| | ᠵᠣᠬᠢᠶᠠᠭᠴᠢ᠄ ᠰᠦᠨ ᠬᠤᠤ ᠮᠧᠩ ᠨᠠ ᠡᡁᠸᠥ ᠯᠢ ᠵᠢᠶᠦ᠋ᠨ | ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠥ ᠬᠦᠭᠵᠢᠯᠳᠡ ᠶᠢ ᠬᠠᠮᠳᠤᠪᠡᠷ ᠡᠷᠢᠯᠬᠢᠯᠡᠵᠥ ᠲᠤᠮᠳᠠᠳᠤ | ᠸᠢᠶᠧᠲᠨᠠᠮ ᠤᠨ ᠬᠠᠷᠢᠯᠴᠠᠭ᠎ᠠ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠨᠡᠭᠡᠭᠡᠨ ᠡᠭᠦᠳᠬᠦ ᠪᠠᠷ ᠬᠤᠶᠠᠷ | ᠲᠠᠯ᠎ᠠ ᠪᠠᠷ ᠢᠶᠠᠨ ᠰᠠᠨᠠᠯ ᠨᠢᠬᠡᠳᠡᠢ ᠵᠦᠪᠰᠢᠶᠡᠷᠡᠵᠡᠢ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ ᠰᠢ ᠶᠢᠨ ᠫᠢᠩ 12 ᠤᠨ ᠡᠳᠤᠷ ᠬᠠᠨᠤᠢ ᠳᠠᠬᠢ ᠸᠢᠶᠧᠲᠨᠠᠮ ᠤᠨ ᠡᠪ ᠬᠠᠮᠳᠤ ᠨᠠᠮ ᠤᠨ ᠲᠦᠪ | ᠬᠤᠷᠢᠶᠠᠨ ᠤ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ | ᠷᠤᠸᠠᠨ ᠹᠦ᠋ ᠵᠦᠩ ᠲᠠᠢ ᠬᠡᠯᠡᠯᠴᠡᠭᠡ ᠬᠢᠪᠡ᠃ ᠬᠤᠶᠠᠷ ᠲᠠᠯ᠎ᠠ ᠪᠠᠷ ᠢᠶᠠᠨ ᠨᠦᠬᠦᠬᠡ ᠲᠠᠯ᠎ᠠ ᠶᠢᠨ ᠢᠶᠠᠨ ᠬᠦᠭᠵᠢᠯᠳᠡ ᠶᠢᠨ | ᠠᠮᠵᠢᠯᠳᠠ ᠶᠢ ᠢᠳᠡᠪᠬᠢᠳᠡᠢ ᠦᠨᠡᠯᠡᠵᠥ᠂ ᠲᠤᠮᠳᠠᠳᠤ ᠸᠢᠶᠧᠲᠨᠠᠮ ᠤᠨ ᠤᠯᠠᠮᠵᠢᠯᠠᠯᠳᠤ ᠨᠦᠬᠦᠷᠯᠡᠯ ᠢ ᠰᠠᠶᠢᠳᠤᠷ | ᠵᠠᠯᠭᠠᠮᠵᠢᠯᠠᠵᠥ᠂ ᠰᠠᠶᠢᠳᠤᠷ ᠬᠠᠮᠠᠭᠠᠯᠠᠵᠥ᠂ ᠰᠠᠶᠢᠳᠤᠷ ᠪᠠᠳᠠᠷᠠᠭᠤᠯᠵᠥ᠂ ᠬᠠᠷᠢᠯᠴᠠᠨ ᠨᠦᠬᠦᠷᠰᠡᠭ ᠪᠠᠶᠢᠬᠤ ᠲᠦᠷᠦ ᠶᠢᠨ | ᠪᠤᠳᠤᠯᠭ᠎ᠠ ᠶᠢ ᠡᠷᠡᠰ ᠬᠡᠷᠡᠭᠵᠢᠬᠦᠯᠵᠥ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠳᠤᠷᠠᠯᠴᠠᠭᠠᠨ ᠤ ᠬᠠᠷᠢᠯᠴᠠᠭ᠎ᠠ ᠶᠢ ᠤᠯᠠᠮ ᠰᠠᠶᠢᠳᠤᠷ ᠬᠦᠭᠵᠢᠬᠦᠯᠵᠥ᠂ ᠬᠤᠶᠠᠷ ᠤᠯᠤᠰ ᠪᠤᠯᠤᠨ ᠬᠤᠶᠠᠷ | ᠤᠯᠤᠰ ᠤᠨ ᠠᠷᠠᠳ ᠲᠦᠮᠡᠨ ᠳᠤ ᠨᠡᠩ ᠤᠯᠠᠨ ᠦᠨᠡᠨ ᠪᠤᠳᠠᠳᠠᠢ ᠠᠰᠢᠭ ᠲᠤᠰᠠ ᠬᠦᠷᠳᠡᠭᠡᠬᠦ ᠪᠠᠷ ᠰᠠᠨᠠᠯ ᠨᠢᠬᠡᠳᠡᠢ | ᠵᠦᠪᠰᠢᠶᠡᠷᠡᠪᠡ᠃ | | 11 ᠰᠠᠷ᠎ᠠ ᠶᠢᠨ 12 ᠤᠨ ᠡᠳᠦᠷ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ ᠰᠢ ᠶᠢᠨ ᠫᠢᠩ ᠬᠠᠨᠤᠢ ᠳᠠᠬᠢ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠠᠭᠤᠭ᠎ᠠ | ᠭᠠᠵᠠᠷ ᠲᠤ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠷᠤᠸᠠᠨ ᠹᠦ᠋ ᠵᠦᠩ ᠲᠠᠢ | ᠬᠡᠯᠡᠯᠴᠡᠭᠡ ᠬᠢᠪᠡ᠃ | ᠵᠢᠷᠤᠭ ᠪᠤᠯ ᠬᠡᠯᠡᠯᠴᠡᠭᠡ ᠬᠢᠬᠦ ᠠᠴᠠ ᠡᠮᠦᠨ᠎ᠡ᠂ ᠷᠤᠸᠠᠨ ᠹᠦ᠋ ᠵᠦᠩ ᠲᠡᠷᠢᠬᠦᠯᠡᠭᠴᠢ ᠶᠢᠨ ᠤᠷᠳᠤᠨ ᠤ | ᠠᠭᠤᠳᠠᠮ ᠲᠠᠯᠠᠪᠠᠢ ᠳᠤ ᠦᠪᠡᠳᠡᠭᠰᠢ ᠶᠡᠭᠡ ᠤᠬᠳᠤᠬᠤ ᠶᠤᠰᠤᠯᠠᠯ ᠶᠠᠪᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠦ ᠰᠡᠭᠦᠳᠡᠷᠯᠡᠪᠡ | ᠰᠢ ᠶᠢᠨ ᠫᠢᠩ ᠪᠤᠯᠤᠨ ᠷᠤᠸᠠᠨ ᠹᠦ᠋ ᠵᠦᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠸᠢᠶᠧᠲᠨᠠᠮ ᠤᠨ ᠨᠠᠮ ᠪᠤᠯᠤᠨ ᠤᠯᠤᠰ ᠤᠨ ᠦᠢᠯᠡᠰ ᠤᠨ ᠬᠠᠮᠢᠶ᠎ᠠ ᠪᠦᠬᠦᠢ ᠪᠠᠶᠢᠳᠠᠯ ᠢ | ᠲᠤᠰ ᠲᠤᠰ ᠲᠠᠨᠢᠯᠴᠠᠭᠤᠯᠪᠠ᠃ ᠰᠢ ᠶᠢᠨ ᠫᠢᠩ᠂ ᠲᠤᠮᠳᠠᠳᠤ ᠸᠢᠶᠧᠲᠨᠠᠮ ᠪᠤᠯ ᠠᠭᠤᠯᠠ ᠤᠰᠤ ᠪᠠᠷ ᠢᠶᠠᠨ | ᠵᠠᠯᠭᠠᠯᠳᠤᠭᠰᠠᠠ ᠰᠠᠶᠢᠨ ᠬᠦᠷᠰᠢ᠂ ᠵᠢᠷᠭᠠᠯ ᠵᠤᠪᠠᠯᠠᠩ ᠢᠶᠠᠨ ᠬᠠᠮᠳᠤᠳᠬᠠᠭᠰᠠᠠ ᠰᠠᠶᠢᠨ ᠨᠠᠶᠢᠵᠢ᠂ ᠵᠤᠷᠢᠯᠳᠡ ᠨᠢᠭᠡᠳᠠᠢ | ᠰᠠᠶᠢᠨ ᠨᠦᠬᠦᠷ᠂ ᠬᠠᠮᠳᠤᠷᠠᠯᠴᠠᠭ᠎ᠠ ᠬᠢᠵᠥ ᠬᠠᠮᠳᠤᠪᠡᠷ ᠠᠰᠢᠭ ᠬᠦᠷᠳᠡᠭᠰᠡᠡ ᠰᠠᠶᠢᠨ ᠬᠠᠨᠢᠳᠠᠨ ᠶᠤᠮ᠃ | ᠲᠤᠮᠳᠠᠳᠤ ᠸᠢᠶᠧᠲᠨᠠᠮ ᠬᠠᠷᠢᠯᠴᠠᠭ᠎ᠠ ᠪᠠᠶᠢᠭᠤᠯᠤᠭᠰᠠᠠ 67 ᠵᠢᠯ ᠤᠨ ᠲᠤᠷᠰᠢ᠂ ᠲᠡᠷᠢᠬᠦᠯᠡᠭᠴᠢ ᠮᠠᠤ ᠽᠧ | ᠳ᠋ᠦᠩ᠂ ᠲᠡᠷᠢᠬᠦᠯᠡᠭᠴᠢ ᠬᠤ᠋ ᡁᠢ ᠮᠢᠩ ᠵᠡᠷᠬᠡ ᠬᠤᠶᠠᠷ ᠤᠯᠤᠰ ᠤᠨ ᠠᠬᠠᠮᠠᠳ ᠨᠢᠬᠡ ᠦᠶ᠎ᠡ ᠶᠢᠨ ᠤᠳᠤᠷᠢᠳᠬᠤ | ᠬᠦᠮᠥᠰ ᠤᠨ ᠪᠡᠶ᠎ᠡ ᠪᠠᠷ ᠢᠶᠠᠨ ᠪᠠᠶᠢᠭᠤᠯᠤᠭᠰᠠᠠ ᠪᠠ ᠨᠢᠮᠪᠠᠢ ᠪᠤᠶᠢᠵᠢᠭᠤᠯᠤᠭᠰᠠᠠ ᠲᠤᠮᠳᠠᠳᠤ ᠸᠢᠶᠧᠲᠨᠠᠮ ᠤᠨ | ᠤᠯᠠᠮᠵᠢᠯᠠᠯᠳᠤ ᠨᠦᠬᠦᠷᠯᠡᠯ ᠲᠠᠰᠤᠷᠠᠯᠳᠡ ᠦᠭᠡᠢ ᠪᠠᠬᠢᠵᠢᠨ ᠪᠠᠳᠤᠵᠢᠵᠤ ᠪᠠᠳᠠᠷᠠᠨ ᠬᠦᠭᠵᠢᠪᠡ᠃ ᠡᠨᠡ ᠵᠢᠯ ᠠᠴᠠ ᠨᠠᠰᠢ | ᠂ ᠬᠤᠶᠠᠷ ᠨᠠᠮ ᠪᠠ ᠬᠤᠶᠠᠷ ᠤᠯᠤᠰ ᠤᠨ ᠲᠡᠬᠡᠳᠤ ᠲᠠᠪᠬᠤᠷᠭ᠎ᠠ ᠶᠢᠨ ᠬᠢᠨ ᠨᠢᠭᠳᠠ ᠬᠠᠷᠢᠯᠴᠠᠭ᠎ᠠ ᠪᠠᠨ ᠪᠠᠳᠤᠯᠠᠵᠤ᠂ | ᠡᠯ᠎ᠡ ᠬᠦᠷᠢᠶᠡᠨ ᠤ ᠬᠠᠮᠳᠤᠷᠠᠯᠴᠠᠭ᠎ᠠ ᠲᠠᠰᠤᠷᠠᠯᠳᠡ ᠦᠭᠡᠢ ᠬᠦᠨᠵᠡᠬᠡᠶᠢᠷᠡᠵᠥ᠂ ᠲᠤᠮᠳᠠᠳᠤ ᠸᠢᠶᠧᠲᠨᠠᠮ ᠤᠨ ᠬᠠᠷᠢᠯᠴᠠᠭ᠎ᠠ | ᠢᠳᠡᠪᠬᠢᠳᠡᠢ ᠠᠬᠢᠴᠠ ᠲᠠᠢ ᠪᠤᠯᠤᠭᠰᠠᠠ ᠪᠠᠶᠢᠨ᠎ᠠ᠃ ᠤᠳᠤᠬᠠᠨ ᠳᠤ᠂ ᠲᠤᠮᠳᠠᠳᠤ ᠸᠢᠶᠧᠲᠨᠠᠮ ᠬᠤᠶᠠᠷ ᠤᠯᠤᠰ ᠪᠦᠷ | ᠦᠭᠡᠷᠡᠴᠢᠯᠡᠯᠳᠡ ᠬᠦᠭᠵᠢᠯᠳᠡ ᠶᠢᠨ ᠵᠠᠩᠬᠢᠯᠠᠭ᠎ᠠ ᠶᠢᠨ ᠱᠠᠳᠤᠨ ᠳᠤ ᠤᠷᠤᠰᠢᠵᠥ ᠪᠠᠶᠢᠨ᠎ᠠ᠂ ᠬᠤᠶᠠᠷ ᠤᠯᠤᠰ ᠤᠨ ᠲᠤᠰ | ᠲᠤᠰ ᠤᠨ ᠪᠦᠳᠦᠭᠡᠨ ᠪᠠᠶᠢᠭᠤᠯᠤᠯᠳᠠ ᠶᠢᠨ ᠦᠢᠯᠡᠰ ᠪᠤᠯᠤᠨ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠦᠭᠵᠢᠯᠳᠡ ᠳᠤ | ᠤᠯᠳᠠᠰᠢ ᠦᠭᠡᠢ ᠲᠡᠤᠬᠡ ᠶᠢᠨ ᠠᠵᠠ ᠲᠤᠬᠢᠶᠠᠯ ᠲᠤᠯᠭᠠᠷᠠᠵᠥ ᠪᠠᠶᠢᠨ᠎ᠠ᠃ | ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠶᠡᠭᠡ ᠲᠠᠯ᠎ᠠ ᠪᠠᠷ | ᠭᠤᠤᠯᠳᠠᠯᠭ᠎ᠠ ᠪᠤᠯᠭᠠᠵᠥ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠠᠴᠠ ᠡᠬᠦᠰᠴᠦ᠂ | ᠬᠠᠳᠠᠭᠤ ᠪᠡᠷᠬᠡᠰᠢᠶᠠᠯ ᠢ ᠬᠠᠮᠳᠤᠪᠡᠷ ᠲᠤᠭᠤᠯᠳᠠᠭ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠥ᠂ ᠲᠤᠮᠳᠠᠳᠤ | ᠸᠢᠶᠧᠲᠨᠠᠮ ᠤᠨ ᠬᠠᠷᠢᠯᠴᠠᠭ᠎ᠠ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠨᠡᠬᠡᠬᠡᠨ ᠡᠬᠦᠳᠴᠦ᠂ | ᠤᠷᠤᠭᠰᠢᠯᠠᠯᠳᠡ ᠶᠢᠨ ᠵᠠᠮ ᠲᠡᠭᠡᠷ᠎ᠡ ᠪᠠᠨ ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠥ᠂ ᠬᠦᠭᠵᠢᠯᠳᠡ ᠶᠢ | ᠬᠠᠮᠳᠤᠪᠡᠷ ᠡᠷᠢᠯᠬᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃ | ᠰᠢ ᠶᠢᠨ ᠫᠢᠩ ᠸᠢᠶᠧᠲᠨᠠᠮ ᠤᠨ ᠬᠢᠨ ᠤ ᠰᠢᠨᠡᠴᠢᠯᠡᠯᠳᠡ ᠨᠡᠬᠡᠬᠡᠯᠳᠡ ᠶᠢ ᠬᠡᠷᠡᠭᠵᠢᠭᠦᠯᠦᠭᠰᠡᠨ 30 ᠭᠠᠷᠤᠢ | ᠵᠢᠯ ᠤᠨ ᠲᠤᠷᠰᠢᠬᠢ ᠡᠯ᠎ᠠ ᠵᠦᠢᠯ ᠤᠨ ᠪᠦᠲᠦᠭᠡᠨ ᠪᠠᠶᠢᠭᠤᠯᠤᠯᠲᠠ ᠳᠤ ᠤᠯᠤᠭᠰᠠᠨ ᠯᠤᠳᠤ ᠶᠡᠭᠡ ᠠᠮᠵᠢᠯᠲᠠ ᠳᠤ ᠪᠠᠶᠠᠷ | ᠬᠦᠷᠭᠡᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠶᠡᠷᠦᠩᠬᠡᠢ ᠱᠦᠵᠢ ᠷᠤᠸᠠᠨ ᠹᠦ᠋ ᠵᠦᠩ ᠢᠶᠠᠷ | ᠤᠳᠤᠷᠢᠳᠤᠭᠤᠯᠤᠭᠰᠠᠨ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ | ᠳᠤᠤᠷ᠎ᠠ᠂ ᠠᠬ᠎ᠠ ᠳᠡᠭᠦᠦ ᠸᠢᠶᠧᠲᠨᠠᠮ ᠤᠨ ᠠᠷᠠᠳ ᠲᠦᠮᠡᠨ ᠯᠠᠪᠳᠠᠢ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ᠎ᠠ ᠭᠡᠳᠡᠭ ᠢ ᠢᠳᠡᠭᠡᠵᠤ ᠪᠠᠶᠢᠨ᠎ᠠ | ᠭᠡᠵᠤ ᠴᠢᠬᠤᠯᠠᠴᠢᠯᠠᠵᠠᠢ᠃ | ᠷᠤᠸᠠᠨ ᠹᠦ᠋ ᠵᠦᠩ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠲᠡᠭᠦᠰ ᠠᠮᠵᠢᠯᠲᠠ ᠲᠠᠢ ᠪᠤᠯᠤᠭᠰᠠᠠ ᠳᠤ ᠴᠢᠩ ᠰᠡᠳᠭᠢᠯ ᠠᠴᠠ ᠪᠠᠨ ᠪᠠᠶᠠᠷ ᠬᠦᠷᠭᠡᠵᠤ᠂ ᠰᠢ ᠶᠢᠨ ᠫᠢᠩ ᠨᠦᠬᠦᠷ | ᠳᠤᠮᠳᠠᠳᠤ ᠤᠯᠤᠰ ᠤᠨ ᠡᠪ ᠬᠠᠮᠲᠦ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠳᠠ | ᠰᠤᠩᠭᠤᠭᠳᠠᠭᠰᠠᠨ ᠪᠦᠭᠡᠳ ᠳᠤᠮᠳᠠᠳᠤ ᠤᠯᠤᠰ ᠤᠨ ᠡᠪ ᠬᠠᠮᠲᠦ ᠨᠠᠮ ᠤᠨ ᠤᠳᠤᠷᠢᠳᠬᠤ ᠭᠤᠤᠯᠯᠠᠭᠴᠢ | ᠪᠤᠯᠤᠭᠰᠠᠨ ᠳᠤ ᠪᠠᠶᠠᠷ ᠬᠦᠷᠭᠡᠪᠡ᠃ ᠷᠤᠸᠠᠨ ᠹᠦ᠋ ᠵᠦᠩ᠂ ᠸᠢᠶᠧᠲᠨᠠᠮ ᠤᠨ ᠬᠢᠨ ᠳᠤᠮᠳᠠᠳᠤ ᠤᠯᠤᠰ ᠸᠢᠶᠧᠲᠨᠠᠮ ᠤᠨ | ᠦᠨᠳᠦᠰᠦᠳᠡᠨ ᠤ ᠴᠢᠯᠦᠭᠡᠯᠡᠯᠲᠡ ᠪᠤᠯᠤᠨ ᠤᠯᠤᠰ ᠤᠨ ᠬᠦᠭᠵᠢᠯᠲᠠ ᠳᠤ ᠯᠤᠳᠤ ᠶᠡᠭᠡ ᠬᠠᠪᠰᠤᠷᠤᠯᠭ᠎ᠠ | ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠳᠡᠯᠡᠬᠡᠢ ᠶᠢᠨ ᠪᠠ ᠭᠠᠵᠠᠷ ᠤᠷᠤᠨ ᠤ ᠬᠡᠷᠡᠭ ᠶᠠᠪᠤᠳᠠᠯ | ᠳᠤᠮᠳᠠ ᠨᠡᠩ ᠶᠡᠭᠡ ᠦᠢᠯᠡᠳᠦᠯ ᠭᠠᠷᠭᠠᠬᠤ ᠶᠢ ᠳᠡᠮᠵᠢᠨ᠎ᠠ᠃ ᠸᠢᠶᠧᠲᠨᠠᠮ ᠤᠨ ᠬᠢᠨ ᠳᠤᠮᠳᠠᠳᠤ ᠤᠯᠤᠰ ᠤᠨ ᠠᠵᠤ | ᠠᠬᠤᠢ ᠨᠡᠶᠢᠭᠡᠮ ᠤᠨ ᠬᠦᠭᠵᠢᠯᠲᠠ ᠶᠢᠨ ᠠᠮᠵᠢᠯᠲᠠ ᠪᠤᠯᠤᠨ ᠲᠤᠰ ᠭᠠᠵᠠᠷ ᠤᠷᠤᠨ ᠤ ᠬᠦᠭᠵᠢᠯᠲᠠ ᠳᠤ | ᠦᠵᠡᠭᠦᠯᠦᠭᠰᠡᠨ ᠢᠳᠡᠪᠬᠢᠲᠠᠢ ᠬᠤᠪᠢ ᠨᠡᠮᠡᠷᠢ ᠶᠢ ᠳᠡᠭᠡᠳᠦ ᠬᠡᠮᠵᠢᠶ᠎ᠠ ᠪᠠᠷ ᠮᠠᠭᠳᠠᠨ ᠰᠠᠶᠢᠰᠢᠶᠠᠵᠤ ᠪᠠᠶᠢᠨ᠎ᠠ᠂ ᠰᠢ ᠶᠢᠨ | ᠫᠢᠩ ᠨᠦᠬᠦᠷ ᠤᠨ ᠳᠤᠷᠠᠳᠤᠭᠰᠠᠨ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ | ᠪᠠᠶᠢᠭᠤᠯᠬᠤ ᠵᠤᠷᠢᠯᠳᠠ ᠶᠢ ᠪᠠᠶᠠᠷᠯᠠᠨ ᠤᠭᠳᠤᠨ᠎ᠠ᠂ ᠡᠨᠡ ᠨᠢ ᠳᠤᠮᠳᠠᠳᠤ ᠤᠯᠤᠰ ᠤᠨ ᠪᠦᠬᠦ ᠪᠦᠮᠪᠦᠷᠴᠡᠭ ᠤᠨ | ᠬᠠᠷᠠᠭᠠᠰᠤ ᠪᠤᠯᠤᠨ ᠲᠤᠮᠤ ᠤᠯᠤᠰ ᠤᠨ ᠡᠭᠦᠷᠭᠡᠯᠡᠯ ᠢ ᠢᠯᠡᠷᠡᠭᠦᠯᠵᠠᠢ ᠭᠡᠵᠤ ᠦᠵᠡᠵᠤ ᠪᠠᠶᠢᠨ᠎ᠠ᠃ | ᠸᠢᠶᠧᠲᠨᠠᠮ ᠤᠨ ᠬᠢᠨ ᠳᠤᠷᠠᠳᠠᠶ᠎ᠠ ᠳᠤᠮᠳᠠᠳᠤ ᠤᠯᠤᠰ ᠲᠠᠢ ᠬᠠᠮᠲᠦᠪᠡᠷ᠂ ᠬᠤᠶᠠᠷ ᠤᠯᠤᠰ ᠤᠨ ᠤᠯᠠᠮᠵᠢᠯᠠᠯᠲᠦ | ᠨᠦᠬᠦᠷᠯᠡᠯ ᠪᠤᠯᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠦᠨ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠤ᠂ ᠭᠠᠵᠠᠷ ᠤᠷᠤᠨ ᠤ ᠡᠩᠬᠡ | ᠲᠠᠶᠢᠪᠤᠩ ᠪᠠ ᠬᠦᠭᠵᠢᠯ ᠴᠡᠴᠡᠭᠯᠡᠯ ᠢ ᠠᠬᠢᠭᠤᠯᠤᠨ᠎ᠠ ᠭᠡᠵᠤ ᠢᠯᠡᠳᠭᠡᠵᠡᠢ᠃ | ᠰᠢ ᠶᠢᠨ ᠫᠢᠩ ᠪᠤᠯᠤᠨ ᠷᠤᠸᠠᠨ ᠹᠦ᠋ ᠵᠦᠩ ᠰᠢᠨ᠎ᠠ ᠪᠠᠶᠢᠳᠠᠯ ᠳᠤᠤᠷ᠎ᠠ ᠳᠤᠮᠳᠠᠳᠤ ᠸᠢᠶᠧᠲᠨᠠᠮ ᠤᠨ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ | ᠲᠤᠬᠠᠢ ᠴᠢᠬᠤᠯᠠ ᠬᠠᠮᠲᠦ ᠶᠢᠨ ᠲᠠᠨᠢᠯᠳᠠ ᠲᠠᠢ ᠪᠤᠯᠵᠤ᠂ ᠳᠤᠮᠳᠠᠳᠤ ᠸᠢᠶᠧᠲᠨᠠᠮ ᠪᠤᠯ ᠦᠨᠢ ᠤᠳᠠᠭᠠᠨ ᠤᠯᠠᠮᠵᠢᠯᠠᠯᠲᠦ | ᠨᠦᠬᠦᠷᠯᠡᠯ ᠲᠠᠢ ᠬᠦᠷᠰᠢ ᠤᠯᠤᠰ ᠪᠤᠯᠤᠨ᠎ᠠ᠂ ᠴᠦᠮ ᠡᠪ ᠬᠠᠮᠲᠦ ᠨᠠᠮ ᠤᠳᠤᠷᠢᠳᠤᠭᠰᠠᠨ ᠨᠡᠶᠢᠭᠡᠮ ᠵᠢᠷᠤᠮᠳᠦ ᠤᠯᠤᠰ | ᠮᠦᠨ᠂ ᠤᠯᠤᠰ ᠲᠦᠷᠦ ᠶᠢᠨ ᠪᠠᠶᠢᠭᠤᠯᠤᠯ ᠠᠳᠠᠯᠢ᠂ ᠬᠦᠭᠵᠢᠯᠲᠠ ᠶᠢᠨ ᠵᠠᠮ ᠠᠳᠠᠯᠢᠪᠲᠤᠷ᠂ ᠢᠷᠡᠭᠡᠳᠦᠢ ᠶᠢᠨ ᠵᠠᠮ | ᠬᠤᠯᠪᠤᠭᠠᠲᠠᠢ᠂ ᠬᠤᠪᠢ ᠵᠠᠶᠠᠭ᠎ᠠ ᠨᠢᠭᠡᠳᠠᠢ ᠶᠤᠮ᠃ | ᠬᠤᠶᠠᠷ ᠲᠠᠯ᠎ᠠ ᠪᠠᠷ ᠢᠶᠠᠨ ᠬᠠᠷᠢᠯᠴᠠᠨ ᠲᠤᠯᠢᠳᠠᠵᠤ᠂ ᠬᠠᠮᠲᠦᠪᠡᠷ ᠬᠦᠭᠵᠢᠵᠤ᠂ ᠲᠤᠰ ᠲᠤᠰ ᠤᠨ | ᠤᠯᠤᠰ ᠤᠨ ᠢᠶᠠᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠰᠢᠨ᠎ᠠ ᠠᠮᠢᠵᠢᠷᠠᠯ ᠤᠨ | ᠬᠦᠴᠦᠨ ᠤᠷᠤᠭᠤᠯᠵᠤ᠂ ᠳᠤᠮᠳᠠᠳᠤ ᠸᠢᠶᠧᠲᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠤᠭᠳᠠᠭᠤᠨ ᠢᠶᠠᠷ ᠬᠦᠭᠵᠢᠬᠦ ᠶᠢ | ᠠᠬᠢᠭᠤᠯᠵᠤ᠂ ᠭᠠᠵᠠᠷ ᠤᠷᠤᠨ ᠤ ᠡᠩᠬᠡ ᠲᠠᠶᠢᠪᠤᠩ᠂ ᠲᠤᠭᠳᠠᠭᠤᠨ᠂ ᠬᠦᠭᠵᠢᠯ ᠴᠡᠴᠡᠭᠯᠡᠯ ᠢ ᠠᠬᠢᠭᠤᠯᠬᠤ ᠳᠤ | ᠢᠳᠡᠪᠬᠢᠲᠠᠢ ᠬᠤᠪᠢ ᠨᠡᠮᠡᠷᠢ ᠦᠵᠡᠭᠦᠯᠦᠶ᠎ᠠ ᠭᠡᠵᠤ ᠰᠠᠨᠠᠯ ᠨᠢᠭᠡᠳᠠᠢ ᠦᠵᠡᠪᠡ᠃ | ᠬᠤᠶᠠᠷ ᠲᠠᠯ᠎ᠠ ᠪᠠᠷ ᠢᠶᠠᠨ ᠳᠡᠭᠡᠳᠦ ᠲᠠᠪᠬᠤᠷᠭ᠎ᠠ ᠶᠢᠨ ᠶᠠᠪᠤᠯᠴᠠᠭ᠎ᠠ ᠶᠢᠨ ᠰᠢᠯᠢᠳᠡᠭ ᠤᠯᠠᠮᠵᠢᠯᠠᠯ ᠢᠶᠠᠨ | ᠪᠠᠲᠤᠯᠠᠬᠤ ᠶᠢᠨ ᠬᠠᠮᠲᠤ ᠴᠢᠩᠭᠠᠳᠬᠠᠵᠦ᠂ ᠬᠠᠷᠢᠯᠴᠠᠨ ᠨᠦᠬᠦᠷᠰᠡᠭ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ | ᠬᠡᠷᠡᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠤᠶᠢᠢᠯᠠᠭᠠᠯᠴᠠᠭᠠ ᠪᠠᠨ ᠴᠢᠩᠭᠠᠳᠬᠠᠵᠤ᠂ ᠤᠯᠤᠰ ᠲᠦᠷᠦ ᠶᠢᠨ | ᠢᠳᠡᠭᠡᠯᠴᠡᠭᠡ ᠪᠠᠨ ᠨᠡᠮᠡᠭᠳᠡᠭᠦᠯᠵᠦ᠂ ᠵᠦᠷᠢᠯᠳᠦᠭᠡᠨ ᠢᠶᠠᠨ ᠵᠤᠬᠢᠰᠳᠠᠢ ᠰᠢᠢᠳᠪᠤᠷᠢᠯᠡᠵᠦ᠂ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠶᠢᠨ ᠵᠦᠪ ᠴᠢᠭᠯᠡᠯ ᠢᠶᠠᠷ ᠬᠦᠭᠵᠢᠬᠦ ᠶᠢ ᠬᠦᠲᠦᠯᠦᠨ ᠳᠠᠭᠠᠭᠤᠯᠤᠨ᠎ᠠ᠃ ᠨᠠᠮ ᠤᠨ ᠬᠤᠭᠤᠷᠤᠨᠳᠤᠬᠢ | ᠶᠠᠪᠤᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠦᠪᠡᠷᠮᠢᠴᠠ ᠳᠠᠪᠠᠭᠤᠯᠢᠬ ᠢ | ᠪᠠᠳᠠᠷᠠᠭᠤᠯᠵᠤ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠬ ᠢ ᠡᠷᠬᠢᠯᠡᠬᠦ ᠲᠤᠷᠰᠢᠯᠭ᠎ᠠ ᠶᠢᠨ ᠰᠤᠯᠢᠯᠴᠠᠭ᠎ᠠ ᠪᠠᠨ | ᠨᠢᠬᠲᠠᠷᠠᠭᠤᠯᠤᠨ᠎ᠠ᠃ | ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠦᠪᠯᠡᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ | ᠲᠤᠳᠤᠭᠠᠳᠤ ᠶᠢ ᠬᠠᠮᠠᠭᠠᠯᠠᠬᠤ᠂ ᠠᠮᠤᠷ ᠲᠦᠪᠰᠢᠨ ᠵᠡᠷᠭᠡ ᠡᠯ᠎ᠡ ᠰᠠᠯᠠᠭ᠎ᠠ ᠮᠦᠴᠢᠷ ᠡᠯ᠎ᠡ ᠳᠡᠰ ᠳᠠᠪᠬᠤᠷᠭ᠎ᠠ ᠶᠢᠨ | ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠵᠦᠪᠰᠢᠶᠡᠷᠡᠪᠡ᠃ ᠬᠤᠶᠠᠷ ᠲᠠᠯ᠎ᠠ ᠪᠠᠷ ᠢᠶᠠᠨ᠂ ︽ᠨᠢᠭᠡ | ᠪᠦᠰᠡ ᠨᠢᠭᠡ ᠵᠠᠮ︾ ᠪᠤᠯᠤᠨ ︽ᠬᠤᠶᠠᠷ ᠬᠤᠩᠬᠢᠯ ᠨᠢᠭᠡ ᠲᠤᠭᠤᠷᠢᠬ︾ ᠢ ᠬᠠᠮᠲᠤᠪᠡᠷ ᠪᠠᠶᠢᠭᠤᠯᠬᠤ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠰᠠᠶᠢᠳᠤᠷ ᠨᠠᠶᠢᠳᠠᠪᠤᠷᠢᠵᠢᠭᠤᠯᠵᠤ᠂ ᠭᠠᠵᠠᠷ ᠤᠷᠤᠨ ᠤ ᠠᠵᠤ ᠠᠬᠤᠢ ᠶᠢᠨ | ᠬᠠᠷᠢᠯᠴᠠᠭ᠎ᠠ ᠪᠤᠯᠤᠨ ᠬᠤᠯᠪᠤᠯᠳᠤᠨ ᠨᠡᠪᠲᠡᠷᠡᠯᠴᠡᠬᠦ ᠪᠠᠨ ᠠᠬᠢᠭᠤᠯᠵᠤ᠂ ᠠᠵᠤ ᠠᠬᠤᠢ ᠠᠷᠠᠯᠵᠢᠶ᠎ᠠ᠂ | ᠦᠢᠯᠡᠳᠪᠦᠷᠢᠯᠡᠯ ᠤᠨ ᠴᠢᠳᠠᠪᠤᠷᠢ᠂ ᠪᠡᠯᠡ ᠤᠷᠤᠭᠤᠯᠤᠯᠲᠠ᠂ ᠰᠠᠭᠤᠷᠢ ᠳᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠵᠤᠭᠤᠰ ᠮᠦᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠦᠷᠭᠦᠯᠵᠢᠯᠡᠨ | ᠪᠤᠲᠠᠲᠠᠢ ᠶᠢ ᠡᠷᠬᠢᠮᠯᠡᠭᠰᠡᠨ ᠠᠬᠢᠴᠠ ᠲᠠᠢ ᠪᠤᠯᠬᠤ ᠶᠢ ᠠᠬᠢᠭᠤᠯᠵᠤ᠂ ᠬᠢᠯᠢ ᠳᠠᠮᠵᠢᠭᠰᠠᠨ ᠠᠵᠤ ᠠᠬᠤᠢ ᠶᠢᠨ | ᠬᠠᠮᠲᠤᠷᠠᠯᠴᠠᠭᠠᠨ ᠤ ᠤᠷᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠦᠳᠡᠭᠡ ᠠᠵᠤ | ᠠᠬᠤᠢ᠂ ᠤᠷᠴᠢᠨ ᠲᠤᠭᠤᠷᠢᠨ᠂ ᠰᠢᠨᠵᠢᠯᠡᠬᠦ ᠤᠬᠠᠭᠠᠨ ᠮᠡᠷᠭᠡᠵᠢᠯ᠂ ᠵᠠᠮ ᠲᠡᠭᠡᠭᠡᠪᠦᠷᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠵᠦᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠰᠤᠶᠤᠯ᠂ ᠰᠤᠷᠭᠠᠨ | ᠬᠦᠮᠦᠵᠢᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ᠂ ᠵᠠᠯᠠᠭᠤᠴᠤᠳ᠂ ᠭᠠᠵᠠᠷ ᠤᠷᠤᠨ᠂ ᠵᠤᠭᠠᠴᠠᠯ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠡᠳᠬᠡᠵᠦ᠂ ᠬᠠᠨᠤᠢ ᠳᠠᠬᠢ ᠳᠤᠮᠳᠠᠳᠤ ᠤᠯᠤᠰ ᠤᠨ ᠰᠤᠶᠤᠯ ᠤᠨ ᠲᠦᠪ᠂ | ᠸᠢᠶᠧᠲᠨᠠᠮ ᠳᠤᠮᠳᠠᠳᠤ ᠶᠢᠨ ᠨᠦᠬᠦᠷᠯᠡᠯ ᠤᠨ ᠤᠷᠳᠤᠨ ᠠᠯᠢ ᠪᠤᠯᠬᠤ ᠪᠠᠷ ᠡᠷᠲᠡ ᠠᠰᠢᠬᠯᠠᠯᠲᠠ ᠳᠤ ᠤᠷᠤᠬᠤ ᠶᠢ | ᠠᠬᠢᠭᠤᠯᠵᠤ᠂ ᠠᠷᠠᠳ ᠤᠨ ᠳᠤᠮᠳᠠᠬᠢ ᠶᠠᠪᠤᠯᠴᠠᠭᠠᠨ ᠤ ᠠᠵᠢᠯᠯᠠᠭ᠎ᠠ ᠶᠢ ᠰᠠᠶᠢᠳᠤᠷ ᠡᠷᠬᠢᠯᠡᠵᠦ᠂ ᠳᠤᠮᠳᠠᠳᠤ | ᠸᠢᠶᠧᠲᠨᠠᠮ ᠤᠨ ᠨᠦᠬᠦᠷᠰᠡᠭ ᠬᠠᠷᠢᠯᠴᠠᠭᠠᠨ ᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠤᠨ᠎ᠠ ᠭᠡᠵᠦ | ᠵᠦᠪᠰᠢᠶᠡᠷᠡᠪᠡ᠃ | ᠬᠤᠶᠠᠷ ᠲᠠᠯ᠎ᠠ ᠪᠠᠷ ᠢᠶᠠᠨ ᠬᠤᠶᠠᠷ ᠨᠠᠮ ᠪᠠ ᠬᠤᠶᠠᠷ ᠤᠯᠤᠰ ᠤᠨ ᠤᠳᠤᠷᠢᠳᠬᠤ ᠬᠦᠮᠦᠰ ᠤᠨ | ᠳᠤᠬᠢᠷᠠᠯᠴᠠᠬᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠳᠦᠰᠦᠯᠡᠵᠦ᠂ ᠳᠠᠯᠠᠢ ᠳᠡᠭᠡᠷᠡᠬᠢ ᠠᠰᠠᠭᠤᠳᠠᠯ ᠢ ᠵᠤᠬᠢᠰᠳᠠᠢ | ᠰᠢᠢᠳᠪᠦᠷᠢᠯᠡᠵᠦ᠂ ᠬᠠᠮᠲᠤᠪᠡᠷ ᠨᠡᠭᠡᠭᠡᠨ ᠬᠦᠭᠵᠢᠭᠦᠯᠬᠦ ᠶᠢ ᠪᠠᠭᠲᠠᠭᠠᠬᠰᠠᠨ ᠡᠯ᠎ᠡ ᠵᠦᠢᠯ ᠤᠨ ᠬᠡᠯᠪᠡᠷᠢ ᠶᠢᠨ ᠳᠠᠯᠠᠢ | ᠳᠡᠭᠡᠷᠡᠬᠢ ᠬᠠᠮᠲᠤᠷᠠᠯᠴᠠᠭ᠎ᠠ ᠶᠢ ᠯᠠᠪᠳᠠᠭᠤᠨ ᠠᠬᠢᠭᠤᠯᠵᠤ᠂ ᠡᠮᠦᠨᠡᠲᠤ ᠲᠠᠩᠭᠢᠰ ᠤᠨ ᠡᠩᠬᠡ ᠲᠠᠶᠢᠪᠤᠩ ᠪᠠ | ᠲᠤᠬᠲᠠᠭᠤᠨ ᠢ ᠬᠠᠮᠠᠭᠠᠯᠠᠬᠤ ᠪᠠᠷ ᠬᠠᠮᠳᠤᠪᠡᠷ ᠴᠢᠷᠮᠠᠶᠢᠨ᠎ᠠ ᠭᠡᠵᠦ ᠵᠦᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠤᠯᠠᠨ | ᠤᠯᠤᠰ ᠤᠨ ᠬᠤᠯᠪᠤᠭᠠᠲᠤ ᠪᠠᠶᠢᠭᠤᠯᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠲᠠ᠂ ᠠᠽᠢᠶ᠎ᠠ ᠲᠢᠪ | ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ᠂ ᠠᠽᠢᠶ᠎ᠠ | ᠡᠸᠦ᠋ᠷᠦᠫᠠ ᠶᠢᠨ ᠶᠡᠭᠡ ᠬᠤᠷᠠᠯ᠂ ᠳᠤᠮᠳᠠᠳᠤ ᠤᠯᠤᠰ — ᠵᠡᠭᠦᠨ ᠡᠮᠦᠨᠡᠲᠤ ᠠᠽᠢᠶ᠎ᠠ ᠶᠢᠨ ᠤᠯᠤᠰ ᠤᠳ ᠤᠨ | ᠬᠤᠯᠪᠤᠭ᠎ᠠ᠂ ᠯᠠᠨᠼᠠᠩᠵᠢᠶᠠᠩ ᠮᠦᠷᠡᠨ — ᠮᠸᠢᠢᠭᠤᠩ ᠭᠤᠤᠯ ᠤᠨ ᠬᠠᠮᠲᠤᠷᠠᠯᠴᠠᠭ᠎ᠠ ᠵᠡᠷᠭᠡ ᠤᠯᠠᠨ ᠤᠯᠤᠰ ᠪᠠ | ᠭᠠᠵᠠᠷ ᠤᠷᠤᠨ ᠤ ᠬᠠᠮᠳᠤᠷᠠᠯᠴᠠᠭᠠᠨ ᠤ ᠪᠤᠷᠤ ᠲᠦᠯᠦᠪ ᠤᠨ ᠲᠤᠳᠤᠷᠠᠬᠢ ᠬᠠᠮᠵᠢᠯᠴᠠᠭ᠎ᠠ ᠪᠠᠨ ᠴᠢᠩᠭᠠᠳᠬᠠᠨ᠎ᠠ ᠭᠡᠵᠦ | ᠵᠦᠪᠰᠢᠶᠡᠷᠡᠪᠡ᠃ | ᠳᠤᠮᠳᠠᠳᠤ ᠤᠯᠤᠰ ᠠᠴᠠ ᠸᠢᠶᠧᠲᠨᠠᠮ ᠤᠨ ᠬᠢᠨ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠬᠤᠷᠢᠨ ᠲᠠᠪᠤᠳᠤᠭᠠᠷ ᠤᠳᠠᠭ᠎ᠠ ᠶᠢᠨ ᠤᠳᠤᠷᠢᠳᠬᠤ | ᠬᠦᠮᠦᠰ ᠤᠨ ᠠᠯᠪᠠᠨ ᠶᠤᠰᠤᠨ ᠤ ᠪᠤᠰᠤ ᠬᠤᠷᠠᠯ ᠢ ᠠᠮᠵᠢᠯᠲᠠ ᠲᠠᠢ ᠭᠤᠤᠯᠯᠠᠨ ᠡᠷᠬᠢᠯᠡᠭᠰᠡᠨ ᠳᠤ ᠪᠠᠶᠠᠷ ᠬᠦᠷᠭᠡᠵᠦ᠂ | ᠳᠤᠷᠠᠲᠠᠶ᠎ᠠ ᠸᠢᠶᠧᠲᠨᠠᠮ ᠢ ᠪᠠᠭᠲᠠᠭᠠᠬᠰᠠᠨ ᠡᠯ᠎ᠡ ᠲᠠᠯ᠎ᠠ ᠶᠢᠨ ᠬᠢᠨ ᠲᠠᠢ ᠬᠠᠮᠲᠤ᠂ ᠠᠽᠢᠶ᠎ᠠ ᠲᠢᠪ ᠨᠤᠮᠤᠬᠠᠨ ᠳᠠᠯᠠᠢ ᠶᠢᠨ | ᠤᠷᠤᠨ ᠤ ᠤᠷᠤᠨ ᠪᠦᠰᠡ ᠶᠢᠨ ᠠᠵᠤ ᠠᠬᠤᠢ ᠶᠢᠨ ᠨᠢᠭᠡ ᠴᠤᠬᠴᠠᠵᠢᠯᠲᠠ ᠶᠢ ᠠᠬᠢᠭᠤᠯᠵᠤ᠂ ᠭᠠᠵᠠᠷ ᠤᠷᠤᠨ ᠤ | ᠬᠦᠭᠵᠢᠯ ᠴᠡᠴᠡᠭᠯᠡᠯ ᠢ ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠤᠨ᠎ᠠ ᠭᠡᠪᠡ᠃ | ᠬᠡᠯᠡᠯᠴᠡᠭᠡ ᠳᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠤᠳᠤᠷᠢᠳᠬᠤ ᠬᠦᠮᠤᠨ ︽ᠨᠢᠬᠡ ᠪᠦᠰᠠ | ᠨᠢᠬᠡ ᠵᠠᠮ︾ ᠪᠤᠯᠤᠨ ︽ᠬᠤᠶᠠᠷ ᠬᠤᠩᠬᠢᠯ ᠨᠢᠬᠡ ᠲᠤᠭᠤᠷᠢᠭ︾ ᠤᠨ ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ | ᠵᠢᠴᠢ ᠤᠶᠢᠢᠯᠡᠳᠪᠤᠷᠢᠯᠡᠯ ᠤᠨ ᠴᠢᠳᠠᠪᠤᠷᠢ᠂ ᠡᠨᠧᠷᠬᠢ᠂ ᠬᠢᠯᠢ ᠲᠠᠮᠵᠢᠬᠰᠠᠨ ᠠᠵᠤ ᠠᠬᠤᠢ ᠶᠢᠨ ᠬᠠᠮᠳᠤᠷᠠᠯᠴᠠᠭᠠᠨ ᠤ | ᠤᠷᠤᠨ᠂ ᠡᠯᠧᠺᠳ᠋ᠷᠤᠨ ᠬᠤᠳᠠᠯᠳᠤᠭ᠎ᠠ᠂ ᠬᠦᠮᠤᠨ ᠤ ᠬᠦᠴᠤᠨ ᠤ ᠡᠬᠢ ᠪᠠᠶᠠᠯᠢᠬ᠂ ᠠᠵᠤ ᠠᠬᠤᠢ ᠠᠷᠠᠯᠵᠢᠶ᠎ᠠ᠂ | ᠮᠦᠩᠬᠦᠨ ᠬᠦᠢᠯᠬᠡᠬᠡ᠂ ᠰᠤᠶᠤᠯ᠂ ᠡᠷᠡᠬᠦᠯ ᠬᠠᠮᠠᠭᠠᠯᠠᠯ᠂ ᠰᠤᠨᠢᠨ ᠮᠡᠳᠡᠭᠡ᠂ ᠨᠡᠶᠢᠬᠡᠮ ᠤᠨ ᠰᠢᠨᠵᠢᠯᠡᠬᠦ ᠤᠬᠠᠭᠠᠨ᠂ | ᠬᠢᠯᠢ ᠶᠢᠨ ᠬᠠᠮᠠᠭᠠᠯᠠᠯᠳᠠ ᠵᠡᠷᠬᠡ ᠬᠦᠷᠢᠶᠠᠨ ᠳᠠᠬᠢ ᠬᠠᠮᠳᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠶᠢ ᠬᠠᠮᠳᠤ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠤᠨ᠎ᠠ᠂ ᠷᠤᠸᠠᠨ ᠹᠦ᠋ ᠵᠦᠩ ᠲᠡᠷᠢᠬᠦᠯᠡᠭᠴᠢ ᠶᠢᠨ ᠤᠷᠳᠤᠨ ᠤ ᠠᠭᠤᠳᠠᠮ | ᠲᠠᠯᠠᠪᠠᠢ ᠳᠤ ᠦᠪᠡᠳᠡᠭᠰᠢ ᠶᠡᠭᠡ ᠤᠬᠳᠤᠬᠤ ᠶᠤᠰᠤᠯᠠᠯ ᠶᠠᠪᠤᠭᠤᠯᠪᠠ᠃ ᠠᠭᠤᠳᠠᠮ ᠲᠠᠯᠠᠪᠠᠢ ᠶᠢᠨ ᠭᠠᠳᠠᠨ᠎ᠠ | ᠦᠨᠳᠤᠰᠤᠳᠠᠨ ᠤ ᠪᠠᠨ ᠬᠤᠪᠴᠠᠰᠤ ᠪᠠᠷ ᠭᠤᠶᠤᠯᠠᠭᠰᠠᠨ ᠲᠤᠬᠠᠢ ᠶᠢᠨ ᠭᠠᠵᠠᠷ ᠤᠨ ᠠᠷᠠᠳ ᠲᠦᠮᠡᠨ ᠤᠯᠠᠨ | ᠴᠤᠬᠯᠠᠷᠠᠵᠥ ᠰᠢ ᠶᠢᠨ ᠫᠢᠩ ᠢ ᠤᠬᠳᠤᠪᠠ᠃ ᠰᠢ ᠶᠢᠨ ᠫᠢᠩ ᠤᠨ ᠰᠠᠭᠤᠭᠰᠠᠠ ᠮᠠᠰᠢᠨ ᠲᠡᠷᠬᠡ ᠬᠦᠷᠴᠤ ᠢᠷᠡᠬᠦ ᠳᠤ᠂ | ᠸᠢᠶᠧᠲᠨᠠᠮ ᠤᠨ ᠪᠠᠭᠠᠴᠤᠳ ᠬᠡᠤᠬᠡᠳ ᠳᠤᠮᠳᠠᠳᠤ ᠸᠢᠶᠧᠲᠨᠠᠮ ᠬᠤᠶᠠᠷ ᠤᠯᠤᠰ ᠤᠨ ᠤᠯᠤᠰ ᠤᠨ ᠲᠤᠬ ᠢ | ᠬᠤᠷᠦ᠋ᠢᠯᠠᠵᠤ ᠰᠢ ᠶᠢᠨ ᠫᠢᠩ ᠤᠨ ᠬᠦᠷᠴᠤ ᠢᠷᠡᠭᠰᠡᠨ ᠢ ᠬᠠᠯᠠᠭᠤᠨ ᠢᠶᠠᠷ ᠤᠬᠳᠤᠵᠠᠢ᠃ ᠷᠤᠸᠠᠨ ᠹᠦ᠋ ᠵᠦᠩ ᠮᠠᠰᠢᠨ | ᠲᠡᠷᠭᠡ ᠶᠢᠨ ᠵᠤᠭᠰᠤᠬᠤ ᠭᠠᠵᠠᠷ ᠲᠤ ᠤᠬᠳᠤᠨ ᠠᠪᠴᠤ᠂ ᠸᠢᠶᠧᠲᠨᠠᠮ ᠤᠨ ᠪᠢᠴᠢᠬᠠᠨ ᠬᠡᠤᠬᠡᠳ ᠰᠢ ᠶᠢᠨ ᠫᠢᠩ ᠳᠤ | ᠰᠤᠷᠭᠤᠬ ᠴᠡᠴᠡᠭ ᠬᠦᠷᠬᠡᠪᠡ᠃ ᠰᠢ ᠶᠢᠨ ᠫᠢᠩ ᠷᠤᠸᠠᠨ ᠹᠦ᠋ ᠵᠦᠩ ᠲᠠᠢ ᠬᠠᠮᠳᠤ ᠴᠡᠷᠢᠭ ᠰᠢᠯᠭᠠᠨ ᠦᠵᠡᠬᠦ | ᠲᠠᠶᠢᠰᠠᠨ ᠳᠤ ᠭᠠᠷᠴᠤ᠂ ᠴᠡᠷᠢᠭ ᠤᠨ ᠬᠦᠭᠵᠢᠮ ᠤᠨ ᠠᠩᠬᠢ ᠳᠤᠮᠳᠠᠳᠤ ᠸᠢᠶᠧᠲᠨᠠᠮ ᠬᠤᠶᠠᠷ ᠤᠯᠤᠰ ᠤᠨ ᠰᠦᠯᠳᠠ | ᠲᠠᠭᠤᠤ ᠶᠢ ᠬᠦᠭᠵᠢᠮᠳᠠᠵᠤ᠂ ᠶᠤᠰᠤᠯᠠᠯ ᠤᠨ ᠫᠤᠤ 21 ᠤᠳᠠᠭ᠎ᠠ ᠲᠤᠤᠭᠠᠷᠪᠠ᠃ ᠰᠢ ᠶᠢᠨ ᠫᠢᠩ ᠷᠤᠸᠠᠨ ᠹᠦ᠋ | ᠵᠦᠩ ᠤᠨ ᠪᠠᠷ᠎ᠠ ᠪᠤᠯᠤᠯᠭ᠎ᠠ ᠲᠠᠢ ᠪᠠᠷ ᠶᠤᠰᠤᠯᠠᠯ ᠤᠨ ᠠᠩᠬᠢ ᠶᠢ ᠰᠢᠯᠭᠠᠨ ᠦᠵᠡᠪᠡ᠃ ᠶᠤᠰᠤᠯᠠᠯ ᠤᠨ ᠠᠩᠬᠢ ᠶᠢᠨ | ᠪᠦᠬᠦ ᠨᠦᠬᠦᠳ ᠸᠢᠶᠧᠲᠨᠠᠮ ᠬᠡᠯᠡ ᠪᠠᠷ ︽ᠶᠠᠷᠤᠩᠬᠡᠢ ᠱᠦᠵᠢ ᠶᠢᠨ ᠪᠠᠶ᠎ᠠ ᠡᠷᠡᠬᠦᠯ ᠲᠡᠩᠬᠡᠯᠡᠭᠦᠨ ᠪᠠᠶᠢᠬᠤ ᠶᠢ ᠬᠦᠰᠡᠨ | ᠵᠦᠩᠨᠡᠶ᠎ᠠ︾ ᠬᠡᠵᠤ ᠦᠨᠳᠤᠷ ᠲᠠᠭᠤᠨ ᠢᠶᠠᠷ ᠬᠠᠰᠬᠢᠷᠪᠠ᠃ ᠰᠢ ᠶᠢᠨ ᠫᠢᠩ ᠸᠢᠶᠧᠲᠨᠠᠮ ᠤᠨ ᠪᠠᠷ᠎ᠠ ᠪᠤᠯᠤᠬᠰᠠᠳ ᠲᠠᠢ | ᠭᠠᠷ ᠠᠳᠬᠤᠵᠤ᠂ ᠷᠤᠸᠠᠨ ᠹᠦ᠋ ᠵᠦᠩ ᠳᠤᠮᠳᠠᠳᠤ ᠤᠯᠤᠰ ᠤᠨ ᠪᠠᠷ᠎ᠠ ᠪᠤᠯᠤᠬᠰᠠᠳ ᠲᠠᠢ ᠭᠠᠷ ᠠᠳᠬᠤᠵᠠᠢ᠃ | ᠰᠢ ᠶᠢᠨ ᠫᠢᠩ ᠪᠤᠯᠤᠨ ᠷᠤᠸᠠᠨ ᠹᠦ᠋ ᠵᠦᠩ ᠴᠡᠷᠢᠭ ᠰᠢᠯᠭᠠᠨ ᠦᠵᠡᠬᠦ ᠲᠠᠶᠢᠰᠠᠨ ᠳᠤ ᠪᠤᠴᠠᠵᠤ᠂ ᠦᠵᠡᠯᠬᠡ ᠶᠢᠨ | ᠵᠢᠬᠰᠠᠭᠠᠯ ᠢ ᠰᠤᠨᠢᠷᠬᠠᠪᠠ᠃ ᠬᠤᠶᠠᠷ ᠤᠯᠤᠰ ᠤᠨ ᠤᠳᠤᠷᠢᠳᠬᠤ ᠬᠦᠮᠤᠰ ᠸᠢᠶᠧᠲᠨᠠᠮ ᠤᠨ ᠡᠪ ᠬᠠᠮᠳᠤ ᠨᠠᠮ ᠤᠨ | ᠲᠦᠪ ᠬᠤᠷᠢᠶᠠᠨ ᠤ ᠰᠠᠭᠤᠭ᠎ᠠ ᠭᠠᠵᠠᠷ ᠲᠤ ᠬᠦᠷᠬᠦ ᠳᠤ᠂ ᠸᠢᠶᠧᠲᠨᠠᠮ ᠤᠨ ᠵᠠᠯᠠᠭᠤᠴᠤᠳ ᠴᠡᠴᠡᠭ ᠤᠨ ᠬᠡᠯᠳᠡᠰ | ᠰᠠᠴᠤᠵᠤ ᠤᠬᠳᠤᠪᠠ᠃ ᠳ᠋ᠢᠩ ᠰᠢᠤᠸᠠᠢ ᠰᠢᠶᠠᠩ᠂ ᠯᠢᠦ ᠡᡁᠧ᠂ ᠶᠠᠩ ᠵᠢᠶᠧ ᡂᠢ ᠨᠠᠷ ᠲᠡᠭᠡᠷᠡᠬᠢ ᠠᠵᠢᠯᠯᠠᠭ᠎ᠠ ᠳᠤ | ᠤᠷᠤᠯᠴᠠᠪᠠ᠃ | ᠸᠢᠶᠧᠲᠨᠠᠮ ᠤᠨ ᠲᠠᠯ᠎ᠠ ᠶᠢᠨ ᠤᠷᠤᠯᠴᠠᠬᠰᠠᠳ ᠲᠤ᠄ ᠸᠢᠶᠧᠲᠨᠠᠮ ᠤᠨ ᠡᠪ ᠬᠠᠮᠳᠤ ᠨᠠᠮ ᠤᠨ ᠲᠦᠪ | ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ | ᠪᠠᠶᠢᠩᠭᠤ ᠶᠢᠨ ᠱᠦᠵᠢ᠂ ᠲᠦᠪ ᠤᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠴᠧᠨ ᠬᠦᠸᠧ ᠸᠠᠩ᠂ ᠸᠢᠶᠧᠲᠨᠠᠮ ᠤᠨ | ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ | ᠨᠠᠷ ᠤᠨ ᠭᠠᠵᠠᠷ ᠤᠨ ᠱᠦᠵᠢ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠹᠠᠨ ᠮᠢᠩ ᠵᠧᠩ᠂ | ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠡᠳ᠋ | ᠶᠠᠷᠤᠩᠬᠡᠢ ᠰᠠᠶᠢᠳ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠹᠠᠨ ᠫᠢᠩ ᠮᠢᠩ᠂ ᠸᠢᠶᠧᠲᠨᠠᠮ ᠤᠨ ᠡᠪ ᠬᠠᠮᠳᠤ | ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ | ᠭᠠᠵᠠᠷ ᠤᠨ ᠱᠦᠵᠢ᠂ ᠲᠦᠪ ᠤᠨ ᠰᠤᠷᠳᠠᠯ ᠤᠬᠠᠭᠤᠯᠭ᠎ᠠ ᠰᠤᠷᠭᠠᠨ ᠬᠦᠮᠤᠵᠢᠯ ᠤᠨ ᠶᠠᠮᠤᠨ ᠤ ᠰᠠᠶᠢᠳ ᠦ᠋ ᠸᠧᠨ | ᠱᠠᠩ᠂ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ | ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠠᠮᠤᠨ ᠤ ᠰᠠᠶᠢᠳ ᠦ᠋ ᠴᠦᠨ ᠯᠢ᠂ ᠸᠢᠶᠧᠲᠨᠠᠮ ᠤᠨ ᠡᠪ ᠬᠠᠮᠳᠤ | ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠳᠤᠳᠤᠭᠠᠳᠤ ᠶᠢ ᠬᠠᠮᠠᠭᠠᠯᠠᠬᠤ | ᠶᠠᠮᠤᠨ ᠤ ᠰᠠᠶᠢᠳ ᠰᠤ᠋ ᠯᠢᠨ᠂ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠱᠦᠵᠢ ᠨᠠᠷ ᠤᠨ | ᠭᠠᠵᠠᠷ ᠤᠨ ᠱᠦᠵᠢ᠂ ᠲᠦᠪ ᠤᠨ ᠠᠯᠪᠠᠨ ᠲᠢᠩᠬᠢᠮ ᠤᠨ ᠡᠷᠬᠢᠯᠡᠭᠴᠢ ᠷᠤᠸᠠᠨ ᠸᠧᠨ ᠨᠢᠶᠠᠨ ᠵᠢᠴᠢ ᠸᠢᠶᠧᠲᠨᠠᠮ ᠤᠨ | ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠪᠠ᠃ | |