ᠬᠤᠯᠠᠨ ᠰᠢᠷᠭ᠎ᠠ ᠲᠠᠭ᠎ᠠ ᠶᠢᠨ ᠡᠯᠡᠰᠦᠨ ᠬᠦᠨ ᠳᠠᠬᠢ ᠮᠠᠯ ᠤᠨ ᠰᠤᠯᠢᠯᠴᠠᠭᠠᠨ ᠤ ᠵᠠᠬ᠎ᠠ ᠲᠡᠯᠬᠡᠬᠦᠷ
ᠨᠡᠶᠢᠲᠡᠯᠡᠭᠰᠡᠨ ᠴᠠᠭ᠄
2017/10/9
 
        ᠰᠢᠯᠤᠭᠤᠨ ᠬᠦᠬᠡ ᠬᠤᠰᠢᠭᠤᠨ ᠤ ᠪᠤᠱᠤᠤᠳᠠᠢ ᠰᠤᠮᠤᠨ ᠤ ᠲᠡᠨᠵᠢ ᠭᠠᠴᠠᠭ᠎ᠠ ᠨᠢ ᠬᠤᠯᠠᠨ ᠰᠢᠷᠭ᠎ᠠ ᠲᠠᠭ᠎ᠠ  ᠶᠢᠨ ᠡᠯᠡᠰᠦᠨ ᠬᠦᠨ ᠳᠤ ᠪᠠᠶᠢᠷᠢᠰᠢᠵᠦ᠂ ᠵᠠᠮ ᠨᠡᠪᠳᠡᠷᠡᠯᠬᠡ ᠲᠦᠬᠦᠮ ᠦᠬᠡᠢ ᠵᠡᠷᠬᠡ ᠰᠢᠯᠳᠠᠭᠠᠨ ᠠᠴᠠ ᠪᠤᠯᠵᠦ᠂ ᠠᠳᠡᠬᠢ ᠮᠠᠯᠴᠢᠳ ᠲᠤ ᠮᠠᠯ ᠤᠨ ᠠᠰᠢᠭ ᠰᠢᠮ᠎ᠠ ᠶᠢᠨ ᠪᠤᠷᠤᠯᠠᠭᠤᠯᠭ᠎ᠠ ᠶᠢᠨ ᠦᠷᠳᠡᠭ ᠲᠤᠤᠷ᠎ᠠ ᠪᠤᠶᠤ ᠴᠢᠨᠠᠬᠰᠢᠯᠠᠪᠠᠯ ᠮᠠᠯ ᠢᠶᠠᠨ ᠬᠤᠳᠠᠯᠳᠤᠶ᠎ᠠ ᠬᠡᠳ ᠠᠪᠬᠤ ᠬᠦᠮᠦᠨ ᠦᠬᠡᠢ ᠠᠰᠠᠭᠤᠳᠠᠯ ᠲᠤᠯᠭᠠᠷᠠᠭᠰᠠᠭᠠᠷ ᠢᠷᠡᠵᠡᠢ᠃
        ᠰᠤᠶᠤᠯᠳᠤ ᠪᠤᠯ ᠪᠤᠱᠤᠤᠳᠠᠢ ᠰᠤᠮᠤᠨ ᠤ ᠲᠠᠨᠵᠢ ᠭᠠᠴᠠᠭᠠᠨ ᠤ ᠮᠠᠯᠴᠢᠨ ᠶᠤᠮ᠂ ᠲᠡᠷᠡ ᠵᠠᠮ ᠨᠡᠪᠳᠡᠷᠡᠯᠬᠡ ᠲᠦᠬᠦᠮ ᠦᠬᠡᠢ ᠠᠴᠠ ᠪᠤᠯᠵᠦ ᠮᠠᠯ ᠤᠨ ᠮᠠᠶᠢᠮᠠᠶᠢᠴᠢᠨ ᠲᠡᠮᠡᠢ ᠤᠯᠠᠨ ᠤᠷᠤᠵᠦ ᠢᠷᠡᠬᠦ ᠦᠬᠡᠢ ᠵᠡᠷᠬᠡ ᠠᠴᠠ ᠰᠢᠯᠳᠠᠭᠠᠯᠠᠵᠦ᠂᠂ ᠮᠠᠯᠴᠢᠳ ᠤᠨ ᠤᠷᠤᠯᠭ᠎ᠠ ᠲᠤᠤᠷ᠎ᠠ ᠪᠠᠶᠢᠳᠠᠯ ᠳᠤ ᠴᠢᠭᠯᠡᠬᠦᠯᠦᠨ ᠦᠪᠡᠷ ᠤᠨ ᠢᠶᠠᠨ ᠡᠬᠦᠳᠡᠨ ᠳᠤ ︽ᠦᠬᠡᠳᠡ︾ ᠮᠠᠯ ᠤᠨ ᠰᠤᠯᠢᠯᠴᠠᠭᠠᠨ ᠤ ᠵᠠᠬ᠎ᠠ ᠲᠡᠯᠬᠡᠬᠦᠷ ᠢᠶᠠᠨ ᠨᠡᠬᠡᠬᠡᠵᠦ᠂ ᠭᠠᠷᠠᠭ ᠪᠤᠯᠭᠠᠨ ᠤ ᠨᠢᠬᠡᠨ᠂ ᠬᠤᠶᠠᠷ  ᠲᠤ ᠵᠠᠬ᠎ᠠ ᠪᠠᠨ ᠨᠡᠬᠡᠬᠡᠵᠦ ᠰᠤᠯᠢᠯᠴᠠᠭ᠎ᠠ ᠬᠢᠳᠡᠭ ᠪᠠᠶᠢᠨ᠎ᠠ᠃          9 ᠰᠠᠷ᠎ᠠ ᠶᠢᠨ18 ᠤ ᠡᠳᠦᠷ᠂ ᠰᠤᠷᠪᠤᠯᠵᠢᠯᠠᠬᠴᠢ ︽ᠦᠬᠡᠳᠡ︾ ᠮᠠᠯ ᠤᠨ ᠰᠤᠯᠢᠯᠴᠠᠭᠠᠨ ᠤ ᠵᠠᠬ᠎ᠠ  ᠪᠠᠷ ᠰᠤᠷᠪᠤᠯᠵᠢᠯᠠᠵᠦ ᠬᠦᠷᠬᠦ ᠳᠤ᠂ ᠦᠬᠡᠷ ᠢᠶᠠᠨ ᠬᠦᠬᠡᠬᠡᠭᠰᠡᠨ᠂ ᠲᠡᠭᠡᠭᠡᠭᠰᠡᠨ ᠮᠠᠯᠴᠢᠳ ᠵᠢᠴᠢ ᠮᠠᠯ ᠤᠨ ᠠᠷᠠᠯᠵᠢᠶᠠᠴᠢᠳ ᠴᠦ ᠬᠤᠶᠢᠨ᠎ᠠ ᠬᠤᠶᠢᠨ᠎ᠠ ᠠᠴᠠ ᠪᠠᠨ ᠰᠤᠯᠢᠯᠴᠠᠭᠠᠨ ᠤ ᠵᠠᠬ᠎ᠠ ᠳᠤ ᠢᠷᠡᠵᠦ ᠪᠠᠶᠢᠯ᠎ᠠ᠃ ᠲᠦᠮᠡᠨ ᠬᠦᠮᠦᠨ ᠰᠢᠬᠠᠯᠴᠠᠭᠰᠠᠨ ᠲᠤᠮᠤ ᠰᠤᠯᠢᠯᠴᠠᠭᠠᠨ ᠤ ᠵᠠᠬ᠎ᠠ ᠪᠢᠰᠢ ᠴᠦ ᠮᠠᠯᠴᠢᠨ ᠬᠦᠮᠦᠨ ᠤ ᠦᠪᠡᠷ ᠢᠶᠠᠨ ᠡᠷᠬᠢᠯᠡᠭᠰᠡᠨ᠂ ᠮᠠᠯᠴᠢᠳ ᠤᠨ ᠢᠶᠠᠨ ᠮᠠᠯ ᠢ ᠨᠢᠬᠡ ᠲᠦᠬᠦᠷᠢᠭ ᠴᠦ ᠬᠡᠰᠡᠨ ᠢᠯᠡᠬᠦᠦ ᠬᠤᠳᠠᠯᠳᠤᠭᠤᠯᠤᠶ᠎ᠠ ᠬᠡᠰᠡᠨ ᠮᠠᠯᠴᠢᠨ ᠬᠦᠮᠦᠨ ᠤ ᠦᠪᠡᠷ ᠤᠨ ᠬᠢᠨᠢ ᠰᠤᠯᠢᠯᠴᠠᠭᠠᠨ ᠤ ᠵᠠᠬ᠎ᠠ ᠲᠡᠯᠬᠡᠬᠦᠷ ᠪᠤᠯᠬᠤ ᠪᠠᠷ ᠢᠶᠠᠨ ᠦᠨᠦᠳᠦᠷ ᠠᠳᠡ ᠲᠤᠩ ᠬᠦᠭᠵᠢᠶᠡᠨᠳᠡᠢ ᠪᠠᠶᠢᠯ᠎ᠠ᠃           ᠤᠶᠢᠯᠠᠭᠠᠭᠰᠠᠨ ᠢᠶᠠᠷ ︽ᠦᠬᠡᠳᠡ︾ ᠰᠤᠯᠢᠯᠴᠠᠭᠠᠨ ᠤ ᠵᠠᠬ᠎ᠠ ᠨᠢ ᠤᠳᠤ ᠪᠤᠯᠬᠤ ᠳᠤ 3 ᠤᠳᠠᠭ᠎ᠠ ᠵᠠᠬ᠎ᠠ ᠨᠡᠬᠡᠬᠡᠵᠦ᠂ ᠨᠠᠶᠢᠳᠠ100 ᠭᠠᠷᠤᠢ ᠦᠬᠡᠷ ᠶᠢ ᠵᠠᠬ᠎ᠠ ᠳᠤ ᠭᠠᠷᠭᠠᠵᠦ᠂ ᠰᠤᠯᠢᠯᠴᠠᠭᠠᠨ ᠤ ᠦᠷᠳᠡᠭ ᠨᠢ 80 ᠲᠦᠮᠡᠨ ᠲᠦᠬᠦᠷᠢᠭ ᠲᠤ ᠬᠦᠷᠴᠡᠢ᠃ ᠮᠠᠯ ᠤᠨ ᠰᠤᠯᠢᠯᠴᠠᠭᠠᠨ ᠤ ᠵᠠᠬ᠎ᠠ ᠨᠡᠬᠡᠬᠡᠬᠦ ᠪᠠᠷ ᠲᠠᠮᠵᠢᠭᠠᠳ ᠰᠤᠶᠤᠯᠳᠤ ᠴᠦ ᠪᠠᠭ᠎ᠠ ᠪᠤᠰᠤ ᠤᠷᠤᠯᠭ᠎ᠠ ᠡᠬᠦᠳᠴᠡᠢ᠃ ᠮᠠᠯᠴᠢᠨ ᠡᠷᠦᠬᠡ ᠪᠠ ᠠᠷᠠᠯᠵᠢᠶᠠᠴᠢᠨ ᠨᠢᠬᠡ ᠦᠬᠡᠷ ᠰᠤᠯᠢᠯᠴᠠᠬᠤ ᠪᠦᠷᠢ ᠲᠡᠷᠡ ᠠᠷᠠᠯᠵᠢᠶᠠᠴᠢᠨ ᠠᠴᠠ 30 ᠲᠦᠬᠦᠷᠢᠭ ᠤᠨ ᠰᠤᠯᠢᠯᠴᠠᠭᠠᠨ ᠤ ᠦᠢᠯᠡᠴᠢᠯᠡᠬᠡᠨ ᠤ ᠰᠦᠢᠳᠬᠡᠯ ᠬᠤᠷᠢᠶᠠᠳᠠᠭ᠂ ᠬᠠᠷᠢᠨ ᠮᠠᠯᠴᠢᠳ ᠠᠴᠠ ᠦᠢᠯᠡᠴᠢᠯᠡᠬᠡᠨ ᠤ ᠮᠦᠩᠬᠦ ᠬᠤᠷᠢᠶᠠᠳᠠᠭ ᠦᠬᠡᠢ᠃         ᠦᠬᠡᠳᠡ ᠮᠠᠯ ᠤᠨ ᠰᠤᠯᠢᠯᠴᠠᠭᠠᠨ ᠤ ᠵᠠᠬ᠎ᠠ ᠪᠠᠶᠢᠭᠤᠯᠤᠭᠳᠠᠭᠰᠠᠨ ᠨᠢ ᠤᠶᠢᠷ᠎ᠠ ᠬᠠᠪᠢ ᠶᠢᠨ ᠮᠠᠯᠴᠢᠳ ᠲᠤ ᠮᠠᠰᠢ ᠶᠡᠭᠡ ᠲᠦᠬᠦᠮ ᠦᠵᠡᠬᠦᠯᠵᠡᠢ᠃ ᠮᠠᠯᠴᠢᠳ ᠦᠷᠬᠦᠯᠵᠢ ᠠᠳᠡ ᠢᠷᠡᠵᠦ ᠦᠨ᠎ᠡ ᠬᠠᠩᠰᠢ ᠶᠢᠨ ᠪᠠᠶᠢᠳᠠᠯ ᠢ ᠨᠢ ᠤᠶᠢᠯᠠᠭᠠᠭᠠᠳ᠂ ᠬᠤᠳᠠᠯᠳᠤᠶ᠎ᠠ ᠬᠡᠰᠡᠨ ᠮᠠᠯ ᠢᠶᠠᠨ ᠠᠪᠤᠭᠠᠳ ᠢᠷᠡᠳᠡᠭ᠂ ᠠᠳᠡ ᠠᠷᠠᠯᠵᠢᠶ᠎ᠠ ᠬᠢᠬᠦ ᠨᠢ ᠴᠢᠯᠦᠬᠡᠳᠡᠢ᠂ ᠬᠡᠨ ᠤ ᠬᠢᠨᠢ ᠦᠭᠴᠦ ᠪᠠᠶᠢᠭ᠎ᠠ ᠦᠨ᠎ᠡ ᠨᠢ ᠦᠨᠳᠦᠷ ᠪᠤᠯ ᠲᠡᠬᠦᠨ ᠳᠤ ᠬᠤᠳᠠᠯᠳᠤᠳᠠᠭ᠃ ᠮᠠᠯᠴᠢᠨ ᠭᠠᠩᠰᠦ᠋ᠬᠡ ᠦᠷᠬᠦᠯᠵᠢ ᠢᠷᠡᠵᠦ ᠦᠨ᠎ᠡ ᠬᠠᠩᠰᠢ ᠶᠢᠨ ᠪᠠᠶᠢᠳᠠᠯ ᠢ ᠤᠶᠢᠯᠠᠭᠠᠳᠠᠭ᠃  ᠲᠡᠷᠡ ᠦᠨᠦᠳᠦᠷ ᠲᠡᠬᠦᠦ ᠲᠠᠢ ᠪᠠᠨ ᠬᠠᠮᠳᠤ ᠨᠡᠯᠢᠶᠡᠳ ᠤᠯᠠᠨ ᠦᠬᠡᠷ ᠲᠡᠭᠡᠬᠡᠵᠦ ᠢᠷᠡᠬᠡᠳ᠂ ᠲᠦᠳᠡᠬᠡᠨ ᠵᠠᠭᠤᠷ᠎ᠠ ᠳᠤ ᠮᠠᠶᠢᠮᠠᠢ ᠲᠤᠬᠢᠷᠠᠭᠰᠠᠨ ᠪᠠᠶᠢᠯ᠎ᠠ᠃ ᠲᠡᠷᠡ ᠰᠤᠷᠪᠤᠯᠵᠢᠯᠠᠬᠴᠢ ᠳᠤ᠄ ︽ᠪᠢ ᠠᠷᠪᠠᠭᠠᠳ ᠦᠬᠡᠷ ᠠᠪᠴᠢᠷᠠᠭᠠᠳ ᠲᠦᠷᠪᠡᠨ ᠪᠠᠭ᠎ᠠ ᠰᠢᠭ᠋ ᠡᠷ᠎ᠡ ᠲᠤᠭᠤᠯ ᠢᠶᠠᠨ ᠬᠤᠳᠠᠯᠳᠤᠭᠰᠠᠨ᠂ ᠦᠷᠯᠦᠬᠡ ᠨᠢᠬᠡ ᠠᠷᠠᠯᠵᠢᠶᠠᠴᠢᠨ ᠭᠠᠳᠠᠨ᠎ᠠ ᠢᠷᠡᠬᠡᠳ ᠬᠡᠳᠦᠨ ᠪᠠᠭ᠎ᠠ ᠰᠢᠭ᠋ ᠡᠷ᠎ᠡ ᠲᠤᠭᠤᠯ ᠳᠤ ᠲᠠᠪᠤᠨ ᠮᠢᠩᠭ᠎ᠠ ᠤᠷᠴᠢᠮ ᠤᠨ ᠦᠨ᠎ᠡ ᠦᠭᠭᠦᠭᠰᠡᠨ᠂ ᠠᠳᠡ ᠢᠷᠡᠬᠡᠳ ᠬᠠᠷᠢᠨ 6 ᠮᠢᠩᠭ᠎ᠠ ᠪᠠᠷ ᠬᠤᠳᠠᠯᠳᠤᠴᠢᠬᠠᠯ᠎ᠠ︾ ᠬᠡᠵᠦ ᠪᠠᠶᠠᠷᠳᠠᠢ ᠬᠡᠯᠡᠵᠦ ᠪᠠᠶᠢᠯ᠎ᠠ᠃         ᠮᠠᠯ ᠤᠨ ᠠᠷᠠᠯᠵᠢᠶᠠᠴᠢᠨ ᠳᠤ ᠠᠪᠴᠦ ᠬᠡᠯᠡᠭᠰᠡᠨ ᠴᠦ ᠮᠠᠯᠴᠢᠨ ᠡᠷᠦᠬᠡ ᠪᠠᠷ ᠲᠤᠭᠤᠷᠢᠵᠦ ᠮᠠᠯ ᠤᠨᠤᠭ᠎ᠠ ᠴᠤᠭᠯᠠᠭᠤᠯᠬᠤ ᠦᠬᠡᠢ ᠪᠤᠯᠤᠭᠰᠠᠨ ᠠᠴᠠ ᠲᠡᠳᠡ ᠴᠦ ᠮᠠᠰᠢ ᠬᠠᠨᠤᠮᠵᠢᠳᠠᠢ ᠪᠠᠶᠢᠯ᠎ᠠ᠃ ᠬᠠᠷᠠᠮᠦ᠋ᠷᠡᠨ᠂ ᠬᠢᠷᠢᠨ᠂ ᠡᠾᠧᠪᠸᠢ᠂ ᠤᠷᠳᠤᠰ ᠵᠡᠷᠬᠡ ᠭᠠᠵᠠᠷ ᠤᠨ ᠠᠷᠠᠯᠵᠢᠶᠠᠴᠢᠳ ᠠᠳᠡ ᠢᠷᠡᠵᠦ ᠰᠤᠯᠢᠯᠴᠠᠭ᠎ᠠ ᠬᠢᠵᠦ ᠪᠠᠶᠢᠭᠰᠠᠨ ᠶᠤᠮ᠃
        ︽ᠦᠬᠡᠳᠡ︾ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠮᠠᠯᠴᠢᠳ ᠲᠤ ᠮᠠᠯ ᠢᠶᠠᠨ ᠪᠤᠷᠤᠯᠠᠭᠤᠯᠬᠤ ᠤᠷᠤᠨ ᠵᠠᠢ ᠬᠠᠩᠭᠠᠵᠦ ᠦᠭᠬᠦᠭᠰᠡᠨ ᠢᠶᠠᠷ ᠪᠠᠷᠠᠬᠤ ᠦᠬᠡᠢ ᠮᠠᠯᠴᠢᠳ ᠤᠨ ᠮᠠᠯ ᠤᠨᠤᠭ᠎ᠠ ᠪᠠᠨ ᠦᠨᠳᠦᠷ ᠦᠨ᠎ᠡ ᠪᠠᠷ ᠪᠤᠷᠤᠯᠠᠭᠤᠯᠬᠤ ᠶᠢ ᠠᠬᠢᠭᠤᠯᠵᠦ ᠪᠠᠶᠢᠭ᠎ᠠ ᠪᠤᠯᠬᠤᠷ ᠮᠠᠯᠴᠢᠳ ᠲᠤ ᠶᠡᠬᠡᠬᠡᠨ ᠲᠠᠭᠠᠰᠢᠶᠠᠬᠳᠠᠵᠦ ᠪᠠᠶᠢᠬᠤ ᠶᠢᠨ ᠵᠡᠷᠬᠡᠪᠡᠷ ᠰᠤᠶᠤᠯᠳᠤ ᠴᠦ ᠮᠠᠯ ᠤᠨ ᠠᠷᠠᠯᠵᠢᠶᠠᠨ ᠤ ᠵᠠᠬ᠎ᠠ ᠪᠠᠨ ᠲᠦᠷᠢᠮᠵᠢᠬᠦᠯᠵᠦ᠂ ᠬᠡᠪᠴᠢᠶᠡᠵᠢᠬᠦᠯᠬᠦ ᠪᠠᠷ ᠬᠠᠮᠢᠶᠠᠳᠠᠢ ᠰᠠᠯᠠᠭ᠎ᠠ ᠮᠦᠴᠢᠷ ᠲᠠᠢ ᠢᠳᠡᠪᠬᠢᠳᠡᠢ ᠬᠠᠷᠢᠴᠠᠨ ᠶᠠᠭᠠᠷᠠᠵᠦ ᠪᠠᠶᠢᠨ᠎ᠠ᠃ ( ᠠᠯᠳᠠᠨᠰᠢᠬᠦᠷ)
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号