ᠪᠠᠷ ᠲᠢᠪ | ᠬᠤᠰᠢᠭᠤ ᠪᠤᠯᠭᠠᠨ᠂ ᠮᠤᠵᠢ ᠶᠢᠨ ᠵᠠᠰᠠᠭ ᠤᠨ ᠤᠷᠳᠤᠨ ᠠᠴᠠ ᠤᠳᠤᠷᠢᠳᠤᠭᠤᠯᠪᠠ᠃ 1952 ᠤᠨ ᠳᠤ ᠴᠠᠬᠠᠷ ᠮᠤᠵᠢ ᠶᠢ | ᠦᠭᠡᠢ ᠪᠤᠯᠭᠠᠪᠠ᠂1954 ᠤᠨ ᠤ 3 ᠰᠠᠷ᠎ᠠ ᠶᠢᠨ 19 ᠳᠤ᠂ ᠰᠦᠢᠶᠤᠸᠠᠨ ᠮᠤᠵᠢ ᠪᠠ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠢ ᠬᠠᠮᠲᠤᠷᠠᠭᠤᠯᠤᠭᠠᠳ᠂ ᠰᠦᠢᠶᠤᠸᠠᠨ ᠮᠤᠵᠢ ᠶᠢ ᠦᠭᠡᠢ ᠪᠤᠯᠭᠠᠪᠠ᠃ ᠲᠤᠰ ᠰᠠᠷ᠎ᠠ ᠳᠤ᠂ | ᠵᠡᠭᠦᠨ ᠳᠦᠷᠪᠡᠨ ᠬᠤᠰᠢᠭᠤᠨ ᠤ ᠲᠦᠪ ᠬᠤᠰᠢᠭᠤ ᠶᠢ ᠦᠭᠡᠢ ᠪᠤᠯᠭᠠᠵᠤ᠂ ᠴᠠᠬᠠᠷ ᠪᠠᠷᠠᠭᠤᠨ ᠭᠠᠷ ᠡᠮᠤᠨᠡᠳᠤ | ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠ ᠬᠤᠰᠢᠭᠤ᠂ ᠴᠠᠬᠠᠷ ᠪᠠᠷᠠᠭᠤᠨ ᠬᠤᠶᠢᠲᠤ ᠬᠤᠰᠢᠭᠤ ᠶᠢ ᠪᠠᠶᠢᠭᠤᠯᠵᠡᠢ᠃ | 1958 ᠤᠨ ᠳᠤ ᠴᠠᠬᠠᠷ ᠠᠶᠢᠮᠠᠭ ᠢ ᠰᠢᠯᠢ ᠶᠢᠨ ᠭᠤᠤᠯ ᠠᠶᠢᠮᠠᠭ ᠲᠤ ᠪᠠᠭᠲᠠᠭᠠᠨ᠂ ᠴᠠᠬᠠᠷ ᠪᠠᠷᠠᠭᠤᠨ ᠭᠠᠷᠤᠨ | ᠳᠦᠷᠪᠡᠨ ᠬᠤᠰᠢᠭᠤ ᠶᠢ ᠤᠯᠠᠭᠠᠨᠴᠠᠪ ᠠᠶᠢᠮᠠᠭ ᠲᠤ ᠪᠠᠭᠲᠠᠭᠠᠵᠠᠢ᠃ |