ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠲᠠᠪᠤᠳᠤᠭᠠᠷ ᠤᠳᠠᠭ᠎ᠠ ᠶᠢᠨ ᠰᠤᠷᠪᠤᠯᠵᠢᠯᠠᠭᠴᠢᠳ ᠤᠨ ᠲᠠᠶᠢᠢᠯᠠᠯᠭ᠎ᠠ ᠬᠢᠵᠥ ᠠᠷᠠᠳ ᠤᠨ ᠠᠮᠢᠳᠤᠷᠠᠯ ᠢ ᠪᠠᠳᠤᠯᠠᠵᠤ ᠰᠠᠶᠢᠢᠵᠢᠷᠠᠭᠤᠯᠤᠭᠰᠠᠠ ᠪᠠᠶᠢᠢᠳᠠᠯ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2017/10/24
       ᠰᠢᠨᠬᠤᠸᠠ ᠬᠤᠷᠢᠶ᠎ᠠ ᠪᠡᠭᠡᠵᠢᠩ ᠤᠨ 10 ᠰᠠᠷ᠎ᠠ ᠶᠢᠨ 22᠎ ᠤᠨ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢᠦ ᠶᠠᠩ ᠶᠠᠩ᠂ ᠴᠢ ᠵᠦᠩ ᠰᠢ᠂ ᠬᠠᠨ ᠵᠢᠶᠧ︶ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠰᠤᠨᠢᠨ ᠮᠡᠳᠡᠬᠡᠨ ᠤ ᠲᠦᠪ 22᠎ ᠤᠨ ᠦᠳᠡ ᠠᠴᠠ ᠡᠮᠤᠨ᠎ᠡ ᠲᠠᠪᠤᠳᠤᠭᠠᠷ ᠤᠳᠠᠭ᠎ᠠ ᠶᠢᠨ ᠰᠤᠷᠪᠤᠯᠵᠢᠯᠠᠭᠴᠢᠳ ᠤᠨ ᠲᠠᠶᠢᠢᠯᠠᠯᠭ᠎ᠠ ᠬᠢᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠤᠨᠢᠨ ᠮᠡᠳᠡᠬᠡᠨ ᠤ ᠦᠬᠦᠯᠡᠭᠴᠢ ᠬᠦᠸᠧ ᠸᠧᠢ ᠮᠢᠨ᠂ ᠰᠤᠷᠭᠠᠨ ᠬᠦᠮᠥᠵᠢᠯ ᠤᠨ ᠶᠠᠮᠤᠨ ᠤ ᠰᠠᠶᠢᠢᠳ ᠴᠧᠨ ᠪᠤᠤ ᠱᠧᠩ᠂ ᠠᠷᠠᠳ ᠤᠨ ᠶᠠᠪᠤᠳᠠᠯ ᠤᠨ ᠶᠠᠮᠤᠨ ᠤ ᠰᠠᠶᠢᠢᠳ ᠬᠤᠧᠠᠩ ᠱᠦ ᠰᠢᠶᠠᠨ᠂ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠢᠬᠡᠮ ᠤᠨ ᠪᠠᠳᠤᠯᠠᠪᠤᠷᠢ ᠶᠢᠨ ᠶᠠᠮᠤᠨ ᠤ ᠰᠠᠶᠢᠢᠳ ᠶᠢᠨ ᠸᠧᠢ ᠮᠢᠨ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠢᠭᠤᠯᠤᠯᠳᠠ ᠶᠢᠨ ᠶᠠᠮᠤᠨ ᠤ ᠰᠠᠶᠢᠢᠳ ᠸᠠᠩ ᠮᠧᠩ ᠾᠦᠢ᠂ ᠤᠯᠤᠰ ᠤᠨ ᠡᠷᠡᠬᠦᠯ ᠬᠠᠮᠠᠭᠠᠯᠠᠯ ᠲᠦᠯᠥᠪᠯᠡᠬᠡᠳᠤ ᠦᠷᠡᠵᠢᠯ ᠤᠨ ᠵᠦᠪᠯᠡᠯ ᠤᠨ ᠡᠷᠬᠢᠯᠡᠭᠴᠢ ᠯᠢ ᠪᠢᠨ ᠢ ᠤᠷᠢᠵᠥ᠂ ︽ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠬᠠᠩᠬᠠᠵᠥ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠢᠵᠢᠷᠠᠭᠤᠯᠬᠤ︾᠎ ᠶᠢᠨ ᠲᠤᠭᠤᠷᠢᠨ ᠳᠤ ᠪᠠᠶᠢᠢᠳᠠᠯ ᠢ ᠲᠠᠨᠢᠯᠴᠠᠭᠤᠯᠵᠥ᠂ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃        ᠰᠤᠷᠭᠠᠨ ᠬᠦᠮᠥᠵᠢᠯ ᠤᠨ ᠤᠳᠤᠬᠢᠴᠢᠯᠠᠯᠳᠠ ᠶᠢ ᠲᠦᠷᠬᠡᠳᠭᠡᠵᠥ ᠠᠷᠠᠳ ᠲᠦᠮᠡᠨ ᠳᠤ ᠲᠠᠭᠠᠰᠢᠶᠠᠭᠳᠠᠭᠰᠠᠠ ᠰᠤᠷᠭᠠᠨ ᠬᠦᠮᠥᠵᠢᠯ ᠢ ᠰᠠᠶᠢᠢᠳᠤᠷ ᠡᠷᠬᠢᠯᠡᠪᠡ        ᠴᠧᠨ ᠪᠤᠤ ᠱᠧᠩ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠰᠤᠷᠭᠠᠨ ᠬᠦᠮᠥᠵᠢᠯ ᠤᠨ ᠦᠢᠯᠡᠰ ᠤᠨ ᠲᠤᠮᠳᠠᠳᠤ ᠤᠯᠤᠰ ᠤᠨ ᠤᠨᠴᠠᠯᠢᠭ ᠤᠯᠠᠮ ᠢᠯᠡ ᠲᠤᠳᠤ ᠪᠤᠯᠵᠥ᠂ ᠨᠠᠮ ᠤᠨ ᠰᠤᠷᠭᠠᠨ ᠬᠦᠮᠥᠵᠢᠯ ᠤᠨ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠥ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠢᠵᠢᠷᠠᠭᠤᠯᠵᠥ᠂ ᠨᠡᠶᠢᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠶᠡᠬᠡᠪᠡᠷ ᠪᠠᠳᠠᠷᠠᠭᠤᠯᠵᠥ᠂ ᠰᠤᠷᠤᠭᠴᠢᠳ ᠢ ᠬᠦᠳᠦᠯᠥᠨ ᠲᠠᠭᠠᠭᠤᠯᠵᠥ ᠪᠠᠶᠢᠢᠭᠠᠳ ᠵᠦᠪ ᠲᠡᠤᠬᠡ ᠶᠢᠨ ᠦᠵᠡᠯᠳᠡ᠂ ᠦᠨᠳᠦᠰᠦᠳᠡᠨ ᠤ ᠦᠵᠡᠯᠳᠡ᠂ ᠤᠯᠤᠰ ᠤᠨ ᠦᠵᠡᠯᠳᠡ ᠪᠤᠯᠤᠨ ᠰᠤᠶᠤᠯ ᠤᠨ ᠦᠵᠡᠯᠳᠡ ᠲᠠᠢ ᠪᠤᠯᠭᠠᠨ ᠬᠦᠮᠥᠵᠢᠬᠦᠯᠪᠠ︔ ᠰᠤᠷᠭᠠᠨ ᠬᠦᠮᠥᠵᠢᠯ ᠤᠨ ᠤᠳᠤᠬᠢᠴᠢᠯᠠᠯᠳᠠ ᠶᠢ ᠲᠦᠷᠬᠡᠳᠭᠡᠨ ᠠᠬᠢᠭᠤᠯᠵᠥ᠂ ᠰᠤᠷᠭᠠᠨ ᠬᠦᠮᠥᠵᠢᠯ ᠳᠠᠬᠢ ᠤᠷᠤᠭᠤᠯᠤᠯᠳᠠ ᠶᠢᠨ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠲᠤ ᠡᠵᠡᠯᠡᠬᠦ ᠬᠠᠷᠢᠴᠠᠯ 4%᠎ ᠳᠤ ᠬᠦᠷᠴᠦ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠢᠨᠲ᠋ᠧᠷ ᠰᠦᠯᠵᠢᠶ᠎ᠡ ᠨᠡᠪᠳᠡᠷᠡᠭᠦᠯᠦᠭᠰᠡᠨ ᠨᠤᠷᠮ᠎ᠠ ᠲᠠᠪᠤᠨ ᠵᠢᠯ ᠤᠨ ᠡᠮᠤᠨ᠎ᠡ 20% ᠭᠠᠷᠤᠢ ᠪᠠᠶᠢᠢᠭᠰᠠᠠ ᠠᠴᠠ ᠪᠠᠨ ᠤᠳᠤ 90% ᠪᠤᠯᠤᠨ ᠲᠡᠭᠡᠭᠰᠢᠯᠡᠪᠡ︔ ᠠᠷᠠᠳ ᠲᠦᠮᠡᠨ ᠤ ᠰᠤᠷᠭᠠᠨ ᠬᠦᠮᠦᠵᠢᠯ ᠤᠨ ᠬᠦᠷᠳᠡᠮᠵᠢ ᠶᠢᠨ ᠲᠦᠷᠦᠭᠳᠡᠯ ᠳᠠᠰᠤᠷᠠᠯᠳᠠ ᠦᠭᠡᠢ ᠨᠡᠮᠡᠭᠳᠡᠵᠦ᠂ ᠭᠡᠷ ᠤᠨ ᠠᠮᠢᠳᠤᠷᠠᠯ ᠨᠢ ᠬᠦᠴᠢᠷᠳᠡᠯᠲᠠᠢ ᠨᠢᠭᠡ ᠭᠡᠦᠭᠡᠳ ᠢ ᠴᠦ ᠰᠤᠷᠤᠯᠭ᠎ᠠ ᠶᠢ ᠨᠢ ᠲᠤᠷᠭᠤᠨ ᠵᠤᠬᠰᠤᠭᠠᠬᠤ ᠦᠭᠡᠢ ᠪᠠᠶᠢᠢᠬᠤ ᠬᠠᠷᠠᠯᠳᠠ ᠶᠢ ᠦᠨᠳᠦᠰᠦᠨ ᠳᠡᠭᠡᠨ ᠪᠡᠶᠡᠯᠡᠬᠦᠯᠵᠦ᠂ 90%᠎ ᠠᠴᠠ ᠳᠡᠭᠡᠭᠰᠢᠬᠢ ᠵᠡᠮᠳᠡᠭ ᠭᠡᠦᠭᠡᠳ ᠢ ᠰᠤᠷᠭᠠᠨ ᠬᠦᠮᠦᠵᠢᠯ ᠬᠦᠷᠳᠡᠬᠦ ᠠᠵᠠ ᠲᠤᠬᠢᠶᠠᠯ ᠲᠠᠢ ᠪᠤᠯᠭᠠᠪᠠ︔ ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠯᠠᠨ ᠤᠯᠤᠰ ᠲᠠᠬᠢ ᠨᠦᠯᠦᠭᠡᠯᠡᠬᠦ ᠬᠦᠴᠦᠨ ᠳᠠᠰᠤᠷᠠᠯᠳᠠ ᠦᠭᠡᠢ ᠨᠡᠮᠡᠭᠳᠡᠵᠦ ᠂ 180 ᠭᠠᠷᠤᠢ ᠤᠯᠤᠰ ᠪᠠ ᠭᠠᠵᠠᠷ ᠤᠷᠤᠨ ᠤ ᠬᠢᠨ ᠮᠠᠨ ᠤ ᠤᠯᠤᠰ ᠲᠠᠢ ᠰᠤᠷᠭᠠᠨ ᠬᠦᠮᠦᠵᠢᠯ ᠤᠨ ᠬᠠᠮᠳᠤᠷᠠᠯᠴᠠᠭᠠᠨ ᠤ ᠬᠠᠷᠢᠯᠴᠠᠭ᠎ᠠ ᠪᠠᠶᠢᠢᠭᠤᠯᠵᠦ᠂ 47 ᠤᠯᠤᠰ ᠪᠠ ᠭᠠᠵᠠᠷ ᠤᠷᠤᠨ ᠤ ᠬᠢᠨ ᠮᠠᠨ ᠤ ᠤᠯᠤᠰ ᠲᠠᠢ ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠶᠢ ᠬᠠᠷᠢᠯᠴᠠᠨ ᠮᠡᠳᠡᠷᠡᠬᠦ ᠵᠦᠪᠯᠡᠯᠴᠡᠭᠡᠷ ᠲᠤᠭᠳᠠᠵᠦ᠂ ᠳᠤᠮᠳᠠᠳᠤ ᠤᠯᠤᠰ ᠨᠢᠭᠡᠨᠳᠡ ᠳᠡᠯᠡᠭᠡᠢ ᠳᠤ ᠭᠤᠷᠪᠠᠳᠤᠭᠠᠷ᠂ ᠠᠽᠢᠶ᠎ᠠ ᠲᠢᠪ ᠲᠤ ᠬᠠᠮᠤᠭ ᠤᠨ ᠶᠡᠭᠡ ᠭᠠᠳᠠᠭᠠᠳᠤ ᠳᠤ ᠰᠤᠷᠤᠯᠴᠠᠬᠤ ᠰᠤᠷᠤᠬᠴᠢ ᠶᠢᠨ ᠬᠠᠷᠠᠯᠳᠠᠳᠦ ᠤᠯᠤᠰ ᠪᠤᠯᠪᠠ︔ ᠰᠤᠷᠭᠠᠨ ᠬᠦᠮᠦᠵᠢᠯ ᠤᠨ ᠦᠭᠡᠷᠡᠴᠢᠯᠡᠯᠳᠠ ᠳᠠᠰᠤᠷᠠᠯᠳᠠ ᠦᠭᠡᠢ ᠬᠦᠨᠵᠡᠭᠡᠶᠢᠢᠷᠡᠵᠦ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠳᠠᠢ ᠰᠤᠷᠭᠠᠨ ᠬᠦᠮᠦᠵᠢᠯ ᠤᠨ ᠦᠭᠡᠷᠡᠴᠢᠯᠡᠯᠳᠠ ᠶᠢᠨ ᠲᠦᠰᠦᠯ ᠢ ᠨᠡᠶᠢᠢᠳᠡᠯᠡᠵᠦ᠂ ᠰᠤᠷᠭᠠᠨ ᠬᠦᠮᠦᠵᠢᠯ ᠤᠨ ᠦᠭᠡᠷᠡᠴᠢᠯᠡᠯᠳᠠ ᠶᠢᠨ ᠭᠤᠤᠯ ᠪᠦᠳᠦᠴᠡ ᠵᠠᠬᠪᠤᠷ ᠢ ᠪᠠᠶᠢᠢᠭᠤᠯᠵᠠᠢ ᠬᠡᠪᠡ᠃        ᠴᠧᠨ ᠪᠤᠤ ᠱᠧᠩ᠂ ᠭᠡᠦᠭᠡᠳ ᠤᠳ ᠢ ᠭᠡᠷᠬᠢᠨ ᠰᠤᠷᠭᠠᠭᠤᠯᠢ ᠳᠤ ᠰᠠᠶᠢᠢᠳᠤᠷ ᠰᠤᠷᠤᠯᠴᠠᠭᠤᠯᠬᠤ ᠠᠰᠠᠭᠤᠯᠳᠠ ᠶᠢ ᠬᠠᠷᠢᠭᠤᠯᠬᠤ ᠳᠠᠭᠠᠨ᠂ ᠳᠠᠷᠠᠭᠠᠴᠢ ᠶᠢᠨ ᠠᠯᠬᠤᠮ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠦᠭᠡᠮᠡᠯ ᠠᠰᠢᠬ ᠬᠦᠷᠳᠡᠭᠡᠬᠦ ᠴᠢᠨᠠᠷᠳᠠᠢ ᠡᠬᠢ ᠪᠠᠶᠠᠯᠢᠭ ᠢ ᠦᠷᠬᠦᠯᠵᠢᠯᠡᠨ ᠦᠷᠭᠡᠳᠭᠡᠵᠦ᠂ 2020 ᠤᠨ ᠪᠤᠯᠬᠤ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠡᠨ ᠵᠢᠯ ᠤᠨ ᠴᠡᠴᠡᠷᠯᠢᠭ ᠲᠤ ᠤᠷᠤᠬᠤ ᠪᠦᠬᠦ ᠨᠤᠷᠮ᠎ᠠ ᠶᠢ 85%᠎ ᠳᠤ ᠬᠦᠷᠭᠡᠵᠦ᠂ ᠲᠦᠭᠡᠮᠡᠯ ᠠᠰᠢᠬ ᠬᠦᠷᠳᠡᠭᠡᠬᠦ ᠴᠢᠨᠠᠷᠳᠠᠢ ᠴᠡᠴᠡᠷᠯᠢᠭ ᠤᠨ ᠪᠦᠷᠬᠦᠴᠠ ᠶᠢᠨ ᠨᠤᠷᠮ᠎ᠠ ᠶᠢ 80% ᠤᠷᠴᠢᠮ ᠳᠤ ᠬᠦᠷᠭᠡᠨ᠎ᠠ︔ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠴᠢᠨᠠᠷ ᠰᠠᠶᠢᠢᠳᠠᠢ ᠬᠦᠭᠵᠢᠯᠳᠡ ᠶᠢ ᠠᠬᠢᠭᠤᠯᠵᠦ᠂ ︽ᠰᠤᠷᠭᠠᠭᠤᠯᠢ ᠰᠤᠩᠬᠤᠬᠤ ᠬᠠᠯᠠᠮᠰᠢᠯ︾ ︽ᠤᠷᠤᠨ ᠲᠤᠭ᠎ᠠ ᠠᠴᠠ ᠪᠠᠨ ᠬᠡᠳᠦᠷᠡᠭᠰᠡᠨ ᠲᠤᠮᠤ ᠠᠩᠬᠢ︾᠎ ᠶᠢᠨ ᠠᠰᠠᠭᠤᠳᠠᠯ ᠢ ᠰᠢᠢᠳᠪᠤᠷᠢᠯᠡᠨ᠎ᠠ︔ ᠦᠨᠳᠦᠷ ᠳᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠭᠡᠮᠡᠯᠵᠢᠬᠦᠯᠵᠦ᠂ 2020 ᠤᠨ ᠪᠤᠯᠬᠤ ᠳᠤ ᠦᠨᠳᠦᠷ ᠳᠤᠮᠳᠠᠳᠤ ᠶᠢᠨ ᠱᠠᠳᠤᠨ ᠤ ᠰᠤᠷᠭᠠᠭᠤᠯᠢ ᠳᠤ ᠤᠷᠤᠬᠤ ᠪᠦᠬᠦ ᠨᠤᠷᠮ᠎ᠠ ᠶᠢ 90%᠎ ᠠᠴᠠ ᠳᠡᠭᠡᠭᠰᠢ ᠳᠤ ᠬᠦᠷᠭᠡᠨ᠎ᠡ︔ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠳᠠᠪᠤᠷᠢᠳᠠᠨ ᠬᠦᠮᠦᠵᠢᠬᠦᠯᠬᠦ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ 2020 ᠤᠨ ᠪᠤᠯᠬᠤ ᠳᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠪᠦᠬᠦ ᠨᠤᠷᠮ᠎ᠠ ᠶᠢ 50%᠎ ᠳᠤ ᠬᠦᠷᠭᠡᠨ᠎ᠠ ᠭᠡᠪᠡ᠃        ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠳᠤᠮᠳᠠ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠪᠠ        ᠬᠤᠧᠠᠩ ᠱᠦ ᠰᠢᠶᠠᠨ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠡᠯ᠎ᠠ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠢᠳᠠᠪᠤᠷᠢᠵᠢᠭᠤᠯᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠪᠠᠲᠤᠯᠠᠪᠤᠷᠢ ᠵᠡᠷᠭᠡ ᠠᠷᠠᠳ ᠤᠨ ᠠᠮᠢᠳᠤᠷᠠᠯ ᠤᠨ ᠠᠵᠢᠯ ᠮᠡᠳᠡᠭᠳᠡᠮ᠎ᠠ ᠠᠮᠵᠢᠯᠳᠠ ᠤᠯᠪᠠ᠃ ᠬᠤᠲᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠳᠤ ᠤᠷᠤᠭᠤᠯᠪᠠᠰᠤ ᠵᠤᠬᠢᠬᠤ ᠶᠢ ᠨᠢ ᠠᠯᠢ ᠴᠢᠳᠠᠬᠤ ᠪᠠᠷ ᠪᠦᠬᠦᠨ ᠢ ᠤᠷᠤᠭᠤᠯᠵᠤ᠂ ᠨᠡᠶᠢᠢᠬᠡᠮ ᠤᠨ ᠲᠤᠰᠠᠯᠠᠮᠵᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠰᠠᠶᠢᠢᠲᠤᠷ ᠪᠠᠳᠠᠷᠠᠭᠤᠯᠪᠠ︔ ᠨᠠᠰᠤᠵᠢᠯ ᠤᠨ ᠦᠢᠯᠡᠴᠢᠯᠡᠭᠡᠨ ᠤ ᠦᠢᠯᠡᠰ ᠲᠦᠷᠭᠡᠨ ᠬᠦᠭᠵᠢᠵᠤ᠂ ᠪᠦᠬᠦ ᠤᠯᠤᠰ ᠤᠨ ᠳᠠᠩᠰᠠᠯᠠᠭᠤᠯᠤᠭᠰᠠᠨ ᠨᠠᠰᠤᠳᠠᠨ ᠢ ᠠᠰᠠᠷᠠᠬᠤ ᠪᠠᠶᠢᠢᠭᠤᠯᠤᠮᠵᠢ 2.8 ᠲᠦᠮᠡ ᠭᠠᠷᠤᠢ ᠳᠤ ᠬᠦᠷᠴᠤ᠂ ᠨᠠᠰᠤᠳᠠᠨ ᠢ ᠠᠰᠠᠷᠠᠬᠤ ᠤᠷᠤ 700 ᠲᠦᠮᠠ ᠳᠤ ᠬᠦᠷᠴᠤ᠂ ᠨᠡᠶᠢᠢᠭᠡᠮ ᠲᠤᠭᠤᠷᠢᠬ ᠤᠨ ᠭᠡᠷ ᠲᠡᠭᠡᠨ ᠨᠠᠰᠤᠵᠢᠯ ᠤᠨ ᠦᠢᠯᠡᠴᠢᠯᠡᠭᠡ ᠬᠦᠷᠳᠡᠬᠦ ᠲᠦᠬᠦᠭᠡᠷᠤᠮᠵᠢ ᠡᠯ᠎ᠠ ᠬᠤᠳᠠ ᠪᠠᠯᠭᠠᠰᠤ ᠶᠢᠨ ᠨᠡᠶᠢᠢᠭᠡᠮ ᠲᠤᠭᠤᠷᠢᠭ ᠪᠤᠯᠤᠨ 50%᠎ ᠠᠴᠠ ᠳᠡᠭᠡᠭᠰᠢᠬᠢ ᠬᠦᠳᠡᠭᠡ ᠲᠤᠰᠬᠤᠨ ᠤ ᠨᠡᠶᠢᠢᠭᠡᠮ ᠲᠤᠭᠤᠷᠢᠭ ᠢ ᠪᠦᠷᠬᠦᠵᠠᠢ︔ ᠪᠠᠶᠢᠢᠭᠠᠯᠢ ᠶᠢᠨ ᠭᠠᠮᠰᠢᠭ ᠢ ᠠᠷᠭᠠᠴᠠᠬᠤ ᠠᠵᠢᠯ ᠪᠦᠲᠦᠮᠵᠢᠲᠠᠢ ᠪᠦᠭᠡᠳ ᠡᠮᠬᠢ ᠵᠢᠷᠤᠮ ᠲᠠᠢ ᠶᠠᠪᠤᠭᠳᠠᠪᠠ︔ ᠵᠡᠮᠳᠡᠭᠴᠤᠳ ᠤᠨ ᠠᠰᠠᠷᠠᠮᠵᠢ ᠪᠤᠯᠤᠨ ᠬᠡᠤᠬᠡᠳ ᠢ ᠬᠠᠮᠠᠭᠠᠯᠠᠬᠤ ᠳᠦᠷᠢᠮ ᠨᠡᠩ ᠪᠦᠷᠢᠨᠰᠢᠪᠡ︔ ᠴᠡᠷᠢᠭ ᠤᠨ ᠬᠦᠮᠦᠰ ᠲᠤ ᠠᠰᠠᠷᠠᠮᠵᠢ ᠬᠠᠷᠠᠭᠠᠯᠵᠠᠯ ᠤᠯᠭᠤᠬᠤ ᠲᠦᠪᠰᠢᠨ ᠵᠢᠯ ᠳᠠᠷᠠᠭᠠᠯᠠᠨ ᠳᠡᠭᠡᠭᠰᠢᠯᠡᠪᠡ︔ ᠨᠢᠭᠦᠯᠡᠰᠦᠩᠭᠦᠢ ᠶᠢᠨ ᠪᠠ ᠰᠠᠶᠢᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠦᠷᠨᠢᠭᠦᠨ ᠬᠦᠭᠵᠢᠵᠠᠢ ᠭᠡᠵᠤ ᠬᠡᠯᠡᠪᠡ᠃        ᠬᠤᠧᠠᠩ ᠱᠦ ᠰᠢᠶᠠᠠ᠂ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠤᠮᠲᠠ ᠨᠡᠶᠢᠢᠭᠡᠮ ᠤᠨ ᠠᠪᠤᠷᠠᠠ ᠲᠤᠰᠠᠯᠠᠯᠳᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠪᠤᠷᠢ ᠶᠢᠨ ᠦᠢᠯᠡᠲᠦᠯ ᠢ ᠬᠡᠷᠬᠢᠨ ᠪᠠᠳᠠᠷᠠᠭᠤᠯᠬᠤ ᠲᠤᠬᠠᠢ ᠬᠤᠯᠪᠤᠭᠲᠠᠯ ᠪᠦᠬᠦᠢ ᠠᠰᠠᠭᠤᠯᠳᠠ ᠶᠢ ᠬᠠᠷᠢᠭᠤᠯᠬᠤ ᠳᠠᠭᠠᠨ᠂ ᠭᠤᠷᠪᠠᠠ ᠲᠠᠯ᠎ᠠ ᠶᠢᠨ ᠠᠵᠢᠯ ᠢ ᠭᠤᠤᠯᠲᠠᠯᠭ᠎ᠠ ᠲᠠᠢ ᠰᠠᠶᠢᠢᠲᠤᠷ ᠬᠢᠬᠦ ᠬᠡᠷᠡᠭᠲᠡᠢ ᠭᠡᠵᠦ ᠬᠡᠯᠡᠪᠡ᠄ ᠨᠢᠭᠡ ᠳᠤ᠂ ᠠᠪᠤᠷᠠᠠ ᠲᠤᠰᠠᠯᠠᠬᠤ ᠪᠠᠲᠤᠯᠠᠪᠤᠷᠢ ᠶᠢᠨ ᠲᠦᠷᠢᠮ ᠢ ᠪᠦᠬᠦ ᠲᠠᠯ᠎ᠠ ᠪᠠᠷ ᠲᠡᠭᠦᠯᠲᠡᠷᠵᠢᠭᠦᠯᠤᠨ᠎ᠠ᠃ ︽ᠨᠡᠶᠢᠢᠭᠡᠮ ᠤᠨ ᠠᠪᠤᠷᠠᠠ ᠲᠤᠰᠠᠯᠠᠬᠤ ᠲᠦᠷ ᠭᠡᠷᠡᠭᠵᠢᠭᠦᠯᠬᠦ ᠠᠷᠭ᠎ᠠ︾᠎ ᠶᠢ ᠭᠡᠷᠡᠭᠵᠢᠭᠦᠯᠵᠦ᠂ ︽8+1︾᠎ ᠶᠢᠨ ᠨᠡᠶᠢᠢᠭᠡᠮ ᠤᠨ ᠠᠪᠤᠷᠠᠠ ᠲᠤᠰᠠᠯᠠᠬᠤ ᠰᠢᠰᠲ᠋ᠧᠮ ᠤᠨ ᠪᠠᠶᠢᠢᠭᠤᠯᠤᠯᠲᠠ ᠶᠢ ᠠᠬᠢᠭᠤᠯᠤᠨ᠎ᠠ᠃ ᠲᠦᠷ ᠴᠠᠭ ᠤᠨ ᠠᠪᠤᠷᠠᠠ ᠲᠤᠰᠠᠯᠠᠬᠤ ᠲᠦᠷᠢᠮ ᠢ ᠪᠦᠬᠦ ᠲᠠᠯ᠎ᠠ ᠪᠠᠷ ᠲᠤᠬᠳᠠᠭᠠᠵᠤ᠂ ᠤᠨᠴᠠ ᠬᠦᠨᠲᠦ ᠶᠡᠭᠡ ᠡᠪᠡᠳᠴᠢᠨ ᠡᠮᠭᠡᠭ ᠢ ᠡᠮᠨᠡᠵᠤ ᠠᠪᠤᠷᠠᠠ ᠲᠤᠰᠠᠯᠠᠬᠤ ᠶᠢ ᠪᠦᠬᠦ ᠲᠠᠯ᠎ᠠ ᠪᠠᠷ ᠭᠡᠷᠡᠭᠵᠢᠭᠦᠯᠦᠨ᠎ᠠ᠃ ᠬᠤᠲᠠ ᠬᠦᠲᠡᠭᠡ ᠶᠢᠨ ᠤᠨᠴᠠ ᠬᠦᠴᠢᠷᠲᠡᠯᠲᠡᠢ ᠬᠦᠮᠦᠰ ᠢ ᠠᠪᠤᠷᠠᠠ ᠲᠤᠰᠠᠯᠠᠵᠦ ᠠᠰᠠᠷᠠᠠ ᠲᠡᠵᠢᠭᠡᠬᠦ ᠲᠦᠷᠢᠮ ᠢ ᠨᠢᠭᠡᠲᠦᠯᠲᠡᠢ ᠲᠦᠯᠦᠪᠵᠢᠭᠦᠯᠤᠨ᠎ᠠ᠃ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠶᠢᠨ ᠲᠦᠷᠢᠮ ᠪᠤᠯᠤᠨ ᠶᠠᠲᠠᠭᠤ ᠶᠢ ᠲᠡᠳᠭᠦᠵᠦ ᠨᠡᠭᠡᠭᠡᠡ ᠬᠦᠭᠵᠢᠭᠦᠯᠬᠦ ᠲᠦᠷᠦ ᠶᠢᠨ ᠪᠤᠲᠤᠯᠭ᠎ᠠ ᠶᠢ ᠪᠦᠲᠦᠮᠵᠢᠲᠠᠢ ᠵᠤᠯᠭᠠᠭᠤᠯᠬᠤ ᠶᠢ ᠠᠬᠢᠭᠤᠯᠤᠨ᠎ᠠ᠃ ᠬᠤᠶᠠᠷ ᠲᠤ᠂ ᠠᠪᠤᠷᠠᠠ ᠲᠤᠰᠠᠯᠠᠬᠤ ᠪᠠᠲᠤᠯᠠᠪᠤᠷᠢ ᠶᠢᠨ ᠲᠦᠪᠰᠢᠨ ᠢ ᠯᠠᠪᠲᠠᠭᠤᠨ ᠢᠶᠠᠷ ᠲᠡᠭᠡᠭᠰᠢᠯᠡᠭᠦᠯᠤᠨ᠎ᠠ᠃ ᠪᠦᠬᠦ ᠤᠯᠤᠰ ᠤᠨ ᠬᠤᠲᠠ ᠪᠤᠯᠤᠨ ᠬᠦᠲᠡᠭᠡ ᠲᠤᠰᠬᠤᠨ ᠤ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠶᠢᠨ ᠪᠠᠷᠢᠮᠵᠢᠶ᠎ᠠ ᠶᠢ ᠵᠢᠯ ᠪᠦᠷᠢ ᠲᠤᠮᠲᠠᠴᠢ ᠪᠠᠷ 10.7%᠂ 16% ᠨᠡᠮᠡᠭᠲᠡᠭᠦᠯᠵᠦ᠂ ᠪᠦᠬᠦ ᠤᠯᠤᠰ ᠤᠨ ᠬᠦᠲᠡᠭᠡ ᠲᠤᠰᠬᠤᠨ ᠤ ᠤᠨᠴᠠ ᠬᠦᠴᠢᠷᠲᠡᠯᠲᠡᠢ ᠬᠦᠮᠦᠰ ᠢ ᠲᠦᠪᠯᠡᠷᠡᠩᠭᠦᠢ ᠪᠠᠷ ᠪᠠ ᠲᠠᠷᠠᠬᠠᠢ ᠪᠠᠷ ᠠᠰᠠᠷᠠᠠ ᠲᠡᠵᠢᠭᠡᠬᠦ ᠪᠠᠷᠢᠮᠵᠢᠶ᠎ᠠ ᠶᠢ ᠵᠢᠯ ᠪᠦᠷᠢ ᠲᠤᠮᠲᠠᠴᠢ ᠪᠠᠷ 13.7%᠂ 14.7% ᠨᠡᠮᠡᠭᠲᠡᠭᠦᠯᠦᠨ᠎ᠠ᠃ ᠪᠦᠬᠦ ᠤᠯᠤᠰ ᠤᠨ ᠬᠦᠲᠡᠭᠡ ᠲᠤᠰᠬᠤᠨ ᠤ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠶᠢᠨ ᠪᠠᠷᠢᠮᠵᠢᠶ᠎ᠠ ᠨᠢ ᠤᠯᠤᠰ ᠤᠨ ᠶᠠᠲᠠᠭᠤ ᠶᠢ ᠲᠡᠳᠭᠦᠬᠦ ᠪᠠᠷᠢᠮᠵᠢᠶ᠎ᠠ ᠠᠴᠠ ᠲᠤᠤᠷ᠎ᠠ ᠪᠠᠶᠢᠢᠭ᠎ᠠ ᠰᠢᠶᠠᠠ 2015 ᠤᠨ ᠤ ᠡᠴᠤᠰ ᠲᠤ 1521 ᠪᠠᠶᠢᠢᠭᠰᠠᠠ ᠠᠴᠠ ᠪᠠᠨ ᠬᠠᠰᠤᠭᠲᠠᠭᠠᠳ 72 ᠪᠤᠯᠵᠠᠢ᠃ ᠭᠤᠷᠪᠠ ᠳᠤ᠂ ᠠᠪᠤᠷᠠᠠ ᠲᠤᠰᠠᠯᠠᠬᠤ ᠪᠠᠲᠤᠯᠠᠪᠤᠷᠢ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠠᠪᠤᠷᠠᠠ ᠲᠤᠰᠠᠯᠠᠬᠤ ᠬᠦᠮᠦᠰ ᠢ ᠢᠯᠭᠠᠠ ᠲᠤᠲᠤᠯᠠᠬᠤ ᠤᠨᠤᠪᠴᠢᠲᠦ ᠴᠢᠨᠠᠷ ᠪᠤᠯᠤᠨ ᠲᠦᠷᠢᠮ ᠤᠨ ᠭᠤᠤᠯᠴᠢ ᠴᠢᠨᠠᠷ ᠢ ᠲᠡᠭᠡᠭᠰᠢᠯᠡᠭᠦᠯᠦᠨ᠎ᠠ ᠭᠡᠪᠡ᠃        ᠠᠵᠢᠯ ᠤᠯᠭᠤᠯᠳᠠ ᠶᠠᠷᠤᠩᠬᠡᠢ ᠳᠡᠭᠡᠨ ᠲᠤᠭᠳᠠᠭᠤᠨ ᠪᠠᠶᠢᠢᠬᠤ ᠶᠢ ᠪᠠᠳᠤᠯᠠᠵᠤ᠂ ᠲᠡᠯᠡᠬᠡᠢ ᠲᠡᠭᠡᠷᠡᠬᠢ ᠬᠠᠮᠤᠭ ᠤᠨ ᠲᠤᠮᠤ ᠨᠡᠶᠢᠢᠬᠡᠮ ᠤᠨ ᠪᠠᠳᠤᠯᠠᠪᠤᠷᠢ ᠶᠢᠨ ᠠᠮᠤᠷ ᠲᠦᠪᠰᠢᠨ ᠤ ᠲᠤᠤᠷ ᠢ ᠪᠠᠶᠢᠢᠭᠤᠯᠪᠠ        ᠶᠢᠨ ᠸᠧᠢ ᠮᠢᠨ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠠᠵᠢᠯ ᠤᠯᠭᠤᠯᠳᠠ ᠶᠢᠨ ᠪᠠᠶᠢᠢᠳᠠᠯ ᠦᠷᠬᠦᠯᠵᠢᠯᠠᠨ ᠰᠠᠶᠢᠢᠵᠢᠷᠠᠵᠤ᠂ ᠠᠵᠤ ᠠᠬᠤᠢ ᠨᠡᠶᠢᠢᠬᠡᠮ ᠤᠨ ᠬᠦᠭᠵᠢᠯᠳᠠ ᠶᠢᠨ ᠬᠢᠯᠠᠰ ᠴᠡᠭ ᠪᠤᠯᠵᠤ᠂ ᠠᠵᠤ ᠠᠬᠤᠢ ᠶᠢᠨ ᠬᠦᠭᠵᠢᠯᠳᠠ ᠳᠤ ᠦᠨᠳᠤᠰᠤᠨ ᠲᠤᠯᠭᠠᠭᠤᠷᠢᠯᠠᠬᠤ ᠤᠶᠢᠢᠯᠡᠳᠤᠯ ᠦᠵᠡᠬᠦᠯᠪᠠ᠃ 5 ᠵᠢᠯ ᠤᠨ ᠲᠤᠷᠰᠢ᠂ 6500 ᠲᠦᠮᠡ ᠭᠠᠷᠤᠢ ᠬᠦᠮᠤᠨ ᠳᠤ ᠠᠵᠢᠯ ᠤᠯᠭᠤᠬᠤ ᠠᠰᠠᠭᠤᠳᠠᠯ᠂ ᠠᠵᠢᠯ ᠠᠯᠳᠠᠬᠰᠠᠨ 2790 ᠲᠦᠮᠡ ᠭᠠᠷᠤᠢ ᠬᠦᠮᠦᠨ ᠳᠤ ᠲᠠᠬᠢᠨ ᠠᠵᠢᠯ ᠤᠯᠭᠤᠬᠤ ᠠᠰᠠᠭᠤᠳᠠᠯ ᠪᠤᠯᠤᠨ ᠬᠤᠳᠠ ᠪᠠᠯᠭᠠᠰᠤᠨ ᠤ 880 ᠲᠦᠮᠡ ᠭᠠᠷᠤᠢ ᠶᠠᠳᠠᠭᠤ ᠬᠦᠴᠢᠷᠳᠠᠯᠳᠠᠢ ᠬᠦᠮᠤᠰ ᠲᠤ ᠠᠵᠢᠯ ᠤᠯᠭᠤᠬᠤ ᠠᠰᠠᠭᠤᠳᠠᠯ ᠢ ᠰᠢᠢᠳᠪᠤᠷᠢᠯᠠᠪᠠ᠃ ᠦᠯᠡᠬᠦᠤ ᠤᠶᠢᠢᠯᠡᠳᠪᠤᠷᠢᠯᠡᠯ ᠤᠨ ᠴᠢᠳᠠᠪᠤᠷᠢ ᠶᠢ ᠰᠢᠢᠳᠪᠤᠷᠢᠯᠡᠬᠦ ᠶᠠᠪᠤᠴᠠ ᠳᠤ᠂ ᠵᠠᠭᠤᠨ ᠲᠦᠮᠡ ᠰᠢᠬᠠᠮ ᠠᠵᠢᠯᠳᠠᠨ ᠠᠵᠢᠯᠴᠢᠨ ᠢ ᠲᠤᠬᠳᠠᠭᠤᠨ ᠢᠶᠠᠷ ᠳᠦᠪᠬᠢᠨᠡᠬᠦᠯᠪᠡ︔ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠳᠤ᠂ ᠬᠦᠳᠡᠭᠡ ᠲᠤᠰᠬᠤᠨ ᠤ ᠲᠠᠩᠰᠠᠯᠠᠵᠤ ᠺᠠᠷᠲᠯᠠᠬᠰᠠᠨ 480 ᠲᠦᠮᠡ ᠭᠠᠷᠤᠢ ᠶᠠᠳᠠᠭᠤ ᠬᠦᠴᠢᠷᠳᠠᠯᠳᠠᠢ ᠬᠦᠮᠤᠰ ᠢ ᠰᠢᠯᠵᠢᠬᠦᠯᠤᠨ ᠠᠵᠢᠯ ᠤᠯᠭᠤᠬᠤ ᠠᠰᠠᠭᠤᠳᠠᠯ ᠢ ᠰᠢᠢᠳᠪᠤᠷᠢᠯᠡᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠢᠬᠡᠳᠤᠯᠳᠠᠢ ᠨᠠᠰᠤᠵᠢᠯ ᠤᠨ ᠲᠠᠭᠠᠳᠬᠠᠯ ᠤᠨ ᠲᠦᠷᠢᠮ ᠢ ᠲᠤᠬᠳᠠᠭᠠᠵᠤ᠂ ᠪᠠᠶᠢᠢᠭᠤᠯᠤᠯᠭ᠎ᠠ ᠠᠵᠢᠯ ᠤᠶᠢᠢᠯᠡᠰ ᠤᠨ ᠨᠢᠬᠡᠴᠠ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠬᠡᠷᠡᠴᠢᠯᠠᠯᠳᠠ ᠶᠢ ᠠᠬᠢᠭᠤᠯᠵᠤ᠂ ᠡᠮ ᠡᠮᠨᠡᠯᠬᠡ ᠶᠢᠨ ᠲᠠᠭᠠᠳᠬᠠᠯ ᠤᠨ ᠲᠦᠷᠢᠮ ᠤᠨ ᠦᠬᠡᠷᠡᠴᠢᠯᠠᠯᠳᠠ ᠶᠢ ᠬᠦᠨᠵᠡᠬᠡᠶᠢᠢᠷᠡᠬᠦᠯᠵᠤ᠂ ᠲᠡᠯᠡᠬᠡᠢ ᠲᠡᠭᠡᠷᠡᠬᠢ ᠬᠠᠮᠤᠭ ᠤᠨ ᠲᠤᠮᠤ ᠨᠡᠶᠢᠢᠬᠡᠮ ᠤᠨ ᠪᠠᠳᠤᠯᠠᠪᠤᠷᠢ ᠶᠢᠨ ᠠᠮᠤᠷ ᠲᠦᠪᠰᠢᠨ ᠤ ᠲᠤᠤᠷ ᠢ ᠪᠠᠶᠢᠢᠭᠤᠯᠪᠠ᠃ ᠤᠳᠤᠬᠠᠨ ᠳᠤ᠂ ᠨᠠᠰᠤᠵᠢᠯ ᠤᠨ ᠲᠠᠭᠠᠳᠬᠠᠯ 9 ᠳ᠋ᠦᠩᠰᠢᠭᠤᠷ ᠭᠠᠷᠤᠢ ᠬᠦᠮᠤᠨ ᠢ ᠬᠠᠮᠤᠷᠴᠤ᠂ ᠡᠮ ᠡᠮᠨᠡᠯᠬᠡ ᠶᠢᠨ ᠲᠠᠭᠠᠳᠬᠠᠯ 13 ᠳ᠋ᠦᠩᠰᠢᠭᠤᠷ ᠭᠠᠷᠤᠢ ᠬᠦᠮᠤᠨ ᠢ ᠬᠠᠮᠤᠷᠴᠤ᠂ ᠪᠦᠬᠦ ᠠᠷᠠᠳ ᠡᠮ ᠡᠮᠨᠡᠯᠬᠡ ᠶᠢᠨ ᠲᠠᠭᠠᠳᠬᠠᠯ ᠳᠤ ᠤᠷᠤᠬᠤ ᠶᠢ ᠪᠡᠶᠡᠯᠡᠬᠦᠯᠵᠤ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠦᠨᠳᠤᠰᠤᠨ ᠨᠠᠰᠤᠵᠢᠯ ᠤᠨ ᠲᠠᠭᠠᠳᠬᠠᠯ ᠤᠨ ᠰᠠᠷ᠎ᠠ ᠲᠤᠮᠳᠠᠴᠢ ᠶᠢᠨ ᠤᠯᠭᠤᠮᠵᠢ 2300 ᠲᠦᠬᠦᠷᠢᠭ ᠢ ᠲᠠᠪᠠᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠤᠯᠭᠤᠮᠵᠢ 120 ᠲᠦᠬᠦᠷᠢᠭ ᠢ ᠲᠠᠪᠠᠵᠠᠢ ᠭᠡᠪᠡ᠃        ᠠᠵᠢᠯ ᠤᠯᠭᠤᠯᠳᠠ ᠶᠢ ᠶᠡᠷᠦᠩᠬᠡᠢ ᠳᠤᠨᠢ ᠲᠤᠭᠳᠠᠭᠤᠨ ᠪᠠᠶᠢᠯᠭᠠᠬᠤ ᠶᠢ ᠬᠡᠷᠬᠢᠨ ᠪᠠᠲᠤᠯᠠᠬᠤ ᠠᠰᠠᠭᠤᠯᠳᠠ ᠶᠢ ᠬᠠᠷᠢᠭᠤᠯᠬᠤ ᠳᠠᠭᠠᠨ ᠶᠢᠨ ᠸᠧᠢ ᠮᠢᠨ᠂ ᠡᠩ ᠲᠡᠷᠢᠬᠦᠨ ᠳᠤ᠂ ᠨᠠᠮ ᠤᠨ ᠲᠦᠪ ᠬᠤᠷᠢᠶᠠᠨ ᠠᠴᠠ ᠠᠵᠢᠯ ᠤᠯᠭᠤᠯᠳᠠ ᠶᠢᠨ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠦ᠂ ᠴᠤᠪᠤᠷᠠᠯ ᠴᠢᠬᠤᠯᠠ ᠵᠩᠡ ᠠᠷᠭ᠎ᠠ ᠬᠡᠮᠵᠢᠶ᠎ᠡ ᠠᠪᠴᠠᠢ᠂ ᠡᠨᠡ ᠪᠤᠯ ᠦᠨᠳᠦᠰᠦᠨ ᠴᠢᠨᠠᠷᠳᠠᠢ ᠬᠦᠴᠦᠨ ᠵᠦᠢᠯ ᠮᠦᠨ᠃ ᠬᠤᠶᠠᠷ ᠲᠤ᠂ ᠮᠠᠨ ᠤ ᠤᠯᠤᠰ ᠤᠨ ᠠᠵᠦ ᠠᠬᠤᠢ ᠶᠢᠨ ᠲᠤᠭᠳᠠᠭᠤᠨ ᠡᠷᠡᠬᠦᠯ ᠬᠦᠭᠵᠢᠯᠳᠡ ᠶᠢᠨ ᠠᠴᠢ ᠪᠠᠷ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠦᠭᠵᠢᠯᠳᠡ ᠶᠢᠨ ᠲᠦᠰᠦᠯ ᠤᠨ ᠬᠤᠭᠤᠴᠠᠭᠠᠨ ᠳᠠᠬᠢ GDP ᠵᠠᠭᠤᠨ ᠤ ᠬᠠᠷᠢᠴᠠᠯ ᠢᠶᠠᠷ ᠨᠢᠭᠡ ᠬᠤᠪᠢ ᠨᠡᠮᠡᠭᠳᠡᠬᠦ ᠪᠦᠷᠢ᠂ 180 ᠲᠦᠮᠨ ᠤᠷᠴᠢᠮ ᠬᠦᠮᠦᠨ ᠤ ᠠᠵᠢᠯ ᠤᠯᠬᠤ ᠶᠢ ᠲᠠᠶᠢᠢᠴᠢᠯᠠᠪᠠ᠃ ᠭᠤᠷᠪᠠ ᠳᠤ᠂ ᠦᠬᠡᠷᠡᠴᠢᠯᠡᠯᠳᠡ ᠶᠢᠨ ᠪᠦᠳᠦᠭᠡᠭᠰᠡᠨ ᠠᠰᠢᠬ ᠤᠨ ᠠᠴᠢ ᠪᠠᠷ᠂ ᠵᠠᠰᠠᠬ ᠢ ᠴᠤᠮᠬᠠᠳᠬᠠᠵᠦ ᠡᠷᠬᠡ ᠶᠢ ᠲᠠᠯᠪᠢᠬᠤ ᠬᠢᠬᠡᠳ ︽ᠲᠠᠯᠪᠢᠬᠤ ᠬᠠᠮᠢᠶᠠᠷᠬᠤ ᠦᠢᠯᠡᠴᠢᠯᠡᠬᠦ︾ ᠬᠠᠷᠢᠯᠴᠠᠨ ᠤᠶᠠᠯᠳᠤᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠦ᠂ ᠨᠡᠶᠢᠢᠬᠡᠮ ᠪᠠ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ᠂ ᠠᠵᠢᠯ ᠤᠯᠭᠤᠬᠤ ᠦᠢᠯᠡᠰ ᠪᠤᠰᠬᠠᠬᠤ ᠪᠤᠱᠤᠭ᠎ᠠ ᠶᠢ ᠦᠷᠬᠦᠯᠵᠢᠯᠡᠨ ᠲᠤᠤᠷ᠎ᠠ ᠪᠤᠯᠭᠠᠪᠠ᠃ ᠲᠦᠷᠪᠡ ᠳᠤ᠂ ᠢᠳᠡᠪᠬᠢᠳᠡᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢᠨ ᠨᠦᠯᠦᠬᠡᠯᠡᠯ ᠤᠨ ᠠᠴᠢ ᠪᠠᠷ᠂ ᠤᠳᠤ ᠵᠢᠯ ᠪᠦᠷᠢ ᠡᠳ᠋ ᠤᠨ ᠵᠠᠰᠠᠬ ᠤᠨ ᠠᠵᠢᠯ ᠤᠯᠭᠤᠯᠳᠠ ᠳᠠᠬᠢ ᠲᠤᠰᠬᠠᠢ ᠲᠦᠷᠦᠯ ᠤᠨ ᠪᠡᠯᠡ ᠤᠷᠤᠭᠤᠯᠤᠯᠳᠠ ᠮᠢᠩᠬᠠᠨ ᠳ᠋ᠦᠩᠰᠢᠭᠤᠷ ᠰᠢᠬᠠᠮ ᠲᠦᠬᠦᠷᠢᠭ ᠲᠤ ᠬᠦᠷᠴᠤ ᠪᠠᠶᠢᠢᠨ᠎ᠠ᠃ ᠲᠠᠪᠤ ᠳᠤ᠂ ᠦᠷᠬᠡᠨ ᠤᠯᠠᠨ ᠬᠦᠳᠡᠯᠮᠦᠷᠢᠴᠢᠳ ᠤᠨ ᠢᠳᠡᠪᠬᠢᠳᠡᠢ ᠤᠷᠤᠯᠴᠠᠯᠭ᠎ᠠ ᠶᠢᠨ ᠠᠴᠢ ᠲᠤᠰᠠ ᠪᠤᠢ ᠬᠡᠵᠤ ᠬᠡᠯᠡᠪᠡ᠃        ︽ᠭᠡᠷ ᠪᠠᠶᠢᠢᠰᠢᠩ ᠪᠤᠯ ᠠᠷᠠᠯᠵᠢᠶᠠᠯᠠᠬᠤ ᠳᠤ ᠵᠤᠷᠢᠭᠤᠯᠤᠬᠰᠠᠨ ᠪᠢᠰᠢ ᠰᠠᠭᠤᠬᠤ ᠳᠤ ᠵᠤᠷᠢᠭᠤᠯᠤᠬᠰᠠᠨ ᠶᠤᠮ ︾ ᠭᠡᠳᠡᠭ ᠢ ᠪᠠᠷᠢᠮᠳᠠᠯᠠᠪᠠ        ᠸᠠᠩ ᠮᠧᠩ ᠾᠦᠢ ᠬᠡᠯᠡᠬᠦ ᠳᠡᠭᠡᠨ᠂ ᠨᠠᠮ ᠤᠨ ᠠᠷᠪᠠ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠤᠷᠤᠨ ᠰᠠᠭᠤᠴᠠ ᠶᠢᠨ ᠪᠠᠲᠤᠯᠠᠪᠤᠷᠢ ᠶᠢᠨ ᠠᠮᠵᠢᠯᠳᠠ ᠪᠦᠲᠦᠮᠵᠢ ᠢᠯᠡᠷᠬᠡᠢ ᠪᠤᠯᠵᠦ᠂ 8000 ᠲᠦᠮᠡ ᠰᠢᠬᠠᠮ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠢᠵᠢᠷᠠᠭᠤᠯᠪᠠ᠂ ᠬᠡᠷ ᠭᠠᠵᠠᠷ ᠬᠦᠷᠦᠩᠬᠡ ᠶᠢᠨ ᠲᠤᠬᠢᠷᠠᠭᠤᠯᠭ᠎ᠠ ᠡᠵᠡᠮᠳᠡᠯ ᠤᠨ ᠦᠷ᠎ᠠ ᠪᠦᠲᠦᠮᠵᠢ ᠢᠯᠡᠷᠬᠡᠶᠢᠢᠰᠢᠵᠦ᠂ ︽ᠭᠡᠷ ᠪᠠᠶᠢᠢᠰᠢᠩ ᠪᠤᠯ ᠠᠷᠠᠯᠵᠢᠶᠠᠯᠠᠬᠤ ᠳᠤ ᠵᠤᠷᠢᠭᠤᠯᠤᠬᠰᠠᠨ ᠪᠢᠰᠢ ᠰᠠᠭᠤᠬᠤ ᠳᠤ ᠵᠤᠷᠢᠭᠤᠯᠤᠬᠰᠠᠨ ᠶᠤᠮ︾ ᠭᠡᠳᠡᠭ ᠢᠶᠠᠷ ᠦᠨᠳᠦᠰᠦᠨ ᠪᠠᠷᠢᠮᠳᠠᠯᠠᠯ ᠪᠤᠯᠭᠠᠵᠦ᠂ ᠲᠦᠷᠦᠯ ᠬᠤᠪᠢᠶᠠᠵᠦ ᠲᠤᠬᠢᠷᠠᠭᠤᠯᠤᠨ ᠡᠵᠡᠮᠳᠡᠵᠦ᠂ ᠬᠤᠳᠠ ᠪᠠ ᠭᠠᠵᠠᠷ ᠤᠷᠤᠨ ᠤ ᠪᠠᠶᠢᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠬᠡᠷ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠶᠡᠷᠦᠩᠬᠡᠢ ᠳᠡᠭᠡᠨ ᠲᠤᠭᠳᠠᠭᠤᠨ ᠪᠠᠶᠢᠢᠳᠠᠯ ᠢ ᠪᠠᠲᠤᠯᠠᠪᠠ︔ ᠬᠤᠳᠠ ᠶᠢᠨ ᠲᠦᠯᠦᠪᠵᠢᠬᠦᠯᠬᠡ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ᠂ ᠲᠦᠯᠦᠪᠵᠢᠬᠦᠯᠬᠡ ᠶᠢᠨ ᠬᠡᠷᠡᠭᠵᠢᠬᠦᠯᠦᠯᠳᠡ ᠶᠢ ᠨᠢᠬᠡᠳᠦᠯᠳᠡᠢ ᠲᠦᠯᠦᠪᠵᠢᠬᠦᠯᠦᠨ ᠰᠠᠶᠢᠢᠳᠤᠷ ᠠᠳᠬᠤᠵᠦ᠂ ᠬᠤᠳᠠ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠪᠠ︔ ᠬᠤᠳᠠ ᠶᠢᠨ ᠪᠦᠳᠦᠬᠡᠨ ᠪᠠᠶᠢᠢᠭᠤᠯᠤᠯᠳᠠ ᠶᠢᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠵᠦ᠂ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠢᠭᠤᠯᠤᠯᠳᠠ ᠢᠯᠡᠷᠬᠡᠢ ᠠᠬᠢᠴᠠ ᠲᠠᠢ ᠪᠤᠯᠵᠦ᠂ ᠬᠤᠳᠠ ᠶᠢᠨ ᠤᠷᠴᠢᠨ ᠲᠤᠭᠤᠷᠢᠨ ᠨᠡᠩ ᠰᠠᠶᠢᠢᠵᠢᠷᠠᠵᠦ ᠤᠷᠤᠰᠢᠨ ᠠᠮᠢᠳᠤᠷᠠᠬᠤ ᠳᠤ ᠲᠠᠭᠠᠯᠠᠮᠵᠢᠲᠠᠢ ᠪᠤᠯᠪᠠ ᠭᠡᠵᠠᠢ᠃        ᠭᠡᠷ ᠭᠠᠵᠠᠷ ᠬᠦᠷᠦᠩᠬᠡ ᠶᠢᠨ ᠪᠠᠶᠢᠢᠳᠠᠯ ᠪᠠ ᠲᠠᠷᠠᠭᠠᠴᠢ ᠶᠢᠨ ᠠᠯᠬᠤᠮ ᠤᠨ ᠲᠤᠬᠢᠷᠠᠭᠤᠯᠭ᠎ᠠ ᠡᠵᠡᠮᠳᠡᠯ ᠤᠨ ᠬᠠᠷᠠᠯᠳᠠ ᠶᠢᠨ ᠲᠤᠬᠠᠢ ᠬᠠᠷᠢᠭᠤᠯᠬᠤ ᠳᠠᠭᠠᠨ ᠸᠠᠩ ᠮᠧᠩ ᠾᠦᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠢᠷᠢᠯᠠᠭᠤᠯᠤᠯᠳᠠ ᠶᠤᠰᠤᠭᠠᠷ᠂ ᠲᠦᠷᠦᠯ ᠬᠤᠪᠢᠶᠠᠵᠦ ᠲᠤᠬᠢᠷᠠᠭᠤᠯᠤᠨ ᠡᠵᠡᠮᠳᠡᠬᠦ ᠶᠢ ᠪᠠᠷᠢᠮᠳᠠᠯᠠᠨ᠂ ᠬᠤᠳᠠ ᠪᠠ ᠭᠠᠵᠠᠷ ᠤᠷᠤᠨ ᠤ ᠪᠠᠶᠢᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠴᠢᠭᠯᠡᠬᠦᠯᠬᠦ ᠴᠢᠨᠠᠷᠳᠠᠢ ᠠᠷᠭ᠎ᠠ ᠠᠪᠴᠠᠯ ᠠᠪᠴᠤ᠂ ᠤᠷᠤᠨ ᠨᠤᠲᠤᠬ ᠤᠨ ᠵᠠᠰᠠᠬ ᠤᠨ ᠤᠷᠳᠤᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠲᠠᠧᠠᠷ ᠤᠨ ᠭᠡᠷ ᠪᠠᠶᠢᠢᠰᠢᠩ ᠤᠨ ᠪᠤᠷᠤᠯᠠᠭᠤᠯᠭ᠎ᠠ ᠶᠢᠨ ᠨᠡᠮᠡᠭᠳᠡᠯ ᠤᠨ ᠬᠤᠷᠳᠤᠴᠠ ᠲᠤᠭᠳᠠᠭᠤᠨ ᠢᠶᠠᠷ ᠪᠠᠭᠤᠷᠠᠵᠦ᠂ ᠭᠡᠷ ᠪᠠᠶᠢᠢᠰᠢᠩ ᠤᠨ ᠦᠨ᠎ᠠ ᠬᠠᠩᠰᠢ ᠬᠡᠳᠦ ᠲᠦᠷᠬᠡᠨ ᠦᠰᠬᠦ ᠪᠠᠶᠢᠢᠳᠠᠯ ᠪᠦᠲᠦᠮᠵᠢᠳᠡᠢ ᠬᠤᠷᠢᠬᠯᠠᠬᠳᠠᠵᠦ᠂ ᠭᠡᠷ ᠭᠠᠵᠠᠷ ᠬᠦᠷᠦᠩᠬᠡ ᠶᠢᠨ ᠲᠤᠬᠢᠷᠠᠭᠤᠯᠭ᠎ᠠ ᠡᠵᠡᠮᠳᠡᠯ ᠤᠨ ᠦᠷ᠎ᠠ ᠪᠦᠲᠦᠮᠵᠢ ᠦᠷᠬᠦᠯᠵᠢᠯᠡᠨ ᠢᠯᠡᠷᠬᠡᠶᠢᠢᠰᠢᠪᠡ᠃ ᠵᠢᠱᠢᠯᠳᠡ ᠪᠠᠷ ᠪᠦᠬᠦ ᠤᠯᠤᠰ ᠤᠨ ᠬᠡᠷ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠤᠨ ᠠᠷᠠᠯᠵᠢᠶ᠎ᠠ ᠪᠦᠲᠦᠭᠰᠡᠨ ᠬᠡᠮᠵᠢᠶ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠬᠤ᠂ ᠠᠷᠠᠯᠵᠢᠶ᠎ᠠ ᠪᠦᠲᠦᠭᠰᠡᠨ ᠦᠨ᠎ᠠ ᠬᠠᠩᠰᠢ ᠲᠤᠭᠳᠠᠭᠤᠨ ᠪᠤᠯᠬᠤ ᠬᠠᠨᠳᠤᠰᠢ ᠪᠠᠰᠠ ᠦᠷᠬᠦᠯᠵᠢᠯᠡᠬᠦ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠲᠤᠬᠢᠷᠠᠭᠤᠯᠭ᠎ᠠ ᠡᠵᠡᠮᠳᠡᠯ ᠤᠨ ᠬᠠᠷᠠᠯᠳᠠ ᠶᠢ ᠭᠤᠶᠢᠪᠢᠯᠵᠠᠭᠤᠯᠬᠤ ᠦᠬᠡᠢ᠂ ᠬᠦᠴᠦᠯᠡᠴᠡ ᠶᠢ ᠪᠠᠭᠤᠷᠠᠭᠤᠯᠬᠤ ᠦᠬᠡᠢ ᠪᠠᠶᠢᠢᠬᠤ ᠶᠢ ᠪᠠᠳᠤᠯᠠᠨ᠂ ᠲᠦᠷᠦ ᠶᠢᠨ ᠪᠤᠳᠤᠯᠭ᠎ᠠ ᠶᠢᠨ ᠦᠷᠬᠦᠯᠵᠢᠯᠡᠬᠦ ᠴᠢᠨᠠᠷ ᠪᠠ ᠲᠤᠭᠳᠠᠭᠤᠨ ᠴᠢᠨᠠᠷ ᠢ ᠪᠠᠷᠢᠮᠳᠠᠯᠠᠨ᠎ᠠ᠃ ᠤᠨᠴᠠᠭᠠᠶᠢᠢᠯᠠᠨ ︽ᠭᠡᠷ ᠪᠠᠶᠢᠢᠰᠢᠩ ᠪᠤᠯ ᠠᠷᠠᠯᠵᠢᠶᠠᠯᠠᠬᠤ ᠳᠤ ᠵᠤᠷᠢᠭᠤᠯᠤᠬᠰᠠᠨ ᠪᠢᠰᠢ ᠰᠠᠭᠤᠬᠤ ᠳᠤ ᠵᠤᠷᠢᠭᠤᠯᠤᠬᠰᠠᠨ ᠶᠤᠮ︾ ᠬᠡᠬᠦ ᠪᠠᠶᠢᠢᠷᠢ ᠲᠤᠭᠳᠠᠭᠠᠯᠳᠠ ᠶᠢ ᠪᠠᠷᠢᠮᠳᠠᠯᠠᠵᠤ᠂ ᠤᠯᠠᠨ ᠭᠤᠤᠯ ᠴᠤᠭᠴᠠ ᠪᠠᠷ ᠬᠠᠩᠬᠠᠬᠰᠠᠨ᠂ ᠤᠯᠠᠨ ᠠᠷᠭ᠎ᠠ ᠵᠠᠮ ᠢᠶᠠᠷ ᠪᠠᠳᠤᠯᠬᠠᠰᠠᠨ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠭᠰᠠᠨ ᠤᠷᠤᠨ ᠰᠠᠭᠤᠴᠠ ᠶᠢᠨ ᠲᠦᠷᠢᠮ ᠢ ᠲᠦᠷᠭᠡᠳᠭᠡᠨ ᠪᠠᠶᠢᠢᠭᠤᠯᠵᠤ᠂ ᠪᠦᠬᠦᠶᠢᠢᠯᠡ ᠠᠷᠠᠳ ᠲᠦᠮᠡᠨ ᠢ ᠰᠠᠭᠤᠬᠤ ᠠᠴᠠ ᠤᠷᠤᠨ ᠰᠠᠭᠤᠴᠠ ᠲᠠᠢ ᠪᠤᠯᠭᠠᠨ᠎ᠠ ᠬᠡᠵᠦ ᠬᠡᠯᠡᠪᠡ᠃        ᠡᠷᠡᠭᠦᠯ ᠡᠩᠭᠡ ᠲᠤᠮᠳᠠᠳᠤ ᠤᠯᠤᠰ ᠤᠨ ᠪᠦᠳᠦᠭᠡᠨ ᠪᠠᠶᠢᠢᠭᠤᠯᠤᠯᠳᠠ ᠶᠢᠨ ᠰᠢᠨ᠎ᠠ ᠠᠶᠠᠨ ᠢ ᠡᠬᠢᠯᠡᠭᠦᠯᠪᠡ        ᠯᠢ ᠪᠢᠨ ᠤ ᠬᠡᠯᠡᠬᠦ ᠪᠠᠷ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠡᠷᠡᠭᠦᠯ ᠬᠠᠮᠠᠭᠠᠯᠠᠯ ᠬᠢᠭᠡᠳ ᠡᠷᠡᠭᠦᠯ ᠡᠩᠭᠡ ᠶᠢᠨ ᠦᠢᠯᠡᠰ ᠤᠨ ᠬᠦᠭᠵᠢᠯᠳᠡ ᠢᠯᠡᠷᠭᠡᠢ ᠦᠷ᠎ᠠ ᠪᠦᠳᠦᠮᠵᠢ ᠤᠯᠵᠤ᠂ ᠡᠷᠡᠭᠦᠯ ᠡᠩᠭᠡ ᠲᠤᠮᠳᠠᠳᠤ ᠤᠯᠤᠰ ᠢ ᠪᠦᠳᠦᠭᠡᠨ ᠪᠠᠶᠢᠢᠭᠤᠯᠬᠤ ᠰᠢᠨ᠎ᠠ ᠠᠶᠠᠨ ᠢ ᠡᠬᠢᠯᠡᠭᠦᠯᠵᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠱᠠᠳᠤᠴᠢ ᠴᠢᠨᠠᠷᠳᠠᠢ ᠦᠷ᠎ᠠ ᠪᠦᠳᠦᠮᠵᠢ ᠤᠯᠵᠤ᠂ ᠤᠯᠠᠨ ᠨᠡᠶᠢᠢᠳᠡ ᠶᠢᠨ ᠡᠷᠡᠭᠦᠯ ᠬᠠᠮᠠᠭᠠᠯᠠᠯ ᠤᠨ ᠪᠦᠬᠦᠯᠢ ᠴᠤᠭᠴᠠ ᠶᠢᠨ ᠪᠤᠳᠠᠳᠤ ᠬᠦᠴᠦᠨ ᠰᠢᠨ᠎ᠠ ᠱᠠᠳᠤᠨ ᠳᠤ ᠠᠬᠢᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠪᠤᠯᠤᠨ ᠬᠢᠷᠢ ᠲᠦᠪᠰᠢᠨ ᠢᠯᠡᠷᠭᠡᠢ ᠰᠠᠶᠢᠢᠵᠢᠷᠠᠵᠠᠢ᠃ ᠰᠢᠨᠳᠠᠷᠠᠰᠢ ᠦᠭᠡᠢ ᠴᠢᠷᠮᠠᠶᠢᠢᠯᠭ᠎ᠠ ᠪᠠᠷ ᠲᠠᠮᠵᠢᠨ᠂ ᠮᠠᠨ ᠤ ᠤᠯᠤᠰ ᠤᠨ ᠰᠠᠭᠤᠭᠠᠯᠢ ᠠᠷᠠᠳ ᠤᠨ ᠡᠷᠡᠭᠦᠯ ᠡᠩᠭᠡ ᠶᠢᠨ ᠭᠤᠤᠯ ᠭᠦᠢᠴᠡᠳᠭᠡᠬᠦ ᠲᠤᠭ᠎ᠠ ᠶᠡᠷᠦᠩᠬᠡᠢ ᠳᠡᠭᠡᠨ ᠲᠤᠮᠳᠠ ᠦᠨᠳᠦᠷ ᠤᠷᠤᠯᠭ᠎ᠠ ᠲᠠᠢ ᠤᠯᠤᠰ ᠤᠨ ᠲᠤᠮᠳᠠᠴᠢ ᠬᠢᠷᠢ ᠲᠦᠪᠰᠢᠨ ᠠᠴᠠ ᠰᠠᠶᠢᠢᠨ ᠪᠤᠯᠵᠠᠢ᠃ 2010 ᠤᠨ ᠤ ᠬᠢ ᠲᠠᠢ ᠬᠠᠷᠢᠴᠠᠭᠤᠯᠪᠠᠯ᠂ ᠬᠦᠮᠦᠨ ᠲᠤᠮᠳᠠᠴᠢ ᠶᠢᠨ ᠵᠢᠱᠢᠭᠰᠡᠨ ᠨᠠᠰᠤᠨ ᠬᠤᠳᠤᠭ 74.83᠎ ᠠᠴᠠ ᠨᠡᠮᠡᠭᠳᠡᠭᠡᠳ 76.3 ᠨᠠᠰᠤᠨ ᠠᠴᠠ ᠲᠡᠭᠡᠭᠰᠢ ᠪᠤᠯᠵᠤ᠂ ᠵᠢᠷᠮᠦᠰᠦᠯᠡᠬᠦ ᠬᠦᠩᠭᠡᠵᠢᠬᠦ ᠦᠶ᠎ᠠ ᠳᠤ ᠠᠳᠡᠯ ᠡᠭᠦᠰᠬᠦ ᠨᠤᠷᠮ᠎ᠠ 30/10 ᠲᠦᠮᠡ ᠠᠴᠠ ᠪᠠᠭᠤᠷᠠᠭᠠᠳ 19.9/10 ᠲᠦᠮᠡ ᠪᠤᠯᠵᠤ᠂ ᠨᠢᠯᠬ᠎ᠠ ᠬᠡᠦᠭᠡᠳ ᠤᠨ ᠠᠳᠡᠯ ᠤᠨ ᠨᠤᠷᠮ᠎ᠠ 13.1%᠎ ᠠᠴᠠ ᠪᠠᠭᠤᠷᠠᠭᠠᠳ 7.5‰ ᠪᠤᠯᠵᠤ᠂ ᠨᠡᠯᠢᠶᠡᠳ ᠲᠤᠤᠷ᠎ᠠ ᠦᠪᠡᠷ ᠤᠨ ᠦᠷᠳᠡᠭ ᠢᠶᠠᠷ ᠨᠡᠯᠢᠶᠡᠳ ᠦᠨᠳᠦᠷ ᠡᠷᠡᠭᠦᠯ ᠡᠩᠭᠡ ᠶᠢᠨ ᠦᠷ᠎ᠠ ᠪᠦᠳᠦᠮᠵᠢ ᠶᠢ ᠤᠯᠵᠠᠢ ᠬᠡᠪᠡ᠃        ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠭᠦᠨᠵᠡᠭᠡᠶᠢᠢᠷᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠠᠷᠢᠭᠤᠯᠬᠤ ᠳᠠᠭᠠᠨ ᠯᠢ ᠪᠢᠨ᠂ ᠡᠷᠡᠭᠦᠯ ᠬᠠᠮᠠᠭᠠᠯᠠᠯ ᠬᠢᠭᠡᠳ ᠡᠷᠡᠭᠦᠯ ᠡᠩᠭᠡ ᠪᠤᠯ ᠴᠢᠬᠤᠯᠠ ᠶᠡᠭᠡ ᠠᠷᠠᠳ ᠤᠨ ᠠᠮᠢᠳᠤᠷᠠᠯ ᠮᠦᠨ᠂ ᠠᠷᠠᠳ ᠤᠯᠠᠨ ᠤ ᠡᠷᠡᠭᠦᠯ ᠡᠩᠭᠡ ᠶᠢ ᠬᠠᠮᠠᠭᠠᠯᠠᠬᠤ ᠪᠤᠯ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠃ ᠪᠢᠳᠡ ᠡᠭᠦᠨ ᠢᠶᠠᠷ ᠵᠤᠷᠢᠯᠳᠠ ᠪᠠ ᠬᠠᠷᠠᠯᠳᠠ ᠪᠤᠯᠭᠠᠵᠤ᠂ ᠠᠯᠪᠠᠨ ᠠᠴᠠ ᠪᠠᠶᠢᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠭᠤᠭᠴᠤᠭ᠎ᠠ ᠪᠤᠯᠭᠠᠨ᠎ᠠ᠃ ᠲᠦᠪᠡᠭᠲᠠᠢ ᠠᠰᠠᠭᠤᠳᠠᠯ ᠳᠤ ᠠᠩᠬᠠᠷᠤᠯ ᠲᠦᠪᠯᠡᠷᠡᠭᠦᠯᠬᠦ ᠶᠢ ᠪᠠᠷᠢᠮᠳᠠᠯᠠᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ᠂ ᠲᠠᠪᠤᠨ ᠲᠠᠯ᠎ᠠ ᠶᠢᠨ ᠢᠳᠡᠪᠬᠢᠳᠡᠢ ᠦᠷ᠎ᠠ ᠪᠦᠳᠦᠮᠵᠢ ᠤᠯᠪᠠ᠄ ᠶᠡᠷᠦᠩᠬᠡᠶᠢᠢᠯᠡᠭᠰᠡᠨ ᠦᠢᠯᠡᠴᠢᠯᠡᠭᠡᠨ ᠤ ᠴᠢᠳᠠᠪᠤᠷᠢ ᠦᠷᠭᠦᠯᠵᠢᠯᠡᠨ ᠴᠢᠩᠬᠠᠷᠠᠵᠦ᠂ ᠡᠮ ᠡᠮᠨᠡᠯᠭᠡ ᠶᠢᠨ ᠡᠬᠢ ᠪᠠᠶᠠᠯᠢᠭ ᠢᠯᠡᠷᠭᠡᠢ ᠨᠡᠮᠡᠭᠳᠡᠵᠡᠢ︔ ᠤᠯᠠᠨ ᠲᠦᠮᠡᠨ ᠤ ᠡᠪᠡᠳᠴᠢᠨ ᠦᠵᠡᠭᠦᠯᠬᠦ ᠶᠢᠨ ᠲᠠᠷᠤᠭᠠᠰᠤ ᠦᠷᠭᠦᠯᠵᠢᠯᠡᠨ ᠬᠦᠩᠭᠡᠷᠡᠵᠡᠢ︔ ᠠᠷᠠᠳ ᠲᠤ ᠲᠦᠭᠦᠮ ᠠᠷᠠᠳ ᠲᠤ ᠠᠰᠢᠠᠠᠳᠠᠢ ᠠᠷᠭ᠎ᠠ ᠠᠪᠴᠠᠯ ᠢ ᠦᠷᠭᠦᠯᠵᠢᠯᠡᠨ ᠬᠡᠷᠡᠭᠵᠢᠬᠦᠯᠪᠡ︔ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠦᠷᠭᠦᠯᠵᠢᠯᠡᠨ ᠲᠡᠭᠡᠭᠰᠢᠯᠡᠵᠦ᠂ ᠡᠮ ᠡᠮᠨᠡᠯᠭᠡ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠪᠠᠷᠢᠮᠵᠢᠶ᠎ᠠ ᠪᠤᠯᠤᠨ ᠰᠢᠰᠲ᠋ᠧᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠤᠤᠷ ᠰᠦᠯᠵᠢᠶ᠎ᠠ ᠶᠢ ᠪᠦᠷᠢᠯᠳᠤᠭᠦᠯᠵᠡᠢ︔ ᠤᠯᠠᠨ ᠲᠦᠮᠡᠨ ᠤ ᠡᠷᠡᠭᠦᠯ ᠡᠩᠭᠡ ᠶᠢᠨ ᠬᠢᠷᠢ ᠲᠦᠪᠰᠢᠨ ᠦᠷᠭᠦᠯᠵᠢᠯᠡᠨ ᠲᠡᠭᠡᠭᠰᠢᠯᠡᠵᠡᠢ ᠭᠡᠪᠡ᠃        240 ᠭᠠᠷᠤᠢ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠲᠠᠶᠢᠢᠯᠠᠯᠭ᠎ᠠ ᠳᠤ ᠤᠷᠤᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号