| ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ ᠠᠴᠠ ᠭᠤᠤᠯᠯᠠᠨ | ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠤ᠋ ᠺᠢᠨᠤ᠋ ᠲᠧᠯᠸᠢᠰ ᠤᠨ | ᠲᠤᠪᠴᠢᠶ᠎ᠠ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠵᠦ | ᠪᠠᠶᠢᠭ᠎ᠠ 2017 ᠤᠨ ᠤ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾ ᠶᠢᠨ | ᠤᠷᠤᠯᠳᠤᠭᠠᠨ10 ᠰᠠᠷ᠎ᠠ ᠶᠢᠨ15 ᠤ ᠡᠳᠦᠷ᠂ ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠤᠨ ᠳᠤ | ᠠᠮᠵᠢᠯᠳᠠ ᠲᠡᠬᠦᠯᠳᠡᠷ ᠶᠠᠪᠤᠭᠳᠠᠯ᠎ᠠ᠃ | ︽ᠬᠦᠶᠦᠭᠴᠢ︾ ᠬᠡᠳᠡᠭ ᠨᠢ ᠬᠤᠯᠠ ᠬᠦᠶᠦᠳᠡᠭ ᠬᠦᠮᠦᠨ᠂ ᠬᠦᠶᠦᠬᠦ ᠳᠤ ᠭᠠᠷᠮᠠᠭᠠᠢ ᠬᠦᠮᠦᠨ ᠬᠡᠬᠦ | ᠤᠳᠬ᠎ᠠ ᠪᠦᠬᠦᠢ ᠦᠬᠡ ᠪᠦᠬᠡᠳ ᠶᠤᠸᠠᠨ ᠤᠯᠤᠰ ᠤᠨ ᠦᠶ᠎ᠡ ᠶᠢᠨ ᠬᠠᠭᠠᠨᠳᠤ ᠲᠦᠷᠦ ᠠᠴᠠ ᠵᠤᠬᠢᠶᠠᠨ ᠪᠠᠶᠢᠭᠤᠯᠤᠨ | ᠶᠠᠪᠤᠭᠳᠠᠭᠤᠯᠳᠠᠭ ᠪᠠᠶᠢᠭᠰᠠᠨ ᠬᠤᠯᠠ ᠬᠦᠶᠦᠬᠦ ᠤᠷᠤᠯᠳᠤᠭᠠᠨ ᠢ ᠵᠢᠭᠠᠭᠰᠠᠨ ᠨᠠᠷᠠ ᠶᠤᠮ᠃ ᠶᠤᠸᠠᠨ ᠤᠯᠤᠰ | ᠪᠠᠶᠢᠭᠤᠯᠤᠭᠳᠠᠭᠰᠠᠨ ᠤ ᠲᠠᠷᠠᠭ᠎ᠠ᠂ ᠲᠡᠭᠡᠳᠦ ᠨᠡᠶᠢᠰᠯᠡᠯ ᠱᠠᠩᠳᠤ᠂ ᠶᠡᠭᠡ ᠨᠡᠶᠢᠰᠯᠡᠯ ᠲᠠᠶᠢᠳᠤ ᠶᠢᠨ ᠰᠡᠷᠬᠡᠶᠢᠯᠡᠯᠳᠡ ᠶᠢ | ᠴᠢᠩᠭᠠᠳᠬᠠᠵᠦ᠂ ᠬᠤᠶᠠᠷ ᠨᠡᠶᠢᠰᠯᠡᠯ ᠳᠤ ᠪᠦᠷ ᠰᠡᠷᠬᠡᠶᠢᠯᠡᠨ ᠬᠠᠮᠠᠭᠠᠯᠠᠬᠤ ᠰᠢᠳᠠᠷ ᠴᠡᠷᠢᠭ ᠤᠨ ᠪᠠᠶᠢᠭᠤᠯᠤᠮᠵᠢ ᠶᠢ | ᠪᠠᠶᠢᠭᠤᠯᠤᠭᠰᠠᠨ ᠮᠦᠷᠳᠡᠬᠡᠨ ᠬᠠᠭᠠᠨ ᠲᠦᠷᠦ ᠶᠢᠨ ᠴᠢᠬᠤᠯᠠ ᠴᠢᠮᠡᠭᠡ ᠵᠠᠩᠬᠢ ᠲᠠᠮᠵᠢᠭᠤᠯᠬᠤ ᠤᠯᠠᠭ᠎ᠠ ᠦᠷᠳᠡᠭᠡ ᠶᠢ | ᠲᠤᠬᠢᠷᠠᠭᠤᠯᠤᠭᠰᠠᠨ ᠪᠠᠶᠢᠳᠠᠭ᠃ ︽ᠬᠦᠶᠦᠭᠴᠢ︾ ᠤᠷᠤᠯᠳᠤᠭᠠᠨ ᠪᠤᠯ ᠡᠳᠡᠬᠡᠷ ᠰᠢᠳᠠᠷ ᠴᠡᠷᠢᠭ ᠤᠨ ᠰᠤᠷᠢᠭ᠎ᠠ | ᠪᠤᠯᠪᠠᠰᠤᠷᠠᠯ ᠤᠨ ᠲᠠᠮᠢᠷ ᠤᠨ ᠠᠵᠢᠯᠯᠠᠭ᠎ᠠ ᠮᠦᠨ᠃ ᠶᠤᠸᠠᠨ ᠤᠯᠤᠰ ᠤᠨ ᠦᠶ᠎ᠡ ᠶᠢᠨ ︽ᠬᠦᠶᠦᠭᠴᠢ︾ | ᠤᠷᠤᠯᠳᠤᠭᠠᠨ ᠨᠢ1896 ᠤᠨ ᠤ ᠠᠩᠬᠠᠳᠤᠭᠠᠷ ᠤᠳᠠᠭᠠᠨ ᠤ ᠤᠯᠢᠮᠫᠢᠺ ᠤᠨ ᠲᠠᠮᠢᠷ ᠤᠨ ᠴᠢᠭᠤᠯᠭᠠᠨ ᠲᠡᠭᠡᠷ᠎ᠡ | ᠤᠷᠤᠯᠳᠤᠭᠠᠨ ᠤ ᠲᠦᠷᠦᠯ ᠵᠦᠢᠯ ᠢᠶᠠᠷ ᠵᠢᠬᠰᠠᠭᠠᠬᠳᠠᠭᠰᠠᠨ ᠮᠠᠷᠠᠽᠤᠨ ᠬᠤᠯᠠ ᠬᠦᠶᠦᠬᠦ ᠤᠷᠤᠯᠳᠤᠭᠠᠨ ᠠᠴᠠ 600 | ᠵᠢᠯ ᠤᠨ ᠡᠮᠦᠨ᠎ᠡ ᠪᠠᠶᠢᠵᠦ᠂ ᠬᠦᠶᠦᠯᠳᠡ ᠶᠢᠨ ᠵᠠᠢ ᠨᠢ ᠮᠠᠷᠠᠽᠤᠨ ᠤᠷᠤᠯᠳᠤᠭᠠᠨ ᠠᠴᠠ ᠬᠤᠶᠠᠷ ᠲᠠᠬᠢᠨ ᠢᠯᠡᠬᠦᠦ | ᠠᠵᠠᠢ᠃ ᠰᠢᠯᠤᠭᠤᠨ ᠬᠦᠬᠡ ᠬᠤᠰᠢᠭᠤ ᠨᠢ ᠮᠤᠩᠭᠤᠯ ᠶᠤᠸᠠᠨ ᠤ ᠰᠤᠶᠤᠯ ᠤᠨ ᠡᠬᠦᠰᠦᠨ ᠮᠠᠨᠳᠤᠭᠰᠠᠨ ᠤᠷᠤᠨ | ᠪᠤᠯᠤᠭᠰᠠᠨ ᠤ ᠬᠤᠪᠢ ᠳᠤ ᠡᠨᠡᠬᠦ ᠦᠨᠳᠦᠰᠦᠳᠡᠨ ᠤ ᠲᠠᠮᠢᠷ ᠤᠨ ᠦᠢᠯᠡᠰ ᠢ ᠰᠡᠷᠬᠦᠬᠡᠨ ᠬᠦᠭᠵᠢᠬᠦᠯᠬᠦ ᠶᠢᠨ ᠲᠤᠰᠠᠳᠠ | ᠲᠤᠰ ᠤᠳᠠᠭᠠᠨ ᠤ 36 ᠺᠢᠯᠥᠮᠧᠲᠷ ᠤᠨ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾ | ᠤᠷᠤᠯᠳᠤᠭᠠᠨ ᠵᠢᠴᠢ 2.5 ᠺᠢᠯᠦᠮᠧᠲᠷ ︽ᠦᠵᠡᠰᠬᠦᠯᠡᠩᠳᠦ ᠱᠠᠩᠳᠤ︾ ᠪᠠᠶ᠎ᠠ ᠴᠢᠬᠢᠷᠠᠬᠵᠢᠭᠤᠯᠬᠤ ᠬᠦᠶᠦᠭᠴᠢ | ᠤᠷᠤᠯᠳᠤᠭᠠᠨ ᠢ ᠡᠷᠬᠢᠯᠡᠨ ᠶᠠᠪᠤᠭᠳᠠᠭᠤᠯᠵᠦ ᠪᠠᠶᠢᠭ᠎ᠠ ᠶᠤᠮ᠃ | | ᠦᠷᠯᠦᠬᠡ ᠶᠢᠨ 7 ᠴᠠᠭ ᠬᠠᠭᠠᠰ ᠲᠤ᠂ ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ | ᠬᠦᠶᠦᠭᠴᠢ︾ ᠶᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠰᠢᠯᠤᠭᠤᠨ ᠬᠦᠬᠡ ᠬᠤᠰᠢᠭᠤᠨ ᠤ ︽ᠬᠤᠪᠢᠯᠠᠢ︾ | ᠠᠭᠤᠳᠠᠮ ᠲᠠᠯᠠᠪᠠᠢ ᠳᠤ ᠶᠠᠪᠤᠭᠳᠠᠵᠦ᠂ ᠤᠯᠤᠰ ᠤᠨ ᠲᠤᠳᠤᠭᠠᠳᠤ ᠭᠠᠳᠠᠭᠠᠳᠤ ᠠᠴᠠ ᠬᠦᠷᠦᠯᠴᠠᠨ ᠢᠷᠡᠭᠰᠡᠨ ᠮᠢᠩᠭ᠎ᠠ | ᠭᠠᠷᠤᠢ ᠲᠠᠮᠢᠷᠴᠢᠳ ᠴᠤᠭᠯᠠᠷᠠᠵᠦ᠂ ᠤᠷᠤᠯᠳᠤᠭᠠᠨ ᠳᠤ ᠤᠷᠤᠯᠴᠠᠬᠤ ᠪᠠᠷ ᠪᠡᠯᠡᠬᠡᠨ ᠪᠠᠶᠢᠯ᠎ᠠ᠃ | ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ | ᠲᠡᠳ᠋ ᠬᠤᠰᠢᠭᠤ ᠲᠠᠷᠤᠭ᠎ᠠ ᠪᠠᠳᠠᠷᠠᠯᠳᠤ ᠡᠬᠢᠯᠡᠯᠳᠡ ᠶᠢᠨ ᠶᠤᠰᠤᠯᠠᠯ ᠢ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ | ᠲᠠᠮᠢᠷ ᠤᠨ ᠲᠤᠪᠴᠢᠶᠠᠨ ᠤ ᠨᠠᠮ ᠤᠨ ᠲᠤᠭᠤᠶᠢᠯᠠᠩ ᠤᠨ ᠬᠡᠰᠢᠬᠦᠨ᠂ ᠪᠠᠶ᠎ᠠ ᠲᠠᠮᠢᠷ ᠤᠨ ᠲᠡᠬᠡᠳᠦ ᠰᠤᠷᠭᠠᠭᠤᠯᠢ ᠶᠢᠨ | ᠨᠠᠮ ᠤᠨ ᠬᠤᠷᠢᠶᠠᠨ ᠤ ᠱᠦᠵᠢ ᠶᠢᠨ ᠵᠢᠶᠦ᠋ᠨ ᠬᠠᠢ ᠶᠠᠷᠢᠶ᠎ᠠ ᠲᠠᠯᠪᠢᠵᠦ᠂ ᠬᠤᠰᠢᠭᠤᠨ ᠤ ᠨᠠᠮ ᠤᠨ ᠬᠤᠷᠢᠶᠠᠨ ᠤ | ᠲᠡᠳ᠋ ᠱᠦᠵᠢ᠂ ᠬᠤᠰᠢᠭᠤ ᠲᠠᠷᠤᠭ᠎ᠠ ᠪᠤᠶᠠᠨᠳᠤ ᠤᠭᠳᠤᠯᠭ᠎ᠠ ᠶᠢᠨ ᠶᠠᠷᠢᠶ᠎ᠠ ᠲᠠᠯᠪᠢᠯ᠎ᠠ᠃ | ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠾᠦ᠋ᠸᠧ ᠶᠢᠨ ᠪᠢᠡᠭ᠂ ᠰᠢᠯᠢ ᠶᠢᠨ | ᠭᠤᠤᠯ ᠠᠶᠢᠮᠠᠭ ᠤᠨ ᠠᠶᠠᠯᠠᠯ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ ᠤᠨ ᠡᠷᠬᠢᠯᠡᠭᠴᠢ ᠤᠷᠳᠤᠨᠠᠰᠤᠨ᠂ | ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠤ᠋ ᠺᠢᠨᠤ᠋ ᠲᠧᠯᠸᠢᠰ ᠲᠤᠪᠴᠢᠶᠠᠨ ᠤ | ᠲᠡᠳ᠋ ᠲᠠᠷᠤᠭ᠎ᠠ ᠰᠤᠶᠤᠯᠳᠤ᠂ ᠦᠪᠡᠷᠳᠡᠬᠡᠨ ᠵᠠᠰᠠᠬᠤ ᠤᠷᠤᠨ ᠤ ᠪᠠᠶ᠎ᠠ ᠲᠠᠮᠢᠷ ᠤᠨ ᠶᠡᠷᠦᠩᠬᠡᠢ ᠵᠦᠪᠯᠡᠯ ᠤᠨ ᠨᠠᠷᠢᠨ | ᠪᠢᠴᠢᠭ ᠤᠨ ᠲᠠᠷᠤᠭ᠎ᠠ᠂ ᠬᠤᠯᠠ ᠬᠦᠶᠦᠯᠳᠡ ᠶᠢᠨ ᠰᠢᠯᠢᠳᠡᠭ ᠲᠠᠮᠢᠷᠴᠢᠨ ᠵᠢᠶᠠ ᠶᠢᠨ ᠭᠦᠢ᠂ ᠨᠡᠶᠢᠰᠯᠡᠯ ᠤᠨ ᠪᠠᠶ᠎ᠠ | ᠲᠠᠮᠢᠷ ᠤᠨ ᠶᠡᠭᠡ ᠰᠤᠷᠭᠠᠭᠤᠯᠢ ᠶᠢᠨ ᠫᠷᠦᠫᠧᠰᠰᠤᠷ᠂ ᠲᠤᠰ ᠤᠳᠠᠭᠠᠨ ᠤ ᠤᠷᠤᠯᠳᠤᠭᠠᠨ ᠤ ᠶᠡᠷᠦᠩᠬᠡᠢ ᠬᠢᠨᠠᠬᠴᠢ ᠶᠢᠨ | ᠲᠠᠷᠤᠭ᠎ᠠ ᠸᠠᠩ ᠭᠠᠨᠭ᠌᠂ ᠦᠪᠡᠷᠳᠡᠬᠡᠨ ᠵᠠᠰᠠᠬᠤ ᠤᠷᠤᠨ ᠤ ᠬᠦᠨᠳᠦ ᠬᠦᠩᠬᠡᠨ ᠪᠠᠶ᠎ᠠ ᠲᠠᠮᠢᠷ ᠪᠦᠬᠡ ᠰᠫᠤᠷᠲ ᠤᠨ | ᠲᠦᠪ ᠤᠨ ᠤᠯᠤᠰ ᠤᠨ ᠲᠠᠰ ᠤᠨ ᠰᠤᠷᠭᠠᠭᠴᠢ᠂ ᠲᠠᠪᠤᠳᠤᠭᠠᠷ ᠬᠤᠭᠤᠴᠠᠭᠠᠨ ᠤ ᠪᠠᠶ᠎ᠠ ᠲᠠᠮᠢᠷ ᠤᠨ ᠤᠷᠤᠯᠳᠤᠭᠠᠨ ᠤ | ᠮᠠᠷᠠᠽᠤᠨ ᠤ ᠮᠠᠩᠯᠠᠢ ᠲᠠᠮᠢᠷᠴᠢᠨ ᠱᠠᠨ ᠴᠠᠩ ᠮᠢᠩ᠂ ᠦᠪᠡᠷᠳᠡᠬᠡᠨ ᠵᠠᠰᠠᠬᠤ ᠤᠷᠤᠨ ᠤ ᠪᠠᠶ᠎ᠠ ᠲᠠᠮᠢᠷ ᠤᠨ | ᠲᠤᠪᠴᠢᠶᠠᠨ ᠤ ᠪᠦᠮᠪᠦᠭᠡ ᠰᠫᠤᠷᠲ ᠤᠨ ᠲᠦᠪ ᠤᠨ ᠡᠷᠬᠢᠯᠡᠭᠴᠢ᠂ ᠪᠦᠬᠦ ᠤᠯᠤᠰ ᠤᠨ ᠲᠤᠯᠤᠭ᠎ᠠ᠂ ᠨᠠᠢᠮᠠᠳᠤᠭᠠᠷ | ᠬᠤᠭᠤᠴᠠᠭᠠᠨ ᠤ ᠮᠠᠷᠠᠽᠤᠨ ᠤᠷᠤᠯᠳᠤᠭᠠᠨ ᠤ ᠮᠠᠩᠯᠠᠢ᠂ ᠪᠡᠬᠡᠵᠢᠩ ᠤᠨ ᠤᠯᠠᠨ ᠤᠯᠤᠰ ᠤᠨ ᠭᠤᠷᠪᠠ ᠤᠳᠠᠭᠠᠨ ᠤ | ᠮᠠᠷᠠᠽᠤᠨ ᠤᠷᠤᠯᠳᠤᠭᠠᠨ ᠤ ᠮᠠᠩᠯᠠᠢ ᠬᠤ᠋ ᠭᠠᠨᠭ᠌ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠴᠢ ᠱᠢ ᠪᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠨᠠᠷᠠᠰᠦ᠂ ᠬᠤᠰᠢᠭᠤ ᠵᠠᠰᠠᠭ ᠤᠨ ᠤᠷᠳᠤᠨ ᠤ | ᠲᠡᠳ᠋ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠰᠠᠴᠤᠷᠠᠩᠭᠤᠢ᠂ ᠬᠤᠰᠢᠭᠤ ᠤᠯᠤᠰ | ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠤᠶᠤᠨᠳᠠᠯᠠᠢ᠂ ᠬᠤᠰᠢᠭᠤ ᠰᠢᠬᠦᠬᠦ ᠬᠤᠷᠢᠶᠠᠨ ᠤ ᠲᠠᠷᠤᠭ᠎ᠠ ᠲᠡᠭᠦᠰ | ᠵᠡᠷᠬᠡ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠯ᠎ᠠ᠃ | | ᠲᠤᠰ ᠤᠳᠠᠭᠠᠨ ᠤ ᠤᠷᠤᠯᠳᠤᠭᠠᠨ ᠳᠤ ᠺᠠᠮᠧᠷᠦ᠋ᠨ᠂ ᠯᠠᠦ᠋ᠰ᠂ ᠺᠤᠩᠭᠤ᠋᠂ ᠮᠤᠩᠭᠤᠯ ᠵᠡᠷᠬᠡ ᠭᠠᠳᠠᠭᠠᠳᠤ | ᠤᠯᠤᠰ ᠤᠨ ᠲᠠᠮᠢᠷᠴᠢᠳ ᠪᠤᠯᠤᠨ ᠮᠠᠨ ᠤ ᠤᠯᠤᠰ ᠤᠨ ᠲᠢᠶᠠᠨᠵᠢᠨ᠂ ᠨᠢᠩᠰᠢᠶᠠ᠂ ᠬᠦᠢᠵᠸᠦ ᠵᠡᠷᠬᠡ ᠮᠤᠵᠢ ᠬᠤᠳᠠ | ᠶᠢᠨ60 ᠭᠠᠷᠤᠢ ᠰᠢᠯᠢᠳᠡᠭ ᠲᠠᠮᠢᠷᠴᠢᠨ ᠨᠠᠷᠠ ᠮᠡᠳᠡᠬᠦᠯᠦᠨ ᠤᠷᠤᠯᠴᠠᠵᠦ᠂ ᠡᠬᠦᠨ ᠳᠤ ᠪᠦᠬᠦ ᠤᠯᠤᠰ ᠤᠨ | ᠵᠠᠯᠠᠭᠤᠴᠤᠳ ᠤᠨ ᠲᠠᠮᠢᠷ ᠤᠨ ᠤᠷᠤᠯᠳᠤᠭᠠᠨ ᠳᠤ ᠤᠷᠤᠯᠴᠠᠵᠦ ᠲᠡᠷᠢᠬᠦᠯᠡᠵᠦ ᠪᠠᠶᠢᠭᠰᠠᠨ ᠯᠢᠦ ᠬᠤᠨᠭ᠌ ᠯᠢᠶᠠᠩ᠂ | ᠪᠦᠬᠦ ᠤᠯᠤᠰ ᠤᠨ ᠲᠠᠮᠢᠷ ᠤᠨ ᠤᠷᠤᠯᠳᠤᠭᠠᠨ ᠤ ᠡᠷᠡᠭᠳᠡᠢ ᠶᠢᠨ ᠲᠤᠭᠤᠶᠢᠯᠠᠩ ᠳᠤ ᠬᠤᠪᠢ ᠬᠦᠮᠦᠨ ᠤ ᠬᠢᠷᠢ | ᠪᠦᠳᠦᠮᠵᠢ ᠪᠠᠷ ᠢᠶᠠᠨ ᠲᠦᠷᠪᠡ ᠳᠤ ᠤᠷᠤᠭᠰᠠᠨ ᠯᠢ ᠴᠦᠨ ᠡᠾᠦ᠋ᠢ᠂ ᠪᠦᠬᠦ ᠤᠯᠤᠰ ᠤᠨ ᠲᠠᠮᠢᠷ ᠤᠨ ᠤᠷᠤᠯᠳᠤᠭᠠᠨ | ᠤ ᠡᠮᠡᠭᠳᠡᠢ ᠶᠢᠨ ᠪᠦᠯᠬᠦᠮ ᠤᠨ ᠤᠷᠤᠯᠳᠤᠭᠠᠨ ᠤ ᠨᠢᠬᠡᠳᠦᠬᠡᠷ ᠡᠾᠧ ᠶᠢᠨ ᠯᠢ᠂ ᠱᠢ ᠯᠢ ᠶᠢᠩ᠂ ᠶᠢᠨ ᠮᠢᠩ ᠮᠢᠩ᠂ | ᠭᠥᠡᠭ ᠯᠢ ᠬᠤᠸᠠ ᠵᠡᠷᠬᠡ ᠬᠦᠮᠦᠰ ᠴᠦ ᠬᠦᠷᠦᠯᠴᠠᠨ ᠢᠷᠡᠵᠦ ᠤᠷᠤᠯᠴᠠᠭᠰᠠᠨ ᠪᠠᠶᠢᠨ᠎ᠠ᠂ ᠤᠷᠤᠯᠳᠤᠭᠠᠨ ᠨᠢ | ᠬᠤᠪᠢᠯᠠᠢ ᠠᠭᠤᠳᠠᠮ ᠲᠠᠯᠠᠪᠠᠢ ᠠᠴᠠ ᠶᠤᠸᠠᠨ ᠤ ᠲᠡᠬᠡᠳᠦ ᠨᠡᠶᠢᠰᠯᠡᠯ ᠤᠨ ᠪᠠᠭᠤᠷᠢ ᠶᠢᠨ ᠡᠬᠦᠳᠡ ᠬᠦᠷᠳᠡᠯ᠎ᠡ ᠪᠦᠬᠦ ᠵᠠᠮ | ᠤᠨ ᠤᠷᠳᠤ ᠨᠢ 36 ᠺᠢᠯᠥᠮᠧᠲᠷ ᠪᠠᠶᠢᠵᠦ᠂ ᠤᠷᠤᠯᠳᠤᠭᠠᠨ ᠢ ᠪᠦᠬᠦ ᠤᠯᠤᠰ ᠤᠨ ᠮᠠᠷᠠᠽᠤᠨ ᠤᠷᠤᠯᠳᠤᠭᠠᠨ ᠤ | ᠲᠡᠮᠳᠡᠭᠯᠡᠯ ᠢ ᠲᠠᠪᠤ ᠤᠳᠠᠭ᠎ᠠ ᠡᠬᠦᠳᠦᠭᠴᠢ᠂ ᠲᠤᠯᠤᠭ᠎ᠠ ᠤᠳᠠᠭ᠎ᠠ ᠪᠦᠬᠦ ᠤᠯᠤᠰ ᠤᠨ ᠤᠷᠤᠯᠳᠤᠭᠠᠨ ᠳᠤ | ᠮᠠᠩᠯᠠᠶᠢᠯᠠᠬᠰᠠᠨ ᠬᠤ᠋ ᠭᠠᠨᠭ᠌ ᠵᠢᠶᠦ᠋ᠨ᠂ ᠦᠪᠡᠷᠳᠡᠬᠡᠨ ᠵᠠᠰᠠᠬᠤ ᠤᠷᠤᠨ ᠤ ᠪᠠᠶ᠎ᠠ ᠲᠠᠮᠢᠷ ᠤᠨ ᠶᠡᠷᠦᠩᠬᠡᠢ ᠵᠦᠪᠯᠡᠯ ᠤᠨ | ᠨᠠᠷᠢᠨ ᠪᠢᠴᠢᠭ ᠤᠨ ᠲᠠᠷᠤᠭ᠎ᠠ᠂ ᠬᠤᠯᠠ ᠬᠦᠶᠦᠯᠳᠡ ᠶᠢᠨ ᠰᠢᠯᠢᠳᠡᠭ ᠲᠠᠮᠢᠷᠴᠢᠨ ᠵᠢᠶᠠ ᠶᠢᠨ ᠭᠦᠢ᠂ ᠦᠪᠡᠷᠳᠡᠬᠡᠨ | ᠵᠠᠰᠠᠬᠤ ᠤᠷᠤᠨ ᠤ ᠬᠦᠨᠳᠦ ᠬᠦᠩᠬᠡᠨ ᠪᠠᠶ᠎ᠠ ᠲᠠᠮᠢᠷ ᠪᠦᠬᠡ ᠰᠫᠤᠷᠲ ᠤᠨ ᠲᠦᠪ ᠤᠨ ᠤᠯᠤᠰ ᠤᠨ ᠲᠠᠰ ᠤᠨ | ᠰᠤᠷᠭᠠᠭᠴᠢ᠂ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠮᠠᠷᠠᠽᠤᠨ ᠤᠷᠤᠯᠳᠤᠭᠠᠨ ᠤ ᠮᠠᠩᠯᠠᠢ ᠱᠠᠨ ᠴᠠᠩ | ᠮᠢᠩ ᠲᠠᠭᠠᠭᠤᠯᠤᠨ ᠬᠦᠶᠦᠵᠦ᠂ ᠤᠯᠠᠨ ᠲᠦᠮᠡᠨᠴᠢ ᠪᠠᠶ᠎ᠠ ᠴᠢᠬᠢᠷᠠᠭᠵᠢᠭᠤᠯᠬᠤ ᠬᠦᠶᠦᠭᠴᠢ ᠶᠢᠨ ᠤᠷᠤᠯᠳᠤᠭᠠᠨ | ᠳᠤ1300 ᠭᠠᠷᠤᠢ ᠬᠦᠮᠦᠨ ᠤᠷᠤᠯᠴᠠᠭᠰᠠᠨ ᠪᠠᠶᠢᠨ᠎ᠠ᠃ | | ᠤᠷᠤᠯᠳᠤᠭᠠᠨ ᠨᠢ ᠦᠵᠡᠭᠴᠢᠳ ᠤᠯᠠᠨ ᠤ ᠪᠠᠭ᠋ᠠᠷᠬᠠᠯ᠂ ᠤᠤᠬᠠᠶᠢᠯᠠᠯᠳᠠ ᠶᠢᠨ ᠲᠠᠭᠤᠨ ᠤ ᠲᠤᠮᠳᠠ | ᠡᠷᠴᠢᠳᠡᠢ ᠶᠠᠪᠤᠭᠳᠠᠵᠦ᠂ ᠦᠪᠦᠷ ᠮᠤᠩᠭᠤᠯ ᠤᠨ ᠲᠠᠮᠢᠷ ᠤᠨ ᠲᠡᠭᠡᠳᠦ ᠰᠤᠷᠭᠠᠭᠤᠯᠢ ᠠᠴᠠ ᠬᠦᠷᠦᠯᠴᠠᠨ ᠢᠷᠡᠭᠰᠡᠨ | ᠲᠠᠮᠢᠷᠴᠢᠨ ᠯᠢ ᠴᠦᠨ ᠡᠾᠦ᠋ᠢ 2 ᠴᠠᠭ 3 ᠮᠢᠨᠦ᠋ᠲ ᠤᠨ ᠬᠢᠷᠢ ᠪᠦᠳᠦᠮᠵᠢ ᠪᠠᠷ 2017 ᠤᠨ ᠤ ᠶᠤᠸᠠᠨ ᠤ | ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾ ᠶᠢᠨ ᠤᠷᠤᠯᠳᠤᠭᠠᠨ ᠳᠠᠭᠠᠨ ᠮᠠᠩᠯᠠᠶᠢᠯᠠᠵᠦ᠂ ᠵᠤᠤ ᠪᠠᠢ | ᠳ᠋ᠦᠡᠭ᠂ ᠯᠢᠦ ᠬᠤᠨᠭ᠌ ᠯᠢᠶᠠᠩ ᠲᠤᠰ ᠲᠤᠰ ᠡᠷᠡᠭᠳᠡᠢ ᠶᠢᠨ ᠲᠤᠭᠤᠶᠢᠯᠠᠩ ᠤᠨ ᠬᠤᠶᠠᠷ ᠭᠤᠷᠪᠠ ᠳᠤ ᠲᠤᠳᠤᠷᠠᠵᠦ᠂ | ᠬᠦᠬᠡᠬᠤᠳᠠ ᠠᠴᠠ ᠬᠦᠷᠦᠯᠴᠠᠨ ᠢᠷᠡᠭᠰᠡᠨ ᠲᠠᠮᠢᠷᠴᠢᠨ ᠡᠾᠧ ᠶᠢᠨ ᠯᠢ 2 ᠴᠠᠭ19 ᠮᠢᠨᠦ᠋ᠲ ᠤᠨ ᠬᠢᠷᠢ ᠪᠦᠳᠦᠮᠵᠢ | ᠪᠠᠷ ᠡᠮᠡᠭᠳᠡᠢ ᠶᠢᠨ ᠲᠤᠭᠤᠶᠢᠯᠠᠩ ᠳᠤ ᠮᠠᠩᠯᠠᠶᠢᠯᠠᠵᠦ᠂ ᠶᠢᠨ ᠮᠢᠩ ᠮᠢᠩ᠂ ᠬᠦᠡᠭ ᠯᠢ ᠬᠤᠸᠠ ᠲᠤᠰ ᠲᠤᠰ ᠡᠮᠡᠭᠳᠡᠢ | ᠶᠢᠨ ᠲᠤᠭᠤᠶᠢᠯᠠᠩ ᠤᠨ ᠬᠤᠶᠠᠷ ᠭᠤᠷᠪᠠ ᠳᠤ ᠲᠤᠳᠤᠷᠠᠵᠦ᠂ ᠬᠦᠶᠦᠭᠴᠢ ᠤᠷᠤᠯᠳᠤᠭᠠᠨ ᠤ ᠲᠡᠮᠳᠡᠭ ᠢ ᠰᠡᠶᠢᠯᠦᠭᠰᠡᠨ | ᠶᠤᠸᠠᠩᠪᠤᠤ ᠶᠢᠨ ᠲᠡᠭᠡᠷ᠎ᠡ ᠠᠷᠠᠳ ᠤᠨ ᠵᠤᠭᠤᠰ ᠢᠶᠠᠷ ᠱᠠᠩᠨᠠᠭᠳᠠᠯᠠ᠃ ᠡᠬᠦᠨ ᠠᠴᠠ ᠭᠠᠳᠠᠨ᠎ᠠ ᠮᠤᠩᠭᠤᠯ ᠤᠯᠤᠰ | ᠠᠴᠠ ᠬᠦᠷᠦᠯᠴᠠᠨ ᠢᠷᠡᠭᠰᠡᠨ ᠲᠦᠷᠪᠡᠨ ᠲᠠᠮᠢᠷᠴᠢᠳ ᠪᠦᠬᠦᠨ ᠢᠶᠠᠷ ᠢᠶᠠᠨ ᠲᠡᠭᠡᠳᠦ ᠨᠠᠢᠮᠠ ᠳᠤ ᠬᠤᠷᠳᠤᠯᠠᠵᠦ | ᠢᠷᠡᠭᠰᠡᠨ ᠪᠠᠶᠢᠨ᠎ᠠ᠃ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ | ᠪᠡᠯᠬᠡᠯᠡᠬᠦ ᠤᠯᠠᠨ ᠲᠦᠮᠡᠨᠴᠢ ᠲᠠᠮᠢᠷ ᠤᠨ ᠬᠦᠳᠡᠯᠬᠡᠬᠡᠨ ᠤ ᠨᠢᠬᠡᠨ ᠠᠭᠤᠯᠭ᠎ᠠ ᠪᠤᠯᠤᠭᠰᠠᠨ ᠤ ᠬᠤᠪᠢ ᠳᠤ ︽ | ᠬᠦᠶᠦᠭᠴᠢ︾ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠢᠶᠠᠷ ᠬᠠᠩᠭᠠᠢ ᠬᠠᠮᠳᠤᠯᠢᠭ ᠠᠶ᠎ᠠ ᠲᠠᠭᠤᠤ ᠪᠠᠨ ᠡᠷᠬᠦᠨ᠂ | ᠲᠠᠯᠠᠨ ᠬᠦᠮᠦᠨ ᠢᠶᠠᠷ ᠪᠦᠷᠢᠯᠳᠦᠭᠰᠡᠨ ᠮᠤᠷᠢᠨ ᠬᠤᠭᠤᠷᠴᠢᠳ ︽ᠲᠦᠮᠡᠨ ᠠᠭᠳᠠ ᠶᠢᠨ ᠲᠦᠪᠡᠷᠬᠡᠨ︾ ᠢ | ᠭᠦᠭᠵᠢᠮᠳᠡᠨ᠂ ᠰᠢᠯᠤᠭᠤᠨ ᠬᠦᠬᠡ ᠬᠤᠰᠢᠭᠤᠨ ᠤ ᠤᠯᠠᠭᠠᠨᠮᠦ᠋ᠴᠢᠷ ᠤᠨ ᠲᠤᠭᠯᠠᠬᠴᠢᠳ ︽ᠬᠦᠶᠦᠭᠴᠢ︾ ᠬᠡᠬᠦ | ᠲᠠᠭᠤᠤ ᠪᠠᠨ ᠡᠷᠬᠦᠵᠦ᠂ ᠤᠷᠤᠯᠳᠤᠭᠠᠨ ᠤ ᠲᠡᠬᠦᠰ ᠠᠮᠵᠢᠯᠳᠠᠳᠠᠢ ᠶᠠᠪᠤᠭᠳᠠᠬᠤ ᠶᠢ ᠢᠷᠦᠬᠡᠨ᠂ ᠮᠦᠨᠴᠦ ᠨᠠᠮ ᠤᠨ | ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠶᠢ ᠢᠷᠦᠬᠡᠨ ᠵᠦᠩᠨᠡᠭᠰᠡᠨ ᠪᠠᠶᠢᠨ᠎ᠠ᠃ | ᠶᠤᠸᠠᠨ ᠤ ᠲᠡᠭᠡᠳᠦ ᠨᠡᠶᠢᠰᠯᠡᠯ᠂ ᠤᠯᠠᠨ ᠤᠯᠤᠰ ᠤᠨ ︽ᠬᠦᠶᠦᠭᠴᠢ︾ ᠤᠷᠤᠯᠳᠤᠭᠠᠨ ᠪᠤᠯ ᠮᠤᠩᠭᠤᠯ ᠤᠨ | ᠡᠷᠳᠡᠨ ᠤ ᠰᠤᠶᠤᠯ ᠤᠨ ᠭᠠᠶᠢᠬᠠᠮᠰᠢᠭ ᠢ ᠦᠨᠦ ᠴᠠᠭ ᠤᠨ ᠰᠤᠶᠤᠯ ᠪᠤᠯᠪᠠᠰᠤᠨ ᠲᠠᠢ ᠤᠶᠠᠯᠳᠤᠭᠤᠯᠤᠭᠰᠠᠨ ᠰᠤᠶᠤᠯ | ᠲᠠᠮᠢᠷ ᠤᠨ ᠠᠵᠢᠯᠯᠠᠭ᠎ᠠ ᠮᠦᠨ᠃ ᠲᠡᠬᠡᠳᠦ ᠨᠡᠶᠢᠰᠯᠡᠯ ᠤᠨ ᠰᠤᠶᠤᠯ ᠤᠨ ᠦᠪ ᠢ ᠵᠠᠯᠭᠠᠮᠵᠢᠯᠠᠵᠦ᠂ ᠴᠠᠭ ᠡᠷᠡᠨ ᠤ | ᠵᠤᠷᠢᠭ ᠰᠠᠨᠠᠭ᠎ᠠ ᠶᠢ ᠪᠠᠳᠠᠷᠠᠭᠤᠯᠤᠭᠰᠠᠨ ᠰᠢᠯᠤᠭᠤᠨ ᠬᠦᠬᠡ ᠬᠤᠰᠢᠭᠤᠨ ᠤ ᠪᠠᠰᠠ ᠨᠢᠬᠡ ᠰᠤᠶᠤᠯ ᠤᠨ ᠨᠡᠷᠡᠳᠦ | ᠲᠡᠮᠳᠡᠭ ᠮᠦᠨ᠃ ( ᠠᠯᠳᠠᠨᠰᠢᠭᠦᠷ ) |