ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠷᠤᠸᠠᠨ ᠹᠦ᠋ ᠵᠦᠩ ᠪᠤᠯᠤᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠴᠧᠨ ᠳ᠋ᠠ ᠭᠤᠸᠠᠩ ᠤᠨ ᠬᠠᠮᠲᠤᠪᠡᠷ ᠡᠷᠬᠢᠯᠡᠭᠰᠡᠨ ᠤᠬᠲᠤᠬᠤ ᠳᠠᠶᠢᠯᠠᠯᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2017/11/14
        ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 12᠎ ᠤᠨ ᠡᠳᠦᠷ ᠸᠢᠶᠧᠲᠨᠠᠮ ᠤᠨ ᠡᠪ ᠬᠠᠮᠲᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠷᠤᠸᠠᠨ ᠹᠦ᠋ ᠵᠦᠩ ᠪᠤᠯᠤᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠴᠧᠨ ᠳ᠋ᠠ ᠭᠤᠸᠠᠩ ᠤᠨ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠦᠪ ᠲᠤ ᠡᠷᠬᠢᠯᠡᠭᠰᠡᠨ ᠦᠪᠡᠳᠡᠭᠰᠢ ᠶᠡᠭᠡ ᠤᠬᠲᠤᠬᠤ ᠳᠠᠶᠢᠯᠠᠯᠭ᠎ᠠ ᠳᠤ ᠤᠷᠤᠯᠴᠠᠪᠠ᠃         ᠲᠤᠬᠠᠢ ᠶᠢᠨ ᠭᠠᠵᠠᠷ ᠤᠨ ᠴᠠᠭ ᠢᠶᠠᠷ 7 ᠴᠠᠭ 30 ᠮᠢᠨᠦ᠋ᠲ ᠤᠨ ᠦᠶᠡᠰ ᠲᠤ᠂ ᠰᠢ ᠶᠢᠨ ᠫᠢᠩ ᠪᠠ ᠷᠤᠸᠠᠨ ᠹᠦ᠋ ᠵᠦᠩ ᠬᠠᠮᠳᠤᠪᠡᠷ ᠳᠠᠶᠢᠯᠠᠯᠭ᠎ᠠ ᠶᠢᠨ ᠲᠢᠩᠬᠢᠮ ᠳᠤ ᠬᠦᠷᠴᠤ᠂ ᠴᠧᠩ ᠳ᠋ᠠ ᠭᠤᠸᠠᠩ ᠬᠠᠯᠠᠭᠤᠨ ᠢᠶᠠᠷ ᠤᠬᠲᠤᠵᠤ ᠠᠪᠤᠪᠠ᠃ ᠬᠦᠭᠵᠢᠮ ᠤᠨ ᠠᠩᠬᠢ ᠳᠤᠮᠳᠠᠳᠤ ᠸᠢᠶᠧᠲᠨᠠᠮ ᠬᠤᠶᠠᠷ ᠤᠯᠤᠰ ᠤᠨ ᠰᠦᠯᠲᠡ ᠳᠠᠭᠤᠤ ᠶᠢ ᠬᠦᠭᠵᠢᠮᠳᠡᠪᠡ᠃ ᠷᠤᠸᠠᠨ ᠹᠦ᠋ ᠵᠦᠩ ᠸᠢᠶᠧᠲᠨᠠᠮ ᠤᠨ ᠨᠠᠮ᠂ ᠵᠠᠰᠠᠬ ᠤᠨ ᠤᠷᠳᠤᠨ ᠪᠠ ᠠᠷᠠᠳ ᠲᠦᠮᠡᠨ ᠢ ᠲᠦᠯᠦᠭᠡᠯᠡᠨ ᠰᠢ ᠶᠢᠨ ᠫᠢᠩ ᠤᠨ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ ᠤᠬᠲᠤᠪᠠ᠃ ᠷᠤᠸᠠᠨ ᠹᠦ᠋ ᠵᠦᠩ᠂ ᠸᠢᠶᠧᠲᠨᠠᠮ ᠳᠤᠮᠳᠠᠳᠤ ᠪᠤᠯ ᠨᠦᠬᠦᠷᠰᠡᠭ ᠬᠦᠷᠰᠢ ᠪᠤᠯᠤᠨ᠎ᠠ᠂ ᠥᠨᠢ ᠤᠲᠠᠭᠠᠨ ᠤ ᠤᠯᠠᠮᠵᠢᠯᠠᠯᠲᠤ ᠨᠥᠬᠦᠷᠯᠡᠯ ᠲᠠᠢ᠃ ᠲᠡᠷᠢᠭᠦᠯᠡᠭᠴᠢ ᠬᠤ᠋ ᡁᠢ ᠮᠢᠩ᠂ ᠲᠡᠷᠢᠭᠦᠯᠡᠭᠴᠢ ᠮᠠᠤ ᠽᠧ ᠳ᠋ᠦᠩ ᠵᠡᠷᠭᠡ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠦᠮᠦᠰ ᠤᠨ ᠪᠠᠶᠢᠭᠤᠯᠤᠭᠰᠠᠨ ᠭᠦᠨ ᠵᠤᠵᠠᠭᠠᠨ ᠨᠦᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠡᠷᠬᠢᠮ ᠨᠠᠨᠳᠢᠨ ᠡᠳ᠋ ᠬᠦᠷᠦᠩᠬᠡ ᠪᠤᠯᠤᠨ᠎ᠠ᠃          ᠸᠢᠶᠧᠲᠨᠠᠮ ᠤᠨ ᠬᠢᠨ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠮᠵᠢᠯᠠᠯᠲᠤ ᠨᠦᠬᠦᠷᠯᠡᠯ ᠢᠶᠠᠨ ᠵᠤᠵᠠᠭᠠᠳᠬᠠᠵᠥ ᠂ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠸᠢᠶᠧᠲᠨᠠᠮ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠦᠷᠬᠦᠯᠵᠢᠯᠡᠨ ᠡᠷᠡᠭᠦᠯ ᠲᠤᠬᠲᠠᠭᠤᠨ ᠢᠶᠠᠷ ᠬᠦᠭᠵᠢᠭᠦ ᠶᠢ ᠠᠬᠢᠭᠤᠯᠤᠨ᠎ᠠ᠃ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭᠠᠨ ᠤ ᠠᠶᠢᠯᠴᠢᠯᠠᠯᠲᠠ ᠨᠢ ᠯᠠᠪᠳᠠᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠳᠤ ᠰᠢᠨ᠎ᠡ ᠬᠦᠳᠡᠯᠭᠡᠬᠦ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ ᠰᠢ ᠶᠢᠨ ᠫᠢᠩ ᠪᠠᠶᠠᠷ ᠤᠨ ᠦᠬᠡ ᠬᠡᠯᠡᠬᠦ ᠳᠡᠭᠡᠨ᠂ ᠬᠤᠶᠠᠷ ᠵᠢᠯ ᠠᠯᠤᠰᠯᠠᠭᠠᠳ ᠡᠨᠡᠬᠦ ᠦᠵᠡᠰᠬᠦᠯᠡᠩᠳᠤ ᠰᠠᠶᠢᠬᠠᠨ ᠪᠠᠶᠠᠨ ᠳᠠᠩᠰᠤᠭ ᠨᠤᠳᠤᠬ ᠲᠡᠪᠢᠰᠭᠡᠷ ᠲᠤ ᠳᠠᠬᠢᠨᠳᠠ ᠬᠦᠷᠴᠤ ᠢᠷᠡᠬᠦ ᠪᠠᠷ᠂ ᠪᠢ ᠸᠢᠶᠧᠲᠨᠠᠮ ᠤᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠡᠪᠤᠷᠯᠡᠵᠦ ᠪᠠᠶᠢᠭ᠎ᠠ ᠬᠦᠨ ᠵᠤᠵᠠᠭᠠᠨ ᠬᠠᠶᠢᠷ᠎ᠠ ᠰᠡᠳᠬᠢᠯᠭᠡ ᠪᠠ ᠨᠦᠬᠦᠷᠯᠡᠯ ᠢ ᠲᠠᠬᠢᠨᠳᠠ ᠮᠡᠳᠡᠷᠡᠭᠰᠡᠨ ᠪᠠᠶᠢᠨ᠎ᠠ᠃ ᠦᠨᠤᠳᠤᠷ ᠤᠨ ᠸᠢᠶᠧᠲᠨᠠᠮ᠂ ᠤᠯᠤᠰ ᠲᠦᠷᠤ ᠨᠡᠶᠢᠬᠡᠮ ᠲᠤᠭᠳᠠᠭᠤᠨ᠂ ᠠᠵᠤ ᠠᠬᠤᠢ ᠦᠷᠬᠦᠯᠵᠢᠯᠠᠨ ᠬᠦᠭᠵᠢᠵᠤ᠂ ᠠᠷᠠᠳ ᠲᠦᠮᠡᠨ ᠠᠮᠤᠷ ᠠᠮᠤᠭᠤᠯᠠᠩ ᠠᠵᠤ ᠲᠦᠷᠤᠵᠤ ᠪᠠᠶᠢᠨ᠎ᠠ᠃          ᠸᠢᠶᠧᠲᠨᠠᠮ ᠤᠨ ᠡᠪ ᠬᠠᠮᠳᠤ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠸᠢᠶᠧᠲᠨᠠᠮ ᠤᠨ ᠠᠷᠠᠳ ᠲᠦᠮᠡᠨ ᠯᠠᠪᠳᠠᠶ᠎ᠠ ᠡᠷᠳᠡ ᠨᠢᠭᠡᠨ ᠡᠳᠦᠷ ᠸᠢᠶᠧᠲᠨᠠᠮ ᠢᠶᠠᠨ ᠠᠷᠠᠳ ᠨᠢ ᠪᠠᠶᠠᠨ ᠴᠢᠨᠡᠭᠡᠯᠢᠭ ᠤᠯᠤᠰ ᠨᠢ ᠬᠦᠴᠦᠷᠭᠡᠭ᠂ ᠡᠷᠬᠡ ᠲᠡᠭᠰᠢ᠂ ᠠᠷᠠᠳᠴᠢᠯᠠᠯ ᠲᠠᠢ᠂ ᠪᠤᠯᠪᠠᠰᠤᠨ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠪᠤᠯᠭᠠᠨ ᠪᠦᠳᠦᠭᠡᠨ ᠪᠠᠶᠢᠭᠤᠯᠬᠤ ᠶᠢ ᠪᠠᠳᠤ ᠢᠳᠡᠬᠡᠵᠤ ᠪᠠᠶᠢᠨ᠎ᠠ ᠬᠡᠵᠤ ᠵᠢᠭᠠᠵᠤ ᠭᠠᠷᠭᠠᠪᠠ᠃         ᠰᠢ ᠶᠢᠨ ᠫᠢᠩ᠂ ᠮᠢᠨᠤ ᠡᠨᠡ ᠤᠳᠠᠭ᠎ᠠ ᠶᠢᠨ ᠠᠶᠢᠯᠴᠢᠯᠠᠯᠳᠠ ᠶᠢᠨ ᠭᠤᠤᠯ ᠵᠤᠷᠢᠯᠭ᠎ᠠ ᠪᠤᠯ ᠤᠯᠠᠮᠵᠢᠯᠠᠯᠳᠤ ᠨᠦᠬᠦᠷᠯᠠᠯ ᠢᠶᠠᠨ ᠪᠠᠳᠤᠳᠬᠠᠵᠤ᠂ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠤ᠂ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠢᠷᠡᠬᠡᠳᠤᠢ ᠶᠢ ᠵᠢᠷᠤᠭᠯᠠᠨ ᠲᠦᠯᠦᠪᠯᠡᠬᠦ ᠶᠢᠨ ᠲᠦᠯᠥᠬᠡ ᠶᠤᠮ᠃ ᠳᠤᠮᠳᠠᠳᠤ ᠸᠢᠶᠧᠲᠨᠠᠮ ᠬᠤᠶᠠᠷ ᠤᠯᠤᠰ ᠪᠤᠯ ᠪᠦᠷ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠨᠡᠶᠢᠬᠡᠮ ᠵᠢᠷᠤᠮ ᠤᠨ ᠵᠠᠮ ᠢ ᠪᠠᠷᠢᠮᠳᠠᠯᠠᠵᠤ ᠪᠠᠶᠢᠳᠠᠭ᠂ ᠬᠠᠷᠢᠯᠴᠠᠨ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠵᠤ ᠂ ᠬᠦᠭᠵᠢᠯ ᠴᠡᠴᠡᠭᠯᠡᠯ ᠢ ᠬᠠᠮᠳᠤᠪᠡᠷ ᠰᠦᠪᠡᠭᠴᠢᠯᠡᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠠᠬᠦ ᠪᠦᠭᠡᠳ ᠲᠤᠰ ᠭᠠᠵᠠᠷ ᠤᠷᠤᠨ ᠲᠡᠷᠡᠴᠢᠯᠡᠨ ᠲᠡᠯᠡᠬᠡᠢ ᠶᠢᠨ ᠡᠩᠬᠡ ᠲᠠᠶᠢᠪᠤᠩ᠂ ᠲᠤᠭᠳᠠᠭᠤᠨ᠂ ᠬᠦᠭᠵᠢᠯᠳᠠ ᠳᠤ ᠠᠰᠢᠬᠳᠠᠢ ᠶᠤᠮ᠃ ᠳᠤᠮᠳᠠᠳᠤ ᠤᠯᠤᠰ ᠲᠤᠷᠠᠳᠠᠶ᠎ᠠ ᠸᠢᠶᠧᠲᠨᠠᠮ ᠲᠠᠢ ᠬᠠᠮᠳᠤ ᠪᠠᠷ᠂ ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠬᠤ᠂ ᠢᠷᠡᠬᠡᠳᠤᠢ ᠳᠤ ᠬᠠᠨᠳᠤᠬᠤ᠂ ᠡᠶᠡᠯᠳᠡᠭ ᠬᠦᠷᠰᠢ ᠶᠢᠨ ᠨᠦᠬᠦᠷᠰᠡᠭ ᠬᠠᠷᠢᠯᠴᠠᠭ᠎ᠠ᠂ ᠪᠦᠬᠦ ᠲᠠᠯ᠎ᠠ ᠪᠠᠷ ᠬᠠᠮᠳᠤᠷᠠᠯᠴᠠᠭ᠎ᠠ ᠬᠢᠬᠦ ᠴᠢᠭᠯᠡᠯᠳᠠ ᠪᠤᠯᠤᠨ ᠰᠠᠶᠢᠨ ᠬᠦᠷᠰᠢ᠂ ᠰᠠᠶᠢᠨ ᠨᠠᠶᠢᠵᠢ᠂ ᠰᠠᠶᠢᠨ ᠨᠦᠬᠦᠷ᠂ ᠰᠠᠶᠢᠨ ᠬᠠᠨᠢᠳᠠᠨ ᠤ ᠵᠤᠷᠢᠬ ᠰᠠᠨᠠᠭ᠎ᠠ ᠶᠢ ᠦᠷᠭᠦᠯᠵᠢᠯᠡᠨ ᠪᠠᠷᠢᠮᠳᠠᠯᠠᠨ ᠵᠢᠷᠦᠮᠯᠠᠵᠤ᠂ ᠳᠤᠮᠳᠠᠳᠤ ᠸᠢᠶᠧᠲᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠦᠷᠭᠦᠯᠵᠢᠯᠡᠨ ᠤᠷᠤᠭᠰᠢ ᠬᠦᠭᠵᠢᠬᠦ ᠶᠢ ᠠᠬᠢᠭᠤᠯᠤᠨ᠎ᠠ᠃ ᠳᠠᠶᠢᠯᠠᠯᠭ᠎ᠠ ᠨᠢ ᠬᠦᠷ ᠬᠦᠭᠵᠢᠶᠡᠨᠲᠠᠢ ᠨᠦᠬᠦᠷᠰᠡᠭ ᠠᠬᠤᠢ ᠪᠠᠶᠢᠳᠠᠯ ᠳᠤ ᠶᠠᠪᠤᠭᠳᠠᠪᠠ᠃ ᠳᠠᠶᠢᠯᠠᠯᠭ᠎ᠠ ᠠᠴᠠ ᠡᠮᠦᠨ᠎ᠠ᠂ ᠰᠢ ᠶᠢᠨ ᠫᠢᠩ ᠪᠤᠯᠤᠨ ᠷᠤᠸᠠᠨ ᠹᠦ᠋ ᠵᠦᠩ ᠬᠠᠮᠲᠦᠪᠡᠷ ︽ᠸᠢᠶᠧᠲᠨᠠᠮ ᠤᠨ ᠬᠡᠷᠡᠯ ᠵᠢᠷᠤᠭᠴᠢᠳ ᠤᠨ ᠬᠠᠷᠠᠭᠠᠨ ᠳᠠᠬᠢ ᠳᠤᠮᠳᠠᠳᠤ ᠤᠯᠤᠰ︾ ᠭᠡᠬᠦ ᠬᠡᠷᠡᠯ ᠵᠢᠷᠤᠭ ᠤᠨ ᠦᠵᠡᠭᠦᠯᠦᠯᠭᠡ ᠶᠢ ᠰᠤᠨᠢᠷᠬᠠᠵᠠᠢ᠃         ᠳ᠋ᠢᠩ ᠰᠢᠤᠸᠠᠢ ᠰᠢᠶᠠᠩ᠂ ᠯᠢᠦ ᠾᠧ᠂ ᠶᠠᠩ ᠵᠢᠶᠧ ‍ᠤᠤᠢ ᠵᠡᠷᠭᠡ ᠳᠤᠮᠳᠠᠳᠤ ᠶᠢᠨ ᠲᠠᠯ᠎ᠠ ᠶᠢᠨ ᠪᠠᠷ᠎ᠠ ᠪᠤᠯᠤᠭᠰᠠᠳ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ᠂ ᠲᠦᠪ ᠤᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠴᠧᠨ ᠭᠦᠸᠧ ᠸᠠᠩ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠹᠠᠨ ᠮᠢᠩ ᠵᠧᠩ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠳᠡᠳ᠋ ᠶᠡᠷᠦᠩᠬᠡᠢ ᠰᠠᠶᠢᠳ᠂ ᠭᠠᠳᠠᠭᠠᠳᠦ ᠶᠠᠪᠤᠳᠠᠯ ᠤᠨ ᠶᠠᠮᠤᠨ ᠤ ᠰᠠᠶᠢᠳ ᠹᠠᠨ ᠫᠢᠩ ᠮᠢᠩ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠰᠤᠷᠳᠠᠯ ᠤᠬᠠᠭᠤᠯᠭ᠎ᠠ ᠰᠤᠷᠭᠠᠨ ᠬᠦᠮᠦᠵᠢᠯ ᠤᠨ ᠶᠠᠮᠤᠨ ᠤ ᠰᠠᠶᠢᠳ ᠦ᠋ ᠸᠧᠨ ᠱᠠᠩ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠠᠵᠤ ᠠᠬᠤᠢ ᠶᠢᠨ ᠶᠠᠮᠤᠨ ᠤ ᠰᠠᠶᠢᠳ ᠷᠤᠸᠠᠨ ᠸᠧᠨ ᠫᠢᠩ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠦᠨᠳᠦᠰᠦᠳᠡᠨ ᠤ ᠬᠦᠳᠡᠯᠭᠡᠭᠡᠨ ᠤ ᠶᠠᠮᠤᠨ ᠤ ᠰᠠᠶᠢᠳ ᠵᠠᠩ ᠱᠢ ᠮᠸᠢ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠪᠠᠶᠢᠩᠭᠤ ᠶᠢᠨ ᠳᠡᠳ᠋ ᠶᠡᠷᠦᠩᠬᠡᠢ ᠰᠠᠶᠢᠳ ᠵᠠᠩ ᠾᠧ ᠫᠢᠩ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠳᠡᠳ᠋ ᠶᠡᠷᠦᠩᠬᠡᠢ ᠰᠠᠶᠢᠳ ᠸᠠᠩ ᠲᠢᠩ ᠬᠤᠢ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠦ᠋ ᠴᠦᠨ ᠯᠢ᠂ ᠸᠢᠶᠧᠲᠨᠠᠮ ᠤᠨ ᠡᠪ ᠬᠠᠮᠲᠦ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠳᠤᠳᠤᠭᠠᠳᠦ ᠶᠢ ᠬᠠᠮᠠᠭᠠᠯᠠᠬᠤ ᠶᠠᠮᠤᠨ ᠤ ᠰᠠᠶᠢᠳ ᠰᠦ᠋ ᠯᠢᠨ ᠨᠠᠷ ᠤᠭᠲᠤᠬᠤ ᠳᠠᠶᠢᠯᠠᠯᠭ᠎ᠠ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号