| ᠦᠪᠡᠷᠳᠡᠬᠡᠨ ᠵᠠᠰᠠᠬᠤ ᠤᠷᠤᠨ ᠪᠠ ᠪᠦᠬᠦ ᠠᠶᠢᠮᠠᠭ ᠤᠨ ᠶᠠᠳᠠᠭᠤ ᠶᠢ ᠲᠡᠳᠬᠦᠬᠦ ᠰᠢᠪᠳᠤᠯᠤᠯᠳᠠ ᠶᠢᠨ | ᠢᠨᠵᠧᠨᠧᠷᠢᠩ ᠢ ᠪᠦᠬᠦ ᠲᠠᠯ᠎ᠠ ᠪᠠᠷ ᠲᠤᠤᠱᠯᠠᠭᠤᠯᠬᠤ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠮᠠᠨ ᠤ ᠬᠤᠰᠢᠭᠤ | ᠨᠢ ᠲᠠᠩᠰᠠ ᠡᠪᠬᠢᠮᠠᠯ ᠪᠠᠶᠢᠭᠤᠯᠵᠦ ᠦᠭᠬᠦᠭᠰᠡᠨ ᠶᠠᠳᠠᠭᠤ ᠬᠦᠮᠦᠨ ᠤ ︽ᠡᠪᠡᠳᠴᠢᠨ ᠢᠶᠠᠨ ᠦᠵᠡᠬᠦᠯᠵᠦ ᠲᠠᠶᠢᠯᠬᠦ᠂ | ᠡᠪᠡᠳᠴᠢᠨ ᠢᠶᠠᠨ ᠲᠤᠤᠱᠳᠠᠢ ᠡᠮᠨᠡᠬᠦᠯᠵᠦ ᠲᠠᠶᠢᠯᠬᠦ᠂ ᠡᠮᠨᠡᠯᠭᠡ ᠶᠢᠨ ᠰᠦᠢᠳᠬᠡᠯ ᠢᠶᠠᠨ ᠦᠭᠴᠦ ᠲᠡᠶᠢᠯᠬᠦ ᠪᠠ ᠡᠷᠡᠬᠦᠯ | ᠴᠢᠬᠢᠷᠠᠭ ᠪᠠᠶᠢᠬᠤ︾ ᠠᠵᠢᠯ ᠤᠨ ᠬᠠᠷᠠᠯᠳᠠ ᠶᠢᠨ ᠲᠤᠭᠤᠷᠢᠨ ᠳᠤ ᠲᠤᠤᠷᠡᠬᠢ ᠡᠷᠡᠬᠦᠯ ᠴᠢᠬᠢᠷᠠᠭ ᠤᠨ ᠲᠠᠯ᠎ᠠ ᠪᠠᠷ | ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠤᠭᠳᠠᠭᠠᠭᠰᠠᠨ ᠪᠠᠶᠢᠨ᠎ᠠ᠂ ᠲᠠᠷᠤᠢ᠄ | ᠨᠢᠬᠡ᠂ ᠡᠮ ᠡᠮᠨᠡᠯᠬᠡ ᠶᠢᠨ ᠲᠠᠯ᠎ᠠ ᠪᠠᠷ ᠬᠢ ᠪᠠᠳᠤᠯᠭ᠎ᠠ ᠶᠢᠨ ᠲᠦᠷᠦ ᠶᠢᠨ ᠪᠤᠳᠤᠯᠭ᠎ᠠ | 1. ᠶᠠᠳᠠᠭᠤ ᠬᠦᠴᠢᠷᠳᠡᠢ ᠬᠦᠮᠦᠨ ᠳᠤ ᠵᠤᠷᠢᠭᠤᠯᠤᠭᠰᠠᠨ ᠡᠮ ᠡᠮᠨᠡᠯᠬᠡ ᠶᠢᠨ ᠪᠠᠳᠤᠯᠠᠭᠠᠨ ᠤ ᠰᠠᠭᠤᠷᠢ | ᠮᠦᠩᠬᠦ ᠶᠢ ᠪᠠᠶᠢᠭᠤᠯᠤᠨ᠎ᠠ᠃ 2017 ᠤᠨ ᠠᠴᠠ ᠡᠬᠢᠯᠠᠵᠦ ᠶᠠᠳᠠᠭᠤ ᠬᠦᠴᠢᠷᠳᠡᠢ ᠬᠦᠮᠦᠨ ᠤ ᠡᠮᠨᠡᠯᠬᠡ ᠳᠤ | ᠰᠠᠭᠤᠬᠤ ᠦᠨᠳᠦᠰᠦᠨ ᠡᠮᠨᠡᠯᠬᠡ ᠶᠢᠨ ᠲᠠᠭᠠᠳᠬᠠᠯ᠂ ᠬᠦᠨᠳᠦ ᠡᠪᠡᠳᠴᠢᠨ ᠤ ᠲᠠᠭᠠᠳᠬᠠᠯ᠂ ᠡᠷᠡᠬᠦᠯ ᠴᠢᠬᠢᠷᠠᠭ ᠢᠶᠠᠷ | ᠶᠠᠳᠠᠭᠤ ᠶᠢ ᠲᠡᠳᠬᠦᠬᠦ ᠬᠤᠳᠠᠯᠳᠤᠭᠠᠨ ᠤ ᠦᠢᠯᠡᠰ ᠤᠨ ᠨᠦᠬᠦᠪᠦᠷᠢ ᠲᠠᠭᠠᠳᠬᠠᠯ᠂ ᠡᠮᠴᠢᠯᠡᠬᠡᠨ ᠤ ᠲᠤᠰᠠᠯᠠᠮᠵᠢ | ᠵᠡᠷᠬᠡ ᠠᠷᠭ᠎ᠠ ᠬᠡᠯᠪᠡᠷᠢ ᠪᠠᠷ ᠲᠠᠩᠰᠠ ᠲᠠᠶᠢᠯᠦᠭᠰᠠᠨ ᠤ ᠰᠡᠬᠦᠯᠡᠷ ᠬᠠᠷᠢᠴᠠᠯ ᠨᠢ 90% ᠳᠤ ᠬᠦᠷᠬᠦ ᠦᠬᠡᠢ ᠶᠢ ᠨᠢ | ᠡᠮ ᠡᠮᠨᠡᠯᠬᠡ ᠶᠢᠨ ᠪᠠᠳᠤᠯᠠᠭᠠᠨ ᠤ ᠰᠠᠭᠤᠷᠢ ᠮᠦᠩᠬᠦᠨ ᠠᠴᠠ ᠨᠦᠬᠦᠪᠦᠷᠢᠯᠡᠨ᠎ᠡ᠂ ᠡᠬᠦᠳᠡᠨ ᠡᠮᠨᠡᠯᠬᠡ ᠳᠠᠬᠢ ᠤᠳᠠᠭᠠᠨ | ᠴᠢᠨᠡᠷᠳᠡᠢ ᠡᠪᠡᠳᠴᠢᠨ ᠳᠤ ᠬᠡᠷᠡᠭᠯᠡᠬᠦ ᠡᠮ ᠢ ᠦᠨᠳᠦᠰᠦᠨ ᠡᠮᠨᠡᠯᠬᠡ ᠶᠢᠨ ᠪᠠᠳᠤᠯᠠᠭᠠᠨ ᠠᠴᠠ ᠲᠠᠩᠰᠠ ᠲᠠᠶᠢᠯᠦᠭᠰᠠᠨ | ᠰᠠᠭᠤᠷᠢᠨ ᠲᠡᠭᠡᠷ᠎ᠡ ᠡᠮ ᠡᠮᠨᠡᠯᠬᠡ ᠶᠢᠨ ᠪᠠᠳᠤᠯᠠᠭᠠᠨ ᠤ ᠰᠠᠭᠤᠷᠢ ᠮᠦᠩᠬᠦᠨ ᠠᠴᠠ ᠨᠦᠬᠦᠪᠦᠷᠢᠯᠡᠵᠦ 95% ᠳᠤ | ᠬᠦᠷᠬᠡᠨ᠎ᠡ᠃ | 2. ᠶᠠᠳᠠᠭᠤ ᠬᠦᠴᠢᠷᠳᠡᠢ ᠬᠦᠮᠦᠰ ᠢ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠳᠤ ᠤᠷᠤᠭᠤᠯᠵᠦ | ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ᠃ ᠮᠠᠨ ᠤ ᠬᠤᠰᠢᠭᠤᠨ ᠤ ᠲᠠᠩᠰᠠ ᠡᠪᠬᠢᠮᠡᠯ ᠪᠠᠶᠢᠭᠤᠯᠤᠭᠰᠠᠨ | ᠶᠠᠳᠠᠭᠤ ᠬᠦᠮᠦᠨ ︵2014 ᠤᠨ ᠠᠴᠠ ᠨᠠᠰᠢ ᠲᠠᠩᠰᠠ ᠡᠪᠬᠢᠮᠠᠯ ᠪᠠᠶᠢᠭᠤᠯᠵᠦ ᠦᠩᠬᠡᠷᠡᠭᠰᠡᠨ ᠶᠠᠳᠠᠭᠤ ᠠᠴᠠ | ᠠᠩᠬᠢᠵᠢᠷᠠᠭᠰᠠᠨ ᠪᠤᠯᠪᠠᠴᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠬᠦ ᠬᠡᠪᠴᠢᠶᠠᠨ ᠳᠤ ᠪᠠᠶᠢᠭ᠎ᠠ ᠬᠦᠮᠦᠨ ᠢ | ᠪᠠᠭᠳᠠᠭᠠᠨ᠎ᠠ︶ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠬᠡᠨ ᠤ ᠲᠠᠭᠠᠳᠬᠠᠯ ᠳᠤ ᠤᠷᠤᠬᠤ ᠬᠤᠪᠢ | ᠬᠦᠮᠦᠨ ᠤ ᠬᠡᠰᠡᠭ ᠢ ᠡᠮ ᠡᠮᠨᠡᠯᠬᠡ ᠶᠢᠨ ᠪᠠᠳᠤᠯᠠᠭᠠᠨ ᠤ ᠰᠠᠭᠤᠷᠢ ᠮᠦᠩᠬᠦᠨ ᠠᠴᠠ ᠭᠠᠷᠭᠠᠨ᠎ᠠ᠃ | 3. ᠪᠦᠬᠦ ᠬᠤᠰᠢᠭᠤᠨ ᠤ ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠰ ᠢ ᠰᠢᠨ᠎ᠠ ᠬᠡᠯᠪᠡᠷᠢ | ᠶᠢᠨ ᠬᠤᠷᠰᠢᠭᠰᠠᠨ ᠡᠮᠨᠡᠯᠬᠡ ᠶᠢᠨ ᠤᠨᠴᠠᠭᠠᠢ ᠨᠦᠬᠦᠪᠦᠷᠢ ᠬᠦᠷᠳᠡᠬᠦ ᠬᠡᠪᠴᠢᠶᠠᠨ ᠳᠤ ᠪᠠᠭᠳᠠᠭᠠᠨ᠎ᠠ᠃ ᠪᠦᠬᠦ | ᠬᠤᠰᠢᠭᠤᠨ ᠤ ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠨ ᠤ ᠡᠯ᠎ᠠ ᠱᠠᠳᠤᠨ ᠤ ᠰᠢᠨ᠎ᠠ ᠬᠡᠯᠪᠡᠷᠢ ᠶᠢᠨ | ᠬᠤᠷᠰᠢᠭᠰᠠᠨ ᠡᠮᠨᠡᠯᠬᠡ ᠶᠢᠨ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠶᠢᠨ ᠡᠮᠨᠡᠯᠬᠡ ᠳᠤ ᠰᠠᠭᠤᠭᠰᠠᠨ ᠰᠦᠢᠳᠬᠡᠯ | ᠤᠨ ᠲᠠᠩᠰᠠ ᠠᠴᠠ ᠲᠠᠶᠢᠯᠬᠤ ᠨᠤᠷᠮ᠎ᠠ ᠶᠢ10 ᠵᠠᠭᠤᠨ ᠤ ᠴᠢᠭ ᠦᠰᠬᠡᠨᠡ᠂ ᠲᠠᠩᠰᠠ ᠡᠪᠬᠢᠮᠠᠯ ᠪᠠᠶᠢᠭᠤᠯᠤᠭᠰᠠᠨ | ᠶᠠᠳᠠᠭᠤ ᠬᠦᠮᠦᠨ ᠨᠢ ᠲᠤᠰ ᠵᠢᠯ ᠳᠡᠭᠡᠨ ᠬᠤᠶᠠᠳᠠᠬᠢ ᠤᠳᠠᠭ᠎ᠠ ᠪᠤᠶᠤ ᠤᠯᠠᠨ ᠤᠳᠠᠭ᠎ᠠ ᠠᠳᠠᠯᠢ ᠱᠠᠳᠤᠨ ᠤ ᠡᠮᠨᠡᠯᠬᠡ | ᠶᠢᠨ ᠬᠤᠷᠢᠶᠠᠨ ᠳᠤ ᠰᠠᠭᠤᠭᠰᠠᠨ ᠪᠤᠯ ᠲᠠᠩᠰᠠ ᠲᠠᠶᠢᠯᠬᠤ ᠠᠩᠬᠠᠨ ᠤ ᠰᠠᠭᠤᠷᠢ ᠱᠤᠭᠤᠮ ᠢ ᠦᠬᠡᠶᠢᠰᠬᠡᠵᠦ ᠪᠤᠯᠤᠨ᠎ᠠ︔ | ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠨ ᠤ ᠡᠬᠦᠳᠡᠨ ᠡᠮᠨᠡᠯᠬᠡ᠂ ᠤᠳᠠᠭᠠᠨ ᠴᠢᠨᠠᠷᠳᠠᠢ ᠡᠪᠡᠳᠴᠢᠨ᠂ | ᠤᠨᠴᠠᠭᠠᠢ ᠡᠪᠡᠳᠴᠢᠨ ᠪᠠ ᠤᠷᠤᠨ ᠨᠤᠳᠤᠭ ᠤᠨ ᠡᠪᠡᠳᠴᠢᠨ ᠤ ᠲᠠᠩᠰᠠ ᠠᠴᠠ ᠲᠠᠶᠢᠯᠬᠤ ᠬᠠᠷᠢᠴᠠᠯ ᠢ ︽2016 | ᠤᠨ ᠤ ᠰᠢᠯᠢ ᠶᠢᠨ ᠭᠤᠤᠯ ᠠᠶᠢᠮᠠᠭ ᠤᠨ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠬᠡ ᠶᠢᠨ | ᠬᠦᠨᠳᠦ ᠡᠪᠡᠳᠴᠢᠨ ᠢ ᠨᠢᠬᠡᠳᠦᠯᠳᠡᠢ ᠲᠦᠯᠦᠪᠯᠡᠬᠦ ᠪᠠ ᠡᠬᠦᠳᠡᠨ ᠡᠮᠨᠡᠯᠬᠡ ᠶᠢ ᠨᠢᠬᠡᠳᠦᠯᠳᠡᠢ ᠲᠦᠯᠦᠪᠯᠡᠬᠦ ᠰᠠᠭᠤᠷᠢ | ᠮᠦᠩᠬᠦᠨ ᠤ ᠨᠦᠬᠦᠪᠦᠷᠢ ᠶᠢᠨ ᠪᠠᠷᠢᠮᠵᠢᠶ᠎ᠠ︾ ᠶᠢᠨ ᠰᠠᠭᠤᠷᠢᠨ ᠲᠡᠭᠡᠷ᠎ᠡ 10 ᠵᠠᠭᠤᠨ ᠤ ᠴᠢᠭ ᠦᠰᠬᠡᠨᠡ᠃ | 4. ᠶᠠᠳᠠᠭᠤ ᠬᠦᠮᠦᠰ ᠲᠤ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠬᠤᠳᠠᠯᠳᠤᠭᠠᠨ ᠤ | ᠨᠦᠬᠦᠪᠦᠷᠢ ᠲᠠᠭᠠᠳᠬᠠᠯ ᠠᠪᠴᠤ ᠦᠭᠬᠦᠨ᠎ᠠ᠃ 2018 ᠤᠨ ᠠᠴᠠ ᠡᠬᠢᠯᠡᠵᠦ ᠶᠠᠳᠠᠭᠤ ᠬᠦᠮᠦᠰ ᠲᠤ ᠬᠦᠨᠳᠦ | ᠡᠪᠡᠳᠴᠢᠨ᠂ ᠠᠳᠡᠯ ᠤᠰᠤᠯ ᠠᠴᠠ ᠪᠤᠯᠵᠦ ᠨᠠᠰᠤ ᠪᠠᠷᠠᠬᠤ᠂ ᠠᠳᠡᠯ ᠤᠰᠤᠯ ᠠᠴᠠ ᠪᠤᠯᠵᠦ ᠵᠡᠮᠳᠡᠭ ᠪᠤᠯᠬᠤ᠂ ᠠᠳᠡᠯ | ᠤᠰᠤᠯ ᠤᠨ ᠡᠮᠴᠢᠯᠡᠭᠡ ︵ᠡᠬᠦᠳᠡᠨ ᠡᠮᠨᠡᠯᠬᠡ ᠵᠢᠴᠢ ᠡᠮᠨᠡᠯᠬᠡ ᠳᠤ ᠰᠠᠭᠤᠬᠤ︶ ᠵᠡᠷᠬᠡ ᠤᠯᠠᠨ ᠪᠠᠳᠤᠯᠠᠭᠠᠨ ᠤ ᠵᠦᠢᠯ | ᠤᠨ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠬᠤᠳᠠᠯᠳᠤᠭᠠᠨ ᠤ ᠨᠦᠬᠦᠪᠦᠷᠢ ᠲᠠᠭᠠᠳᠬᠠᠯ ᠢ ᠬᠤᠳᠠᠯᠳᠤᠨ | ᠠᠪᠴᠤ ᠦᠭᠬᠦᠨ᠂ ᠶᠠᠳᠠᠭᠤ ᠬᠦᠮᠦᠰ ᠤᠨ ᠠᠳᠡᠯ ᠤᠰᠤᠯ ᠪᠤᠶᠤ ᠡᠪᠡᠳᠴᠢᠨ ᠬᠢᠵᠢᠭ ᠠᠴᠠ ᠪᠤᠯᠤᠭᠰᠠᠨ ᠶᠡᠭᠡ | ᠬᠡᠮᠵᠢᠶᠠᠨ ᠤ ᠡᠮᠨᠡᠯᠬᠡ ᠶᠢᠨ ᠰᠦᠢᠳᠬᠡᠯ ᠢ ᠬᠦᠩᠬᠡᠯᠡᠵᠦ ᠦᠭᠬᠦ ᠶᠢᠨ ᠬᠠᠮᠳᠤ ᠡᠮᠨᠡᠯᠬᠡ ᠳᠤ ᠰᠠᠭᠤᠭᠰᠠᠨ ᠪᠠᠶᠢᠪᠠᠯ | ᠪᠤᠳᠠᠳᠠᠢ ᠰᠠᠭᠤᠭᠰᠠᠨ ᠡᠳᠦᠷ ᠤᠨ ᠲᠤᠭ᠎ᠠ ᠪᠠᠷ ᠨᠦᠬᠦᠪᠦᠷᠢ ᠤᠯᠭᠤᠨ᠎ᠠ᠃ | 5. ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠶᠢᠨ ᠤᠳᠠᠭᠠᠨ ᠴᠢᠨᠠᠷᠳᠠᠢ ᠡᠪᠡᠳᠴᠢᠨ ᠤ ᠲᠠᠩᠰᠠ | ᠲᠠᠶᠢᠯᠬᠤ ᠬᠡᠪᠴᠢᠶᠠᠨ ᠳᠤ ᠤᠷᠤᠭᠰᠠᠨ ᠦᠬᠡᠢ ᠤᠳᠠᠭᠠᠨ ᠴᠢᠨᠠᠷᠳᠠᠢ ᠡᠪᠡᠳᠴᠢᠨ ᠤ ᠡᠮᠴᠢᠯᠡᠬᠡᠨ ᠤ ᠰᠦᠢᠳᠬᠡᠯ ᠢ ᠡᠮ | ᠡᠮᠨᠡᠯᠬᠡ ᠶᠢᠨ ᠪᠠᠳᠤᠯᠠᠭᠠᠨ ᠤ ᠰᠠᠭᠤᠷᠢ ᠮᠦᠩᠬᠦᠨ ᠤ ᠲᠠᠩᠰᠠ ᠲᠠᠶᠢᠯᠬᠤ ᠬᠡᠪᠴᠢᠶᠠᠨ ᠳᠤ ᠤᠷᠤᠭᠤᠯᠤᠨ᠎ᠠ᠃ | ᠬᠤᠷᠰᠢᠭᠰᠠᠨ ᠡᠮᠨᠡᠯᠬᠡ ᠶᠢᠨ ᠲᠠᠩᠰᠠ ᠲᠠᠶᠢᠯᠬᠤ ᠬᠡᠪᠴᠢᠶᠠᠨ ᠳᠤ ᠪᠠᠶᠢᠭ᠎ᠠ ᠤᠳᠠᠭᠠᠨ ᠴᠢᠨᠠᠷᠳᠠᠢ ᠡᠪᠡᠳᠴᠢᠨ ᠳᠤ | ᠨᠡᠷᠪᠡᠭᠳᠡᠭᠰᠡᠨ ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠰ ᠤᠨ ᠡᠮ ᠤᠨ ᠲᠡᠯᠬᠡᠬᠦᠷ᠂ ᠬᠤᠪᠢ ᠶᠢᠨ ᠡᠮᠴᠢ | ᠠᠴᠠ ᠡᠮ ᠪᠠᠷᠢᠭᠰᠠᠨ ᠰᠦᠢᠳᠬᠡᠯ ᠢᠶᠠᠨ ᠲᠠᠩᠰᠠ ᠠᠴᠠ ᠲᠠᠶᠢᠯᠬᠤ ᠳᠠᠭᠠᠨ ᠬᠤᠰᠢᠭᠤ ᠡᠮᠨᠡᠯᠬᠡ ᠶᠢᠨ ᠬᠤᠷᠢᠶ᠎ᠠ᠂ | ᠮᠤᠩᠭᠤᠯ ᠡᠮᠨᠡᠯᠬᠡ ᠶᠢᠨ ᠬᠤᠷᠢᠶ᠎ᠠ ᠪᠤᠶᠤ ᠭᠠᠳᠠᠨ᠎ᠠ ᠤᠷᠤᠨ ᠤ ᠬᠤᠶᠠᠳᠤᠭᠠᠷ ᠲᠡᠰ ᠤᠨ ᠵᠢᠴᠢ ᠬᠤᠶᠠᠳᠤᠭᠠᠷ ᠲᠡᠰ | ᠠᠴᠠ ᠲᠡᠭᠡᠭᠰᠢᠬᠢ ᠡᠮᠨᠡᠯᠬᠡ ᠶᠢᠨ ᠬᠤᠷᠢᠶᠠᠨ ᠠᠴᠠ ᠭᠠᠷᠭᠠᠵᠦ ᠦᠭᠬᠦᠭᠰᠡᠨ ᠡᠮᠴᠢᠯᠡᠬᠡᠨ ᠤ ᠬᠡᠷᠡᠴᠢ᠂ ᠭᠠᠴᠠᠭ᠎ᠠ | ᠲᠤᠰᠬᠤᠨ ᠠᠴᠠ ᠭᠠᠷᠭᠠᠭᠰᠠᠨ ᠡᠪᠡᠳᠴᠢᠨ ᠤ ᠪᠠᠶᠢᠳᠠᠯ ᠤᠨ ᠲᠤᠬᠠᠢ ᠬᠡᠷᠡᠴᠢ᠂ ᠡᠮᠴᠢ ᠶᠢᠨ ᠭᠠᠷ ᠤᠨ ᠦᠰᠦᠭ ᠲᠠᠢ | ᠡᠮ ᠤᠨ ᠵᠤᠷ ︵ᠡᠮᠴᠢ ᠶᠢᠨ ᠬᠠᠷᠢᠯᠴᠠᠬᠤ ᠤᠳᠠᠰᠤ ᠪᠤᠶᠤ ᠬᠠᠶ᠋ᠢᠭ ᠢ ᠲᠤᠳᠤᠷᠬᠠᠶᠢᠯᠠᠭᠰᠠᠨ︶ ᠵᠡᠷᠬᠡ ᠬᠡᠷᠡᠴᠢᠯᠡᠯ ᠢ | ᠬᠠᠩᠭᠠᠵᠦ ᠴᠢᠳᠠᠪᠠᠯ ᠡᠮ ᠡᠮᠨᠡᠯᠬᠡ ᠶᠢᠨ ᠪᠠᠳᠤᠯᠠᠭᠠᠨ ᠤ ᠰᠠᠭᠤᠷᠢ ᠮᠦᠩᠬᠦᠨ ᠠᠴᠠ ᠲᠠᠩᠰᠠ ᠲᠠᠶᠢᠯᠵᠦ ᠦᠭᠬᠦᠨ᠎ᠡ᠂ | ᠬᠡᠬᠦ ᠳᠤ ᠪᠠᠨ ᠬᠠᠮᠤᠭ ᠤᠨ ᠶᠡᠭᠡ ᠳᠡᠭᠡᠨ 3000 ᠲᠦᠬᠦᠷᠢᠭ ᠠᠴᠠ ᠬᠡᠳᠦᠷᠡᠬᠦ ᠦᠬᠡᠢ᠃ | ᠬᠤᠶᠠᠷ᠂ ᠤᠷᠢᠳᠠᠪᠡᠷ ᠡᠮᠨᠡᠬᠦᠯᠵᠦ ᠰᠡᠬᠦᠯᠡᠷ ᠨᠢ ᠰᠦᠢᠳᠬᠡᠯ ᠲᠤᠰᠢᠶᠠᠬᠤ ᠬᠠᠷᠠᠭᠠᠯᠵᠠᠯ ᠤᠨ ᠲᠦᠷᠦ | ᠶᠢᠨ ᠪᠤᠳᠤᠯᠭ᠎ᠠ | ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠰ ᠲᠤ ᠤᠷᠢᠳᠠᠪᠠᠷ ᠡᠪᠡᠳᠴᠢᠨ ᠢᠶᠠᠨ ᠡᠮᠨᠡᠬᠦᠯᠵᠦ | ᠰᠠᠬᠦᠯᠡᠷ ᠨᠢ ᠰᠦᠢᠳᠬᠡᠯ ᠢᠶᠠᠨ ᠲᠤᠰᠢᠶᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠠᠩᠭᠠᠨ᠎ᠠ᠃ ᠮᠠᠨ ᠤ | ᠬᠤᠰᠢᠭᠤᠨ ᠤ ᠲᠠᠩᠰᠠ ᠡᠪᠬᠢᠮᠠᠯ ᠪᠠᠶᠢᠭᠤᠯᠤᠭᠰᠠᠨ ᠪᠦᠬᠦᠶᠢᠯᠡ ᠶᠠᠳᠠᠭᠤ ᠬᠦᠴᠢᠷᠳᠡᠢ ᠡᠪᠡᠳᠴᠢᠳᠠᠨ᠂ ᠬᠤᠰᠢᠭᠤᠨ | ᠲᠤᠳᠤᠷ᠎ᠠ ᠪᠠᠨ ᠡᠮᠨᠡᠯᠬᠡ ᠶᠢᠨ ᠬᠤᠷᠢᠶᠠᠨ ᠳᠤ ᠰᠠᠭᠤᠪᠠᠯ ︽ᠤᠷᠢᠳᠠᠪᠡᠷ ᠡᠮᠨᠡᠬᠦᠯᠵᠦ ᠰᠡᠬᠦᠯᠡᠷ ᠨᠢ ᠰᠦᠢᠳᠬᠡᠯ ᠢᠶᠠᠨ | ᠲᠤᠰᠢᠶᠠᠬᠤ︾ ᠲᠦᠷᠢᠮ ᠢ ᠬᠡᠷᠡᠭᠵᠢᠬᠦᠯᠵᠦ᠂ ᠡᠮᠨᠡᠯᠬᠡ ᠳᠤ ᠰᠠᠭᠤᠬᠤ ᠪᠠᠷᠢᠴᠠᠭᠠᠨ ᠤ ᠮᠦᠩᠬᠦ ᠲᠤᠰᠢᠶ᠋ᠬᠤ ᠬᠡᠷᠡᠭ | ᠦᠬᠡᠢ᠂ ᠰᠢᠭᠤᠳ ᠡᠮᠨᠡᠯᠬᠡ ᠳᠤ ᠰᠠᠭᠤᠵᠦ ᠡᠮᠴᠢᠯᠡᠭᠡ ᠬᠢᠯᠬᠡᠵᠦ᠂ ᠡᠮᠨᠡᠯᠬᠡ ᠠᠴᠠ ᠭᠠᠷᠬᠤ ᠦᠶᠡᠰ ᠦᠪᠡᠷᠳᠡᠬᠡᠨ | ᠲᠤᠰᠢᠶᠠᠬᠤ ᠰᠦᠢᠳᠬᠡᠯ ᠤᠨ ᠬᠠᠷᠢᠴᠠᠯ ᠢᠶᠠᠨ ᠲᠤᠰᠢᠶᠠᠪᠠᠯ ᠪᠤᠯᠴᠢᠬᠠᠨ᠎ᠠ᠃ | ᠭᠤᠷᠪᠠ᠂ ᠡᠮᠨᠡᠯᠬᠡ ᠳᠤ ᠰᠠᠭᠤᠵᠦ ᠲᠠᠩᠰᠠ ᠲᠠᠶᠢᠯᠬᠤ ︽ᠨᠢᠬᠡ ᠦᠷᠳᠡᠭᠡ ᠬᠡᠯᠪᠡᠷᠢᠳᠦ︾ | ᠦᠢᠯᠡᠴᠢᠯᠡᠭᠡ | ︽ᠨᠢᠬᠡ ᠦᠷᠳᠡᠭᠡ ᠬᠡᠯᠪᠡᠷᠢᠳᠦ︾ ᠳ᠋ᠦᠩᠨᠡᠨ ᠪᠤᠳᠤᠬᠤ ᠴᠤᠩᠬᠤ ᠶᠢ ᠪᠠᠶᠢᠭᠤᠯᠤᠨ᠎ᠠ᠃ ᠬᠤᠰᠢᠭᠤ | ᠡᠮᠨᠡᠯᠬᠡ ᠶᠢᠨ ᠬᠤᠷᠢᠶ᠎ᠠ᠂ ᠬᠤᠰᠢᠭᠤ ᠮᠤᠩᠭᠤᠯ ᠡᠮᠨᠡᠯᠬᠡ ᠶᠢᠨ ᠬᠤᠷᠢᠶᠠᠨ ᠳᠤ ᠰᠠᠭᠤᠵᠦ ᠡᠮᠴᠢᠯᠡᠭᠡ ᠬᠢᠯᠬᠡᠭᠰᠡᠨ | ᠶᠠᠳᠠᠭᠤ ᠬᠦᠮᠦᠰ ᠡᠮᠨᠡᠯᠬᠡ ᠠᠴᠠ ᠭᠠᠷᠬᠤ ᠳᠤ ᠪᠠᠨ ᠡᠯ᠎ᠠ ᠡᠮᠴᠢᠯᠡᠬᠡᠨ ᠤ ᠦᠷᠳᠡᠬᠡᠨ ᠳᠤ ᠲᠤᠬᠢᠷᠠᠭᠤᠯᠤᠭᠰᠠᠨ ︽ | ᠨᠢᠬᠡ ᠦᠷᠳᠡᠭᠡ ᠬᠡᠯᠪᠡᠷᠢᠳᠦ︾ ᠳ᠋ᠦᠩᠨᠡᠨ ᠪᠤᠳᠤᠬᠤ ᠴᠤᠩᠬᠤᠨ ᠳᠤ ᠬᠦᠷᠴᠦ ᠰᠦᠢᠳᠬᠡᠯ ᠢᠶᠠᠨ ᠲᠤᠰᠢᠶᠠᠬᠤ ᠳᠠᠭᠠᠨ᠂ | ᠦᠨᠳᠦᠰᠦᠨ ᠡᠮᠨᠡᠯᠬᠡ ᠶᠢᠨ ᠲᠠᠭᠠᠳᠬᠠᠯ᠂ ᠬᠦᠨᠳᠦ ᠡᠪᠡᠳᠴᠢᠨ ᠤ ᠲᠠᠭᠠᠳᠬᠠᠯ᠂ ᠬᠤᠳᠠᠯᠳᠤᠭᠠᠨ ᠤ ᠦᠢᠯᠡᠰ ᠤᠨ | ᠨᠦᠬᠦᠪᠦᠷᠢ ᠲᠠᠭᠠᠳᠬᠠᠯ᠂ ᠡᠮᠴᠢᠯᠡᠬᠡᠨ ᠤ ᠲᠤᠰᠠᠯᠠᠮᠵᠢ ᠵᠡᠷᠬᠡ ︽ᠨᠢᠬᠡ ᠦᠷᠳᠡᠭᠡ ᠬᠡᠯᠪᠡᠷᠢᠳᠦ︾ ᠰᠤᠷᠠᠭ ᠵᠠᠩᠬᠢ ᠶᠢ | ᠪᠦᠬᠦᠨ ᠢ ᠲᠠᠭᠠᠷᠠᠭᠤᠯᠤᠭᠰᠠᠨ ᠤ ᠰᠠᠬᠦᠯᠡᠷ ᠲᠠᠩᠰᠠ ᠪᠠᠨ ᠪᠤᠳᠤᠬᠤ ᠳᠠᠭᠠᠨ ᠡᠪᠡᠳᠴᠢᠳᠠᠨ ᠵᠦᠪᠬᠡᠨ 10% ᠤᠨ | ᠰᠦᠢᠳᠬᠡᠯ ᠢᠶᠠᠨ ᠲᠤᠰᠢᠶᠠᠪᠠᠯ ᠪᠤᠯᠴᠢᠬᠠᠨ᠎ᠠ᠃ ᠭᠠᠳᠠᠨ᠎ᠠ ᠤᠷᠤᠨ ᠳᠤ ᠰᠢᠯᠵᠢᠬᠦᠯᠦᠨ ᠡᠮᠨᠡᠬᠦᠯᠦᠭᠰᠡᠨ ᠡᠪᠡᠳᠴᠢᠳᠠᠨ | ᠪᠤᠶᠤ ᠲᠡᠬᠦᠨ ᠤ ᠰᠠᠳᠤᠨ ᠲᠦᠷᠦᠯ ᠨᠢ ᠡᠮᠨᠡᠯᠬᠡ ᠳᠤ ᠰᠠᠭᠤᠭᠰᠠᠨ ᠡᠪᠡᠳᠴᠢᠨ ᠤ ᠨᠠᠮᠳᠠᠷ᠂ ᠰᠦᠢᠳᠬᠡᠯ ᠤᠨ | ᠪᠠᠷᠢᠮᠳᠠ᠂ ᠡᠮᠨᠡᠯᠬᠡ ᠳᠤ ᠰᠠᠭᠤᠭᠰᠠᠨ ᠪᠠᠷᠢᠮᠳᠠ᠂ ᠤᠨᠤᠰᠢᠯᠠᠯᠳᠠ ᠶᠢᠨ ᠬᠡᠷᠡᠴᠢ᠂ ᠲᠠᠭᠠᠳᠬᠠᠯ ᠳᠤ ᠤᠷᠤᠯᠴᠠᠭᠰᠠᠨ | ᠭᠠᠷ ᠬᠦᠢᠴᠡᠳᠬᠡᠯ᠂ ᠶᠠᠳᠠᠭᠤ ᠬᠦᠴᠢᠷᠳᠡᠢ ᠬᠦᠮᠦᠨ ᠤ ᠬᠡᠷᠡᠴᠢᠯᠡᠯ᠂ ᠲᠤᠰ ᠬᠦᠮᠦᠨ ᠤ ᠪᠡᠶ᠎ᠡ ᠶᠢᠨ ᠦᠨᠡᠮᠯᠡᠯ ᠪᠠ | ᠪᠠᠩᠬᠢ ᠶᠢᠨ ᠺᠠᠷᠲ ᠤᠨ ᠬᠠᠭᠤᠯᠤᠮᠠᠯ ᠢᠶᠠᠨ ᠠᠪᠴᠤ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠳᠤ ᠪᠠᠶᠢᠭ᠎ᠠ | ᠶᠠᠳᠠᠭᠤ ᠬᠦᠮᠦᠰ ᠤᠨ ︽ᠨᠢᠬᠡ ᠦᠷᠳᠡᠭᠡ ᠬᠡᠯᠪᠡᠷᠢᠳᠦ︾ ᠳ᠋ᠦᠩᠨᠡᠨ ᠪᠤᠳᠤᠬᠤ ᠴᠤᠩᠬᠤᠨ ᠳᠤ ᠬᠦᠷᠴᠦ ᠲᠠᠩᠰᠠᠨ | ᠠᠴᠠ ᠲᠠᠶᠢᠯᠪᠠᠯ ᠪᠤᠯᠴᠢᠬᠠᠨ᠎ᠠ᠂ ᠲᠠᠩᠰᠠ ᠲᠠᠶᠢᠯᠬᠤ ᠶᠠᠪᠤᠴᠠ ᠶᠢ ᠠᠵᠢᠯᠳᠠᠨ ᠠᠴᠠ ᠬᠦᠢᠴᠡᠳᠬᠡᠵᠦ᠂ ᠲᠠᠩᠰᠠ | ᠡᠪᠬᠢᠮᠠᠯ ᠪᠠᠶᠢᠭᠤᠯᠤᠭᠰᠠᠨ ᠶᠠᠳᠠᠭᠤ ᠬᠦᠴᠢᠷᠳᠡᠢ ᠡᠪᠡᠳᠴᠢᠳᠠᠨ ᠳᠤ ᠡᠮᠨᠡᠬᠦᠯᠦᠭᠰᠡᠨ ᠪᠠ ᠲᠠᠩᠰᠠ ᠲᠠᠶᠢᠯᠤᠭᠰᠠᠨ | ᠲᠠᠩᠰᠠ ᠡᠪᠬᠢᠮᠠᠯ ᠪᠠᠶᠢᠭᠤᠯᠵᠦ ᠦᠭᠬᠦᠨ᠎ᠠ᠃ ᠶᠠᠳᠠᠭᠤ ᠬᠦᠴᠢᠷᠳᠡᠢ ᠬᠦᠮᠦᠰ ᠤᠨ ᠲᠠᠩᠰᠠ ᠲᠠᠶᠢᠯᠬᠤ ᠶᠠᠪᠤᠴᠠ ᠳᠤ | ᠪᠤᠢ ᠪᠤᠯᠤᠭᠰᠠᠨ ᠠᠵᠦ ᠠᠬᠤᠢ ᠶᠢᠨ ᠲᠠᠷᠤᠭᠠᠰᠤ ︵ᠵᠠᠮ ᠨᠡᠪᠳᠡᠷᠡᠯᠬᠡ᠂ ᠢᠳᠡᠵᠦ ᠰᠠᠭᠤᠬᠤ᠂ ᠬᠠᠭᠤᠯᠪᠤᠷᠢᠯᠠᠬᠤ᠂ | ᠠᠵᠢᠯ ᠰᠠᠭᠠᠳᠠᠭᠰᠠᠨ ᠰᠦᠢᠳᠬᠡᠯ ᠵᠡᠷᠬᠡ︶ ᠶᠢ ᠦᠨᠡᠨᠬᠦ ᠬᠦᠩᠬᠡᠯᠡᠬᠦ ᠶᠢᠨ ᠲᠤᠯᠠᠳᠠ᠂ ᠡᠯ᠎ᠠ ᠰᠠᠯᠠᠭ᠎ᠠ ᠮᠦᠴᠢᠷ ᠲᠤ | ᠬᠦᠷᠦᠨ ᠡᠷᠡᠮᠡᠯᠵᠡᠯᠡᠨ ᠭᠤᠶᠤᠴᠢᠯᠠᠬᠤ ᠶᠠᠪᠤᠴᠠ ᠶᠢ ᠲᠦᠬᠦᠮᠴᠢᠯᠡᠨ᠂ ᠲᠠᠩᠰᠠ ᠲᠠᠶᠢᠯᠬᠤ ᠶᠠᠪᠤᠴᠠ ᠶᠢ | ᠰᠢᠯᠤᠭᠤᠳᠬᠠᠨ᠎ᠠ᠃ | ᠲᠦᠷᠪᠡ᠂ ᠬᠡᠷ ᠪᠦᠯᠢ ᠶᠢᠨ ᠡᠮᠴᠢ ᠲᠠᠢ ᠬᠡᠷ᠎ᠡ ᠲᠤᠭᠳᠠᠬᠤ ᠦᠢᠯᠡᠴᠢᠯᠡᠭᠡ ᠶᠢ ᠬᠡᠷᠡᠭᠵᠢᠬᠦᠯᠦᠨ᠎ᠡ | ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠨ ᠨᠢ ᠭᠡᠷ᠎ᠡ ᠲᠤᠭᠳᠠᠵᠦ ᠦᠢᠯᠡᠴᠢᠯᠡᠭᠡ ᠬᠦᠷᠳᠡᠬᠦ | ᠭᠤᠤᠯᠳᠠᠯᠭ᠎ᠠ ᠲᠠᠢ ᠬᠦᠮᠦᠰ ᠪᠤᠯᠤᠨ᠎ᠠ᠃ ᠬᠡᠷ ᠪᠦᠯᠢ ᠶᠢᠨ ᠡᠮᠴᠢ ᠲᠠᠢ ᠬᠡᠷ᠎ᠡ ᠲᠤᠭᠳᠠᠬᠤ ᠬᠤᠯᠪᠤᠭ᠎ᠠ ᠪᠠᠶᠢᠭᠤᠯᠵᠦ᠂ | ᠮᠠᠨ ᠤ ᠬᠤᠰᠢᠭᠤᠨ ᠤ ᠲᠠᠩᠰᠠ ᠡᠪᠬᠢᠮᠠᠯ ᠪᠠᠶᠢᠭᠤᠯᠤᠭᠰᠠᠨ ᠪᠦᠬᠦᠶᠢᠯᠡ ᠶᠠᠳᠠᠭᠤ ᠬᠦᠮᠦᠰ ᠲᠤ ᠬᠡᠷ᠎ᠡ ᠲᠤᠭᠳᠠᠬᠤ | ᠮᠠᠶ᠋ᠢᠭ ᠤᠨ ᠦᠢᠯᠡᠴᠢᠯᠡᠭᠡ ᠬᠦᠷᠳᠡᠬᠡᠵᠦ᠂ ᠲᠠᠳᠠᠨ ᠳᠤ ᠡᠯᠧᠺᠲᠷᠤᠨ ᠲᠠᠩᠰᠠ ᠡᠪᠬᠢᠮᠠᠯ ᠪᠠᠶᠢᠭᠤᠯᠵᠦ ᠶᠠᠳᠠᠭᠤ | ᠬᠦᠴᠢᠷᠳᠡᠢ ᠬᠦᠮᠦᠰ ᠲᠤ ᠰᠢᠰᠲ᠋ᠧᠮᠴᠢᠯᠡᠭᠰᠡᠨ᠂ ᠦᠷᠬᠦᠯᠵᠢᠯᠡᠭᠰᠡᠨ ᠡᠷᠡᠬᠦᠯ ᠮᠡᠨᠳᠤ ᠶᠢᠨ ᠬᠠᠮᠢᠶᠠᠷᠤᠯᠳᠠ ᠪᠠ | ᠦᠨᠳᠦᠰᠦᠨ ᠡᠮᠨᠡᠯᠬᠡ ᠶᠢᠨ ᠦᠢᠯᠡᠴᠢᠯᠡᠭᠡ ᠬᠠᠩᠭᠠᠵᠦ᠂ ᠡᠯ᠎ᠡ ᠡᠮᠨᠡᠯᠬᠡ ᠶᠢᠨ ᠪᠠᠶᠢᠭᠤᠯᠤᠮᠵᠢ ᠨᠢ ᠨᠡᠬᠦᠳᠡᠯ | ᠦᠢᠯᠡᠴᠢᠯᠡᠬᠡᠨ ᠤ ᠲᠡᠷᠬᠡ ᠶᠢᠨ ᠦᠢᠯᠡᠳᠦᠯ ᠢᠶᠠᠨ ᠪᠦᠷᠢᠨ ᠪᠠᠳᠠᠷᠠᠭᠤᠯᠵᠦ᠂ ᠲᠤᠭᠳᠠᠭᠰᠠᠨ ᠬᠤᠭᠤᠴᠠᠭ᠎ᠠ ᠲᠠᠢ ᠪᠠᠷ | ᠲᠤᠭᠤᠷᠢᠨ ᠡᠮᠴᠢᠯᠡᠭᠡ ᠬᠢᠵᠦ ᠡᠪᠡᠳᠴᠢᠳᠠᠨ ᠤ ᠬᠡᠷ ᠪᠦᠯᠢ ᠳᠤ ᠡᠷᠡᠬᠦᠯ ᠮᠡᠨᠳᠦ ᠶᠢᠨ ᠪᠠᠳᠤᠯᠠᠭᠠᠨ ᠤ ᠵᠢᠵᠢᠭ ᠡᠮ ᠤᠨ | ᠬᠠᠶᠢᠷᠴᠠᠭ ᠲᠦᠬᠡᠬᠡᠬᠦ ᠶᠢᠨ ᠬᠠᠮᠳᠤ᠂ ᠴᠠᠭ ᠲᠤᠬᠠᠢ ᠳᠤ ᠨᠢ ᠡᠮ ᠬᠠᠩᠭᠠᠨ᠎ᠠ᠃ | ᠲᠠᠪᠤ᠂ ᠲᠡᠰ ᠬᠤᠪᠢᠶᠠᠨ ᠡᠮᠴᠢᠯᠡᠬᠦ ᠦᠢᠯᠡᠴᠢᠯᠡᠭᠡ ᠶᠢ ᠬᠡᠷᠡᠭᠵᠢᠬᠦᠯᠦᠨ᠎ᠡ | ᠲᠡᠰ ᠬᠤᠪᠢᠶᠠᠨ ᠡᠮᠴᠢᠯᠡᠬᠦ ᠲᠦᠷᠢᠮ ᠢ ᠲᠡᠬᠦᠯᠳᠡᠷᠵᠢᠬᠦᠯᠦᠨ᠎ᠡ᠃ ᠡᠪᠡᠳᠴᠢᠨ ᠠᠴᠠ ᠪᠤᠯᠵᠦ | ᠶᠠᠳᠠᠭᠤᠷᠠᠭᠰᠠᠨ ᠡᠷᠦᠬᠡ ᠳᠤ ᠠᠩᠬᠠᠨ ᠤ ᠱᠤᠭᠤᠮ ᠬᠡᠵᠦ ᠲᠤᠬᠢᠷᠠᠭᠤᠯᠬᠤ ᠦᠬᠡᠢ᠂ ᠬᠤᠤᠷᠳᠤ ᠬᠠᠪᠤᠳᠠᠷ ᠤᠨ ᠬᠢᠮᠢ | ᠶᠢᠨ ᠵᠠᠰᠠᠯᠭ᠎ᠠ ᠵᠡᠷᠬᠡ ᠠᠯᠬᠤᠮ ᠬᠤᠪᠢᠶᠠᠵᠦ ᠶᠠᠪᠤᠭᠳᠠᠨ᠂ ᠤᠯᠠᠨ ᠤᠳᠠᠭ᠎ᠠ ᠡᠮᠨᠡᠯᠬᠡ ᠳᠤ ᠰᠠᠭᠤᠬᠤ ᠴᠢᠬᠤᠯᠠᠳᠠᠢ | ᠤᠨᠴᠠᠭᠠᠢ ᠲᠦᠷᠦᠯ ᠤᠨ ᠤᠳᠠᠭᠠᠨ ᠴᠢᠨᠠᠷᠳᠠᠢ ᠡᠪᠡᠳᠴᠢᠨ᠂ ᠴᠢᠰᠦ ᠴᠠᠶᠢᠬᠤ ᠡᠪᠡᠳᠴᠢᠨ᠂ ᠲᠠᠷᠢᠬᠢᠨ ᠰᠠ ᠶᠢᠨ | ᠡᠷᠡᠬᠦᠯᠵᠢᠯ ᠵᠡᠷᠬᠡ ᠶᠢ ᠠᠳᠠᠯᠢ ᠡᠮᠨᠡᠯᠬᠡ ᠶᠢᠨ ᠬᠤᠷᠢᠶᠠᠨ ᠳᠤ ᠤᠯᠠᠨ ᠤᠳᠠᠭ᠎ᠠ ᠡᠮᠴᠢᠯᠡᠬᠦᠯᠦᠭᠰᠡᠨ ᠪᠠᠶᠢᠪᠠᠯ ᠵᠦᠪᠬᠡᠨ | ᠨᠢᠬᠡ ᠤᠳᠠᠭᠠᠨ ᠤ ᠠᠩᠬᠠᠨ ᠤ ᠱᠤᠭᠤᠮ ᠲᠤᠭᠳᠠᠭᠠᠨ᠎ᠠ᠃ ᠤᠨᠴᠠᠭᠠᠢ ᠲᠦᠷᠦᠯ ᠤᠨ ᠤᠳᠠᠭᠠᠨ ᠴᠢᠨᠠᠷᠳᠠᠢ ᠡᠪᠡᠳᠴᠢᠨ | ᠤ ᠡᠬᠦᠳᠡᠨ ᠡᠮᠨᠡᠯᠬᠡ ᠶᠢᠨ ᠨᠦᠬᠦᠪᠦᠷᠢ ᠳᠤ ᠠᠩᠬᠠᠨ ᠤ ᠱᠤᠭᠤᠮ ᠲᠤᠭᠳᠠᠭᠠᠬᠤ ᠦᠬᠡᠢ᠂ ᠨᠦᠬᠦᠪᠦᠷᠢ ᠶᠢᠨ | ᠪᠠᠷᠢᠮᠵᠢᠶ᠎ᠠ ᠶᠢ ᠠᠳᠠᠯᠢ ᠲᠡᠰ ᠤᠨ ᠡᠮᠨᠡᠯᠬᠡ ᠶᠢᠨ ᠬᠤᠷᠢᠶᠠᠨ ᠳᠤ ᠡᠮᠨᠡᠯᠬᠡ ᠳᠤ ᠰᠠᠭᠤᠭᠰᠠᠨ ᠨᠦᠬᠦᠪᠦᠷᠢ ᠶᠢᠨ ᠲᠦᠷᠦ | ᠶᠢᠨ ᠪᠤᠳᠤᠯᠭ᠎ᠠ ᠪᠠᠷ ᠶᠠᠪᠤᠭᠤᠯᠵᠦ᠂ ᠤᠯᠠᠷᠢᠯ ᠪᠤᠯᠭᠠᠨ ᠳᠤ ᠪᠤᠶᠤ ᠵᠢᠯ ᠳᠤ ᠨᠢᠬᠡ ᠤᠳᠠᠭ᠎ᠠ ᠨᠦᠬᠦᠪᠦᠷᠢᠯᠡᠨ᠎ᠡ᠃ | ᠵᠢᠷᠭᠤᠭ᠎ᠠ᠂ ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠡᠷᠦᠬᠡ ᠳᠤ ᠦᠨ᠎ᠡ ᠲᠦᠯᠦᠪᠤᠷᠢ ᠦᠬᠡᠢ | ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠬᠦ ᠠᠵᠢᠯ ᠢ ᠦᠷᠨᠢᠬᠦᠯᠦᠨ᠎ᠡ | ᠶᠠᠳᠠᠭᠤ ᠬᠦᠮᠦᠰ ᠲᠤ ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠬᠦᠨ᠎ᠡ᠃ | ︽ᠰᠡᠷᠬᠡᠶᠢᠯᠡᠬᠦ ᠪᠠᠷ ᠭᠤᠤᠯᠳᠠᠵᠦ᠂ ᠡᠷᠡᠬᠦᠯ ᠴᠢᠬᠢᠷᠠᠭ ᠢᠶᠠᠷ ᠠᠷᠠᠳ ᠲᠦᠮᠡᠨ ᠢ ᠲᠤᠰᠠᠯᠠᠬᠤ︾ ᠴᠢᠭᠯᠡᠯᠳᠡ ᠪᠠ ︽ | ᠡᠷᠳᠡ ᠢᠯᠡᠷᠡᠬᠦᠯᠵᠦ᠂ ᠡᠷᠳᠡ ᠤᠨᠤᠰᠢᠯᠡᠵᠦ᠂ ᠡᠷᠳᠡ ᠡᠮᠴᠢᠯᠡᠬᠦ︾ ᠵᠠᠷᠴᠢᠮ ᠶᠤᠰᠤᠭᠠᠷ᠂ ᠦᠨᠳᠦᠰᠦᠨ ᠱᠠᠳᠤᠨ ᠤ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠢ ᠪᠠᠶᠠᠯᠢᠭ ᠢ ᠬᠦᠢᠴᠡᠳ ᠪᠠᠳᠠᠷᠠᠭᠤᠯᠵᠦ᠂ ᠵᠢᠯ ᠪᠤᠯᠭᠠᠨ ᠪᠦᠬᠦ | ᠬᠤᠰᠢᠭᠤᠨ ᠤ ᠲᠠᠩᠰᠠ ᠡᠪᠬᠢᠮᠠᠯ ᠪᠠᠶᠢᠭᠤᠯᠤᠭᠰᠠᠨ ᠶᠠᠳᠠᠭᠤ ᠬᠦᠮᠦᠰ ᠲᠤ ᠨᠢᠬᠡ ᠤᠳᠠᠭ᠎ᠠ ᠦᠨ᠎ᠡ ᠲᠦᠯᠦᠪᠤᠷᠢ | ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠬᠦᠨ᠂ ᠡᠬᠦᠨ ᠢᠶᠠᠷ ᠲᠠᠮᠵᠢᠵᠦ ᠶᠠᠳᠠᠭᠤ ᠬᠦᠮᠦᠰ ᠤᠨ ᠡᠪᠡᠳᠴᠢᠨ | ᠬᠢᠵᠢᠭ ᠲᠤ ᠨᠡᠷᠪᠡᠭᠳᠡᠵᠦ ᠪᠠᠶᠢᠭ᠎ᠠ ᠪᠠᠶᠢᠳᠠᠯ ᠢ ᠤᠶᠢᠯᠠᠭᠠᠵᠦ᠂ ᠰᠠᠭᠤᠭᠠᠯᠢ ᠠᠷᠠᠳ ᠤᠨ ᠡᠷᠡᠬᠦᠯ ᠮᠡᠨᠳᠦ ᠶᠢᠨ ᠲᠠᠩᠰᠠ | ᠡᠪᠬᠢᠮᠠᠯ ᠢ ᠪᠦᠷᠢᠨᠰᠢᠬᠦᠯᠵᠦ᠂ ᠪᠡᠶ᠎ᠡ ᠶᠢᠨ ᠪᠠᠶᠢᠴᠠᠭᠠᠯᠳᠠ ᠶᠢᠨ ᠳ᠋ᠦᠩ ᠢᠶᠠᠷ ᠲᠦᠷᠦᠯ ᠠᠩᠬᠢᠯᠠᠨ᠂ ᠲᠡᠰ ᠬᠤᠪᠢᠶᠠᠵᠦ | ᠡᠮᠴᠢᠯᠡᠭᠡ ᠬᠢᠨ᠎ᠠ᠃ |