ᠡᠯ᠎ᠡ ᠲᠡᠳᠬᠦᠨ ᠳᠣᠰᠠᠯᠠᠬᠤ ᠬᠠᠷᠢᠭᠤᠴᠠᠯᠭᠠᠳᠠᠨ᠂ ᠭᠠᠴᠠᠭ᠎ᠠ ᠳᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠤᠨ ᠳᠠᠷᠤᠭ᠎ᠠ ᠵᠢᠴᠢ ᠭᠡᠰᠢᠭᠦᠨ᠂ ᠭᠠᠴᠠᠭ᠎ᠠ ᠳᠣᠰᠬᠤᠨ ᠤ ᠨᠢᠭᠡᠳᠣᠭᠡᠷ ᠱᠦᠵᠢ ᠳᠤ ᠢᠯᠡᠭᠡᠬᠦ ᠵᠠᠬᠢᠳᠠᠯ
ᠨᠡᠶᠢᠲᠡᠯᠡᠭᠰᠡᠨ ᠴᠠᠭ᠄
2017/10/11
           ᠨᠠᠷᠢᠯᠢᠭ ᠣᠨᠣᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠤᠨ ᠲᠡᠳᠬᠦᠨ ᠳᠣᠰᠠᠯᠠᠬᠤ ᠡᠭᠦᠷᠭᠡ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠪᠤᠳᠠᠳᠠᠶᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠎ ᠶᠢᠨ ᠢᠨᠵᠧᠨᠧᠷᠢᠩ ᠢ ᠪᠡᠶᠡᠯᠡᠭᠦᠯᠵᠦ᠂ ᠴᠡᠭᠴᠡᠯᠡᠨ ᠦᠭᠡᠷᠡᠴᠢᠯᠡᠬᠦ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠣᠷ ᠠᠳᠬᠤᠬᠤ ᠶᠢᠨ ᠳᠣᠯᠠᠳᠠ᠂ ᠮᠠᠨ ᠤ ᠬᠤᠰᠢᠭᠤᠨ ᠤ ︽ᠺᠠᠳ᠋ᠷᠴᠣᠳ ᠦᠨᠳᠦᠰᠦᠨ ᠱᠠᠳᠣᠨ ᠳᠤ ᠬᠦᠨᠵᠡᠭᠡᠶᠢᠷᠡᠨ᠂ ᠭᠤᠷᠪᠠᠨ ᠱᠠᠳᠣ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠠᠵᠢᠯ ᠤᠨ ︿ᠨᠢᠭᠡᠳᠣᠭᠡᠷ ᠱᠦᠵᠢ﹀᠎ ᠶᠢ ᠰᠣᠩᠭᠤᠵᠤ᠂ ᠬᠠᠮᠢᠶᠠᠷᠣᠯᠳᠠ ᠭᠢᠵᠦ᠂ ᠬᠢᠨᠠᠨ ᠰᠢᠯᠭᠠᠬᠤ ᠲᠦᠷ ᠭᠡᠷᠡᠭᠵᠢᠭᠦᠯᠬᠦ ᠠᠷᠭ᠎ᠠ︾᠂ ︽ᠺᠠᠳ᠋ᠷᠴᠣᠳ ᠭᠠᠴᠠᠭ᠎ᠠ ᠳᠣᠰᠬᠤᠨ ᠎ ᠳᠤ ᠰᠠᠭᠤᠵᠤ ᠶᠠᠳᠠᠭᠤ ᠶᠢ ᠲᠡᠳᠬᠦᠬᠦ ᠠᠵᠢᠯ ᠢ ᠣᠯᠠᠮ ᠨᠢᠭᠡ ᠠᠯᠬᠤᠮ ᠰᠠᠶᠢᠳᠣᠷ ᠬᠢᠬᠦ ᠳᠣᠬᠠᠢ ᠮᠡᠳᠡᠭᠳᠡᠯ︾ ᠵᠡᠷᠭᠡ ᠮᠠᠲ᠋ᠧᠷᠢᠶᠠᠯ ᠤᠨ ᠵᠤᠷᠢᠭ ᠰᠠᠨᠠᠭ᠎ᠠ ᠲᠠᠢ ᠤᠶᠠᠯᠳᠣᠭᠤᠯᠤᠨ᠂ ᠲᠡᠷᠢᠭᠦᠨ ᠤ ᠭᠠᠵᠠᠷ ᠣᠷᠣᠨ ᠤ ᠳᠣᠷᠰᠢᠯᠭ᠎ᠠ ᠰᠣᠷᠭᠠᠮᠵᠢ ᠎ ᠪᠠᠷ ᠳᠣᠯᠢᠯᠠᠵᠤ᠂ ᠪᠦᠬᠦ ᠬᠤᠰᠢᠭᠤᠨ ᠤ ᠨᠠᠷᠢᠯᠢᠭ ᠣᠨᠣᠪᠴᠢᠳᠠᠢ ᠪᠠᠷ ᠶᠠᠳᠠᠭᠤ ᠶᠢ ᠲᠡᠳᠬᠦᠬᠦ ︽ᠲᠦᠷᠪᠡᠨ ᠨᠢᠭᠡ︾ ᠠᠵᠢᠯᠯᠠᠬᠤ ᠬᠡᠯᠪᠡᠷᠢ ᠶᠢ ᠳᠣᠭᠳᠠᠭᠠᠨ᠎ᠠ᠃ ᠳᠠᠷᠣᠢ᠄ ᠰᠠᠷ᠎ᠠ ᠪᠦᠷᠢ ᠠᠳᠠᠭ ᠲᠠᠭᠠᠨ ᠨᠢᠭᠡ ᠣᠳᠠᠭ᠎ᠠ ᠲᠡᠳᠬᠦᠨ ᠳᠣᠰᠠᠯᠠᠬᠤ ᠶᠠᠳᠠᠭᠤ ᠬᠦᠴᠢᠷᠳᠡᠢ ᠡᠷᠦᠭᠡ ᠲᠠᠢ ᠣᠳᠠᠰᠣ ᠪᠠᠷ ᠬᠠᠷᠢᠯᠴᠠᠵᠤ᠂ ᠣᠯᠠᠷᠢᠯ ᠪᠦᠷᠢ ᠳᠤ ᠠᠳᠠᠭ ᠲᠠᠭᠠᠨ ᠨᠢᠭᠡ ᠣᠳᠠᠭ᠎ᠠ ᠲᠡᠳᠬᠦᠨ ᠳᠣᠰᠠᠯᠠᠬᠤ ᠶᠠᠳᠠᠭᠤ ᠬᠦᠴᠢᠷᠳᠡᠢ ᠡᠷᠦᠭᠡ ᠶᠢᠨ ᠳᠤ ᠬᠦᠨᠵᠡᠭᠡᠶᠢᠷᠡᠵᠦ᠂ ᠬᠠᠭᠠᠰ ᠵᠢᠯ ᠳᠤ ᠶᠠᠳᠠᠭᠤ ᠬᠦᠴᠢᠷᠳᠡᠢ ᠡᠷᠦᠭᠡ ᠳᠤ ᠳᠣᠰᠠᠯᠠᠨ ᠨᠢᠭᠡ ᠪᠤᠳᠠᠳᠠᠢ ᠠᠵᠢᠯ ᠬᠢᠵᠦ᠂ ᠶᠠᠳᠠᠭᠤ ᠬᠦᠴᠢᠷᠳᠡᠢ ᠡᠷᠦᠬᠡ ᠳᠤ ᠲᠤᠰᠠᠯᠠᠨ ᠵᠢᠯ ᠪᠤᠯᠭᠠᠨ ᠤᠷᠤᠯᠭ᠎ᠠ ᠨᠡᠮᠡᠭᠳᠡᠬᠦᠯᠬᠦ ᠪᠠᠭ᠎ᠠ ᠲᠦᠷᠦᠯ ᠵᠦᠢᠯ ᠲᠦᠰᠦᠪᠯᠡᠵᠦ ᠦᠭᠬᠦᠨ᠎ᠡ᠃                    ᠦᠷᠭᠡᠨ ᠣᠯᠠᠨ ᠲᠡᠳᠬᠦᠨ ᠳᠣᠰᠠᠯᠠᠬᠤ ᠬᠠᠷᠢᠭᠤᠴᠠᠯᠭᠠᠳᠠᠨ᠂ ᠭᠠᠴᠠᠭ᠎ᠠ ᠳᠣᠰᠬᠤᠨ ᠳᠤ ᠰᠠᠭᠤᠭ᠎ᠠ ᠠᠵᠢᠯ ᠎ ᠤᠨ ᠳᠣᠭᠤᠶᠢᠯᠠᠩ ᠪᠠ ᠨᠢᠭᠡᠳᠣᠭᠡᠷ ᠱᠦᠵᠢ ᠨᠢ ᠳᠣᠣᠷᠠᠬᠢ ᠵᠦᠢᠯᠡᠰ ᠢ ᠪᠠᠷᠢᠮᠳᠠᠯᠠᠨ ᠭᠦᠢᠴᠡᠳᠭᠡᠬᠦ ᠶᠢ ᠬᠦᠰᠡᠵᠦ ᠪᠠᠶᠢᠨ᠎ᠡ᠄        ᠨᠢᠭᠡ᠂ ᠰᠠᠷ᠎ᠠ ᠪᠦᠷᠢ ᠠᠳᠠᠭ ᠲᠠᠭᠠᠨ ᠨᠢᠭᠡ ᠣᠳᠠᠭ᠎ᠠ ᠲᠡᠳᠬᠦᠨ ᠳᠣᠰᠠᠯᠠᠬᠤ ᠶᠠᠳᠠᠭᠤ ᠬᠦᠴᠢᠷᠳᠡᠢ ᠡᠷᠦᠭᠡ ᠎ ᠲᠠᠢ ᠣᠳᠠᠰᠣ ᠪᠠᠷ ᠬᠠᠷᠢᠯᠴᠠᠨ᠎ᠠ᠃ ᠲᠡᠳᠬᠦᠨ ᠳᠣᠰᠠᠯᠠᠬᠤ ᠶᠠᠳᠠᠭᠤ ᠬᠦᠴᠢᠷᠳᠡᠢ ᠡᠷᠦᠭᠡ ᠶᠢᠨ ᠣᠳᠣᠬᠢ ᠦᠢᠯᠡᠳᠪᠦᠷᠢᠯᠠᠯ ᠠᠮᠢᠳᠣᠷᠠᠯ ᠤᠨ ᠪᠠᠶᠢᠳᠠᠯ ᠵᠢᠴᠢ ᠰᠢᠢᠳᠪᠦᠷᠢᠯᠡᠬᠦ ᠴᠢᠬᠤᠯᠠᠳᠠᠢ ᠬᠦᠴᠢᠷᠳᠡᠯ ᠪᠠ ᠠᠰᠠᠭᠤᠳᠠᠯ ᠢ ᠴᠠᠭ ᠳᠣᠬᠠᠢ ᠳᠤᠨᠢ ᠣᠶᠢᠯᠠᠭᠠᠨ᠎ᠠ᠃        ᠬᠤᠶᠠᠷ᠂ ᠣᠯᠠᠷᠢᠯ ᠪᠦᠷᠢ ᠳᠤ ᠠᠳᠠᠭ ᠲᠠᠭᠠᠨ ᠨᠢᠭᠡ ᠣᠳᠠᠭ᠎ᠠ ᠲᠡᠳᠬᠦᠨ ᠳᠣᠰᠠᠯᠠᠬᠤ ᠶᠠᠳᠠᠭᠤ ᠬᠦᠴᠢᠷᠳᠡᠢ ᠡᠷᠦᠭᠡ ᠶᠢᠨ ᠳᠤ ᠬᠦᠨᠵᠡᠭᠡᠶᠢᠷᠡᠨ᠎ᠠ᠃ ᠲᠡᠳᠬᠦᠨ ᠳᠣᠰᠠᠯᠠᠬᠤ ᠶᠠᠳᠠᠭᠤ ᠬᠦᠴᠢᠷᠳᠡᠢ ᠡᠷᠦᠭᠡ ᠶᠢᠨ ᠦᠢᠯᠡᠳᠪᠦᠷᠢᠯᠡᠯ ᠠᠮᠢᠳᠣᠷᠠᠯ ᠤᠨ ᠪᠠᠶᠢᠳᠠᠯ ᠢ ᠬᠦᠨᠵᠡᠭᠡᠢ ᠣᠶᠢᠯᠠᠭᠠᠵᠤ᠂ ᠨᠠᠮ ᠪᠠ ᠣᠯᠣᠰ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠣᠯᠭ᠎ᠠ ᠵᠢᠴᠢ ᠠᠷᠭ᠎ᠠ ᠬᠡᠮᠵᠢᠶ᠎ᠠ ᠶᠢ ᠣᠬᠠᠭᠤᠯᠤᠨ᠎ᠠ᠃ ᠡᠭᠦᠨ ᠤ ᠵᠡᠷᠭᠡᠪᠡᠷ᠂ ᠦᠵᠡᠯ ᠰᠠᠨᠠᠭᠠᠨ ᠤ ᠬᠦᠮᠦᠵᠢᠯ ᠢ ᠴᠢᠩᠭᠠᠳᠬᠠᠨ᠂ ᠶᠠᠳᠠᠭᠤ ᠬᠦᠴᠢᠷᠳᠡᠢ ᠡᠷᠦᠭᠡ  ᠎ ᠶᠢᠨ ᠦᠪᠡᠷ ᠤᠨ ᠬᠦᠴᠦ ᠪᠠᠷ ᠢᠶᠠᠨ ᠠᠮᠢᠳᠣᠷᠠᠯ ᠢᠶᠠᠨ ᠰᠠᠶᠢᠵᠢᠷᠠᠭᠤᠯᠬᠤ ᠴᠢᠳᠠᠪᠣᠷᠢ ᠶᠢ ᠨᠢ ᠲᠡᠭᠡᠭᠰᠢᠯᠡᠭᠦᠯᠦᠨ᠎ᠡ᠃ ︽ᠶᠠᠳᠠᠭᠤ ᠶᠢ ᠲᠡᠳᠬᠦᠬᠦ ᠭᠠᠷ ᠲᠡᠪᠳᠡᠷ︾᠂ ︽ᠭᠤᠷᠪᠠᠨ ᠲᠡᠪᠳᠡᠷ ᠳᠠᠩᠰᠠ︾ ᠵᠡᠷᠭᠡ ᠳᠠᠩᠰᠠ ᠡᠪᠬᠢᠮᠠᠯ ᠢ ᠣᠯᠠᠮ ᠨᠢᠭᠡ ᠠᠯᠬᠤᠮ ᠨᠦᠬᠦᠪᠦᠷᠢᠯᠡᠨ᠂ ᠶᠠᠳᠠᠭᠤ ᠶᠢ ᠲᠡᠳᠬᠦᠬᠦ ︽ᠲᠡᠳᠬᠦᠨ ᠳᠣᠰᠠᠯᠠᠬᠤ ᠨᠡᠪᠳᠡᠷᠡᠬᠡᠢ ᠳᠣᠨᠤᠭ︾᠎ ᠤᠨ ᠠᠭᠤᠯᠭ᠎ᠠ ᠶᠢ ᠲᠡᠭᠦᠯᠳᠡᠷᠵᠢᠭᠦᠯᠵᠤ᠂ ᠶᠠᠳᠠᠭᠤ ᠬᠦᠴᠢᠷᠳᠡᠢ ᠡᠷᠦᠭᠡ ᠶᠢᠨ ᠦᠢᠯᠡᠳᠪᠦᠷᠢᠯᠠᠯ ᠠᠮᠢᠳᠣᠷᠠᠯ ᠳᠣᠮᠳᠠᠬᠢ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠎ᠡ᠃        ᠭᠤᠷᠪᠠ᠂ ᠬᠠᠭᠠᠰ ᠵᠢᠯ ᠪᠤᠯᠭᠠᠨ ᠳᠤ ᠶᠠᠳᠠᠭᠤ ᠬᠦᠴᠢᠷᠳᠡᠢ ᠡᠷᠦᠬᠡ ᠳᠤ ᠲᠤᠰᠠᠯᠠᠨ ᠨᠢᠬᠡ ᠬᠤᠪᠢ ᠪᠤᠳᠠᠳᠤ ᠠᠵᠢᠯ ᠬᠢᠵᠦ ᠦᠭᠬᠦᠨ᠎ᠡ᠃ ᠤᠳᠠᠰᠤ ᠪᠠᠷ ᠬᠠᠷᠢᠴᠠᠬᠤ ᠪᠤᠶᠤ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠭᠰᠠᠨ ᠰᠠᠭᠤᠷᠢᠨ ᠲᠡᠭᠡᠷ᠎ᠡ᠂ ᠶᠠᠳᠠᠭᠤ ᠬᠦᠴᠢᠷᠳᠡᠢ ᠡᠷᠦᠬᠡ ᠶᠢᠨ ᠪᠤᠳᠠᠳᠤ ᠪᠠᠶᠢᠳᠠᠯ ᠪᠠ ᠠᠰᠠᠭᠤᠳᠠᠯ ᠳᠤ ᠴᠢᠭᠯᠡᠬᠦᠯᠦᠨ᠂ ᠶᠠᠳᠠᠭᠤ ᠬᠦᠴᠢᠷᠳᠡᠢ ᠡᠷᠦᠬᠡ ᠳᠤ ᠨᠢᠬᠡ ᠬᠤᠪᠢ ᠪᠤᠳᠠᠳᠤ ᠠᠵᠢᠯ ᠬᠢᠵᠦ ᠦᠭᠬᠦᠨ᠂ ᠲᠠᠳᠠᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠦᠨᠡᠨᠬᠦ ᠡᠳ᠋ᠯᠡᠬᠦᠯᠦᠨ᠎ᠡ᠃        ᠲᠦᠷᠪᠡ᠂ ᠶᠠᠳᠠᠭᠤ ᠬᠦᠴᠢᠷᠳᠡᠢ ᠡᠷᠦᠬᠡ ᠳᠤ ᠲᠤᠰᠠᠯᠠᠨ ᠵᠢᠯ ᠪᠤᠯᠭᠠᠨ ᠤᠷᠤᠯᠭ᠎ᠠ ᠨᠡᠮᠡᠭᠳᠡᠬᠦᠯᠬᠦ ᠪᠠᠭ᠎ᠠ ᠲᠦᠷᠦᠯ ᠵᠦᠢᠯ ᠲᠦᠰᠦᠪᠯᠡᠵᠦ ᠦᠭᠬᠦᠨ᠎ᠠ᠃ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠤᠨ ᠡᠴᠦᠰ ᠤᠨ ᠬᠠᠷᠠᠯᠳᠠ ᠨᠢ ᠶᠠᠳᠠᠭᠤ ᠡᠷᠦᠬᠡ ᠶᠢ ᠲᠡᠮᠵᠢᠨ ᠶᠠᠳᠠᠭᠤ ᠠᠴᠠ ᠠᠩᠬᠢᠵᠢᠷᠠᠭᠤᠯᠵᠦ᠂ ︽ᠢᠳᠡᠵᠦ ᠡᠮᠤᠰᠬᠦ ᠎ ᠳᠤ ᠪᠠᠨ ᠵᠦᠪ᠂ ᠭᠤᠷᠪᠠᠨ ᠵᠦᠢᠯ ᠤᠨ ᠪᠠᠳᠤᠯᠠᠭ᠎ᠠ ᠲᠠᠢ︾ ᠪᠤᠯᠭᠠᠬᠤ ᠶᠠᠪᠤᠳᠠᠯ ᠪᠤᠯᠤᠨ᠎ᠠ᠃ ᠶᠠᠳᠠᠭᠤ ᠡᠷᠦᠬᠡ ᠶᠢᠨ ᠪᠤᠳᠠᠳᠠᠢ ᠪᠠᠶᠢᠳᠠᠯ ᠲᠠᠢ ᠤᠶᠠᠯᠳᠤᠭᠤᠯᠵᠦ᠂ ᠲᠡᠳᠡᠨ ᠤ ᠤᠨᠴᠠᠯᠢᠭ ᠲᠤ ᠲᠤᠬᠢᠷᠠᠬᠤ ᠲᠦᠷᠦᠯ ᠵᠦᠢᠯ ᠢ ᠰᠡᠳᠦᠨ᠂ ᠲᠦᠷᠦᠯ ᠵᠦᠢᠯ ᠢᠶᠠᠷ ᠶᠠᠳᠠᠭᠤ ᠡᠷᠦᠬᠡ ᠶᠢᠨ ᠤᠷᠤᠯᠭ᠎ᠠ ᠶᠢ ᠨᠡᠮᠡᠭᠳᠡᠬᠦᠯᠬᠦ ᠵᠠᠮ ᠢ ᠰᠦᠪᠡᠭᠴᠢᠯᠡᠨ᠂ ᠶᠠᠳᠠᠭᠤ ᠡᠷᠦᠬᠡ ᠎ ᠶᠢᠨ ᠤᠷᠳᠤ ᠬᠤᠭᠤᠴᠠᠭᠠᠨ ᠤ ᠲᠤᠷᠰᠢ ᠠᠰᠢᠭ ᠬᠦᠷᠳᠡᠵᠦ᠂ ᠲᠡᠬᠢᠵᠦ ᠶᠠᠳᠠᠭᠤᠷᠠᠬᠤ ᠠᠴᠠ ᠪᠤᠯᠭᠤᠮᠵᠢᠯᠠᠨ᠎ᠠ᠃         ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠦᠷᠬᠡᠨ ᠤᠯᠠᠨ ᠶᠠᠳᠠᠭᠤ ᠶᠢ ᠲᠡᠳᠬᠦᠬᠦ ᠠᠵᠢᠯ ᠤᠨ ᠬᠠᠷᠢᠭᠤᠴᠠᠯᠭᠠᠳᠠᠨ ᠪᠠ ᠶᠠᠳᠠᠭᠤ ᠶᠢ ᠲᠡᠳᠬᠦᠭᠴᠢ ᠬᠦᠴᠢᠷ ᠪᠡᠷᠬᠡᠰᠢᠶᠡᠯ ᠢ ᠬᠠᠶᠢᠬᠤᠷᠤᠯ ᠦᠬᠡᠢ᠂ ᠰᠢᠨᠳᠠᠷᠠᠰᠢ ᠦᠬᠡᠢ ᠴᠢᠷᠮᠠᠶᠢᠬᠤ ᠰᠢᠯᠢᠳᠡᠭ ᠤᠯᠠᠮᠵᠢᠯᠠᠯ ᠪᠠ ︽ᠤᠶᠢᠭ᠎ᠠ ᠦᠬᠡᠢ ᠵᠢᠳᠬᠦᠬᠦ︾ ᠵᠤᠷᠢᠭ ᠰᠠᠨᠠᠭ᠎ᠠ ᠪᠠᠷ ︽ᠲᠦᠷᠪᠡᠨ ᠨᠢᠬᠡ︾ ᠠᠵᠢᠯᠯᠠᠬᠤ ᠬᠡᠯᠪᠡᠷᠢ ᠶᠢ ᠦᠨᠡᠨᠬᠦ ᠨᠠᠶᠢᠳᠠᠪᠤᠷᠢᠵᠢᠭᠤᠯᠵᠦ᠂ ᠪᠦᠬᠦ ᠬᠤᠰᠢᠭᠤᠨ ᠤ ᠶᠠᠳᠠᠭᠤ ᠬᠦᠴᠢᠷᠳᠡᠢ ᠡᠷᠦᠬᠡ ᠲᠠᠢ ᠰᠡᠳᠬᠢᠯ ᠵᠢᠷᠤᠬᠡ ᠪᠠᠨ ᠨᠢᠬᠡᠳᠬᠡᠵᠦ᠂ ᠲᠠᠳᠠᠨ ᠳᠤ ᠬᠠᠪᠰᠤᠷᠤᠨ᠂ ᠡᠷᠳ᠋ᠨ ᠨᠢᠬᠡ ᠡᠳᠦᠷ ᠶᠠᠳᠠᠭᠤ ᠠᠴᠠ ᠠᠩᠬᠢᠵᠢᠷᠠᠬᠤ ᠳᠤ ᠨᠢ ᠲᠤᠰᠠᠯᠠᠵᠦ᠂ ᠲᠡᠳᠡᠨ ᠤ ᠪᠠᠶᠠᠵᠢᠨ ᠴᠢᠨᠡᠬᠡᠯᠢᠭᠵᠢᠬᠦ ᠬᠦᠰᠡᠯ ᠵᠤᠷᠢᠯᠳᠠ ᠶᠢ ᠨᠢ ᠪᠡᠶᠡᠯᠡᠬᠦᠯᠬᠦ ᠪᠠᠷ ᠬᠠᠮᠳᠤ ᠪᠠᠷ ᠴᠢᠷᠮᠠᠶᠢᠬᠤ ᠶᠢ ᠦᠨᠡᠨ ᠰᠡᠳᠬᠢᠯ ᠠᠴᠠ ᠪᠠᠨ ᠬᠦᠰᠡᠵᠦ ᠪᠠᠶᠢᠨ᠎ᠠ︕                                            ᠰᠢᠯᠤᠭᠤᠨ ᠬᠦᠬᠡ ᠬᠤᠰᠢᠭᠤᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠠᠵᠢᠯ ᠤᠨ ᠣᠳᠣᠷᠢᠳᠬᠤ ᠳᠣᠭᠤᠶᠢᠯᠠᠩ                                                        2017 ᠣᠨ ᠤ 9 ᠰᠠᠷ᠎ᠠ ᠶᠢᠨ 30  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号