2017 ᠤᠨ ᠤ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾᠎ ᠶᠢᠨ ᠤᠷᠤᠯᠳᠤᠭᠠᠨ ᠱᠠᠩᠳᠤ ᠪᠠᠯᠭᠠᠰᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2017/10/15
        ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠵᠦ ᠪᠠᠶᠢᠭ᠎ᠠ 2017 ᠤᠨ ᠤ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾᠎ ᠶᠢᠨ ᠤᠷᠤᠯᠳᠤᠭᠠᠨ10 ᠰᠠᠷ᠎ᠠ ᠶᠢᠨ15᠎ ᠤ ᠡᠳᠦᠷ᠂ ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠤᠨ ᠳᠤ ᠠᠮᠵᠢᠯᠳᠠ ᠲᠡᠬᠦᠯᠳᠡᠷ ᠶᠠᠪᠤᠭᠳᠠᠯ᠎ᠠ᠃         ︽ᠬᠦᠶᠦᠭᠴᠢ︾ ᠬᠡᠳᠡᠭ ᠨᠢ ᠬᠤᠯᠠ ᠬᠦᠶᠦᠳᠡᠭ ᠬᠦᠮᠦᠨ᠂ ᠬᠦᠶᠦᠬᠦ ᠳᠤ ᠭᠠᠷᠮᠠᠭᠠᠢ ᠬᠦᠮᠦᠨ ᠬᠡᠬᠦ ᠤᠳᠬ᠎ᠠ ᠪᠦᠬᠦᠢ ᠦᠬᠡ ᠪᠦᠬᠡᠳ ᠶᠤᠸᠠᠨ ᠤᠯᠤᠰ ᠤᠨ ᠦᠶ᠎ᠡ ᠶᠢᠨ ᠬᠠᠭᠠᠨᠳᠤ ᠲᠦᠷᠦ ᠠᠴᠠ ᠵᠤᠬᠢᠶᠠᠨ ᠪᠠᠶᠢᠭᠤᠯᠤᠨ ᠶᠠᠪᠤᠭᠳᠠᠭᠤᠯᠳᠠᠭ ᠪᠠᠶᠢᠭᠰᠠᠨ ᠬᠤᠯᠠ ᠬᠦᠶᠦᠬᠦ ᠤᠷᠤᠯᠳᠤᠭᠠᠨ ᠢ ᠵᠢᠭᠠᠭᠰᠠᠨ ᠨᠠᠷ᠎ᠠ ᠶᠤᠮ᠃ ᠶᠤᠸᠠᠨ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠲᠡᠭᠡᠳᠦ ᠨᠡᠶᠢᠰᠯᠡᠯ ᠱᠠᠩᠳᠤ᠂ ᠶᠡᠭᠡ ᠨᠡᠶᠢᠰᠯᠡᠯ ᠲᠠᠶᠢᠳᠤ ᠶᠢᠨ ᠰᠡᠷᠬᠡᠶᠢᠯᠡᠯᠳᠡ ᠶᠢ ᠴᠢᠩᠭᠠᠳᠬᠠᠵᠦ᠂ ᠬᠤᠶᠠᠷ ᠨᠡᠶᠢᠰᠯᠡᠯ ᠳᠤ ᠪᠦᠷ ᠰᠡᠷᠬᠡᠶᠢᠯᠡᠨ ᠬᠠᠮᠠᠭᠠᠯᠠᠬᠤ ᠰᠢᠳᠠᠷ ᠴᠡᠷᠢᠭ ᠤᠨ ᠪᠠᠶᠢᠭᠤᠯᠤᠮᠵᠢ ᠶᠢ ᠪᠠᠶᠢᠭᠤᠯᠤᠭᠰᠠᠨ ᠮᠦᠷᠳᠡᠬᠡᠨ ᠬᠠᠭᠠᠨ ᠲᠦᠷᠦ ᠶᠢᠨ ᠴᠢᠬᠤᠯᠠ ᠴᠢᠮᠡᠭᠡ ᠵᠠᠩᠬᠢ ᠲᠠᠮᠵᠢᠭᠤᠯᠬᠤ ᠤᠯᠠᠭ᠎ᠠ ᠦᠷᠳᠡᠭᠡ ᠶᠢ ᠲᠤᠬᠢᠷᠠᠭᠤᠯᠤᠭᠰᠠᠨ ᠪᠠᠶᠢᠳᠠᠭ᠃ ︽ᠬᠦᠶᠦᠭᠴᠢ︾ ᠤᠷᠤᠯᠳᠤᠭᠠᠨ ᠪᠤᠯ ᠡᠳᠡᠬᠡᠷ ᠰᠢᠳᠠᠷ ᠴᠡᠷᠢᠭ ᠤᠨ ᠰᠤᠷᠢᠭ᠎ᠠ ᠪᠤᠯᠪᠠᠰᠤᠷᠠᠯ ᠤᠨ ᠲᠠᠮᠢᠷ ᠤᠨ ᠠᠵᠢᠯᠯᠠᠭ᠎ᠠ ᠮᠦᠨ᠃ ᠶᠤᠸᠠᠨ ᠤᠯᠤᠰ ᠤᠨ ᠦᠶ᠎ᠡ ᠶᠢᠨ ︽ᠬᠦᠶᠦᠭᠴᠢ︾ ᠤᠷᠤᠯᠳᠤᠭᠠᠨ ᠨᠢ1896 ᠤᠨ ᠤ ᠠᠩᠬᠠᠳᠤᠭᠠᠷ ᠤᠳᠠᠭᠠᠨ ᠤ ᠤᠯᠢᠮᠫᠢᠺ ᠤᠨ ᠲᠠᠮᠢᠷ ᠤᠨ ᠴᠢᠭᠤᠯᠭᠠᠨ ᠲᠡᠭᠡᠷ᠎ᠡ ᠤᠷᠤᠯᠳᠤᠭᠠᠨ ᠤ ᠲᠦᠷᠦᠯ ᠵᠦᠢᠯ ᠢᠶᠠᠷ ᠵᠢᠬᠰᠠᠭᠠᠬᠳᠠᠭᠰᠠᠨ ᠮᠠᠷᠠᠽᠤᠨ ᠬᠤᠯᠠ ᠬᠦᠶᠦᠬᠦ ᠤᠷᠤᠯᠳᠤᠭᠠᠨ ᠠᠴᠠ 600 ᠵᠢᠯ ᠤᠨ ᠡᠮᠦᠨ᠎ᠡ ᠪᠠᠶᠢᠵᠦ᠂  ᠬᠦᠶᠦᠯᠳᠡ ᠶᠢᠨ ᠵᠠᠢ ᠨᠢ ᠮᠠᠷᠠᠽᠤᠨ ᠤᠷᠤᠯᠳᠤᠭᠠᠨ ᠠᠴᠠ ᠬᠤᠶᠠᠷ ᠲᠠᠬᠢᠨ ᠢᠯᠡᠬᠦᠦ ᠠᠵᠠᠢ᠃ ᠰᠢᠯᠤᠭᠤᠨ ᠬᠦᠬᠡ ᠬᠤᠰᠢᠭᠤ ᠨᠢ ᠮᠤᠩᠭᠤᠯ ᠶᠤᠸᠠᠨ ᠤ ᠰᠤᠶᠤᠯ ᠤᠨ ᠡᠬᠦᠰᠦᠨ ᠮᠠᠨᠳᠤᠭᠰᠠᠨ ᠤᠷᠤᠨ ᠪᠤᠯᠤᠭᠰᠠᠨ ᠤ ᠬᠤᠪᠢ ᠳᠤ ᠡᠨᠡᠬᠦ ᠦᠨᠳᠦᠰᠦᠳᠡᠨ ᠤ ᠲᠠᠮᠢᠷ ᠤᠨ ᠦᠢᠯᠡᠰ ᠢ ᠰᠡᠷᠬᠦᠬᠡᠨ ᠬᠦᠭᠵᠢᠬᠦᠯᠬᠦ ᠶᠢᠨ ᠲᠤᠰᠠᠳᠠ ᠲᠤᠰ ᠤᠳᠠᠭᠠᠨ ᠤ 36 ᠺᠢᠯᠥᠮᠧᠲᠷ ᠤᠨ ᠶᠤᠸᠠᠨ ᠤ ᠲᠡᠭᠡᠳᠦ ᠨᠡᠶᠢᠰᠯᠡᠯ᠂  ᠤᠯᠠᠨ ᠤᠯᠤᠰ ᠤᠨ ︽ᠬᠦᠶᠦᠭᠴᠢ︾ ᠤᠷᠤᠯᠳᠤᠭᠠᠨ ᠵᠢᠴᠢ 2.5 ᠺᠢᠯᠦᠮᠧᠲᠷ ︽ᠦᠵᠡᠰᠬᠦᠯᠡᠩᠳᠦ ᠱᠠᠩᠳᠤ︾ ᠪᠠᠶ᠎ᠠ ᠴᠢᠬᠢᠷᠠᠬᠵᠢᠭᠤᠯᠬᠤ ᠬᠦᠶᠦᠭᠴᠢ ᠤᠷᠤᠯᠳᠤᠭᠠᠨ ᠢ ᠡᠷᠬᠢᠯᠡᠨ ᠶᠠᠪᠤᠭᠳᠠᠭᠤᠯᠵᠦ ᠪᠠᠶᠢᠭ᠎ᠠ ᠶᠤᠮ᠃
        ᠦᠷᠯᠦᠬᠡ ᠶᠢᠨ 7 ᠴᠠᠭ ᠬᠠᠭᠠᠰ ᠲᠤ᠂ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾᠎ ᠶᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠰᠢᠯᠤᠭᠤᠨ ᠬᠦᠬᠡ ᠬᠤᠰᠢᠭᠤᠨ ᠤ ︽ᠬᠤᠪᠢᠯᠠᠢ︾ ᠠᠭᠤᠳᠠᠮ ᠲᠠᠯᠠᠪᠠᠢ ᠳᠤ ᠶᠠᠪᠤᠭᠳᠠᠵᠦ᠂ ᠤᠯᠤᠰ ᠤᠨ ᠲᠤᠳᠤᠭᠠᠳᠤ ᠭᠠᠳᠠᠭᠠᠳᠤ ᠠᠴᠠ ᠬᠦᠷᠦᠯᠴᠠᠨ ᠢᠷᠡᠭᠰᠡᠨ ᠮᠢᠩᠭ᠎ᠠ ᠭᠠᠷᠤᠢ ᠲᠠᠮᠢᠷᠴᠢᠳ ᠴᠤᠭᠯᠠᠷᠠᠵᠦ᠂ ᠤᠷᠤᠯᠳᠤᠭᠠᠨ ᠳᠤ ᠤᠷᠤᠯᠴᠠᠬᠤ ᠪᠠᠷ ᠪᠡᠯᠡᠬᠡᠨ ᠪᠠᠶᠢᠯ᠎ᠠ᠃        ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠪᠠᠳᠠᠷᠠᠯᠳᠤ ᠡᠬᠢᠯᠡᠯᠳᠡ ᠶᠢᠨ ᠶᠤᠰᠤᠯᠠᠯ ᠢ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠲᠠᠮᠢᠷ ᠤᠨ ᠲᠤᠪᠴᠢᠶᠠᠨ ᠤ ᠨᠠᠮ ᠤᠨ ᠲᠤᠭᠤᠶᠢᠯᠠᠩ ᠤᠨ ᠬᠡᠰᠢᠬᠦᠨ᠂ ᠪᠠᠶ᠎ᠠ ᠲᠠᠮᠢᠷ ᠤᠨ ᠲᠡᠬᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠶᠢᠨ ᠵᠢᠶᠦ᠋ᠨ ᠬᠠᠢ ᠶᠠᠷᠢᠶ᠎ᠠ ᠲᠠᠯᠪᠢᠵᠦ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠤᠶᠠᠨᠳᠤ ᠤᠭᠳᠤᠯᠭ᠎ᠠ ᠶᠢᠨ ᠶᠠᠷᠢᠶ᠎ᠠ ᠲᠠᠯᠪᠢᠯ᠎ᠠ᠃         ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠾᠦ᠋ᠸᠧ ᠶᠢᠨ ᠪᠢᠡᠭ᠂ ᠰᠢᠯᠢ ᠶᠢᠨ ᠭᠤᠤᠯ ᠠᠶᠢᠮᠠᠭ ᠤᠨ ᠠᠶᠠᠯᠠᠯ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ ᠤᠨ ᠡᠷᠬᠢᠯᠡᠭᠴᠢ ᠤᠷᠳᠤᠨᠠᠰᠤᠨ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠤ᠋ ᠺᠢᠨᠤ᠋ ᠲᠧᠯᠸᠢᠰ ᠲᠤᠪᠴᠢᠶᠠᠨ ᠤ ᠲᠡᠳ᠋ ᠲᠠᠷᠤᠭ᠎ᠠ ᠰᠤᠶᠤᠯᠳᠤ᠂ ᠦᠪᠡᠷᠳᠡᠬᠡᠨ ᠵᠠᠰᠠᠬᠤ ᠤᠷᠤᠨ ᠤ ᠪᠠᠶ᠎ᠠ ᠲᠠᠮᠢᠷ ᠤᠨ ᠶᠡᠷᠦᠩᠬᠡᠢ ᠵᠦᠪᠯᠡᠯ ᠤᠨ ᠨᠠᠷᠢᠨ ᠪᠢᠴᠢᠭ ᠤᠨ ᠲᠠᠷᠤᠭ᠎ᠠ᠂ ᠬᠤᠯᠠ ᠬᠦᠶᠦᠯᠳᠡ ᠶᠢᠨ ᠰᠢᠯᠢᠳᠡᠭ ᠲᠠᠮᠢᠷᠴᠢᠨ ᠵᠢᠶᠠ ᠶᠢᠨ ᠭᠦᠢ᠂ ᠨᠡᠶᠢᠰᠯᠡᠯ ᠤᠨ ᠪᠠᠶ᠎ᠠ ᠲᠠᠮᠢᠷ ᠤᠨ ᠶᠡᠭᠡ ᠰᠤᠷᠭᠠᠭᠤᠯᠢ ᠶᠢᠨ ᠫᠷᠦᠫᠧᠰᠰᠤᠷ᠂ ᠲᠤᠰ ᠤᠳᠠᠭᠠᠨ ᠤ ᠤᠷᠤᠯᠳᠤᠭᠠᠨ ᠤ ᠶᠡᠷᠦᠩᠬᠡᠢ ᠬᠢᠨᠠᠬᠴᠢ ᠶᠢᠨ ᠲᠠᠷᠤᠭ᠎ᠠ ᠸᠠᠩ ᠭᠠᠨᠭ᠌᠂  ᠦᠪᠡᠷᠳᠡᠬᠡᠨ ᠵᠠᠰᠠᠬᠤ ᠤᠷᠤᠨ ᠤ ᠬᠦᠨᠳᠦ ᠬᠦᠩᠬᠡᠨ ᠪᠠᠶ᠎ᠠ ᠲᠠᠮᠢᠷ ᠪᠦᠬᠡ ᠰᠫᠤᠷᠲ ᠤᠨ ᠲᠦᠪ ᠤᠨ ᠤᠯᠤᠰ ᠤᠨ ᠲᠠᠰ ᠤᠨ ᠰᠤᠷᠭᠠᠭᠴᠢ᠂ ᠲᠠᠪᠤᠳᠤᠭᠠᠷ ᠬᠤᠭᠤᠴᠠᠭᠠᠨ ᠤ ᠪᠠᠶ᠎ᠠ ᠲᠠᠮᠢᠷ ᠤᠨ ᠤᠷᠤᠯᠳᠤᠭᠠᠨ ᠤ ᠮᠠᠷᠠᠽᠤᠨ ᠤ ᠮᠠᠩᠯᠠᠢ ᠲᠠᠮᠢᠷᠴᠢᠨ ᠱᠠᠨ ᠴᠠᠩ ᠮᠢᠩ᠂ ᠦᠪᠡᠷᠳᠡᠬᠡᠨ ᠵᠠᠰᠠᠬᠤ ᠤᠷᠤᠨ ᠤ ᠪᠠᠶ᠎ᠠ ᠲᠠᠮᠢᠷ ᠤᠨ ᠲᠤᠪᠴᠢᠶᠠᠨ ᠤ ᠪᠦᠮᠪᠦᠭᠡ ᠰᠫᠤᠷᠲ ᠤᠨ ᠲᠦᠪ ᠤᠨ ᠡᠷᠬᠢᠯᠡᠭᠴᠢ᠂ ᠪᠦᠬᠦ ᠤᠯᠤᠰ ᠤᠨ ᠲᠤᠯᠤᠭ᠎ᠠ᠂ ᠨᠠᠢᠮᠠᠳᠤᠭᠠᠷ ᠬᠤᠭᠤᠴᠠᠭᠠᠨ ᠤ ᠮᠠᠷᠠᠽᠤᠨ ᠤᠷᠤᠯᠳᠤᠭᠠᠨ ᠤ ᠮᠠᠩᠯᠠᠢ᠂ ᠪᠡᠬᠡᠵᠢᠩ ᠤᠨ ᠤᠯᠠᠨ ᠤᠯᠤᠰ ᠤᠨ ᠭᠤᠷᠪᠠ ᠤᠳᠠᠭᠠᠨ ᠤ ᠮᠠᠷᠠᠽᠤᠨ ᠤᠷᠤᠯᠳᠤᠭᠠᠨ ᠤ ᠮᠠᠩᠯᠠᠢ ᠬᠤ᠋ ᠭᠠᠨᠭ᠌ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠴᠢ ᠱᠢ ᠪᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠨᠠᠷᠠᠰᠦ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠰᠠᠴᠤᠷᠠᠩᠭᠤᠢ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠤᠶᠤᠨᠳᠠᠯᠠᠢ᠂ ᠬᠤᠰᠢᠭᠤ ᠰᠢᠬᠦᠬᠦ ᠬᠤᠷᠢᠶᠠᠨ ᠤ ᠲᠠᠷᠤᠭ᠎ᠠ ᠲᠡᠭᠦᠰ ᠵᠡᠷᠬᠡ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠯ᠎ᠠ᠃
       ᠲᠤᠰ ᠤᠳᠠᠭᠠᠨ ᠤ ᠤᠷᠤᠯᠳᠤᠭᠠᠨ ᠳᠤ ᠺᠠᠮᠧᠷᠦ᠋ᠨ᠂ ᠯᠠᠦ᠋ᠰ᠂ ᠺᠤᠩᠭᠤ᠋᠂ ᠮᠤᠩᠭᠤᠯ ᠵᠡᠷᠬᠡ ᠭᠠᠳᠠᠭᠠᠳᠤ ᠤᠯᠤᠰ ᠤᠨ ᠲᠠᠮᠢᠷᠴᠢᠳ ᠪᠤᠯᠤᠨ ᠮᠠᠨ ᠤ ᠤᠯᠤᠰ ᠤᠨ ᠲᠢᠶᠠᠨᠵᠢᠨ᠂ ᠨᠢᠩᠰᠢᠶᠠ᠂ ᠬᠦᠢᠵᠸᠦ ᠵᠡᠷᠬᠡ ᠮᠤᠵᠢ ᠬᠤᠳᠠ ᠎ ᠶᠢᠨ60 ᠭᠠᠷᠤᠢ ᠰᠢᠯᠢᠳᠡᠭ ᠲᠠᠮᠢᠷᠴᠢᠨ ᠨᠠᠷ᠎ᠠ ᠮᠡᠳᠡᠬᠦᠯᠦᠨ ᠤᠷᠤᠯᠴᠠᠵᠦ᠂ ᠡᠬᠦᠨ ᠳᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠤᠷᠤᠯᠳᠤᠭᠠᠨ ᠳᠤ ᠤᠷᠤᠯᠴᠠᠵᠦ ᠲᠡᠷᠢᠬᠦᠯᠡᠵᠦ ᠪᠠᠶᠢᠭᠰᠠᠨ ᠯᠢᠦ ᠬᠤᠨᠭ᠌ ᠯᠢᠶᠠᠩ᠂ ᠪᠦᠬᠦ ᠤᠯᠤᠰ ᠤᠨ ᠲᠠᠮᠢᠷ ᠤᠨ ᠤᠷᠤᠯᠳᠤᠭᠠᠨ ᠤ ᠡᠷᠡᠭᠳᠡᠢ ᠶᠢᠨ ᠲᠤᠭᠤᠶᠢᠯᠠᠩ ᠳᠤ ᠬᠤᠪᠢ ᠬᠦᠮᠦᠨ ᠤ ᠬᠢᠷᠢ ᠪᠦᠳᠦᠮᠵᠢ ᠪᠠᠷ ᠢᠶᠠᠨ ᠲᠦᠷᠪᠡ ᠳᠤ ᠤᠷᠤᠭᠰᠠᠨ ᠯᠢ ᠴᠦᠨ ᠡᠾᠦ᠋ᠢ᠂ ᠪᠦᠬᠦ ᠤᠯᠤᠰ ᠤᠨ ᠲᠠᠮᠢᠷ ᠤᠨ ᠤᠷᠤᠯᠳᠤᠭᠠᠨ ᠎ ᠤ ᠡᠮᠡᠭᠳᠡᠢ ᠶᠢᠨ ᠪᠦᠯᠬᠦᠮ ᠤᠨ ᠤᠷᠤᠯᠳᠤᠭᠠᠨ ᠤ ᠨᠢᠬᠡᠳᠦᠬᠡᠷ ᠡᠾᠧ ᠶᠢᠨ ᠯᠢ᠂ ᠱᠢ ᠯᠢ ᠶᠢᠩ᠂ ᠶᠢᠨ ᠮᠢᠩ ᠮᠢᠩ᠂ ᠭᠥᠡᠭ ᠯᠢ ᠬᠤᠸᠠ ᠵᠡᠷᠬᠡ ᠬᠦᠮᠦᠰ ᠴᠦ ᠬᠦᠷᠦᠯᠴᠠᠨ ᠢᠷᠡᠵᠦ ᠤᠷᠤᠯᠴᠠᠭᠰᠠᠨ  ᠪᠠᠶᠢᠨ᠎ᠠ᠂ ᠤᠷᠤᠯᠳᠤᠭᠠᠨ ᠨᠢ ᠬᠤᠪᠢᠯᠠᠢ ᠠᠭᠤᠳᠠᠮ ᠲᠠᠯᠠᠪᠠᠢ ᠠᠴᠠ ᠶᠤᠸᠠᠨ ᠤ ᠲᠡᠬᠡᠳᠦ ᠨᠡᠶᠢᠰᠯᠡᠯ ᠤᠨ ᠪᠠᠭᠤᠷᠢ ᠶᠢᠨ ᠡᠬᠦᠳᠡ ᠬᠦᠷᠳᠡᠯ᠎ᠡ ᠪᠦᠬᠦ ᠵᠠᠮ ᠎ ᠤᠨ ᠤᠷᠳᠤ ᠨᠢ 36 ᠺᠢᠯᠥᠮᠧᠲᠷ ᠪᠠᠶᠢᠵᠦ᠂ ᠤᠷᠤᠯᠳᠤᠭᠠᠨ ᠢ ᠪᠦᠬᠦ ᠤᠯᠤᠰ ᠤᠨ ᠮᠠᠷᠠᠽᠤᠨ ᠤᠷᠤᠯᠳᠤᠭᠠᠨ ᠤ ᠲᠡᠮᠳᠡᠭᠯᠡᠯ ᠢ ᠲᠠᠪᠤ ᠤᠳᠠᠭ᠎ᠠ ᠡᠬᠦᠳᠦᠭᠴᠢ᠂ ᠲᠤᠯᠤᠭ᠎ᠠ ᠤᠳᠠᠭ᠎ᠠ ᠪᠦᠬᠦ ᠤᠯᠤᠰ ᠤᠨ  ᠤᠷᠤᠯᠳᠤᠭᠠᠨ ᠳᠤ ᠮᠠᠩᠯᠠᠶᠢᠯᠠᠬᠰᠠᠨ ᠬᠤ᠋ ᠭᠠᠨᠭ᠌ ᠵᠢᠶᠦ᠋ᠨ᠂ ᠦᠪᠡᠷᠳᠡᠬᠡᠨ ᠵᠠᠰᠠᠬᠤ ᠤᠷᠤᠨ ᠤ ᠪᠠᠶ᠎ᠠ ᠲᠠᠮᠢᠷ ᠤᠨ ᠶᠡᠷᠦᠩᠬᠡᠢ ᠵᠦᠪᠯᠡᠯ ᠤᠨ ᠨᠠᠷᠢᠨ ᠪᠢᠴᠢᠭ ᠤᠨ ᠲᠠᠷᠤᠭ᠎ᠠ᠂ ᠬᠤᠯᠠ ᠬᠦᠶᠦᠯᠳᠡ ᠶᠢᠨ ᠰᠢᠯᠢᠳᠡᠭ ᠲᠠᠮᠢᠷᠴᠢᠨ ᠵᠢᠶᠠ ᠶᠢᠨ ᠭᠦᠢ᠂ ᠦᠪᠡᠷᠳᠡᠬᠡᠨ ᠵᠠᠰᠠᠬᠤ ᠤᠷᠤᠨ ᠤ ᠬᠦᠨᠳᠦ ᠬᠦᠩᠬᠡᠨ ᠪᠠᠶ᠎ᠠ ᠲᠠᠮᠢᠷ ᠪᠦᠬᠡ ᠰᠫᠤᠷᠲ ᠤᠨ ᠲᠦᠪ ᠤᠨ ᠤᠯᠤᠰ ᠤᠨ ᠲᠠᠰ ᠤᠨ ᠰᠤᠷᠭᠠᠭᠴᠢ᠂ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠮᠠᠷᠠᠽᠤᠨ ᠤᠷᠤᠯᠳᠤᠭᠠᠨ ᠤ ᠮᠠᠩᠯᠠᠢ ᠱᠠᠨ ᠴᠠᠩ ᠮᠢᠩ ᠲᠠᠭᠠᠭᠤᠯᠤᠨ ᠬᠦᠶᠦᠵᠦ᠂ ᠤᠯᠠᠨ ᠲᠦᠮᠡᠨᠴᠢ ᠪᠠᠶ᠎ᠠ ᠴᠢᠬᠢᠷᠠᠭᠵᠢᠭᠤᠯᠬᠤ ᠬᠦᠶᠦᠭᠴᠢ ᠶᠢᠨ ᠤᠷᠤᠯᠳᠤᠭᠠᠨ ᠎ ᠳᠤ1300 ᠭᠠᠷᠤᠢ ᠬᠦᠮᠦᠨ ᠤᠷᠤᠯᠴᠠᠭᠰᠠᠨ ᠪᠠᠶᠢᠨ᠎ᠠ᠃
