| | ᠰᠤᠷᠪᠦᠯᠵᠢᠯᠠᠬᠴᠢ ᠠᠯᠳᠠᠨᠰᠢᠬᠦᠷ | ᠤᠶᠢᠷ᠎ᠠ ᠶᠢᠨ ᠵᠢᠯ ᠰᠢᠯᠤᠭᠤᠨ ᠬᠦᠬᠡ ᠬᠤᠰᠢᠭᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠲᠤᠭᠤᠷᠢᠨ ᠳᠤ᠂ ᠤᠯᠠᠨ ᠵᠦᠢᠯ ᠤᠨ ᠪᠦᠳᠦᠮᠵᠢᠳᠡᠢ ᠠᠷᠭ᠎ᠠ ᠬᠡᠮᠵᠢᠶ᠎ᠠ ᠪᠠᠷ ᠤᠢᠢᠵᠢᠭᠤᠯᠤᠯᠳᠠ | ᠬᠢᠬᠦ ᠶᠢ ᠴᠢᠩᠭ᠎ᠠ ᠠᠳᠬᠤᠵᠦ᠂ ᠡᠯᠡᠰᠦᠷᠬᠡᠭᠵᠢᠯ ᠲᠠᠴᠢᠷᠰᠢᠯ ᠢ ᠰᠡᠷᠬᠡᠶᠢᠯᠡᠨ ᠵᠠᠰᠠᠭᠠᠳ ᠮᠠᠯᠴᠢᠳ ᠲᠤ ᠠᠮᠢ ᠠᠬᠤᠢ | ᠪᠠ ᠠᠵᠦ ᠠᠬᠤᠢ ᠶᠢᠨ ᠬᠤᠤᠰ ᠦᠷ᠎ᠡ ᠠᠰᠢᠭ ᠬᠦᠷᠳᠡᠭᠡᠪᠠ᠃ | ᠰᠠᠶᠢᠨᠬᠤᠳᠳᠤᠭ ᠰᠤᠮᠤᠨ ᠤ ᠪᠠᠶᠠᠨᠴᠠᠭᠠᠨ ᠭᠠᠴᠠᠭᠠᠨ ᠤ ᠮᠠᠯᠴᠢᠨ ᠰᠡᠴᠡᠨᠪᠠᠭᠠᠳᠤᠷ ᠤᠨ ᠳᠤ ᠬᠦᠷᠬᠦ ᠳᠤ | ᠲᠠᠳᠠᠨ ᠤ ᠬᠢᠨ ᠨᠠᠮᠤᠷ ᠤᠨ ᠬᠠᠳᠤᠯᠠᠩ ᠤᠨ ᠠᠵᠢᠯ ᠢᠶᠠᠨ ᠲᠠᠭᠤᠰᠬᠠᠴᠢᠬᠠᠭᠠᠳ ᠶᠠᠭ ᠰᠠᠶᠢᠬᠠᠨ ᠵᠤᠰᠠᠯᠠᠩ ᠤᠨ | ᠲᠤᠤᠷ ᠬᠦᠷᠢᠶ᠎ᠠ ᠪᠠᠨ ᠵᠠᠰᠠᠨ ᠰᠠᠯᠪᠢᠵᠦ ᠪᠠᠶᠢᠬᠤ ᠲᠠᠢ ᠲᠠᠭᠠᠷᠠᠯᠳᠤᠯ᠎ᠠ᠃ ᠰᠡᠴᠡᠨᠪᠠᠭᠠᠳᠤᠷ ᠤᠨ ᠬᠢᠨ ᠤ 1400 ᠮᠦ | ᠵᠤᠰᠠᠯᠠᠩ ᠤᠨ ᠭᠠᠵᠠᠷ ᠨᠢ ᠬᠤᠶᠠᠷ ᠮᠢᠩᠭᠠᠨ ᠤᠨ ᠤ ᠡᠬᠢᠨ ᠤ ᠦᠶ᠎ᠠ ᠪᠠᠷ ᠶᠡᠬᠡᠪᠡᠷ ᠡᠯᠡᠰᠦᠷᠬᠡᠭᠵᠢᠭᠰᠡᠨ ᠪᠠᠶᠢᠵᠠᠢ᠃ | ᠨᠤᠳᠤᠭ ᠪᠡᠯᠴᠢᠬᠡᠷ ᠪᠠᠭ᠎ᠠ ᠪᠦᠬᠡᠳ ᠮᠠᠯ ᠬᠦᠷᠦᠩᠬᠡ ᠵᠤᠵᠠᠭᠠᠨ ᠠᠶᠢᠯ ᠪᠤᠯᠬᠤᠷ ᠡᠶᠢᠮᠦᠷᠬᠦ ᠡᠯᠡᠰᠦᠷᠬᠡᠭᠵᠢᠭᠰᠡᠨ ᠭᠠᠵᠠᠷ | ᠮᠠᠯ ᠮᠠᠯᠵᠢᠬᠤ ᠳᠤ ᠬᠦᠴᠢᠷᠳᠡᠭᠰᠡᠨ ᠠᠴᠠ ᠰᠡᠴᠡᠨᠪᠠᠭᠠᠳᠤᠷ ᠮᠠᠯ ᠰᠦᠷᠦᠭ ᠤᠨ ᠪᠦᠳᠦᠴᠡ ᠳᠡᠭᠡᠨ ᠲᠤᠬᠢᠷᠠᠭᠤᠯᠤᠯᠳᠠ | ᠬᠢᠵᠦ᠂ ᠪᠤᠭ ᠮᠠᠯ ᠢᠶᠠᠨ ᠪᠦᠬᠦᠨ ᠢ ᠵᠠᠷᠤᠴᠠᠭᠤᠯᠵᠦ᠂ ᠦᠬᠡᠷ ᠮᠠᠯᠵᠢᠵᠦ᠂ 2006 ᠤᠨ ᠠᠴᠠ ᠵᠤᠰᠠᠯᠠᠩ ᠤᠨ | ᠭᠠᠵᠠᠷ ᠢᠶᠠᠨ ᠪᠢᠳᠡᠬᠦᠮᠵᠢᠯᠠᠨ ᠬᠦᠷᠢᠶᠡᠯᠡᠵᠦ ᠤᠶᠢᠵᠢᠭᠤᠯᠤᠯᠳᠠ ᠬᠢᠵᠦ ᠡᠬᠢᠯᠡᠭᠰᠡᠨ ᠪᠠᠶᠢᠨ᠎ᠠ᠃ ᠠᠷᠪᠠᠭᠠᠳ ᠵᠢᠯ ᠤᠨ | ᠲᠤᠷᠰᠢ ᠰᠡᠴᠡᠨᠪᠠᠭᠠᠳᠤᠷ ᠰᠢᠷ᠎ᠠ ᠪᠤᠷᠭᠠᠰᠤ ᠲᠠᠷᠢᠬᠤ᠂ ᠰᠡᠯᠬᠦᠨ ᠮᠠᠯᠵᠢᠬᠤ᠂ ᠨᠤᠳᠤᠭ ᠪᠡᠯᠴᠢᠭᠡᠷ ᠢᠶᠠᠨ ᠬᠠᠷᠠᠵᠦ | ᠬᠠᠮᠠᠭᠠᠯᠠᠬᠤ ᠠᠵᠢᠯ ᠢ ᠤᠶᠠᠯᠳᠤᠭᠤᠯᠤᠨ ᠬᠢᠭᠰᠡᠨ ᠢᠶᠠᠷ ᠬᠤᠵᠢᠬᠢᠷ ᠪᠠᠶᠢᠭᠰᠠᠨ ᠡᠯᠡᠰᠦ ᠮᠠᠩᠬ᠎ᠠ ᠨᠢ ᠰᠢᠪᠠᠭ ᠪᠤᠳᠠ ᠪᠠᠷ | ᠬᠤᠴᠢᠭᠳᠠᠵᠦ᠂ ᠤᠤᠯ ᠳᠠᠭᠠᠨ ᠬᠠᠮᠠᠷ ᠬᠠᠳᠬᠤᠬᠤ ᠡᠪᠡᠰᠦ ᠦᠬᠡᠢ ᠬᠦᠯᠢᠬᠡᠨ ᠮᠠᠩᠬ᠎ᠠ ᠪᠠᠶᠢᠯ᠎ᠠ ᠬᠡᠵᠦ ᠢᠳᠡᠬᠡᠮᠡᠷ | ᠦᠬᠡᠢ ᠪᠤᠯᠤᠭᠰᠠᠨ ᠮᠦᠷᠳᠡᠬᠡᠨ ᠵᠤᠰᠠᠯᠠᠩ ᠤᠨ ᠭᠠᠵᠠᠷ ᠠᠴᠠ ᠪᠠᠨ ᠴᠦ ᠬᠡᠳᠦᠨ ᠲᠦᠮᠡᠨ ᠵᠢᠩ ᠬᠠᠳᠤᠯᠠᠩ ᠬᠤᠷᠢᠶᠠᠬᠤ | ᠪᠤᠯᠤᠭᠰᠠᠨ ᠪᠠᠶᠢᠨ᠎ᠠ᠃ | ᠰᠡᠴᠡᠨᠪᠠᠭᠠᠳᠤᠷ ᠤᠨ ᠨᠤᠳᠤᠭ ᠪᠡᠯᠴᠢᠭᠡᠷ ᠢᠶᠠᠨ ᠰᠡᠷᠬᠦᠭᠡᠭᠰᠡᠨ ᠠᠮᠵᠢᠯᠳᠠᠳᠠᠢ ᠠᠷᠭ᠎ᠠ ᠲᠤᠷᠰᠢᠯᠭ᠎ᠠ ᠨᠢ | ᠪᠤᠰᠤᠳ ᠮᠠᠯᠴᠢᠳ ᠲᠤ ᠲᠠᠭᠤᠷᠢᠶᠠᠯ ᠪᠤᠯᠵᠦ᠂ ᠦᠩᠭᠡᠷᠡᠬᠦ ᠬᠠᠪᠤᠷ ᠲᠤᠰ ᠭᠠᠴᠠᠭᠠᠨ ᠤ 20 ᠮᠠᠯᠴᠢᠨ ᠡᠷᠦᠬᠡ | ᠬᠤᠯᠪᠤᠭᠠᠯᠠᠨ ᠡᠯᠡᠰᠦᠷᠬᠡᠭᠵᠢᠭᠰᠡᠨ 12000 ᠮᠦ ᠭᠠᠵᠠᠷ ᠢᠶᠠᠨ ᠴᠦ ᠬᠦᠷᠢᠶᠡᠯᠡᠨ ᠪᠢᠳᠡᠬᠦᠮᠵᠢᠯᠡᠵᠦ ᠤᠶᠢᠵᠢᠭᠤᠯᠵᠦ | ᠡᠬᠢᠯᠡᠯ᠎ᠠ᠃ | ᠰᠡᠴᠡᠨᠪᠠᠭᠠᠳᠤᠷ ᠪᠤᠯ ᠰᠢᠯᠤᠭᠤᠨ ᠬᠦᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠮᠠᠩᠬᠠᠨ | ᠨᠤᠳᠤᠭ ᠲᠤ ᠡᠯᠡᠰᠥ ᠶᠢ ᠵᠠᠰᠠᠬᠰᠠᠨ ᠲᠦᠭ ᠲᠦᠮᠡᠨ ᠮᠠᠯᠴᠢᠳ ᠤᠨ ᠲᠤᠮᠳᠠᠬᠢ ᠨᠢᠬᠡᠨ ᠡᠩ ᠤᠨ ᠵᠢᠱᠢᠶ᠎ᠠ ᠪᠤᠯᠤᠨ᠎ᠠ᠃ | ᠲᠤᠰ ᠬᠤᠰᠢᠭᠤ ᠠᠮᠢ ᠠᠬᠤᠢ᠂ ᠠᠵᠦ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠡᠬᠦᠳᠬᠦ ᠪᠠᠷ ᠭᠤᠤᠯ | ᠪᠤᠯᠭᠠᠨ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠠᠮᠢ ᠠᠬᠤᠢ ᠶᠢᠨ ᠤᠢ ᠰᠢᠭᠤᠢ᠂ ᠠᠵᠦ ᠠᠬᠤᠢ ᠶᠢᠨ | ᠤᠢ ᠰᠢᠭᠤᠢ ᠂ ᠨᠠᠶᠢᠳᠠ ᠶᠢᠨ ᠠᠰᠢᠬᠳᠥ ᠤᠢ ᠰᠢᠭᠤᠢ ᠶᠢ ᠴᠢᠷᠮᠠᠶᠢᠨ ᠪᠠᠶᠢᠭᠤᠯᠵᠦ᠂ ᠲᠠᠷᠢᠶᠠᠯᠠᠬᠤ ᠶᠢ ᠵᠤᠭᠰᠤᠭᠠᠵᠦ | ᠤᠶᠢᠵᠢᠭᠤᠯᠬᠤ ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ᠂ ᠪᠡᠯᠴᠢᠬᠡᠷᠯᠡᠬᠦᠯᠭᠦ ᠶᠢ ᠵᠤᠭᠰᠤᠭᠠᠬᠤ᠂ | ᠤᠰᠤᠨ ᠤ ᠡᠬᠢ ᠶᠢ ᠬᠠᠮᠠᠭᠠᠯᠠᠬᠤ᠂ ᠦᠵᠡᠮᠵᠢᠳᠦ ᠤᠷᠤᠨ ᠢ ᠬᠠᠮᠠᠭᠠᠯᠠᠬᠤ ᠵᠡᠷᠬᠡ ᠲᠦᠷᠦᠯ ᠵᠦᠢᠯ ᠢ ᠭᠡᠷᠡᠭᠵᠢᠬᠦᠯᠬᠦ | ᠪᠠ ᠤᠯᠠᠨ ᠲᠠᠯ᠎ᠠ ᠶᠢᠨ ᠠᠷᠭ᠎ᠠ ᠬᠡᠮᠵᠢᠶ᠎ᠠ ᠠᠪᠴᠤ᠂ ᠪᠡᠯᠴᠢᠬᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠶᠢ | ᠬᠤᠷᠢᠭᠯᠠᠬᠤ᠂ ᠨᠢᠰᠬᠡᠯ ᠢᠶᠠᠷ ᠤᠶᠢᠵᠢᠭᠤᠯᠬᠤ ᠪᠠ ᠬᠦᠮᠦᠨ ᠤ ᠬᠦᠴᠦᠨ ᠢᠶᠠᠷ ᠤᠶᠢᠵᠢᠭᠤᠯᠬᠤ ᠠᠵᠢᠯ ᠤᠳ ᠢ ᠬᠢᠵᠦ᠂ | ᠤᠷᠭᠤᠮᠠᠯ ᠤᠨ ᠪᠦᠷᠬᠦᠴᠡ ᠶᠢᠨ ᠰᠡᠷᠬᠦᠯᠳᠡ ᠪᠤᠯᠤᠨ ᠠᠮᠢ ᠠᠬᠤᠢ ᠶᠢᠨ ᠰᠠᠶᠢᠵᠢᠷᠠᠯᠳᠠ ᠶᠢ ᠠᠬᠢᠭᠤᠯᠵᠦ᠂ ᠠᠮᠢ | ᠠᠬᠤᠢ ᠶᠢᠨ ᠦᠷ᠎ᠡ ᠠᠰᠢᠭ ᠢᠶᠠᠷ ᠭᠤᠤᠯᠯᠠᠵᠦ ᠪᠠᠶᠢᠬᠰᠠᠨ ᠠᠴᠠ ᠠᠮᠢ ᠠᠬᠤᠢ ᠪᠤᠯᠤᠨ ᠠᠵᠦ ᠠᠬᠤᠢ ᠶᠢᠨ ᠦᠷ᠎ᠡ | ᠠᠰᠢᠭ ᠢ ᠬᠠᠮᠳᠤᠷᠠᠭᠤᠯᠤᠭᠰᠠᠨ ᠪᠦᠳᠦᠬᠡᠨ ᠪᠠᠶᠢᠭᠤᠯᠤᠯᠳᠠ ᠬᠢᠬᠦ ᠪᠤᠯᠵᠠᠢ᠃ | ᠪᠡᠬᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ | ᠡᠬᠢᠯᠡᠨ ᠬᠡᠷᠡᠭᠵᠢᠬᠦᠯᠦᠭᠰᠡᠨ ᠠᠴᠠ ᠨᠠᠰᠢ ᠲᠤᠰ ᠬᠤᠰᠢᠭᠤ ᠨᠠᠶᠢᠳᠠ 235.8 ᠲᠦᠮᠡᠨ ᠮᠦ ᠡᠯᠡᠰᠦ ᠶᠢ ᠵᠠᠰᠠᠵᠦ᠂ | 300 ᠲᠦᠮᠡᠨ ᠮᠦ ᠨᠤᠳᠤᠭ ᠪᠡᠯᠴᠢᠬᠡᠷ ᠤᠨ ᠲᠠᠯᠠᠪᠠᠢ ᠶᠢ ᠬᠦᠷᠦᠰᠦ ᠤᠰᠤᠨ ᠤ ᠢᠳᠡᠭᠳᠡᠯ ᠠᠴᠠ ᠬᠠᠮᠠᠭᠠᠯᠠᠵᠦ᠂ | ᠤᠷᠭᠤᠮᠠᠯ ᠤᠨ ᠪᠦᠷᠬᠦᠴᠡ ᠶᠢᠨ ᠨᠤᠷᠮ᠎ᠠ 20% ᠬᠦᠷᠬᠦ ᠦᠬᠡᠢ ᠪᠠᠶᠢᠬᠰᠠᠨ ᠠᠴᠠ ᠪᠠᠨ ᠤᠳᠤ ᠪᠤᠯᠬᠤ ᠳᠤ | ᠤᠷᠭᠤᠮᠠᠯ ᠤᠨ ᠪᠦᠷᠬᠦᠴᠡ ᠶᠢᠨ ᠨᠤᠷᠮ᠎ᠠ 65% ᠠᠴᠠ ᠲᠡᠭᠡᠭᠰᠢ ᠳᠤ ᠬᠦᠷᠴᠦ᠂ ᠡᠯᠡᠰᠦᠷᠬᠡᠭᠵᠢᠯ ᠲᠠᠴᠢᠷᠰᠢᠯ ᠤᠨ | ᠪᠦᠳᠦᠮᠵᠢᠳᠡᠢ ᠬᠤᠷᠢᠬᠯᠠᠭᠳᠠᠭᠰᠠᠨ ᠨᠢ ᠮᠠᠯ ᠠᠵᠦ ᠠᠬᠤᠢ ᠶᠢᠨ ᠲᠤᠭᠳᠠᠭᠤᠨ ᠬᠦᠭᠵᠢᠯᠳᠡ ᠳᠤ ᠪᠠᠳᠤ ᠰᠠᠭᠤᠷᠢ | ᠲᠠᠯᠪᠢᠭᠰᠠᠨ ᠤ ᠵᠡᠷᠬᠡᠪᠡᠷ ᠠᠮᠢᠯᠠᠨ ᠰᠡᠷᠬᠦᠭᠰᠡᠨ ᠪᠠᠶᠢᠭᠠᠯᠢ ᠠᠬᠤᠢ ᠨᠢ ᠪᠦᠬᠦ ᠬᠤᠰᠢᠭᠤᠨ ᠤ ᠵᠤᠭᠠᠴᠠᠯ ᠵᠡᠷᠬᠡ | ᠰᠢᠨ᠎ᠠ ᠪᠠᠷ ᠬᠦᠭᠵᠢᠵᠦ ᠪᠠᠶᠢᠭ᠎ᠠ ᠠᠵᠦ ᠦᠢᠯᠡᠰ ᠤᠨ ᠬᠦᠭᠵᠢᠯᠳᠡ ᠳᠤ ᠴᠦ ᠲᠦᠯᠬᠢᠴᠡ ᠦᠢᠯᠡᠳᠦᠯ ᠦᠵᠡᠬᠦᠯᠵᠦ᠂ | ᠮᠠᠯᠴᠢᠳ ᠠᠮᠢ ᠠᠬᠤᠢ ᠪᠠ ᠠᠵᠦ ᠠᠬᠤᠢ ᠶᠢᠨ ᠬᠤᠤᠰ ᠦᠷ᠎ᠡ ᠠᠰᠢᠭ ᠬᠦᠷᠳᠡᠵᠦ ᠴᠢᠳᠠᠭᠰᠠᠨ ᠪᠠᠶᠢᠨ᠎ᠠ᠃ | |