ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠤᠨᠢᠨ ᠮᠡᠳᠡᠭᠡᠨ ᠤ ᠳᠦᠪ ᠲᠤ ︽ᠳᠠᠷᠢᠶᠠᠯᠡᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ︾ ᠬᠠᠮᠳᠦ ᠶᠢᠨ ᠰᠤᠷᠪᠤᠯᠵᠢᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2017/10/24
       ᠰᠢᠨᠬᠤᠸᠠ ᠬᠤᠷᠢᠶ᠎ᠠ ᠪᠡᠭᠡᠵᠢᠩ ᠤᠨ 10 ᠰᠠᠷ᠎ᠠ ᠶᠢᠨ 21᠎ ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢᠦ ᠶᠠᠩ ᠶᠠᠩ᠂ ᠬᠠᠨ ᠵᠢᠶᠧ᠂ ᠳ᠋ᠦᠡᠭ ᠵᠢᠶᠦ᠋ᠨ︶ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠤᠨᠢᠨ ᠮᠡᠳᠡᠭᠡᠨ ᠤ ᠳᠦᠪ ᠲᠤ 21᠎ ᠤ ᠡᠳᠦᠷ ︽ᠳᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ︾ ᠭᠤᠤᠯ ᠰᠡᠳᠤᠪᠳᠤ ᠬᠠᠮᠲᠤ ᠶᠢᠨ ᠰᠤᠷᠪᠤᠯᠵᠢᠯᠠᠭ᠎ᠠ ᠶᠠᠪᠤᠭᠳᠠᠵᠤ᠂ ᠳᠤᠮᠳᠠᠳᠤ ᠤᠯᠤᠰ ᠤᠨ ᠳᠠᠷᠢᠶᠠᠯᠠᠩ ᠤᠨ ᠰᠢᠨᠵᠢᠯᠡᠭᠦ ᠤᠬᠠᠭᠠᠨ ᠤ ᠭᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠢᠨᠵᠧᠨ᠋ᠧᠷᠢᠩ ᠤᠨ ᠭᠦᠷᠢᠶᠡᠯᠡᠩ ᠤᠨ ᠠᠺᠠᠳᠧᠮᠢᠴᠢ ᠳᠠᠩ ᠬᠤᠸᠠ ᠵᠢᠶᠦ᠋ᠨ᠂ ᠳᠤᠮᠳᠠᠳᠤ ᠤᠯᠤᠰ ᠤᠨ ᠳᠠᠷᠢᠶᠠᠯᠠᠩ ᠤᠨ ᠰᠢᠨᠵᠢᠯᠡᠭᠦ ᠤᠬᠠᠭᠠᠨ ᠤ ᠭᠦᠷᠢᠶᠡᠯᠡᠩ ᠤᠨ ᠳᠠᠷᠢᠮᠠᠯ ᠤᠨ ᠰᠢᠨᠵᠢᠯᠡᠭᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠾᠤ᠋ ᠵᠦᠡᠭ  ᠬᠤ᠋᠂ ᠳᠤᠮᠳᠠᠳᠤ ᠤᠯᠤᠰ ᠤᠨ ᠳᠠᠷᠢᠶᠠᠯᠠᠩ ᠤᠨ ᠰᠢᠨᠵᠢᠯᠡᠭᠦ ᠤᠬᠠᠭᠠᠨ ᠤ ᠳᠠᠷᠢᠶᠠᠯᠠᠩ ᠤᠨ ᠤᠷᠴᠢᠨ ᠳᠤᠭᠤᠷᠢᠨ ᠭᠢᠭᠡᠳ ᠦᠷᠭᠦᠯᠵᠢᠯᠡᠬᠦ ᠭᠦᠭᠵᠢᠯᠳᠠ ᠶᠢᠨ ᠰᠤᠳᠤᠯᠭᠠᠨ ᠤ ᠭᠠᠵᠠᠷ ᠤᠨ ᠰᠤᠳᠤᠯᠤᠬᠴᠢ ᠸᠧᠢ ᠯᠢᠩ ᠯᠢᠩ᠂ ᠳᠠᠷᠢᠶᠠᠯᠠᠩ ᠤᠨ ᠶᠠᠮᠤᠨ ᠤ ᠳᠦᠯᠦᠪᠵᠢᠭᠦᠯᠭᠡ ᠵᠢᠷᠤᠭ ᠲᠦᠯᠦᠪᠯᠡᠭᠡ ᠶᠢᠨ ᠰᠤᠳᠤᠯᠭᠠᠨ ᠤ ᠭᠦᠷᠢᠶᠡᠯᠡᠩ ᠤᠨ ᠬᠦᠳᠡᠭᠡ ᠲᠤᠰᠬᠤᠨ ᠤ  ᠡᠨᠧᠷᠬᠢ ᠭᠢᠭᠡᠳ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠱᠧᠠ ᠢᠦᠢ ᠵᠢᠶᠦ᠋ᠨ᠂ ᠵᠢᠶᠠᠩᠰᠢ ᠮᠤᠵᠢ ᠶᠢᠨ ᠠᠨ ᠢ ᠰᠢᠶᠠᠨ ᠤ ᠠᠮᠤ ᠪᠤᠳᠠᠭᠠᠨ ᠤ ᠳᠠᠷᠢᠮᠠᠯ ᠤᠨ ᠳᠤᠮᠤ ᠡᠷᠦᠭᠡ ᠯᠢᠩ ᠵᠢᠢ ᠾᠤ᠋ ᠵᠡᠷᠭᠡ ᠳᠠᠪᠤᠨ ᠨᠠᠮ ᠤᠨ ᠳᠦᠯᠦᠭᠡᠯᠡᠭᠴᠢ ᠠᠬᠤᠢ ᠳᠠᠯᠠᠪᠠᠢ ᠳᠤ ᠳᠤᠮᠳᠠᠳᠤ ᠭᠠᠳᠠᠭᠠᠳᠦ ᠶᠢᠨ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠤᠭᠰᠠᠨ ᠪᠠᠶᠢᠨ᠎ᠠ᠃        ᠮᠠᠨ ᠤ ᠤᠯᠤᠰ ᠤᠨ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠶᠠᠮᠠᠷᠰᠢᠦ ᠭᠦᠭᠵᠢᠯᠳᠠ ᠪᠠ ᠳᠠᠪᠰᠢᠯᠳᠠ ᠲᠠᠢ ᠪᠤᠯᠤᠭᠰᠠᠨ ᠪᠤᠯ︖ ᠳᠠᠩ ᠬᠤᠸᠠ ᠵᠢᠶᠦ᠋ᠨ ᠭᠡᠯᠡᠭᠦ ᠳᠡᠭᠡᠨ᠂ ᠨᠠᠮ ᠤᠨ ᠠᠷᠪᠠᠨ ᠨᠡᠶᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠮᠠᠰᠢ ᠶᠡᠭᠡ ᠭᠦᠭᠵᠢᠯᠳᠠ ᠳᠠᠪᠰᠢᠯᠳᠠ ᠲᠠᠢ ᠪᠤᠯᠤᠭᠰᠠᠨ ᠶᠤᠮ᠃ ᠳᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠪᠡᠶ᠎ᠠ ᠪᠠᠨ ᠳᠠᠭᠠᠭᠠᠵᠤ ᠰᠢᠨ᠎ᠠ ᠶᠢ ᠡᠭᠦᠳᠭᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠵᠤ᠂ ᠤᠤᠭᠠᠯ ᠡᠭᠦᠳᠦᠯᠳᠡ ᠪᠤᠯᠤᠨ ᠰᠠᠭᠤᠷᠢ ᠰᠤᠳᠤᠯᠭᠠᠨ᠂ ᠨᠢᠭᠡ ᠪᠦᠯᠦᠭ ᠦᠷᠭᠡᠨ ᠬᠡᠷᠡᠭᠯᠡᠭᠡᠨ ᠤ ᠡᠭᠦᠯᠳᠡᠷ ᠪᠤᠯᠤᠨ ᠮᠡᠷᠭᠡᠵᠢᠯ ᠤᠨ ᠳᠠᠯ᠎ᠠ ᠪᠠᠷ ᠴᠦᠮ ᠮᠠᠰᠢ ᠰᠠᠶᠢᠢᠨ ᠠᠭᠢᠯᠳᠠ ᠲᠠᠢ ᠪᠤᠯᠵᠤ᠂ ᠨᠢᠭᠡ ᠪᠦᠯᠦᠭ ᠳᠤᠨᠤᠭ ᠳᠦᠭᠦᠭᠡᠷᠦᠮᠵᠢ ᠶᠢᠨ ᠮᠡᠷᠭᠡᠵᠢᠯ ᠨᠢ ᠳᠠᠷᠢᠶᠠᠯᠠᠩ ᠤᠨ ᠦᠢᠯᠡᠳᠪᠦᠷᠢᠯᠡᠯ ᠤᠨ ᠭᠡᠯᠪᠡᠷᠢ ᠮᠠᠶᠢ᠊ᠶᠢᠭ ᠢ ᠬᠤᠪᠢᠷᠠᠭᠤᠯᠬᠤ ᠲᠠᠯ᠎ᠠ ᠳᠤ ᠶᠡᠭᠡᠭᠡᠨ ᠦᠢᠯᠡᠳᠦᠯ ᠭᠠᠷᠭᠠᠵᠠᠢ᠃ ᠡᠭᠦᠨ ᠤ ᠬᠠᠮᠲᠤ᠂ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠤᠨ ᠬᠤᠪᠢᠷᠠᠭᠤᠯᠤᠯᠲᠠ ᠤᠯᠠᠮ ᠨᠢᠭᠡ ᠠᠯᠬᠤᠮ ᠳᠦᠷᠭᠡᠳᠴᠤ᠂ ᠳᠠᠷᠢᠶᠠᠯᠠᠩ ᠤᠨ ᠦᠢᠯᠡᠳᠪᠤᠷᠢᠯᠡᠯ ᠳᠤᠮᠳᠠᠭᠢ ᠵᠠᠩᠭᠢᠯᠠᠭ᠎ᠠ ᠶᠢᠨ ᠠᠰᠠᠭᠤᠳᠠᠯ ᠤᠨ ᠳᠤᠭᠤᠷᠢᠨ ᠳᠤ ᠳᠡᠯᠭᠡᠷᠡᠭᠦᠯᠤᠯᠳᠠ ᠭᠢᠵᠤ᠂ ᠬᠤᠪᠢᠷᠠᠭᠤᠯᠬᠤ ᠵᠠᠭᠪᠤᠷ ᠤᠨ ᠳᠤᠭᠳᠠᠴᠠ ᠶᠢ ᠰᠢᠨᠡᠴᠢᠯᠡᠨ ᠳᠡᠯᠭᠡᠷᠡᠭᠦᠯᠵᠤ᠂ ᠮᠠᠰᠢ ᠰᠠᠶᠢᠢᠨ ᠦᠷ᠎ᠠ ᠪᠦᠳᠦᠮᠵᠢ ᠤᠯᠵᠠᠢ᠃ ᠡᠭᠦᠨ ᠠᠴᠠ ᠭᠠᠳᠠᠨ᠎ᠠ᠂ ᠪᠠᠶᠢᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢᠨ ᠳᠠᠯ᠎ᠠ ᠪᠠᠷ ᠪᠠᠰᠠ ᠤᠯᠠᠮ ᠨᠢᠭᠡ ᠠᠯᠬᠤᠮ ᠭᠦᠨᠵᠡᠭᠡᠶᠢᠢᠷᠡᠵᠠᠢ ᠭᠡᠪᠡ᠃        ᠭᠡᠷᠭᠢᠨ ᠳᠠᠷᠢᠶᠠᠯᠠᠩ ᠳᠤ ᠰᠢᠨᠵᠢᠯᠡᠭᠦ ᠤᠬᠠᠭᠠᠨ ᠮᠡᠷᠭᠡᠵᠢᠯ ᠤᠨ ᠵᠢᠭᠦᠷ ᠤᠷᠭᠤᠭᠤᠯᠬᠤ ᠪᠤᠢ ᠭᠡᠭᠦ ᠠᠰᠠᠭᠤᠯᠳᠠ ᠶᠢ ᠬᠠᠷᠢᠭᠤᠯᠬᠤ ᠦᠶ᠎ᠡ ᠳᠤ ᠲᠠᠩ ᠬᠤᠸᠠ ᠵᠢᠶᠦ᠋ᠨ ᠢᠯᠡᠷᠭᠡᠶᠢᠢᠯᠡᠭᠦ ᠳᠡᠭᠡᠨ᠂ ᠵᠤᠬᠢᠶᠠᠮᠠᠯ ᠤᠶᠤᠨᠴᠢ ᠮᠡᠷᠭᠡᠵᠢᠯ ᠢ ᠳᠠᠷᠢᠶᠠᠯᠡᠩ ᠳᠡᠭᠡᠷ᠎ᠠ ᠭᠡᠷᠡᠭᠯᠡᠭᠦ᠂ ᠳᠠᠷᠢᠶᠠᠯᠠᠩ ᠤᠨ ᠪᠦᠳᠦᠭᠡᠭᠳᠡᠭᠦᠨ ᠤ ᠨᠠᠷᠢᠯᠢᠬ ᠪᠤᠯᠪᠠᠰᠤᠷᠠᠭᠤᠯᠬᠤ ᠮᠡᠷᠭᠡᠵᠢᠯ ᠵᠢᠴᠢ ᠤᠷᠤᠨ ᠪᠦᠰᠡ ᠶᠢᠨ ᠴᠢᠨᠠᠷᠳᠠᠢ ᠮᠡᠷᠭᠡᠵᠢᠯ ᠢ ᠲᠦᠪᠯᠡᠷᠡᠬᠦᠯᠬᠦ ᠵᠡᠷᠭᠡ ᠰᠠᠭᠤᠷᠢ ᠪᠠ ᠤᠤᠭᠠᠯ ᠡᠭᠦᠳᠦᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠷᠭᠡᠵᠢᠯ ᠤᠨ ᠳᠠᠯ᠎ᠠ ᠪᠠᠷ ᠬᠢ ᠰᠤᠳᠤᠯᠤᠨ ᠨᠡᠭᠡᠭᠡᠯᠳᠡ ᠶᠢ ᠴᠢᠩᠭᠠᠳᠬᠠᠨ᠎ᠠ᠃ ᠪᠢᠳᠠ ᠰᠢᠨ᠎ᠠ ᠱᠠᠭᠠᠷᠳᠠᠯᠭ᠎ᠠ ᠪᠠ ᠪᠠᠶᠢᠢᠷᠢᠯᠠᠭᠤᠯᠤᠯᠳᠠ ᠶᠤᠰᠤᠭᠠᠷ ᠪᠦᠭᠦ ᠭᠦᠴᠦᠨ ᠢᠶᠠᠷ ᠢᠶᠠᠨ ᠳᠤᠳᠠᠭᠤᠳᠠᠯ ᠢᠶᠠᠨ ᠨᠦᠭᠦᠪᠦᠷᠢᠯᠡᠵᠤ᠂ ᠳᠤᠳᠠᠭᠤᠳᠠᠯ ᠤᠨ ᠭᠦᠷᠢᠶ᠎ᠠ ᠴᠠᠷᠠᠭᠠᠨ ᠳᠤ ᠭᠦᠴᠦᠨ ᠢᠶᠠᠨ ᠳᠦᠪᠯᠡᠷᠡᠭᠦᠯᠦᠨ᠂ ᠰᠢᠪᠳᠦᠯᠦᠯᠳᠠ ᠪᠠᠨ ᠴᠢᠩᠭᠠᠳᠬᠠᠵᠤ᠂ ᠰᠤᠳᠤᠯᠭ᠎ᠠ ᠪᠠᠨ ᠴᠢᠩᠭᠠᠳᠬᠠᠵᠤ᠂ ᠮᠠᠨ ᠤ ᠤᠯᠤᠰ ᠤᠨ ᠳᠠᠷᠢᠶᠠᠯᠠᠩ ᠬᠦᠳᠡᠭᠡ ᠲᠤᠰᠬᠤᠨ ᠤ ᠭᠦᠭᠵᠢᠯᠳᠠ ᠳᠤ ᠭᠦᠴᠦᠳᠠᠢ ᠰᠢᠨᠵᠢᠯᠡᠭᠦ ᠤᠬᠠᠭᠠᠨ ᠤ ᠲᠤᠯᠭᠠᠭᠤᠷᠢᠯᠠᠯ  ᠬᠠᠩᠭᠠᠨ᠎ᠠ ᠭᠡᠵᠠᠢ᠃        ᠪᠤᠭᠤᠳᠠᠢ ᠪᠤᠯ ᠮᠠᠨ ᠤ ᠤᠯᠤᠰ ᠤᠨ ᠭᠤᠤᠯ ᠪᠤᠯᠬᠤ ᠠᠮᠤ ᠪᠤᠳᠠᠭᠠᠨ ᠤ ᠳᠠᠷᠢᠮᠠᠯ ᠤᠨ ᠨᠢᠭᠡ ᠪᠤᠯᠤᠨ᠎ᠠ᠂ ᠮᠠᠨ ᠤ ᠤᠯᠤᠰ ᠪᠤᠭᠤᠳᠠᠢ ᠶᠢᠨ ᠡᠭᠦᠯᠳᠡᠷ ᠪᠤᠶᠢᠢᠵᠢᠭᠤᠯᠬᠤ ᠳᠠᠯ᠎ᠠ ᠪᠠᠷ ᠶᠠᠮᠠᠷᠰᠢᠦ ᠠᠬᠢᠯᠳᠠ ᠲᠠᠢ ᠪᠤᠯᠤᠭᠰᠠᠨ ᠪᠤᠢ︖ ᠾᠤ᠋ ᠵᠦᠡᠭ  ᠬᠤ᠋ ᠭᠡᠯᠡᠭᠦ ᠳᠡᠭᠡᠨ᠂  ᠭᠧᠨ ᠤ ᠪᠦᠯᠦᠭᠯᠡᠯ ᠤᠨ ᠤᠬᠠᠭᠠᠨ᠂ ᠭᠧᠨ ᠤ ᠨᠠᠶᠢᠢᠷᠠᠭᠤᠯᠭ᠎ᠠ ᠵᠡᠷᠭᠡ ᠪᠤᠭᠤᠳᠠᠢ ᠶᠢᠨ ᠡᠭᠦᠯᠳᠡᠷ ᠪᠤᠶᠢᠢᠵᠢᠭᠤᠯᠬᠤ ᠲᠡᠷᠢᠭᠦᠨ ᠤ ᠮᠡᠷᠭᠡᠵᠢᠯ ᠤᠨ ᠰᠤᠳᠤᠯᠭᠠᠨ ᠴᠢᠬᠤᠯᠠ ᠠᠬᠢᠴᠠ ᠲᠠᠢ ᠪᠤᠯᠵᠠᠢ᠂ ᠵᠠᠷᠢᠮ ᠭᠦᠷᠢᠶ᠎ᠠ ᠴᠠᠷᠠᠭᠠᠨ ᠳᠤ ᠪᠠᠰᠠ ᠳᠠᠷᠢᠭᠦᠨ ᠤ ᠭᠢᠷᠢ ᠳᠦᠪᠰᠢᠨ ᠳᠤ ᠬᠦᠷᠦᠭᠰᠡᠨ ᠮᠠᠭᠠᠳ᠃ ᠡᠭᠦᠨ ᠤ ᠬᠠᠮᠲᠤ᠂ ᠡᠭᠦᠯᠳᠡᠷ ᠪᠤᠶᠢᠢᠵᠢᠭᠤᠯᠬᠤ ᠲᠤᠰᠬᠠᠢ ᠮᠡᠷᠭᠡᠵᠢᠯᠳᠠᠨ ᠠᠴᠠ ᠤᠯᠤᠰ ᠤᠨ ᠭᠢᠨᠠᠨ ᠳᠤᠭᠳᠠᠭᠠᠯᠳᠠ ᠶᠢ ᠦᠩᠭᠡᠷᠡᠭᠰᠡᠨ ᠰᠢᠯᠢᠳᠡᠭ ᠰᠠᠶᠢᠢᠨ ᠪᠤᠭᠢᠷᠳᠤᠯ ᠦᠭᠡᠢ 100 ᠭᠠᠷᠤᠢ ᠰᠢᠨ᠎ᠠ ᠡᠭᠦᠯᠳᠡᠷ ᠢ ᠪᠤᠶᠢᠢᠵᠢᠭᠤᠯᠵᠤ᠂ ᠲᠡᠭᠦᠨ ᠤ ᠳᠤᠮᠳᠠᠭᠢ 6 ᠰᠢᠨ᠎ᠠ ᠡᠭᠦᠯᠳᠡᠷ ᠤᠨ ᠵᠢᠯ ᠳᠤ ᠳᠡᠯᠭᠡᠷᠡᠭᠦᠯᠦᠭᠰᠡᠨ ᠳᠠᠯᠠᠪᠠᠢ ᠨᠢ 1000 ᠳᠦᠮᠠᠨ ᠮᠦ ᠠᠴᠠ ᠳᠠᠪᠠᠵᠠᠢ᠃ ᠬᠤᠸᠠᠪᠸᠢ ᠶᠢᠨ ᠬᠤᠶᠢᠲᠤ ᠭᠡᠰᠡᠭ ᠤᠨ ᠪᠤᠭᠤᠳᠠᠢ ᠶᠢᠨ ᠤᠰᠤᠯᠠᠯᠳᠠ ᠶᠢᠨ ᠪᠦᠭᠦᠶᠢᠢᠯᠠ ᠦᠰᠦᠯᠳᠠ ᠶᠢᠨ ᠬᠤᠭᠤᠴᠠᠭᠠᠨ ᠳᠠᠬᠢ ᠤᠰᠤᠯᠠᠯᠳᠠ ᠨᠢ ᠦᠩᠭᠡᠷᠡᠭᠰᠡᠨ ᠳᠤ 4᠎ ᠠᠴᠠ 5 ᠤᠳᠠᠭ᠎ᠠ ᠪᠠᠶᠢᠢᠭᠰᠠᠨ ᠠᠴᠠ ᠤᠳᠤ ᠪᠤᠯᠬᠤ ᠳᠤ 2᠎ ᠠᠴᠠ 3 ᠤᠳᠠᠭ᠎ᠠ ᠪᠤᠯᠤᠨ ᠪᠠᠭᠤᠷᠠᠵᠠᠢ᠃ ᠮᠠᠨ ᠤ ᠤᠯᠤᠰ ᠤᠨ ᠪᠤᠭᠤᠳᠠᠢ ᠶᠢᠨ ᠡᠭᠦᠯᠳᠡᠷ ᠪᠤᠶᠢᠢᠵᠢᠭᠤᠯᠤᠯᠳᠠ ᠨᠢ ᠤᠯᠠᠨ ᠤᠯᠤᠰ ᠤᠨ ᠳᠤᠮᠳᠠ ᠨᠡᠷ᠎ᠠ ᠠᠯᠳᠠᠷ ᠢᠶᠠᠷ ᠦᠨᠳᠦᠷ ᠪᠠᠶᠢᠢᠳᠠᠭ ᠭᠡᠵᠠᠢ᠃        ᠭᠡᠷᠭᠢᠨ ᠳᠦᠭᠦᠭᠡᠷᠦᠮᠵᠢᠳᠦ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠦᠷ᠎ᠠ ᠪᠦᠳᠦᠭᠡᠯ ᠤᠨ ᠤᠯᠠᠷᠢᠭᠤᠯᠤᠯᠳᠠ ᠶᠢ ᠠᠬᠢᠭᠤᠯᠬᠤ ᠪᠤᠢ︖ ᠸᠧᠢ ᠯᠢᠩ ᠯᠢᠩ ᠭᠡᠯᠡᠭᠦ ᠳᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠳᠠᠯ᠎ᠠ ᠪᠠᠷ᠂ ᠪᠢᠳᠠ ᠨᠢᠭᠡ ᠳᠠᠯ ᠎ᠠ ᠪᠠᠷ ᠪᠡᠶ᠎ᠠ ᠪᠠᠨ ᠳᠠᠭᠠᠭᠠᠭᠰᠠᠨ ᠰᠢᠨ᠎ᠠ ᠡᠭᠦᠳᠦᠯᠳᠠ ᠪᠠ ᠤᠤᠭᠠᠯ ᠡᠭᠦᠳᠦᠯᠳᠡ ᠶᠢᠨ ᠮᠡᠷᠭᠡᠵᠢᠯ ᠤᠨ ᠰᠢᠪᠳᠤᠯᠤᠯᠳᠠ ᠶᠢ ᠴᠢᠬᠤᠯᠠᠴᠢᠯᠠᠵᠤ᠂ ᠤᠶᠤᠨᠴᠢᠯᠠᠭᠰᠠᠨ ᠳᠤᠨᠤᠭ ᠳᠦᠭᠦᠭᠡᠷᠦᠮᠵᠢ᠂ ᠤᠷᠭᠤᠮᠠᠯ ᠤᠨ ᠦᠢᠯᠡᠳᠪᠤᠷᠢ᠂ ᠳᠠᠷᠢᠶᠠᠯᠠᠩ ᠤᠨ ᠪᠠᠷᠠᠭᠠᠨ ᠤ ᠰᠦᠯᠵᠢᠶ᠎ᠠ ᠶᠢᠨ ᠮᠡᠷᠭᠡᠵᠢᠯ᠂ ᠰᠢᠮ᠎ᠠ ᠳᠡᠵᠢᠭᠡᠯ ᠤᠨ ᠰᠢᠩᠭᠡᠨ ᠤ ᠪᠤᠶᠢᠢᠵᠢᠭᠤᠯᠤᠯᠳᠠ ᠵᠡᠷᠭᠡ ᠳᠠᠯ᠎ᠠ ᠪᠠᠷ ᠮᠠᠰᠢ ᠤᠯᠠᠨ ᠡᠷᠳᠡᠮ ᠰᠢᠨᠵᠢᠯᠡᠭᠡᠨ ᠤ ᠠᠵᠢᠯ ᠭᠢᠵᠤ᠂ ᠴᠢᠬᠤᠯᠠ ᠶᠡᠭᠡ ᠰᠢᠪᠳᠤᠯᠤᠯᠳᠠ ᠲᠠᠢ ᠪᠤᠯᠤᠭᠰᠠᠨ ᠪᠠᠶᠢᠢᠨ᠎ᠠ᠃ ᠨᠦᠭᠦᠭᠡ ᠳᠠᠯ᠎ᠠ ᠪᠠᠷ᠂ ᠪᠢᠳᠠ ᠪᠠᠰᠠ ᠢᠳᠡᠪᠭᠢᠳᠠᠢ ᠪᠠᠷ ᠳᠡᠯᠡᠭᠡᠶᠢᠢᠵᠢᠭᠰᠡᠨ᠂ ᠨᠡᠭᠡᠭᠡᠯᠳᠠᠳᠠᠢ ᠡᠷᠳᠡᠮ ᠰᠢᠨᠵᠢᠯᠡᠭᠡᠨ ᠤ ᠳᠠᠪᠴᠠᠩ ᠢ ᠪᠠᠶᠢᠢᠭᠤᠯᠵᠤ᠂ ᠮᠠᠨ ᠤ ᠤᠯᠤᠰ ᠤᠨ ᠳᠦᠭᠦᠭᠡᠷᠦᠮᠵᠢᠳᠦ ᠳᠠᠷᠢᠶᠠᠯᠠᠩ ᠤᠨ ᠰᠠᠭᠤᠷᠢ ᠴᠢᠨᠠᠷᠳᠠᠢ ᠰᠤᠳᠤᠯᠭᠠᠨ ᠤ ᠭᠦᠭᠵᠢᠯᠳᠠ ᠶᠢ ᠠᠬᠢᠭᠤᠯᠤᠭᠰᠠᠨ ᠶᠤᠮ᠃ ᠦᠷ᠎ᠠ ᠪᠦᠳᠦᠭᠡᠯ ᠤᠨ ᠤᠯᠠᠷᠢᠭᠤᠯᠤᠯᠳᠠ ᠶᠢᠨ ᠬᠦᠷᠢᠶ᠎ᠠ ᠴᠠᠷᠠᠭᠠᠨ ᠳᠤ᠂ ᠪᠢᠳᠠ ᠰᠢᠨᠵᠢᠯᠡᠭᠦ ᠤᠬᠠᠭᠠᠨ ᠤ ᠭᠦᠷᠢᠶᠡᠯᠡᠩ ᠤᠨ ᠡᠷᠳᠡᠮ ᠰᠢᠨᠵᠢᠯᠡᠭᠡᠨ ᠤ ᠦᠷ᠎ᠠ ᠪᠦᠳᠦᠭᠡᠯ ᠪᠤᠯᠤᠨ ᠳᠠᠷᠢᠶᠠᠴᠢᠳ ᠤᠨ ︽ᠡᠴᠤᠰ ᠤᠨ ᠨᠢᠭᠡ  ᠺᠢᠯᠥᠮᠧᠲᠷ︾᠎ ᠤᠨ ᠨᠡᠪᠳᠡᠷᠡᠯᠴᠡᠯ ᠢ ᠳᠤᠷᠰᠢᠵᠤ ᠪᠠᠶᠢᠢᠨ᠎ᠠ ᠭᠡᠵᠠᠢ᠃        ᠤᠷᠭᠠᠨᠢᠭ ᠪᠤᠷᠳᠤᠭᠤᠷ ᠢ ᠳᠡᠯᠭᠡᠷᠡᠭᠦᠯᠭᠦ ᠠᠰᠠᠭᠤᠳᠠᠯ ᠢ ᠬᠡᠷᠬᠢᠨ ᠰᠢᠢᠳᠪᠤᠷᠢᠯᠡᠭᠦ ᠳᠤᠬᠠᠢ ᠬᠠᠷᠢᠭᠤᠯᠬᠤ ᠳᠠᠭᠠᠨ ᠱᠤᠨ ᠢᠦᠢ ᠵᠢᠶᠦ᠋ᠨ᠂ ᠤᠷᠭᠠᠨᠢᠭ ᠪᠤᠷᠳᠤᠭᠤᠷ ᠲᠤ ᠮᠠᠰᠢ ᠪᠠᠶᠠᠯᠢᠭ ᠤᠷᠭᠠᠨᠢᠭ ᠡᠳ᠋ ᠪᠠ ᠰᠢᠮ᠎ᠠ ᠳᠠᠵᠢᠭᠡᠯᠳᠦ   ᠡᠯᠧᠮᠧᠨ᠋ᠲ ᠠᠭᠤᠯᠤᠭᠳᠠᠵᠤ᠂ ᠭᠦᠷᠦᠰᠦᠨ ᠤ ᠰᠢᠮ᠎ᠠ ᠶᠢ ᠰᠠᠶᠢᠢᠵᠢᠷᠠᠭᠤᠯᠳᠠᠭ᠃ ᠭᠡᠪᠡᠴᠤ ᠭᠡᠷᠡᠭᠯᠡᠭᠦ ᠳᠤ ᠲᠦᠬᠦᠮ ᠦᠭᠡᠢ ᠵᠡᠷᠭᠡ ᠰᠢᠯᠳᠠᠭᠠᠨ ᠠᠴᠠ ᠪᠤᠯᠵᠤ᠂ ᠤᠷᠭᠠᠨᠢᠭ ᠪᠤᠷᠳᠤᠭᠤᠷ ᠤᠨ ᠳᠡᠯᠭᠡᠷᠡᠭᠦᠯᠦᠯᠳᠠ ᠶᠢᠨ ᠳᠠᠯ᠎ᠠ ᠪᠠᠷ ᠨᠢᠭᠡ ᠪᠦᠯᠦᠭ ᠠᠰᠠᠭᠤᠳᠠᠯ ᠤᠷᠤᠰᠢᠵᠤ ᠪᠠᠶᠢᠢᠨ᠎ᠠ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠯᠠᠨ ᠠᠷᠭ᠎ᠠ ᠭᠡᠮᠵᠢᠶ᠎ᠠ ᠪᠠᠷ ᠤᠷᠭᠠᠨᠢᠭ ᠪᠤᠷᠳᠤᠭᠤᠷ ᠤᠨ ᠬᠡᠷᠡᠭᠯᠡᠯᠳᠡ ᠶᠢ ᠳᠠᠶᠢᠢᠴᠢᠯᠠᠵᠠᠢ᠃ ᠪᠤᠭᠢᠷᠳᠤᠯ ᠦᠭᠡᠢ ᠭᠦᠭᠵᠢᠯᠳᠠ ᠶᠢᠨ ᠰᠢᠨ᠎ᠠ ᠤᠶᠢᠢᠯᠠᠭᠠᠭᠳᠠᠬᠤᠨ ᠳᠤᠤᠷ᠎ᠠ᠂ ᠮᠠᠨ ᠤ ᠤᠯᠤᠰ ᠤᠨ ᠰᠢᠨᠵᠢᠯᠡᠬᠦ ᠣᠬᠠᠭᠠᠨ ᠡᠷᠳᠡᠮ ᠰᠢᠨᠵᠢᠯᠡᠭᠡᠨ ᠤ ᠡᠳᠡᠭᠡᠳ ᠤᠨ ᠬᠢᠨ ᠢᠳᠡᠪᠭᠢᠳᠠᠢ ᠪᠠᠷ ᠰᠤᠳᠤᠯᠭᠠᠨ ᠤ ᠠᠵᠢᠯ ᠦᠷᠨᠢᠭᠦᠯᠵᠤ᠂ ᠤᠳᠤᠬᠠᠨ ᠳᠤ ᠨᠢᠭᠡ ᠪᠦᠯᠦᠭ ᠦᠨᠳᠦᠷ ᠦᠢᠯᠡᠳᠤᠯᠳᠤ ᠤᠷᠭᠠᠨᠢᠭ ᠪᠤᠷᠳᠤᠭᠤᠷ ᠤᠨ ᠪᠦᠳᠦᠭᠡᠭᠳᠡᠭᠦᠨ ᠵᠢᠴᠢ ᠮᠡᠷᠭᠡᠵᠢᠯ ᠤᠨ ᠳᠦᠭᠦᠭᠡᠷᠦᠮᠵᠢ ᠶᠢ ᠪᠠᠭᠳᠠᠭᠠᠬᠰᠠᠨ ᠠᠳᠠᠯᠢ ᠪᠤᠰᠤ ᠭᠠᠵᠠᠷ ᠤᠷᠤᠨ ᠤ ᠤᠨᠴᠠᠯᠢᠭ ᠲᠤ ᠵᠤᠬᠢᠴᠠᠬᠰᠠᠨ ᠨᠢᠭᠡ ᠪᠦᠯᠦᠭ ᠳᠠᠷᠢᠵᠤ ᠳᠡᠵᠢᠭᠡᠭᠦ ᠶᠢ ᠤᠶᠠᠯᠳᠤᠭᠤᠯᠤᠭᠰᠠᠨ ᠮᠡᠷᠭᠡᠵᠢᠯ ᠤᠨ ᠭᠡᠯᠪᠡᠷᠢ ᠶᠢ ᠰᠤᠳᠤᠯᠤᠨ ᠭᠠᠷᠭᠠᠵᠠᠢ᠃ ᠡᠭᠦᠨ ᠠᠴᠠ ᠬᠤᠶᠢᠰᠢ᠂ ᠳᠠᠷᠢᠶᠠᠯᠠᠩ ᠤᠨ ᠪᠤᠭᠢᠷᠳᠤᠯ ᠦᠭᠡᠢ ᠭᠦᠭᠵᠢᠯᠳᠠ ᠶᠢᠨ ᠭᠦᠴᠦᠯᠠᠴᠠ ᠪᠠᠰᠠ ᠦᠷᠭᠦᠯᠵᠢᠯᠠᠨ ᠴᠢᠩᠭᠠᠷᠠᠵᠤ᠂ ᠤᠷᠭᠠᠨᠢᠭ ᠪᠤᠷᠳᠤᠭᠤᠷ ᠤᠨ ᠬᠡᠷᠡᠭᠯᠡᠯᠳᠡ ᠨᠡᠩ ᠲᠦᠭᠡᠮᠡᠯᠵᠢᠬᠦ ᠶᠢ ᠢᠳᠡᠭᠡᠵᠤ ᠪᠠᠶᠢᠢᠨ᠎ᠠ ᠭᠡᠵᠠᠢ᠃        ᠠᠮᠤ ᠪᠤᠳᠠᠭ᠎ᠠ ᠳᠠᠷᠢᠬᠤ ᠶᠢᠨ ᠦᠷ᠎ᠠ ᠠᠰᠢᠭ ᠢ ᠭᠡᠷᠭᠢᠨ ᠰᠢᠢᠳᠪᠤᠷᠢᠯᠡᠭᠦ ᠳᠤᠬᠠᠢ ᠠᠰᠠᠭᠤᠳᠠᠯ ᠢ ᠬᠠᠷᠢᠭᠤᠯᠬᠤ ᠳᠠᠭᠠᠨ ᠯᠢᠩ ᠵᠢᠢ ᠾᠤ᠋ ᠭᠡᠯᠡᠭᠦ ᠳᠡᠭᠡᠨ᠂ ᠳᠠᠷᠢᠶᠠᠴᠢᠳ ᠲᠤ ᠠᠪᠴᠤ ᠭᠡᠯᠡᠪᠡᠯ᠂ ᠰᠠᠶᠢᠢᠨ ᠡᠭᠦᠯᠳᠡᠷ ᠤᠨ ᠠᠮᠤ ᠪᠤᠳᠠᠭ᠎ᠠ ᠨᠢ ᠠᠰᠢᠭ ᠤᠷᠤᠯᠭ᠎ᠠ ᠶᠢ ᠨᠢ ᠶᠡᠬᠡᠪᠡᠷ ᠳᠡᠭᠡᠭᠰᠢᠯᠡᠭᠦᠯᠳᠡᠭ᠃ ᠤᠤᠯ ᠳᠠᠭᠠᠨ ᠪᠢᠳᠠ ᠡᠩ ᠤᠨ ᠳᠤᠳᠤᠷᠭ᠎ᠠ ᠳᠠᠷᠢᠭᠠᠳ ᠵᠢᠩ ᠪᠦᠷᠢ ᠳᠡᠭᠡᠨ ᠬᠤᠶᠠᠷ ᠲᠦᠬᠦᠷᠢᠭ ᠢᠶᠠᠷ ᠬᠤᠳᠠᠯᠳᠤᠳᠠᠭ ᠪᠤᠯ ᠤᠳᠤ ᠰᠠᠶᠢᠢᠨ ᠡᠭᠦᠯᠳᠡᠷ ᠤᠨ ᠳᠤᠳᠤᠷᠭ᠎ᠠ ᠨᠢ ᠵᠢᠩ ᠪᠦᠷᠢ ᠳᠡᠭᠡᠨ ᠠᠷᠪᠠᠨ ᠨᠠᠶᠮᠠᠨ ᠳᠦᠭᠦᠷᠢᠭ ᠬᠦᠷᠴᠤ ᠪᠠᠶᠢᠢᠨ᠎ᠠ︔ ᠤᠤᠯ ᠨᠢ ᠰᠠᠶᠢᠢᠨ ᠳᠤᠳᠤᠷᠭ᠎ᠠ ᠢᠳᠡᠶ᠎ᠠ ᠭᠡᠪᠡᠯ ᠭᠠᠳᠠᠭᠠᠳᠦ ᠠᠴᠠ ᠤᠷᠤᠭᠤᠯᠳᠠᠬ᠂ ᠤᠳᠤ ᠳᠤᠮᠳᠠᠳᠤ ᠤᠯᠤᠰ ᠤᠨ ᠦᠪᠡᠷ ᠢᠶᠠᠨ ᠳᠠᠷᠢᠭᠰᠠᠨ ᠳᠤᠳᠤᠷᠭ᠎ᠠ ᠨᠢ ᠨᠡᠩ ᠠᠮᠳᠠᠳᠠᠢ᠂ ᠨᠡᠩ ᠰᠢᠮ᠎ᠠ ᠳᠠᠵᠢᠭᠡᠯ ᠲᠠᠢ᠂ ᠳᠠᠷᠢᠶᠠᠴᠢᠳ ᠤᠨ ᠤᠷᠤᠯᠭ᠎ᠠ ᠴᠤ ᠨᠡᠮᠡᠭᠳᠡᠭᠰᠡᠨ ᠪᠠᠶᠢᠨ᠎ᠠ ᠭᠡᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号