       ᠤᠷᠤᠯᠳᠤᠭᠠᠨ ᠨᠢ ᠦᠵᠡᠭᠴᠢᠳ ᠤᠯᠠᠨ ᠤ ᠪᠠᠭ᠋ᠠᠷᠬᠠᠯ᠂ ᠤᠤᠬᠠᠶᠢᠯᠠᠯᠳᠠ ᠶᠢᠨ ᠲᠠᠭᠤᠨ ᠤ ᠲᠤᠮᠳᠠ ᠡᠷᠴᠢᠳᠡᠢ ᠶᠠᠪᠤᠭᠳᠠᠵᠦ᠂ ᠦᠪᠦᠷ ᠮᠤᠩᠭᠤᠯ ᠤᠨ ᠲᠠᠮᠢᠷ ᠤᠨ  ᠲᠡᠭᠡᠳᠦ ᠰᠤᠷᠭᠠᠭᠤᠯᠢ ᠠᠴᠠ ᠬᠦᠷᠦᠯᠴᠠᠨ ᠢᠷᠡᠭᠰᠡᠨ ᠲᠠᠮᠢᠷᠴᠢᠨ ᠯᠢ ᠴᠦᠨ ᠡᠾᠦ᠋ᠢ 2 ᠴᠠᠭ 3 ᠮᠢᠨᠦ᠋ᠲ ᠤᠨ ᠬᠢᠷᠢ ᠪᠦᠳᠦᠮᠵᠢ ᠪᠠᠷ 2017 ᠤᠨ ᠤ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾᠎ ᠶᠢᠨ ᠤᠷᠤᠯᠳᠤᠭᠠᠨ ᠳᠠᠭᠠᠨ ᠮᠠᠩᠯᠠᠶᠢᠯᠠᠵᠦ᠂ ᠵᠤᠤ ᠪᠠᠢ ᠳ᠋ᠦᠡᠭ᠂ ᠯᠢᠦ ᠬᠤᠨᠭ᠌ ᠯᠢᠶᠠᠩ ᠲᠤᠰ ᠲᠤᠰ ᠡᠷᠡᠭᠳᠡᠢ ᠶᠢᠨ ᠲᠤᠭᠤᠶᠢᠯᠠᠩ ᠤᠨ ᠬᠤᠶᠠᠷ ᠭᠤᠷᠪᠠ ᠳᠤ ᠲᠤᠳᠤᠷᠠᠵᠦ᠂  ᠬᠦᠬᠡᠬᠤᠳᠠ ᠠᠴᠠ ᠬᠦᠷᠦᠯᠴᠠᠨ ᠢᠷᠡᠭᠰᠡᠨ ᠲᠠᠮᠢᠷᠴᠢᠨ ᠡᠾᠧ ᠶᠢᠨ ᠯᠢ 2 ᠴᠠᠭ19 ᠮᠢᠨᠦ᠋ᠲ ᠤᠨ ᠬᠢᠷᠢ ᠪᠦᠳᠦᠮᠵᠢ ᠎ ᠪᠠᠷ ᠡᠮᠡᠭᠳᠡᠢ ᠶᠢᠨ ᠲᠤᠭᠤᠶᠢᠯᠠᠩ ᠳᠤ ᠮᠠᠩᠯᠠᠶᠢᠯᠠᠵᠦ᠂ ᠶᠢᠨ ᠮᠢᠩ ᠮᠢᠩ᠂ ᠬᠦᠡᠭ ᠯᠢ ᠬᠤᠸᠠ ᠲᠤᠰ ᠲᠤᠰ ᠡᠮᠡᠭᠳᠡᠢ ᠎ ᠶᠢᠨ ᠲᠤᠭᠤᠶᠢᠯᠠᠩ ᠤᠨ ᠬᠤᠶᠠᠷ ᠭᠤᠷᠪᠠ ᠳᠤ ᠲᠤᠳᠤᠷᠠᠵᠦ᠂ ᠬᠦᠶᠦᠭᠴᠢ ᠤᠷᠤᠯᠳᠤᠭᠠᠨ ᠤ ᠲᠡᠮᠳᠡᠭ ᠢ ᠰᠡᠶᠢᠯᠦᠭᠰᠡᠨ ᠶᠤᠸᠠᠩᠪᠤᠤ ᠶᠢᠨ ᠲᠡᠭᠡᠷ᠎ᠡ ᠠᠷᠠᠳ ᠤᠨ ᠵᠤᠭᠤᠰ ᠢᠶᠠᠷ ᠱᠠᠩᠨᠠᠭᠳᠠᠯ᠎ᠠ᠃ ᠡᠬᠦᠨ ᠠᠴᠠ ᠭᠠᠳᠠᠨ᠎ᠠ ᠮᠤᠩᠭᠤᠯ ᠤᠯᠤᠰ ᠎ ᠠᠴᠠ ᠬᠦᠷᠦᠯᠴᠠᠨ ᠢᠷᠡᠭᠰᠡᠨ ᠲᠦᠷᠪᠡᠨ ᠲᠠᠮᠢᠷᠴᠢᠳ ᠪᠦᠬᠦᠨ ᠢᠶᠠᠷ ᠢᠶᠠᠨ ᠲᠡᠭᠡᠳᠦ ᠨᠠᠢᠮᠠ ᠳᠤ ᠬᠤᠷᠳᠤᠯᠠᠵᠦ ᠢᠷᠡᠭᠰᠡᠨ ᠪᠠᠶᠢᠨ᠎ᠠ᠃         ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ ᠪᠡᠯᠬᠡᠯᠡᠬᠦ ᠤᠯᠠᠨ ᠲᠦᠮᠡᠨᠴᠢ ᠲᠠᠮᠢᠷ ᠤᠨ ᠬᠦᠳᠡᠯᠬᠡᠬᠡᠨ ᠤ ᠨᠢᠬᠡᠨ ᠠᠭᠤᠯᠭ᠎ᠠ ᠪᠤᠯᠤᠭᠰᠠᠨ ᠤ ᠬᠤᠪᠢ ᠳᠤ ︽ᠬᠦᠶᠦᠭᠴᠢ︾ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠢᠶᠠᠷ ᠬᠠᠩᠭᠠᠢ ᠬᠠᠮᠳᠤᠯᠢᠭ ᠠᠶ᠎ᠠ ᠲᠠᠭᠤᠤ ᠪᠠᠨ ᠡᠷᠬᠦᠨ᠂ ᠲᠠᠯᠠᠨ ᠬᠦᠮᠦᠨ ᠢᠶᠠᠷ ᠪᠦᠷᠢᠯᠳᠦᠭᠰᠡᠨ ᠮᠤᠷᠢᠨ ᠬᠤᠭᠤᠷᠴᠢᠳ ︽ᠲᠦᠮᠡᠨ ᠠᠭᠳᠠ ᠶᠢᠨ ᠲᠦᠪᠡᠷᠬᠡᠨ︾᠎ ᠢ ᠭᠦᠭᠵᠢᠮᠳᠡᠨ᠂ ᠰᠢᠯᠤᠭᠤᠨ ᠬᠦᠬᠡ ᠬᠤᠰᠢᠭᠤᠨ ᠤ ᠤᠯᠠᠭᠠᠨᠮᠦ᠋ᠴᠢᠷ ᠤᠨ ᠲᠤᠭᠯᠠᠬᠴᠢᠳ ︽ᠬᠦᠶᠦᠭᠴᠢ︾ ᠬᠡᠬᠦ ᠲᠠᠭᠤᠤ ᠪᠠᠨ ᠡᠷᠬᠦᠵᠦ᠂ ᠤᠷᠤᠯᠳᠤᠭᠠᠨ ᠤ ᠲᠡᠬᠦᠰ ᠠᠮᠵᠢᠯᠳᠠᠳᠠᠢ ᠶᠠᠪᠤᠭᠳᠠᠬᠤ ᠶᠢ ᠢᠷᠦᠬᠡᠨ᠂ ᠮᠦᠨᠴᠦ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠶᠢ ᠢᠷᠦᠬᠡᠨ ᠵᠦᠩᠨᠡᠭᠰᠡᠨ ᠪᠠᠶᠢᠨ᠎ᠠ᠃        ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾ ᠤᠷᠤᠯᠳᠤᠭᠠᠨ ᠪᠤᠯ ᠮᠤᠩᠭᠤᠯ ᠤᠨ ᠡᠷᠳᠡᠨ ᠤ ᠰᠤᠶᠤᠯ ᠤᠨ ᠭᠠᠶᠢᠬᠠᠮᠰᠢᠭ ᠢ ᠦᠨᠦ ᠴᠠᠭ ᠤᠨ ᠰᠤᠶᠤᠯ ᠪᠤᠯᠪᠠᠰᠤᠨ ᠲᠠᠢ ᠤᠶᠠᠯᠳᠤᠭᠤᠯᠤᠭᠰᠠᠨ ᠰᠤᠶᠤᠯ ᠲᠠᠮᠢᠷ ᠤᠨ ᠠᠵᠢᠯᠯᠠᠭ᠎ᠠ ᠮᠦᠨ᠃ ᠲᠡᠬᠡᠳᠦ ᠨᠡᠶᠢᠰᠯᠡᠯ ᠤᠨ ᠰᠤᠶᠤᠯ ᠤᠨ ᠦᠪ ᠢ ᠵᠠᠯᠭᠠᠮᠵᠢᠯᠠᠵᠦ᠂  ᠴᠠᠭ ᠡᠷᠡᠨ ᠤ ᠵᠤᠷᠢᠭ ᠰᠠᠨᠠᠭ᠎ᠠ ᠶᠢ ᠪᠠᠳᠠᠷᠠᠭᠤᠯᠤᠭᠰᠠᠨ ᠰᠢᠯᠤᠭᠤᠨ ᠬᠦᠬᠡ ᠬᠤᠰᠢᠭᠤᠨ ᠤ ᠪᠠᠰᠠ ᠨᠢᠬᠡ ᠰᠤᠶᠤᠯ ᠤᠨ ᠨᠡᠷᠡᠳᠦ ᠲᠡᠮᠳᠡᠭ ᠮᠦᠨ᠃ ( ᠠᠯᠳᠠᠨᠰᠢᠭᠦᠷ )
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号