ᠪᠠᠶᠢᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ • ᠪᠠᠶᠢᠢᠯᠳᠤᠬᠤ ᠪᠤᠳᠤᠯᠭ᠎ᠠ ᠶᠢᠨ ᠬᠦᠴᠦᠨ • ᠪᠠᠶᠢᠢᠯᠳᠤᠬᠤ ᠪᠤᠳᠤᠯᠭ᠎ᠠ ᠶᠢᠨ ᠴᠢᠳᠠᠪᠤᠷᠢᠳᠠᠨ - ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠲᠦᠯᠦᠭᠡᠯᠡᠭᠴᠢᠳ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠡ ᠳᠤ ᠠᠩᠬᠠᠷᠤᠯ ᠢᠶᠠᠨ ᠲᠦᠪᠯᠡᠷᠡᠭᠦᠯᠦᠭᠰᠡᠨ ᠨᠢ
ᠨᠡᠶᠢᠲᠡᠯᠡᠭᠰᠡᠨ ᠴᠠᠭ᠄
2017/10/25
    ᠰᠢᠨᠬᠤᠧᠠ ᠬᠤᠷᠢᠶ᠎ᠠ ᠪᠡᠭᠡᠵᠢᠩ ᠤᠨ 10 ᠰᠠᠷ᠎ᠠ ᠶᠢᠨ 23᠎ ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠢᠤᠢ ᠰᠢᠶᠤᠤ ᠵᠢᠶᠧ᠂ ᠯᠢ ᠸᠧᠢ ᠳ᠋ᠦᠩ᠂ ᠰᠢᠶᠤᠤ ᠬᠤᠩ︶ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠤ᠄ ᠬᠦᠭᠵᠢᠯᠳᠡ ᠪᠤᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠠ ᠵᠠᠩᠬᠢᠯᠠᠭ᠎ᠠ ᠮᠦᠨ᠂ ᠬᠦᠭᠵᠢᠯᠳᠡ ᠡᠷᠬᠡᠪᠰᠢ ᠰᠢᠨᠵᠢᠯᠡᠬᠦ ᠤᠬᠠᠭᠠᠨᠴᠢ ᠬᠦᠭᠵᠢᠯᠳᠡ ᠪᠠᠶᠢᠢᠬᠤ ᠬᠡᠷᠡᠭᠳᠡᠢ᠂ ᠡᠷᠭᠡᠪᠰᠢ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ ᠬᠦᠭᠵᠢᠯᠳᠡ ᠶᠢᠨ ᠤᠶᠢᠢᠯᠠᠭᠠᠬᠳᠠᠬᠤᠨ ᠢ ᠭᠤᠶᠢᠢᠪᠢᠰᠢ ᠦᠬᠡᠢ ᠲᠤᠤᠱᠯᠠᠭᠤᠯᠬᠤ ᠬᠡᠷᠡᠭᠳᠡᠢ ᠬᠡᠵᠦ ᠵᠢᠭᠠᠵᠦ ᠭᠠᠷᠭᠠᠵᠠᠢ᠃     ᠰᠢᠨᠵᠢᠯᠡᠬᠦ ᠤᠬᠠᠭᠠᠨ ᠮᠡᠷᠬᠡᠵᠢᠯ ᠪᠤᠯ ᠨᠢᠬᠡᠳᠦᠬᠡᠷ ᠦᠢᠯᠡᠳᠪᠦᠷᠢᠯᠡᠯ ᠤᠨ ᠬᠦᠴᠦᠨ ᠮᠦᠨ᠂ ᠴᠢᠳᠠᠪᠤᠷᠢᠳᠠᠨ ᠪᠤᠯ ᠨᠢᠬᠡᠳᠦᠬᠡᠷ ᠡᠬᠢ ᠪᠠᠶᠠᠯᠢᠬ ᠮᠦᠨ᠂ ᠰᠢᠨ᠎ᠠ ᠶᠢ ᠡᠬᠦᠳᠬᠦ ᠪᠤᠯ ᠬᠦᠭᠵᠢᠯᠳᠡ ᠶᠢ ᠬᠦᠲᠦᠯᠦᠨ ᠲᠠᠭᠠᠭᠤᠯᠬᠤ ᠨᠢᠬᠡᠳᠦᠬᠡᠷ ᠬᠦᠳᠡᠯᠬᠡᠬᠦ ᠬᠦᠴᠦᠨ ᠮᠦᠨ ᠁      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠡᠬᠢᠯᠡᠨ ᠬᠤᠷᠠᠯᠳᠤᠬᠰᠠᠨ ᠠᠴᠠ ᠨᠠᠰᠢ᠂ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠨᠢ ᠲᠦᠯᠦᠭᠡᠯᠡᠭᠴᠢᠳ ᠤᠨ ᠬᠠᠯᠠᠮ ᠶᠠᠷᠢᠯᠴᠠᠭᠠᠨ ᠤ ᠰᠡᠳᠦᠪ ᠪᠤᠯᠤᠬᠰᠠᠨ ᠪᠠᠶᠢᠢᠨ᠎ᠠ᠃     ᠪᠠᠶᠢᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠪᠠᠲᠤᠳᠬᠠᠨ᠎ᠠ     ᠢᠯᠡᠳᠬᠡᠯ ᠳᠤ ︽ᠰᠢᠨ᠎ᠠ ᠶᠢ ᠡᠬᠦᠳᠬᠦ ᠪᠤᠯ ᠬᠦᠭᠵᠢᠯᠳᠡ ᠶᠢ ᠬᠦᠲᠦᠯᠦᠨ ᠲᠠᠭᠠᠭᠤᠯᠬᠤ ᠨᠢᠬᠡᠳᠦᠬᠡᠷ ᠬᠦᠳᠡᠯᠬᠡᠬᠦ ᠬᠦᠴᠦᠨ ᠮᠦᠨ᠂ ᠤᠳᠤᠬᠢᠴᠢᠯᠠᠬᠰᠠᠨ ᠠᠵᠦ ᠠᠬᠤᠢ ᠶᠢᠨ ᠰᠢᠰᠲ᠋ᠧᠮ ᠢ ᠪᠦᠲᠦᠬᠡᠨ ᠪᠠᠶᠢᠢᠭᠤᠯᠬᠤ ᠪᠠᠶᠢᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠮᠦᠨ︾ ᠬᠡᠵᠦ ᠲᠤᠳᠤᠷᠬᠠᠢ ᠲᠤᠷᠠᠳᠴᠠᠢ᠃     ︽ᠲᠡᠯᠡᠬᠡᠢ ᠶᠢᠨ ᠠᠩᠬᠠᠳᠠᠬᠴᠢ ᠵᠤᠷᠪᠤᠰ ᠮᠢᠩᠭᠠᠨ ᠺᠢᠯᠤᠮᠧᠲᠷ ᠤᠨ ᠲᠡᠰ ᠤᠨ ᠺᠧᠨᠨ᠋ᠲ ᠤᠨ ᠨᠢᠭᠤᠴᠠ ᠴᠢᠮᠡᠭᠡ ᠬᠤᠯᠪᠤᠭ᠎ᠠ ᠶᠢᠨ ᠭᠤᠤᠯ ᠤᠳᠠᠰᠤ - ︿ᠪᠡᠬᠡᠵᠢᠩ ᠠᠴᠠ ᠱᠠᠩᠬᠠᠢ ᠬᠦᠷᠬᠦ ᠭᠤᠤᠯ ᠤᠳᠠᠰᠤ﹀᠎ ᠶᠢ ᠨᠡᠪᠲᠡᠷᠡᠬᠦᠯᠦᠭᠰᠡᠨ ᠤ ᠲᠠᠷᠠᠭ᠎ᠠ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠶᠡᠭᠡ ᠰᠤᠷᠭᠠᠭᠤᠯᠢ ᠶᠢᠨ ᠪᠦᠯᠬᠦᠮ ᠨᠢ ᠲᠠᠮᠵᠢᠭᠤᠯᠬᠤ ᠬᠡᠮᠵᠢᠶ᠎ᠠ ᠪᠠᠨ ᠰᠢᠯᠢᠳᠡᠭᠵᠢᠬᠦᠯᠵᠦ᠂ ᠤᠶᠢᠢᠷ᠎ᠠ ᠳᠤ ᠨᠡᠩ ᠤᠷᠳᠤ ᠵᠠᠩᠬᠢᠯᠠᠭ᠎ᠠ ᠶᠢᠨ ᠴᠡᠭ ᠤᠨ ᠵᠠᠢ ᠳᠠᠬᠢ ᠰᠤᠳᠤᠯᠤᠨ ᠨᠡᠬᠡᠬᠡᠬᠦ ᠲᠠᠯ᠎ᠠ ᠪᠠᠷ ᠲᠠᠪᠠᠯᠳᠠ ᠭᠠᠷᠭᠠᠬᠤ ᠪᠤᠯᠤᠮᠵᠢ ᠲᠠᠢ ᠪᠤᠯᠤᠯ᠎ᠠ︾ ᠬᠡᠵᠦ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠰᠢᠤᠢ ᠦ᠋ ᠲᠦᠯᠦᠭᠡᠯᠡᠭᠴᠢ ᠺᠧᠨᠨ᠋ᠲ ᠤᠨ ᠴᠢᠮᠡᠭᠡ ᠬᠤᠯᠪᠤᠭ᠎ᠠ ᠶᠢᠨ ᠬᠠᠮᠤᠬ ᠤᠨ ᠰᠢᠨ᠎ᠠ ᠮᠡᠷᠬᠡᠵᠢᠯ ᠤᠨ ᠪᠠᠶᠢᠢᠳᠠᠯ ᠢ ᠲᠠᠨᠢᠯᠴᠠᠭᠤᠯᠪᠠ᠃     ᠬᠦᠮᠦᠨ ᠲᠦᠷᠦᠯᠬᠢᠳᠡᠨ ᠠᠩᠬ᠎ᠠ ᠤᠳᠠᠭ᠎ᠠ ᠵᠦᠢᠷᠡᠢ ᠤᠳᠤᠨ ᠪᠠ ᠨᠧᠲᠷᠤᠨ ᠤᠳᠤᠨ ᠨᠡᠶᠢᠢᠯᠡᠬᠡᠳ ᠡᠬᠦᠰᠭᠡᠭᠰᠡᠨ ᠲᠠᠳᠠᠯᠳᠠ ᠶᠢᠨ ᠬᠦᠴᠦᠨ ᠤ ᠲᠤᠯᠬᠢᠶᠠᠨ ᠢ ᠰᠢᠭᠤᠳ ᠬᠠᠶᠢᠢᠨ ᠬᠡᠮᠵᠢᠵᠦ᠂ ᠲᠤᠮᠳᠠᠳᠤ ᠤᠯᠤᠰ ᠤᠨ ᠡᠮᠦᠨᠡᠳᠤ ᠲᠤᠶᠢᠢᠯ ᠤᠨ ᠰᠠᠨᠰᠠᠷ ᠤᠨ ᠲᠤᠷᠠᠨ ᠵᠡᠷᠬᠡ ᠤᠯᠠᠨ ᠲᠦᠬᠦᠬᠡᠷᠦᠮᠵᠢ ᠨᠢ ᠬᠡᠮᠵᠢᠯᠳᠡ ᠳᠤ ᠤᠷᠤᠯᠴᠠᠪᠠ︔ ᠲᠤᠮᠳᠠᠳᠤ ᠤᠯᠤᠰ ᠤᠨ ᠵᠦᠩ ᠴᠧ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠴᠠᠩᠴᠦ᠋ᠨ ᠤ ᠵᠢᠮᠳᠤ ᠵᠠᠮ ᠤᠨ ᠠᠶᠠᠨᠴᠢᠨ ᠤ ᠮᠠᠰᠢᠨ ᠲᠡᠷᠬᠡ ᠶᠢᠨ ᠬᠤᠪᠢᠴᠠᠭᠠᠳᠤ ᠭᠢᠵᠠᠭᠠᠷᠳᠤ ᠺᠤᠮᠫᠠᠨᠢ ᠶᠢᠨ ᠰᠤᠳᠤᠯᠤᠨ ᠦᠢᠯᠡᠳᠪᠦᠷᠢᠯᠡᠭᠰᠡᠨ ᠠᠮᠧᠷᠢᠺᠠ ᠶᠢᠨ ᠪᠤᠰᠲ᠋ᠤᠨ ᠬᠤᠳᠠ ᠶᠢᠨ ᠠᠮᠤᠷ ᠲᠦᠪᠰᠢᠨ ᠤ ᠬᠠᠮᠠᠭᠠᠯᠠᠯᠳᠠ ᠶᠢᠨ ᠱᠤᠭᠤᠮ ᠤᠨ ᠭᠠᠵᠠᠷ ᠲᠤᠤᠷᠠᠬᠢ ᠨᠦᠬᠡᠨ ᠵᠠᠮ ᠤᠨ ᠲᠦᠷᠦᠬᠦᠦ ᠪᠦᠯᠦᠭ ᠭᠠᠯᠳᠤ ᠲᠡᠷᠬᠡ ᠶᠢ ᠦᠢᠯᠡᠳᠪᠦᠷᠢᠯᠡᠵᠦ ᠡᠬᠢᠯᠡᠪᠡ︔ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠦᠯᠬᠦᠮ ᠨᠢ 2 ᠮᠧᠲᠷ ᠢᠯᠡᠬᠦᠦ ᠦᠨᠳᠦᠷ ᠤᠨᠴᠠ ᠦᠨᠳᠦᠷ ᠤᠨᠠᠯᠳᠠ ᠲᠠᠢ ᠰᠢᠯᠢᠳᠡᠭ ᠰᠢᠨ᠎ᠠ ᠡᠬᠦᠯᠳᠡᠷ ︽ᠲᠤᠮᠤ ᠬᠡᠯᠪᠡᠷᠢ ᠶᠢᠨ ᠲᠤᠳᠤᠷᠭ᠎ᠠ︾᠎ ᠶᠢ ᠰᠤᠩᠭᠤᠨ ᠪᠤᠶᠢᠢᠵᠢᠭᠤᠯᠪᠠ ᠁     ᠤᠶᠢᠢᠷ᠎ᠠ ᠶᠢᠨ ᠡᠳᠦᠷ ᠤᠳ ᠲᠤ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠠ ᠪᠦᠲᠦᠬᠡᠯ ᠤᠳ ᠬᠤᠶᠢᠢᠨ᠎ᠠ ᠬᠤᠶᠢᠢᠨ᠎ᠠ ᠠᠴᠠ ᠪᠠᠨ ᠮᠡᠨᠳᠦᠯᠡᠭᠰᠡᠨ ᠰᠡᠶᠢᠢᠬᠠᠨ ᠮᠡᠳᠡᠭᠡ ᠨᠢ ᠰᠢᠵᠢᠯᠡᠭᠦ ᠤᠬᠠᠭᠠᠨ ᠮᠡᠷᠬᠡᠵᠢᠯ ᠤᠨ ᠬᠦᠷᠢᠶ᠎ᠠ ᠴᠠᠷᠠᠭ᠎ᠠ ᠶᠢᠨ ᠲᠦᠯᠦᠬᠡᠯᠡᠭᠴᠢᠳ ᠤᠨ ᠤᠷᠮ᠎ᠠ ᠵᠤᠷᠢᠬ ᠢ ᠨᠢ ᠤᠨᠴᠠᠭᠠᠢ ᠬᠦᠪᠴᠢᠯᠡᠵᠡᠢ᠃ ᠤᠯᠠᠨ ᠢᠶᠠᠷ ᠢᠶᠠᠨ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠨᠢ ᠦᠢᠯᠡᠳᠪᠦᠷᠢᠯᠡᠯ᠂ ᠠᠵᠦ ᠠᠬᠤᠢ᠂ ᠢᠯᠠᠩᠭᠤᠶ᠎ᠠ ᠰᠠᠨᠰᠠᠷ ᠤᠨ ᠠᠶᠠᠯᠠᠯ᠂ ᠴᠢᠮᠡᠭᠡ ᠬᠤᠯᠪᠤᠭ᠎ᠠ᠂ ᠰᠢᠨ᠎ᠠ ᠡᠨᠧᠷᠬᠢ ᠵᠡᠷᠬᠡ ᠪᠠᠶᠢᠢᠯᠳᠤᠬᠤ ᠪᠤᠳᠤᠯᠭ᠎ᠠ ᠶᠢᠨ ᠰᠢᠨ᠎ᠠ ᠪᠠᠷ ᠮᠠᠨᠳᠤᠵᠦ ᠪᠠᠶᠢᠢᠭ᠎ᠠ ᠠᠵᠦ ᠦᠢᠯᠡᠰ ᠲᠠᠬᠢ ᠬᠦᠲᠦᠯᠦᠨ ᠲᠠᠭᠠᠭᠤᠯᠬᠤ ᠪᠠ ᠲᠤᠯᠭᠠᠭᠤᠷᠢᠯᠠᠬᠤ ᠤᠶᠢᠢᠯᠡᠳᠤᠯ ᠨᠢ ᠶᠠᠪᠤᠬᠤ ᠲᠤᠳᠤᠮ ᠬᠦᠴᠦᠳᠡᠢ ᠪᠤᠯᠵᠠᠢ ᠬᠡᠵᠤ ᠦᠵᠡᠵᠦ ᠪᠠᠶᠢᠢᠨ᠎ᠠ᠃ ᠨᠢᠬᠡᠳᠦᠬᠡᠷ ᠬᠦᠳᠡᠯᠬᠡᠬᠦ ᠬᠦᠴᠦᠨ ᠨᠢ ᠬᠤᠷᠢᠬᠯᠠᠬᠳᠠᠰᠢ ᠦᠬᠡᠢ ᠬᠦᠴᠦᠨ ᠲᠠᠢ ᠪᠤᠯᠵᠦ᠂ ᠢᠷᠡᠭᠡᠳᠦᠢ ᠳᠤ ᠨᠡᠩ ᠢᠯᠡᠬᠦᠦ ᠭᠦᠴᠦᠨ ᠢᠶᠠᠨ ᠪᠠᠳᠠᠷᠠᠭᠤᠯᠬᠤ ᠨᠢ ᠯᠠᠪᠳᠠᠢ ᠭᠡᠵᠤ ᠦᠵᠡᠵᠡᠢ᠃     ︽ᠲᠤᠮᠳᠠᠳᠤ ᠤᠯᠤᠰ ᠤᠨ LED᠎ ᠤᠨ ᠮᠡᠷᠭᠡᠵᠢᠯ ᠲᠡᠯᠡᠭᠡᠢ ᠶᠢᠨ ᠲᠡᠷᠢᠭᠦᠨ ᠤ ᠡᠩᠨᠡᠭᠡᠨ ᠳᠤ ᠤᠷᠤᠵᠠᠢ᠃ ᠠᠵᠤ ᠦᠢᠯᠡᠰ ᠤᠨ ᠲᠠᠯ᠎ᠠ ᠠᠴᠠ ᠶᠠᠷᠢᠪᠠᠯ᠂ ᠲᠤᠮᠳᠠᠳᠤ ᠤᠯᠤᠰ ᠤᠳᠤ ᠲᠡᠭᠡᠷ᠎ᠠ ᠪᠠᠨ LED᠎ ᠤᠨ ᠬᠠᠮᠤᠭ ᠤᠨ ᠲᠤᠮᠤ ᠦᠢᠯᠡᠳᠪᠦᠷᠢᠯᠡᠯ ᠤᠨ ᠤᠯᠤᠰ᠂ ᠬᠡᠷᠡᠭᠯᠡᠭᠡᠨ ᠤ ᠤᠯᠤᠰ ᠪᠠ ᠭᠠᠳᠠᠭᠠᠳᠤ ᠳᠤ ᠭᠠᠷᠭᠠᠬᠤ ᠤᠯᠤᠰ ᠪᠤᠯᠤᠨ᠎ᠠ︾ ᠭᠡᠵᠦ ᠨᠠᠨᠴᠠᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠢᠩᠭᠤ ᠶᠢᠨ ᠭᠡᠰᠢᠭᠦᠨ᠂ ᠲᠡᠳ᠋ ᠵᠠᠬᠢᠷᠤᠯ ᠵᠢᠶᠠᠩ ᠹᠧᠩ ᠢ ᠲᠦᠯᠦᠭᠡᠯᠡᠭᠴᠢ ᠶᠠᠷᠢᠵᠤ ᠪᠠᠶᠢᠢᠯ᠎ᠠ᠃     ᠤᠯᠤᠰ ᠤᠨ ᠭᠡᠳᠤ ᠪᠤᠳᠤᠯᠳᠠ ᠶᠢᠨ ᠲᠢᠶᠠᠨᠵᠢᠨ ᠳᠠᠬᠢ ᠲᠦᠪ ᠤᠨ ᠬᠡᠷᠡᠭᠯᠡᠭᠡᠨ ᠤ ᠰᠤᠳᠤᠯᠤᠨ ᠨᠡᠭᠡᠭᠡᠬᠦ ᠬᠡᠯᠳᠡᠰ ᠤᠨ ᠲᠠᠷᠤᠭ᠎ᠠ ᠮᠧᠩ ᠰᠢᠶᠠᠩ ᠹᠧᠢ ᠲᠦᠯᠦᠭᠡᠯᠡᠭᠴᠢ ᠶᠢᠨ ᠲᠠᠨᠢᠯᠴᠠᠭᠤᠯᠬᠤ ᠪᠠᠷ᠂ ᠲᠤᠮᠳᠠᠳᠤ ᠤᠯᠤᠰ ᠤᠨ ᠰᠢᠨ᠎ᠠ ᠨᠢᠭᠡ ᠦᠶ᠎ᠠ ᠶᠢᠨ ᠵᠠᠭᠤᠨ ᠳ᠋ᠦᠩᠰᠢᠭᠤᠷ ᠤᠳᠠᠭ᠎ᠠ ᠶᠢᠨ ᠭᠡᠳᠤ ᠪᠤᠳᠤᠯᠳᠠ ᠶᠢᠨ ︽ᠲᠡᠭᠷᠢ ᠶᠢᠨ ᠤᠶᠤᠳᠠᠯ ᠭᠤᠷᠪᠠᠳᠤᠭᠠᠷ ᠨᠤᠮᠧᠷᠳᠤ︾᠎ ᠶᠢ ᠤᠷᠢᠳᠴᠢᠯᠠᠨ ᠰᠤᠳᠤᠯᠬᠤ ᠠᠵᠢᠯ ᠶᠠᠭ ᠰᠠᠶᠢᠢᠬᠠᠨ ᠤᠷᠤᠭᠰᠢᠳᠠᠢ ᠠᠬᠢᠵᠤ᠂ 2020 ᠤᠨ ᠤ ᠤᠷᠴᠢᠮ ᠢᠶᠠᠷ ᠪᠦᠬᠦᠶᠢᠢᠯᠡ ᠮᠠᠰᠢᠨ ᠤ ᠰᠢᠰᠲ᠋ᠧᠮ ᠢ ᠪᠠᠶᠢᠢᠷᠢᠯᠠᠭᠤᠯᠤᠨ ᠲᠠᠭᠤᠰᠬᠤ ᠪᠤᠯᠤᠮᠵᠢᠲᠠᠢ᠃ ᠮᠧᠩ ᠰᠢᠶᠠᠩ ᠹᠧᠢ ᠶᠢᠨ ᠬᠡᠯᠡᠬᠦ ᠪᠠᠷ᠂ ᠲᠡᠷᠡ ᠪᠤᠯᠤᠨ ᠲᠡᠭᠦᠨ ᠤ ᠪᠦᠯᠬᠦᠮ ᠤᠨ ᠬᠢᠨ ᠨᠡᠩ ᠤᠯᠠᠨ ᠬᠡᠷᠡᠭᠯᠡᠬᠦ ᠳᠤ ᠰᠠᠶᠢᠢᠨ ᠪᠤᠳᠠᠳᠠᠢ ᠬᠡᠷᠡᠭᠯᠡᠭᠡᠨ ᠤ APP᠎ ᠳᠤ ᠨᠡᠭᠡᠭᠡᠯᠳᠠ ᠭᠢᠭᠦ ᠪᠠᠷ ᠬᠦᠴᠦᠯᠡᠵᠦ᠂ ᠭᠡᠳᠤ ᠪᠤᠳᠤᠯᠳᠠ ᠶᠢᠨ ᠦᠢᠯᠡᠳᠦᠯ ᠢ ᠨᠡᠩ ᠤᠯᠠᠨ ᠬᠦᠷᠢᠶ᠎ᠠ ᠴᠠᠷᠠᠭᠠᠨ ᠳᠤ ᠪᠠᠳᠠᠷᠠᠭᠤᠯᠬᠤ ᠪᠠᠷ ᠪᠤᠢ᠃     ︽ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠲᠤᠮᠳᠠᠳᠤ ᠤᠯᠤᠰ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ ᠲᠠᠰᠤᠷᠠᠯᠳᠠ ᠦᠭᠡᠢ ᠲᠡᠭᠦᠯᠳᠡᠷᠵᠢᠵᠦ᠂ ᠨᠢᠭᠡ ᠪᠦᠯᠦᠭ ᠮᠡᠳᠡᠭᠡ ᠵᠠᠩᠭᠢᠵᠢᠯᠳᠠ ᠶᠢᠨ ᠬᠢᠷᠢ ᠬᠡᠮᠵᠢᠶ᠎ᠠ ᠦᠨᠳᠦᠷ᠂ ᠲᠡᠯᠡᠭᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠵᠡᠪᠰᠡᠭ ᠲᠤᠨᠤᠭᠯᠠᠯ ᠪᠦᠬᠦᠢ ᠵᠢᠬᠰᠠᠭᠠᠯ ᠤᠨ ᠡᠩᠨᠡᠭᠡ ᠶᠢ ᠪᠦᠷᠢᠯᠳᠦᠭᠦᠯᠵᠡᠢ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠤ᠂ ᠪᠠᠰᠠ ᠰᠢᠨ᠎ᠠ ᠶᠢ ᠡᠭᠦᠳᠬᠦ ᠬᠡᠯᠪᠡᠷᠢ ᠶᠢᠨ ᠤᠯᠤᠰ ᠤᠨ ᠰᠢᠨ᠎ᠠ ᠠᠶᠠᠯᠠᠯ ᠢ ᠡᠭᠢᠯᠡᠭᠦᠯᠵᠡᠢ᠃ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠢᠯᠠᠯ ᠤᠨ ᠠᠵᠢᠯᠳᠠᠨ ᠪᠤᠯᠤᠭᠰᠠᠨ ᠤ ᠬᠤᠪᠢ ᠳᠤ᠂ ᠪᠢ ᠡᠭᠦᠷᠭᠡ ᠶᠢᠨ ᠢᠶᠠᠨ ᠢᠷᠠᠭᠤ ᠠᠯᠳᠠᠷ᠂ ᠬᠠᠷᠢᠭᠤᠴᠠᠯᠭ᠎ᠠ ᠶᠢᠨ ᠢᠶᠠᠨ ᠬᠦᠨᠳᠦ ᠴᠢᠬᠤᠯᠠ ᠶᠢ ᠮᠡᠳᠡᠷᠡᠵᠦ ᠪᠤᠢ︾ ᠭᠡᠵᠦ ᠲᠤᠮᠳᠠᠳᠤ ᠤᠯᠤᠰ ᠤᠨ ᠴᠦᠮ᠎ᠠ ᠶᠢᠨ ᠬᠦᠳᠡᠯᠭᠡᠬᠦ ᠬᠦᠴᠦᠨ ᠤ ᠰᠤᠳᠤᠯᠭᠠᠨ ᠤ ᠵᠢᠷᠤᠭ ᠲᠦᠯᠦᠪᠯᠡᠭᠡ ᠶᠢᠨ ᠬᠦᠷᠢᠶᠡᠯᠡᠩ ᠤᠨ ᠬᠤᠶᠠᠳᠤᠭᠠᠷ ᠰᠤᠳᠤᠯᠭᠠᠨ ᠤ ᠭᠠᠵᠠᠷ ᠤᠨ ᠲᠡᠳ᠋ ᠶᠡᠷᠦᠩᠬᠡᠢ ᠢᠨᠵᠧᠨᠧᠷ ᠸᠠᠩ ᠭᠤᠸᠠᠩ ᠶᠢᠨ ᠲᠦᠯᠦᠭᠡᠯᠡᠭᠴᠢ ᠶᠠᠷᠢᠵᠤ ᠪᠠᠶᠢᠢᠯ᠎ᠠ᠃     ᠪᠠᠶᠢᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠨ᠎ᠠ     ᠲᠡᠯᠡᠭᠡᠢ ᠶᠢᠨ ᠬᠦᠭᠵᠢᠯᠳᠡ ᠶᠢᠨ ᠲᠡᠦᠭᠡ ᠬᠡᠷᠡᠴᠢᠯᠡᠭᠰᠡᠨ ᠨᠢ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠨᠢ ᠬᠠᠮᠢᠭ᠎ᠠ ᠠᠴᠠ ᠡᠭᠦᠰᠦᠭᠰᠡᠨ ᠪᠤᠯ ᠬᠦᠭᠵᠢᠯᠳᠡ ᠶᠢᠨ ᠬᠦᠳᠡᠯᠭᠡᠬᠦ ᠬᠦᠴᠦᠨ ᠲᠡᠨᠳᠡ ᠠᠴᠠ ᠤᠷᠬᠢᠯᠤᠨ ᠪᠠᠳᠠᠷᠠᠳᠠᠭ᠂ ᠬᠦᠭᠵᠢᠯᠳᠡ ᠶᠢᠨ ᠠᠰᠢᠭᠳᠠᠢ ᠪᠠᠶᠢᠢᠷᠢ ᠪᠤᠯᠤᠨ ᠠᠵᠤ ᠠᠬᠤᠢ ᠶᠢᠨ ᠦᠷᠢᠰᠦᠯᠳᠦᠬᠦ ᠬᠦᠴᠦᠨ ᠤ ᠴᠢᠭᠯᠡᠯ ᠢᠶᠠᠨ ᠬᠠᠮᠢᠭᠠᠰᠢ ᠬᠤᠪᠢᠷᠠᠭᠤᠯᠤᠭᠰᠠᠨ ᠪᠤᠯ ᠤᠳᠤᠬᠢᠴᠢᠯᠠᠯᠳᠠ ᠶᠢᠨ ᠬᠦᠴᠦᠳᠤ ᠦᠷᠨᠢᠯᠳᠡ ᠲᠡᠨᠳᠡ ᠪᠤᠢ ᠪᠤᠯᠳᠠᠬ᠃     ᠢᠯᠡᠳᠭᠡᠯ ᠳᠤ᠂ ᠤᠯᠤᠰ ᠤᠨ ᠰᠢᠨ᠎ᠠ ᠶᠢ ᠡᠭᠦᠳᠬᠦ ᠰᠢᠰᠲ᠋ᠧᠮ ᠤᠨ ᠪᠠᠶᠢᠢᠭᠤᠯᠤᠯᠳᠠ ᠶᠢ ᠴᠢᠩᠭᠠᠳᠬᠠᠵᠤ᠂ ᠪᠠᠶᠢᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠨ᠎ᠠ ᠭᠡᠵᠦ ᠲᠤᠷᠠᠳᠴᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠢᠷᠡᠭᠦᠯᠵᠦ᠂ ᠠᠵᠤ ᠠᠬᠤᠶᠢᠢᠯᠠᠯ ᠢᠶᠠᠷ ᠭᠤᠤᠯ ᠴᠤᠭᠴᠠ ᠪᠤᠯᠭᠠᠵᠤ᠂ ᠵᠠᠬ᠎ᠠ ᠲᠡᠯᠭᠡᠭᠦᠷ ᠢᠶᠠᠷ ᠤᠳᠤᠷᠢᠳᠤᠮᠵᠢ ᠪᠤᠯᠭᠠᠵᠤ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ ᠢ ᠪᠠᠶᠢᠢᠭᠤᠯᠵᠤ᠂ ᠲᠤᠮᠳᠠ ᠪᠠᠭ᠎ᠠ ᠠᠵᠤ ᠠᠬᠤᠶᠢᠢᠯᠠᠯ ᠤᠨ ᠰᠢᠨ᠎ᠠ ᠶᠢ ᠡᠭᠦᠳᠬᠦ ᠶᠢ ᠲᠡᠮᠵᠢᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠬᠤᠪᠢᠷᠠᠭᠤᠯᠬᠤ ᠶᠢ ᠠᠬᠢᠭᠤᠯᠤᠨ᠎ᠠ ᠭᠡᠵᠦ ᠲᠤᠷᠠᠳᠴᠠᠢ᠃     ︽ᠡᠨᠡ ᠪᠤᠯ ᠤᠯᠤᠰ ᠤᠨ ᠪᠠᠶᠢᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠡᠭᠦᠷᠭᠡ ᠬᠠᠷᠢᠭᠤᠴᠠᠯᠭ᠎ᠠ ᠪᠤᠯᠤᠨ᠎ᠠ︾ ᠭᠡᠵᠦ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠤᠭ᠎ᠠ ᠪᠠᠢ ᠴᠦᠨ ᠯᠢ ᠲᠦᠯᠦᠭᠡᠯᠡᠭᠴᠢ ᠬᠡᠯᠡᠵᠦ ᠪᠠᠶᠢᠢᠯ᠎ᠠ᠃     ᠢᠯᠡᠳᠭᠡᠯ ᠳᠤ ᠨᠡᠶᠢᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠪᠠᠶᠢᠢᠭᠤᠯᠬᠤ ᠠᠤᠭ᠎ᠠ ᠶᠡᠭᠡ ᠲᠦᠰᠦᠪ ᠢ ᠵᠢᠷᠤᠠᠠᠯᠠᠯ᠎ᠠ᠃ ᠡᠨᠡᠬᠦ ᠲᠡᠦᠭᠡᠨ ᠠᠬᠢᠴᠠ ᠲᠤᠮᠳᠠ ᠲᠤᠮᠳᠠᠳᠤ ᠤᠯᠤᠰ ᠪᠦᠬᠦ ᠪᠦᠮᠪᠦᠷᠴᠡᠭ ᠤᠨ ᠰᠢᠨ᠎ᠠ ᠶᠢ ᠡᠭᠦᠳᠬᠦ ᠲᠠᠭᠠᠭᠤᠯᠤᠭᠴᠢ ᠪᠤᠯᠬᠤ᠂ ᠬᠤᠰᠢᠭᠤᠴᠢ ᠰᠠᠭᠤᠷᠢ ᠰᠤᠳᠤᠯᠭᠠᠨ ᠪᠤᠯᠤᠨ ᠪᠠᠶᠢᠢᠯᠳᠤᠬᠤ ᠪᠤᠳᠤᠯᠭ᠎ᠠ ᠶᠢᠨ ᠮᠡᠷᠭᠡᠵᠢᠯ ᠤᠨ ᠭᠤᠤᠯ ᠪᠤᠯᠬᠤ ᠬᠦᠷᠢᠶ᠎ᠠ ᠴᠠᠷᠠᠭ᠎ᠠ ᠲᠤᠳᠤᠷ᠎ᠠ ᠪᠦᠬᠦ ᠪᠦᠮᠪᠦᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠲᠦᠪ ᠪᠤᠯᠬᠤ ᠪᠤᠯᠤᠮᠵᠢ ᠲᠠᠢ᠃     ︽ᠠᠵᠤ ᠠᠬᠤᠶᠢᠢᠯᠠᠯ ᠨᠢ ᠪᠡᠯᠡ ᠮᠦᠩᠭᠦ ᠲᠠᠢ᠂ ᠲᠦᠷᠦᠯ ᠵᠦᠢᠯ ᠲᠠᠢ᠂ ᠰᠢᠨᠵᠢᠯᠡᠭᠦ ᠤᠬᠠᠭᠠᠨ ᠤ ᠰᠤᠳᠤᠯᠭᠠᠨ ᠤ ᠪᠠᠶᠢᠢᠭᠤᠯᠤᠮᠵᠢ ᠨᠢ ᠰᠢᠨᠵᠢᠯᠡᠭᠦ ᠤᠬᠠᠭᠠᠨ ᠤ ᠰᠤᠳᠤᠯᠭᠠᠨ ᠤ ᠡᠯᠪᠡᠭ ᠪᠠᠶᠠᠯᠢᠭ ᠡᠬᠢ ᠪᠠᠶᠠᠯᠢᠭ ᠲᠠᠢ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠬᠦᠨᠵᠡᠭᠡᠢ ᠠᠭᠤᠰᠤᠯᠴᠠᠭᠤᠯᠪᠠᠯ ᠰᠠᠶᠢ᠊ ᠢ ᠰᠢᠨ᠎ᠠ ᠨᠡᠶᠢᠢᠯᠡᠯ ᠬᠦᠴᠦᠨ ᠢ ᠪᠦᠷᠢᠯᠳᠦᠭᠦᠯᠵᠤ ᠴᠢᠳᠠᠨ᠎ᠠ︾ ᠭᠡᠵᠤ ᠶᠦᠨᠨᠠᠨ ᠤ ᠦᠩᠭᠡᠳᠤ ᠳᠡᠮᠦᠷᠯᠢᠭ ᠤᠨ ᠪᠦᠯᠦᠭᠯᠡᠯ ᠤᠨ ᠺᠦᠨᠮᠢᠩ ᠤᠨ ᠬᠦᠨᠳᠤ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠶᠢᠨ ᠳᠡᠷᠢᠭᠦᠨ ᠮᠡᠷᠭᠡᠵᠢᠯᠳᠡᠨ ᠭᠧᠩ ᠵᠢᠶᠠ ᠱᠧᠩ ᠲᠦᠯᠦᠭᠡᠯᠡᠭᠴᠢ ᠬᠡᠯᠡᠪᠡ᠃     ︽ᠠᠵᠤ ᠠᠬᠤᠢ ᠰᠢᠨᠵᠢᠯᠡᠭᠦ ᠤᠬᠠᠭᠠᠨ ᠮᠡᠷᠭᠡᠵᠢᠯ ᠬᠤᠶᠠᠷ ᠰᠠᠯᠤᠩᠬᠢᠷᠠᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠮᠵᠢ ᠶᠢ ᠨᠢᠬᠡ ᠲᠠᠯ᠎ᠠ ᠳᠤᠨᠢ ᠬᠠᠶᠠᠬᠤ ᠪᠠᠶᠢᠢᠳᠠᠯ ᠠᠭᠠᠵᠢᠮ ᠢᠶᠠᠷ ᠦᠬᠡᠷᠡᠴᠢᠯᠡᠭᠳᠡᠵᠦ ᠪᠠᠶᠢᠢᠨ᠎ᠠ᠃ ᠪᠢᠳᠡ ᠦᠮᠴᠢᠯᠡᠯ ᠤᠨ ᠡᠷᠭᠡ ᠪᠠᠷ ᠡᠭᠦᠳᠦᠨ ᠪᠦᠳᠦᠭᠡᠭᠴᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠮᠵᠢ ᠶᠢ ᠬᠤᠪᠢᠷᠠᠭᠤᠯᠬᠤ ᠶᠢ ᠲᠦᠷᠭᠡᠳᠭᠡᠭᠦ ᠶᠢ ᠵᠤᠷᠢᠭᠵᠢᠭᠤᠯᠪᠠ᠃ ᠳᠤᠷᠰᠢᠯᠳᠠ ᠶᠢᠨ ᠴᠢᠬ ᠤᠨ ᠠᠵᠢᠯ ᠦᠷᠨᠢᠭᠦᠯᠦᠭᠰᠡᠨ ᠨᠢᠭᠡ ᠵᠢᠯ ᠤᠨ ᠳᠤᠷᠰᠢ᠂ ᠵᠠᠭᠤ ᠭᠠᠷᠤᠢ ᠵᠦᠢᠯ ᠤᠨ ᠳᠤᠰᠢᠶᠠᠯ ᠤᠨ ᠡᠭᠦᠳᠦᠨ ᠪᠦᠳᠦᠭᠡᠯᠳᠡ ᠶᠢᠨ ᠳᠤᠰᠬᠠᠢ ᠠᠰᠢᠭ ᠤᠨ ᠡᠷᠭᠡ ᠶᠢ ᠳᠤᠳᠤᠷᠬᠠᠶᠢᠢᠯᠠᠵᠤ᠂ ᠳᠡᠭᠡᠳᠤ ᠰᠢᠨᠵᠢᠯᠡᠭᠦ ᠤᠬᠠᠭᠠᠨ ᠮᠡᠷᠭᠡᠵᠢᠯ ᠤᠨ ᠤᠯᠠᠨ ᠠᠵᠤ ᠠᠬᠤᠶᠢᠢᠯᠠᠯ ᠢ ᠪᠠᠶᠢᠢᠭᠤᠯᠤᠨ᠂ ᠦᠷ᠎ᠠ ᠪᠦᠳᠦᠮᠵᠢ ᠶᠢ ᠬᠤᠪᠢᠷᠠᠭᠤᠯᠤᠭᠰᠠᠨ ᠨᠢ ᠠᠩᠬ᠎ᠠ ᠠᠯᠬᠤᠮ ᠠᠮᠵᠢᠯᠳᠠ ᠪᠦᠳᠦᠮᠵᠢ ᠤᠯᠤᠭᠰᠠᠨ ᠪᠠᠶᠢᠢᠨ᠎ᠠ︾ ᠭᠡᠵᠤ ᠳᠤᠮᠳᠠᠳᠤ ᠤᠯᠤᠰ ᠤᠨ ᠰᠢᠨᠵᠢᠯᠡᠭᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠠᠷᠠᠭᠤᠨ ᠡᠮᠤᠨᠡᠳᠤ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠵᠦᠪᠯᠡᠯ ᠤᠨ ᠡᠷᠬᠢᠯᠡᠭᠴᠢ ᠵᠠᠢ ᠸᠠᠨ ᠮᠢᠩ ᠲᠦᠯᠦᠭᠡᠯᠡᠭᠴᠢ ᠬᠡᠯᠡᠨ᠎ᠠ᠃     ᠠᠵᠢᠯ ᠤᠨ ᠨᠢᠭᠡᠳᠦᠭᠡᠷ ᠹᠷᠤᠨᠲ ᠲᠤ 30 ᠰᠢᠬᠠᠮ ᠵᠢᠯ ᠭᠠᠪᠰᠢᠭᠠᠶᠢᠢᠯᠠᠭᠰᠠᠨ ᠬᠤᠪᠧᠢ ᠮᠤᠵᠢ ᠶᠢᠨ ᠳᠠᠷᠢᠶᠠᠯᠠᠩ ᠤᠨ ᠰᠢᠨᠵᠢᠯᠡᠭᠦ ᠤᠬᠠᠭᠠᠨ ᠤ ᠬᠦᠷᠢᠶᠡᠯᠡᠩ ᠤᠨ ᠠᠮᠤ ᠪᠤᠳᠠᠭᠠᠨ ᠤ ᠳᠠᠷᠢᠮᠠᠯ ᠤᠨ ᠰᠤᠳᠤᠯᠭᠠᠨ ᠤ ᠭᠠᠵᠠᠷ ᠤᠨ ᠳᠠᠷᠤᠭ᠎ᠠ ᠠᠢ ᠴᠢᠩ ᠲᠦᠯᠦᠭᠡᠯᠡᠭᠴᠢ ᠬᠡᠯᠡᠭᠦ ᠳᠡᠭᠡᠨ᠂ ︽ᠪᠢᠳᠡ ᠬᠦᠳᠡᠭᠡ ᠠᠵᠤ ᠠᠬᠤᠢ ᠶᠢᠨ ᠰᠤᠳᠤᠯᠭᠠᠨ ᠬᠢᠵᠤ ᠪᠠᠶᠢᠢᠳᠠᠭ ᠨᠢ ᠡᠷᠭᠡᠪᠰᠢ ᠬᠦᠳᠡᠭᠡ ᠠᠵᠤ ᠠᠬᠤᠢ ᠶᠢᠨ ᠠᠵᠤ ᠦᠢᠯᠡᠰ ᠤᠨ ᠬᠦᠭᠵᠢᠯᠳᠡ ᠳᠤ ᠦᠷᠭᠦᠯᠵᠢᠯᠡᠭᠦ ᠰᠢᠨᠵᠢᠯᠡᠭᠦ ᠤᠬᠠᠭᠠᠨ ᠮᠡᠷᠭᠡᠵᠢᠯ ᠤᠨ ᠳᠤᠯᠭᠠᠭᠤᠷᠢᠯᠠᠯ ᠬᠠᠩᠭᠠᠬᠤ ᠬᠡᠷᠡᠭᠳᠠᠢ ᠶᠤᠮ᠃ ᠳᠤᠮᠳᠠᠳᠤᠴᠤᠳ ᠲᠤ ᠦᠪᠡᠷ ᠤᠨ ᠪᠤᠳᠠᠭᠠᠨ ᠠᠶᠠᠭ᠎ᠠ ᠶᠢ ᠨᠢ ᠯᠠᠪᠳᠠᠭᠤᠨ ᠠᠳᠬᠤᠭᠤᠯᠬᠤ ᠶᠢᠨ ᠬᠠᠮᠳᠤ ᠨᠡᠩ ᠠᠮᠳᠠ ᠰᠢᠮᠳᠠ ᠲᠠᠢ ᠢᠳᠡᠭᠦᠯᠬᠦ ᠶᠢᠨ ᠲᠦᠯᠦᠭᠡ ᠶᠤᠮ︾ ᠭᠡᠯ᠎ᠠ᠃     ᠪᠠᠶᠢᠢᠯᠳᠤᠬᠤ ᠪᠤᠳᠤᠯᠭ᠎ᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠭᠦᠯᠦᠨ᠎ᠠ     ᠴᠢᠳᠠᠪᠤᠷᠢᠳᠠᠨ ᠪᠤᠯ ᠨᠢᠭᠡᠳᠦᠭᠡᠷ ᠡᠬᠢ ᠪᠠᠶᠠᠯᠢᠭ ᠪᠤᠯᠤᠨ᠎ᠠ᠃ ᠰᠢᠨ᠎ᠠ ᠶᠢ ᠡᠭᠦᠳᠭᠦ ᠬᠦᠳᠡᠯᠭᠡᠭᠦ ᠬᠦᠴᠦᠨ ᠨᠢ ᠦᠨᠡᠨ ᠳᠡᠭᠡᠨ ᠴᠢᠳᠠᠪᠤᠷᠢᠳᠠᠨ ᠤ ᠬᠦᠳᠡᠯᠭᠡᠭᠦ ᠬᠦᠴᠦᠨ ᠪᠤᠯᠤᠨ᠎ᠠ᠃ ᠴᠢᠳᠠᠪᠤᠷᠢᠳᠠᠨ ᠬᠦᠴᠦᠷᠭᠡᠭ᠂ ᠰᠢᠨᠵᠢᠯᠡᠭᠦ ᠤᠬᠠᠭᠠᠨ ᠮᠡᠷᠭᠡᠵᠢᠯ ᠬᠦᠴᠦᠷᠭᠡᠭ ᠪᠤᠯ ᠰᠠᠶᠢ᠊ ᠢ ᠠᠵᠤ ᠦᠢᠯᠡᠰ ᠤᠨ ᠬᠦᠴᠦᠷᠭᠡᠭᠵᠢᠯ᠂ ᠠᠵᠤ ᠠᠬᠤᠢ ᠶᠢᠨ ᠬᠦᠴᠦᠷᠭᠡᠭᠵᠢᠯ᠂ ᠤᠯᠤᠰ ᠤᠷᠤᠨ ᠤ ᠬᠦᠴᠦᠷᠭᠡᠭᠵᠢᠯ ᠢ ᠳᠠᠶᠢᠢᠴᠢᠯᠠᠵᠤ ᠴᠢᠳᠠᠨ᠎ᠠ᠃     ᠢᠯᠡᠳᠭᠡᠯ ᠳᠤ᠂ ᠤᠯᠠᠨ ᠤᠯᠤᠰ ᠤᠨ ᠬᠢᠷᠢ ᠲᠦᠪᠰᠢᠨ ᠲᠠᠢ ᠨᠢᠭᠡᠨ ᠪᠦᠯᠦᠭ ᠪᠠᠶᠢᠢᠯᠳᠤᠬᠤ ᠪᠤᠳᠤᠯᠭ᠎ᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠴᠢᠳᠠᠪᠤᠷᠢᠳᠠᠨ᠂ ᠰᠢᠨᠵᠢᠯᠡᠭᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠳᠠᠨ᠂ ᠰᠢᠨᠵᠢᠯᠡᠭᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠳᠠᠨ ᠪᠤᠯᠤᠨ ᠦᠨᠳᠦᠷ ᠬᠢᠷᠢ ᠲᠦᠪᠰᠢᠨ ᠲᠠᠢ ᠰᠢᠨ᠎ᠠ ᠶᠢ ᠡᠭᠦᠳᠭᠦ ᠪᠦᠯᠬᠦᠮ ᠢ ᠬᠦᠮᠦᠵᠢᠭᠦᠯᠦᠨ ᠪᠤᠶᠢᠢᠵᠢᠭᠤᠯᠬᠤ ᠬᠡᠷᠡᠭᠳᠠᠢ ᠭᠡᠵᠤ ᠳᠤᠳᠤᠷᠬᠠᠢ ᠱᠠᠭᠠᠷᠳᠠᠭᠰᠠᠨ ᠪᠠᠶᠢᠢᠨ᠎ᠠ᠃     ᠲᠦᠯᠦᠭᠡᠯᠡᠭᠴᠢᠳ᠂ ᠡᠷᠭᠡᠪᠰᠢ ᠰᠢᠨ᠎ᠠ ᠶᠢ ᠡᠭᠦᠳᠭᠦ ᠴᠢᠳᠠᠪᠤᠷᠢᠳᠠᠨ ᠢ ᠬᠦᠮᠦᠵᠢᠭᠦᠯᠬᠦ ᠲᠦᠷᠦ ᠶᠢᠨ ᠪᠤᠳᠤᠯᠭ᠎ᠠ ᠪᠠ ᠵᠤᠷᠢᠭᠵᠢᠭᠤᠯᠬᠤ ᠳᠤᠭᠳᠠᠴᠠ ᠶᠢ ᠤᠷᠤᠭᠤᠯᠤᠨ ᠠᠪᠴᠢᠷᠠᠵᠦ᠂ ᠡᠷᠳᠡᠮ ᠰᠢᠨᠵᠢᠯᠡᠭᠡᠨ ᠤ ᠬᠦᠮᠦᠰ ᠲᠤ ᠰᠡᠳᠬᠢᠯ ᠠᠮᠤᠷ ᠰᠤᠳᠤᠯᠭᠠᠨ ᠬᠢᠭᠦ᠂ ᠨᠢᠭᠡᠨ ᠰᠡᠳᠭᠢᠯ ᠢᠶᠠᠷ ᠰᠢᠨ᠎ᠠ ᠶᠢ ᠡᠭᠦᠳᠭᠦ ᠰᠠᠶᠢᠢᠨ ᠰᠠᠶᠢᠢᠬᠠᠨ ᠨᠦᠭᠦᠴᠡᠯ ᠢ ᠪᠦᠷᠢᠯᠳᠦᠭᠦᠯᠦᠨ ᠦᠭᠴᠦ᠂ ᠡᠯ᠎ᠠ ᠲᠦᠷᠦᠯ ᠤᠨ ᠴᠢᠳᠠᠪᠤᠷᠢᠳᠠᠨ ᠤ ᠰᠢᠨ᠎ᠠ ᠶᠢ ᠡᠭᠦᠳᠭᠦ ᠠᠮᠢᠵᠢᠷᠠᠯ ᠤᠨ ᠬᠦᠴᠦᠨ ᠢ ᠨᠢ ᠬᠠᠷᠢᠯᠴᠠᠨ ᠦᠷᠢᠰᠦᠯᠳᠦᠭᠦᠯᠦᠨ ᠬᠦᠭᠵᠢᠭᠡᠵᠦ᠂ ᠠᠪᠢᠶᠠᠰ ᠡᠷᠳᠡᠮ ᠤᠶᠤᠨ ᠤᠬᠠᠭᠠᠨ ᠢ ᠨᠢ ᠬᠦᠢᠴᠡᠳ ᠪᠠᠳᠠᠷᠠᠭᠤᠯᠵᠤ᠂ ᠦᠷᠬᠡᠨ ᠤᠯᠠᠨ ᠰᠤᠳᠤᠯᠭᠠᠨ ᠤ ᠠᠵᠢᠯᠳᠠᠳ ᠢ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠢᠭᠡᠮ ᠵᠢᠷᠤᠮ ᠤᠨ ᠠᠤᠭ᠎ᠠ ᠦᠢᠯᠡᠰ ᠲᠤ ᠲᠦᠪᠯᠡᠷᠡᠭᠦᠯᠦᠨ ᠤᠷᠤᠯᠴᠠᠭᠤᠯᠪᠠᠯ ᠵᠤᠬᠢᠨ᠎ᠠ ᠭᠡᠵᠤ ᠢᠯᠡᠷᠭᠡᠶᠢᠢᠯᠡᠵᠡᠭᠡᠪᠡ᠃     ︽ᠰᠢᠨ᠎ᠠ ᠶᠢ ᠡᠭᠦᠳᠭᠦ ᠪᠠᠷ ᠬᠦᠭᠵᠢᠯᠳᠡ ᠶᠢᠨ ᠬᠦᠳᠡᠯᠬᠡᠬᠦᠷ ᠪᠤᠯᠭᠠᠵᠦ᠂ ᠦᠭᠡᠷᠡᠴᠢᠯᠡᠯᠳᠡ ᠪᠠᠷ ᠰᠢᠨ᠎ᠠ ᠶᠢ ᠡᠭᠦᠳᠭᠦ ᠶᠢᠨ ᠬᠦᠳᠡᠯᠬᠡᠬᠦᠷ ᠪᠤᠯᠭᠠᠨ᠎ᠠ︾ ᠭᠡᠵᠤ ᠰᠢᠨᠵᠢᠯᠡᠭᠦ ᠤᠬᠠᠭᠠᠨ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠢᠯᠠᠩ ᠤᠨ ᠱᠦᠵᠢ᠂ ᠳᠡᠳ᠋ ᠰᠠᠶᠢᠢᠳ ᠸᠠᠩ ᡁᠢ ᠭᠠᠩ ᠲᠦᠯᠦᠭᠡᠯᠡᠭᠴᠢ ᠢᠯᠡᠷᠭᠡᠶᠢᠢᠯᠡᠵᠤ᠂ ᠳᠠᠷᠠᠭᠠᠴᠢ ᠶᠢᠨ ᠠᠯᠬᠤᠮ ᠳᠤ ᠬᠦᠮᠦᠨ ᠤ ᠢᠳᠡᠪᠬᠢᠵᠢᠯ ᠢ ᠪᠠᠳᠠᠷᠠᠭᠤᠯᠬᠤ ᠶᠢᠨ ᠳᠤᠭᠤᠷᠢᠨ ᠳᠤ ᠠᠵᠢᠯ ᠢᠶᠠᠨ ᠦᠷᠨᠢᠭᠦᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠪᠠᠶᠢᠢᠭᠤᠯᠤᠮᠵᠢ ᠶᠢᠨ ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠢᠷᠡᠭᠦᠯᠵᠤ᠂ ᠰᠤᠳᠤᠯᠭᠠᠨ ᠤ ᠠᠵᠢᠯᠳᠠᠨ ᠳᠤ ᠡᠷᠭᠡ ᠳᠡᠭᠰᠢ᠂ ᠲᠦᠪ ᠭᠤᠤᠯᠴᠢ᠂ ᠠᠰᠢᠭᠳᠠᠢ ᠪᠠᠶᠢᠢᠬᠤ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠠᠮᠢ ᠠᠬᠤᠢ ᠶᠢᠨ ᠰᠢᠰᠲ᠋ᠧᠮ ᠢ ᠪᠠᠶᠢᠢᠭᠤᠯᠤᠨ ᠦᠭᠭᠦᠨ᠎ᠠ ᠭᠡᠵᠠᠢ᠃     ᠲᠦᠪ ᠤᠨ ᠠᠵᠤ ᠠᠬᠤᠶᠢᠢᠯᠠᠯ ᠪᠤᠯ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠲᠤᠯᠭᠠᠭᠤᠷᠢ ᠪᠤᠯᠤᠨ᠎ᠠ᠂ ᠮᠠᠰᠢ ᠶᠡᠭᠡ ᠬᠡᠮᠵᠢᠶᠡᠨ ᠳᠤ ᠤᠯᠤᠰ ᠤᠨ ᠰᠢᠨ᠎ᠠ ᠶᠢ ᠡᠬᠦᠳᠬᠦ ᠴᠢᠳᠠᠪᠤᠷᠢ ᠶᠢᠨ ᠬᠢᠷᠢ ᠲᠦᠪᠰᠢᠨ ᠢ ᠲᠦᠯᠦᠬᠡᠯᠡᠵᠤ ᠪᠠᠶᠢᠢᠨ᠎ᠠ᠃ ︽ᠬᠦᠮᠦᠨ ᠤ ᠡᠬᠦᠳᠦᠨ ᠪᠦᠳᠦᠬᠡᠬᠦ ᠴᠢᠳᠠᠪᠤᠷᠢ ᠪᠤᠯ ᠬᠠᠮᠤᠭ ᠤᠨ ᠴᠢᠬᠤᠯᠡ ᠡᠬᠢ ᠪᠠᠶᠠᠯᠢᠭ ᠪᠤᠯᠤᠨ᠎ᠠ᠃ ᠡᠯᠧᠺᠲᠷᠤᠨ ᠰᠢᠨᠵᠢᠯᠡᠬᠦ ᠤᠬᠠᠭᠠᠨ ᠮᠡᠷᠬᠡᠵᠢᠯ ᠨᠢ ᠰᠦᠯᠵᠢᠶᠡᠨ ᠤ ᠮᠡᠳᠡᠭᠡ ᠵᠠᠩᠬᠢ ᠮᠡᠷᠬᠡᠵᠢᠯ ᠬᠡᠬᠦ ᠡᠨᠡᠬᠦ ᠪᠦᠮᠪᠦᠷᠴᠡᠭ ᠤᠨ ᠰᠤᠳᠤᠯᠤᠨ ᠨᠡᠬᠡᠬᠡᠯᠳᠡ ᠶᠢᠨ ᠪᠡᠯᠡ ᠤᠷᠤᠭᠤᠯᠤᠯᠳᠠ ᠬᠠᠮᠤᠭ ᠠᠴᠠ ᠲᠦᠪᠯᠡᠷᠡᠭᠰᠡᠨ᠂ ᠰᠢᠨ᠎ᠠ ᠶᠢ ᠡᠬᠦᠳᠬᠦ ᠲᠠᠯ᠎ᠠ ᠪᠠᠷ ᠬᠠᠮᠤᠭ ᠬᠦᠭᠵᠢᠶᠡᠨᠳᠡᠢ ᠬᠦᠷᠢᠶ᠎ᠠ ᠴᠠᠷᠠᠭ᠎ᠠ ᠳᠤ ᠪᠤᠢ᠃ ᠪᠢᠳᠡ ᠤᠶᠢᠢᠯᠠᠭᠠᠬᠳᠠᠬᠤᠨ᠂ ᠪᠠᠶᠢᠢᠭᠤᠯᠤᠮᠵᠢ ᠲᠤᠬᠳᠠᠴᠡ ᠶᠢᠨ ᠰᠢᠨ᠎ᠠ ᠶᠢ ᠡᠬᠦᠳᠬᠦ ᠪᠠᠷ ᠲᠠᠮᠵᠢᠵᠦ᠂ ᠬᠦᠮᠦᠨ ᠤ ᠤᠷᠮ᠎ᠠ ᠬᠦᠴᠦ ᠶᠢ ᠪᠠᠳᠠᠷᠠᠭᠤᠯᠤᠨ᠎ᠠ᠃ ᠵᠢᠱᠢᠶᠡᠯᠡᠪᠡᠯ᠂ 2012 ᠤᠨ ᠤ ᠵᠢᠯ ᠤᠨ ᠡᠴᠤᠰ ᠲᠤ᠂ ᠲᠤᠮᠳᠠᠳᠤ ᠤᠯᠤᠰ ᠤᠨ ᠡᠯᠧᠺᠲᠷᠤᠨ ᠰᠢᠨᠵᠢᠯᠡᠬᠦ ᠤᠬᠠᠭᠠᠨ ᠮᠡᠷᠬᠡᠵᠢᠯ ᠤᠨ ᠪᠦᠯᠦᠭᠯᠡᠯ ᠤᠨ ᠺᠤᠮᠫᠠᠨᠢ ᠨᠢ ᠲᠡᠷᠢᠬᠦᠨ ᠰᠢᠨᠵᠢᠯᠡᠬᠦ ᠤᠬᠠᠭᠠᠨᠳᠠᠨ ᠤ ᠲᠦᠷᠢᠮ ᠢ ᠬᠡᠷᠡᠭᠵᠢᠬᠦᠯᠵᠤ᠂ ᠲᠠᠭᠠᠭᠤᠯᠤᠬᠴᠢ ᠰᠢᠨᠵᠢᠯᠡᠬᠦ ᠤᠬᠠᠭᠠᠨᠳᠠᠨ ᠳᠤ ᠢᠷᠠᠭᠤ ᠠᠯᠳᠠᠷ ᠪᠤᠯᠤᠨ ᠭᠦᠯᠦᠰᠤ ᠬᠠᠷᠡᠮᠵᠢ ᠤᠯᠭᠤᠬᠰᠡᠨ ᠢᠶᠠᠷ ᠦᠯᠤ ᠪᠠᠷᠠᠮ᠂ ᠭᠤᠤᠯ ᠨᠢ ᠲᠡᠳᠡᠨᠦᠰ ᠲᠤ ᠪᠦᠯᠬᠦᠮ ᠲᠠᠭᠠᠭᠤᠯᠬᠤ᠂ ᠠᠵᠢᠯ ᠤᠨ ᠦᠷ᠎ᠠ ᠪᠦᠳᠦᠬᠡᠯ ᠭᠠᠷᠭᠠᠬᠤ ᠲᠡᠪᠴᠡᠩ ᠬᠠᠩᠭᠠᠵᠤ᠂ ᠵᠢᠱᠢᠶᠡᠴᠢ ᠪᠤᠯᠤᠨ ᠲᠠᠭᠠᠭᠤᠯᠤᠬᠴᠢ ᠶᠢᠨ ᠦᠢᠯᠡᠳᠤᠯ ᠢ ᠨᠢ ᠨᠡᠩ ᠰᠠᠶᠢᠢᠨ ᠪᠠᠳᠠᠷᠠᠭᠤᠯᠵᠡᠢ︾ ᠬᠡᠵᠤ ᠲᠤᠮᠳᠠᠳᠤ ᠤᠯᠤᠰ ᠤᠨ ᠡᠯᠧᠺᠲᠷᠤᠨ ᠰᠢᠨᠵᠢᠯᠡᠬᠦ ᠤᠬᠠᠭᠠᠨ ᠮᠡᠷᠬᠡᠵᠢᠯ ᠤᠨ ᠪᠦᠯᠦᠭᠯᠡᠯ ᠺᠤᠮᠫᠠᠨᠢ ᠶᠢᠨ ᠨᠠᠮ ᠤᠨ ᠤᠳᠤᠷᠢᠳᠬᠤ ᠲᠤᠭᠤᠶᠢᠢᠯᠠᠩ ᠤᠨ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠰᠢᠶᠦ᠋ᠩ ᠴᠢᠶᠦ᠋ᠨ ᠯᠢ ᠲᠦᠯᠦᠭᠡᠯᠡᠭᠴᠢ ᠶᠠᠷᠢᠨ᠎ᠠ᠃     ᠬᠦᠢᠵᠧᠤ ᠶᠡᠭᠡ ᠰᠤᠷᠭᠠᠭᠤᠯᠢ ᠶᠢᠨ ᠨᠠᠮ ᠤᠨ ᠬᠤᠷᠢᠶᠡᠨ ᠤ ᠱᠦᠵᠢ᠂ ᠵᠠᠬᠢᠷᠤᠯ ᠴᠧᠨ ᠵᠢᠶᠠᠨ ᠲᠦᠯᠦᠬᠡᠯᠡᠭᠴᠢ ᠶᠢᠨ ᠦᠵᠡᠬᠦ ᠪᠠᠷ᠂ ᠶᠡᠭᠡ ᠲᠡᠬᠡᠳᠤ ᠰᠤᠷᠭᠠᠭᠤᠯᠢ ᠪᠤᠯ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠠ ᠶᠢ ᠡᠬᠦᠳᠬᠦ ᠮᠠᠰᠢ ᠴᠢᠬᠤᠯᠡ ᠰᠠᠭᠤᠷᠢᠨ ᠪᠤᠯᠤᠨ᠎ᠠ᠃ ᠲᠤᠮᠳᠠᠳᠤ ᠤᠯᠤᠰ ᠤᠨ ᠠᠷᠪᠠᠨ ᠤ ᠲᠤᠯᠤᠭᠠᠨ ᠬᠤᠪᠢ ᠤᠷᠴᠢᠮ ᠤᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠭᠠᠨ ᠤ ᠦᠷ᠎ᠠ ᠪᠦᠳᠦᠬᠡᠯ᠂ ᠡᠬᠦᠳᠦᠨ ᠪᠦᠳᠦᠬᠡᠭᠰᠡᠨ ᠡᠬᠦᠳᠦᠯᠳᠡ ᠨᠢ ᠪᠦᠷ ᠶᠡᠭᠡ ᠲᠡᠬᠡᠳᠤ ᠰᠤᠷᠭᠠᠭᠤᠯᠢ ᠠᠴᠠ ᠢᠷᠡᠯᠳᠡ ᠲᠠᠢ᠃     ︽ᠡᠷᠬᠡᠪᠰᠢ ᠡᠨᠡᠬᠦ ᠰᠠᠭᠤᠷᠢᠨ ᠤ ᠦᠢᠯᠡᠳᠤᠯ ᠢ ᠰᠠᠶᠢᠢᠳᠤᠷ ᠪᠠᠳᠠᠷᠠᠭᠤᠯᠵᠤ᠂ ᠤᠷᠤᠯᠭ᠎ᠠ ᠶᠢᠨ ᠬᠤᠪᠢᠶᠠᠷᠢᠯᠠᠯᠳᠡ ᠶᠢᠨ ᠦᠬᠡᠷᠡᠴᠢᠯᠡᠯᠳᠡ ᠪᠠᠷ ᠲᠠᠮᠵᠢᠨ᠂ ᠡᠬᠦᠳᠦᠨ ᠪᠦᠳᠦᠬᠡᠯᠳᠡ ᠲᠠᠢ ᠪᠠᠭᠰᠢ ᠶᠢ ︿ᠨᠡᠷ᠎ᠠ ᠠᠯᠳᠠᠷ ᠪᠠ ᠠᠰᠢᠬ ᠤᠷᠤᠯᠭ᠎ᠠ ᠶᠢ ᠬᠠᠮᠳᠤᠪᠡᠷ ᠤᠯᠭᠤᠬᠤ﹀ ᠪᠤᠯᠭᠠᠨ᠎ᠠ︾ ᠬᠡᠪᠡ᠃     ᠪᠠᠶᠢᠢᠯᠳᠤᠬᠤ ᠪᠤᠳᠤᠯᠭ᠎ᠠ ᠶᠢᠨ ᠴᠢᠳᠠᠪᠤᠷᠢᠳᠠᠨ ᠢ ᠬᠦᠮᠦᠵᠢᠬᠦᠯᠬᠦ ᠳᠤ ᠲᠡᠪᠴᠡᠩ ᠢᠶᠠᠨ ᠰᠠᠶᠢᠢᠳᠤᠷ ᠪᠠᠶᠢᠢᠭᠤᠯᠬᠤ ᠬᠡᠷᠡᠭᠳᠡᠢ᠃ ᠰᠦᠵᠧᠤ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠢᠤᠢ ᠬᠤᠢ ᠮᠢᠨ ᠲᠦᠯᠦᠬᠡᠯᠡᠭᠴᠢ ᠶᠢᠨ ᠬᠡᠯᠡᠬᠦ ᠪᠠᠷ᠂ ᠲᠤᠬᠠᠢ ᠶᠢᠨ ᠭᠠᠵᠡᠷ ᠨᠢ 10 ᠭᠠᠷᠤᠢ ︽ᠤᠯᠤᠰ ᠤᠨ ᠠᠩᠬᠢ︾᠎ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠭᠠᠨ ᠤ ᠬᠦᠷᠢᠶᠠᠯᠠᠩ ᠲᠠᠰᠤᠭ ᠢ ᠤᠷᠤᠭᠤᠯᠤᠨ ᠠᠪᠴᠢᠷᠠᠵᠦ᠂ 500 ᠰᠢᠨ᠎ᠠ ᠬᠡᠯᠪᠡᠷᠢ ᠶᠢᠨ ᠰᠤᠳᠤᠯᠤᠨ ᠨᠡᠬᠡᠬᠡᠬᠦ ᠪᠠᠶᠢᠢᠭᠤᠯᠤᠮᠵᠢ ᠶᠢ ᠲᠦᠪᠯᠡᠷᠡᠬᠦᠯᠵᠤ᠂ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾᠎ ᠶᠢᠨ 143 ᠴᠢᠳᠠᠪᠤᠷᠢᠳᠠᠨ ᠢ ᠤᠷᠤᠭᠤᠯᠤᠨ ᠠᠪᠴᠢᠷᠠᠵᠠᠢ᠃ ᠡᠳᠡᠬᠡᠷ ᠴᠢᠳᠠᠪᠤᠷᠢᠳᠠᠨ ᠨᠢ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠭᠠᠨ ᠤ ᠰᠢᠨ᠎ᠠ ᠶᠢ ᠡᠬᠦᠳᠬᠦ ᠪᠠᠷ ᠲᠠᠮᠵᠢᠨ ᠤᠯᠠᠨ ᠦᠢᠯᠡᠳᠬᠦᠨ ᠤ ᠤᠯᠠᠨ ᠤᠯᠤᠰ ᠤᠨ ᠭᠠᠭᠴᠠᠭᠠᠷ ᠡᠵᠡᠮᠰᠢᠯ ᠢ ᠡᠪᠳᠡᠵᠤ᠂ ᠭᠠᠵᠡᠷ ᠤᠷᠤᠨ ᠤ ᠬᠦᠭᠵᠢᠯᠳᠡ ᠳᠤ ᠮᠠᠰᠢ ᠶᠡᠭᠡ ᠬᠦᠳᠡᠯᠬᠡᠬᠦ ᠬᠦᠴᠦ ᠶᠢ ᠤᠷᠤᠭᠤᠯᠤᠬᠰᠠᠨ ᠪᠠᠶᠢᠢᠨ᠎ᠠ᠃     ᠨᠠᠮ ᠤᠨ ᠠᠷᠪᠡ ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠤ᠂ ᠮᠡᠳᠡᠯᠬᠡ ᠲᠠᠢ᠂ ᠮᠡᠷᠬᠡᠵᠢᠯ ᠲᠠᠢ᠂ ᠰᠢᠨ᠎ᠠ ᠶᠢ ᠡᠬᠦᠳᠦᠭᠰᠡᠨ ᠬᠦᠳᠡᠯᠮᠤᠷᠢᠴᠢᠨ ᠤ ᠡᠩᠨᠡᠭᠡ ᠶᠢ ᠪᠠᠶᠢᠢᠭᠤᠯᠵᠤ᠂ ᠬᠦᠳᠡᠯᠮᠤᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ ᠪᠤᠯᠤᠨ ᠤᠷᠠᠨ ᠲᠠᠷᠬᠠᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠎ᠠ ᠬᠡᠵᠤ ᠵᠢᠭᠠᠵᠤ ᠭᠠᠷᠭᠠᠪᠠ᠃     ︽ᠨᠢᠬᠡ ᠮᠡᠷᠬᠡᠵᠢᠯ ᠤᠨ ᠠᠵᠢᠯᠴᠢᠨ ᠪᠤᠯᠤᠬᠰᠠᠨ ᠤ ᠬᠤᠪᠢ ᠳᠤ᠂ ᠪᠢ ᠬᠤᠶᠢᠢᠰᠢᠳᠡ ᠶᠢᠨ ᠠᠵᠢᠯ ᠤᠨ ᠲᠤᠮᠳᠡ ᠪᠠᠨ ᠬᠤᠪᠢ ᠲᠠᠬᠢᠨ ᠴᠢᠷᠮᠠᠶᠢᠢᠨ᠂ ᠠᠵᠢᠯ ᠳᠠᠭᠠᠨ ᠨᠡᠩ ᠨᠠᠷᠢᠨ ᠨᠢᠮᠪᠠᠢ ᠪᠠᠶᠢᠢᠵᠤ᠂ ᠬᠤᠪᠢᠳᠠᠬᠰᠠᠨ ᠠᠵᠢᠯ ᠤᠨ ᠢᠶᠠᠨ ᠨᠢᠬᠡ ᠰᠡᠯᠪᠢᠭ ᠲᠤᠨᠤᠭ ᠢ ᠴᠤ ᠦᠨᠳᠦᠷ ᠪᠠᠷᠢᠮᠵᠢᠶ᠎ᠠ ᠪᠠᠷ ᠪᠡᠶᠡᠯᠡᠬᠦᠯᠵᠦ᠂ ᠬᠦᠨ ᠲᠠᠯᠠᠢ ᠳᠠᠬᠢ ᠲᠤᠨᠤᠬᠯᠠᠯ ᠲᠦᠭᠦᠭᠡᠷᠦᠮᠵᠢ ᠶᠢᠨ ᠠᠵᠢᠯᠯᠠᠭᠠᠨ ᠤ ᠠᠮᠤᠷ ᠲᠦᠪᠰᠢᠨ ᠢ ᠪᠠᠳᠤᠯᠠᠵᠤ᠂ ᠡᠬᠡ ᠤᠯᠤᠰ ᠤᠨ ᠲᠠᠯᠠᠢ ᠲᠠᠩᠬᠢᠰ ᠤᠨ ᠬᠦᠴᠦᠷᠬᠡᠭ ᠤᠯᠤᠰ ᠤᠨ ᠬᠦᠰᠡᠯ ᠵᠡᠬᠦᠳᠦ ᠶᠢ ᠪᠡᠶᠡᠯᠡᠬᠦᠯᠬᠦ ᠳᠤ ᠦᠪᠡᠷ ᠤᠨ ᠠᠯᠢᠪᠠ ᠪᠠᠨ ᠵᠤᠷᠢᠭᠤᠯᠤᠨ᠎ᠠ︾ ᠬᠡᠵᠤ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠨ ᠲᠠᠯᠠᠢ ᠶᠢᠨ ᠰᠢᠨᠵᠢᠯᠡᠬᠦ ᠤᠬᠠᠭᠠᠨ ᠪᠤᠯᠤᠨ ᠢᠨᠵᠧᠨᠧᠷᠢᠩ ᠤᠨ ᠰᠤᠳᠤᠯᠭᠠᠨ ᠤ ᠭᠠᠵᠡᠷ ᠤᠨ ᠲᠤᠷᠰᠢᠯᠳᠡ ᠶᠢᠨ ᠲᠠᠰᠤᠭ ᠤᠨ ᠦᠷᠦᠯᠪᠢ ᠶᠢᠨ ᠠᠵᠢᠯᠴᠢᠨ ᠵᠧᠤ ᠬᠤᠤ ᠲᠦᠯᠦᠬᠡᠯᠡᠭᠴᠢ ᠶᠠᠷᠢᠵᠤ ᠪᠠᠶᠢᠢᠯ᠎ᠠ᠃                                                                ᠢᠷᠡᠯᠳᠡ᠄ ᠰᠢᠨᠬᠤᠧᠠ ᠬᠤᠷᠢᠶ᠎ᠠ  
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号