ᠰᠢ ᠶᠢᠨ ᠫᠢᠩ ᠸᠢᠶᠧᠲᠨᠠᠮ ᠳᠤᠮᠳᠠᠳᠤ ᠶᠢᠨ ᠨᠦᠬᠦᠷᠯᠡᠯ ᠤᠨ ᠤᠷᠳᠤᠨ ᠤ ᠪᠠᠷᠢᠯᠭ᠎ᠠ ᠳᠠᠭᠤᠰᠴᠤ ᠲᠥᠯᠬᠢᠬᠦᠷ ᠲᠤᠰᠢᠶᠠᠬᠤ ᠶᠤᠰᠤᠯᠠᠯ ᠵᠢᠴᠢ ᠬᠠᠨᠤᠢ ᠶᠢᠨ ᠳᠤᠮᠳᠠᠳᠤ ᠤᠯᠤᠰ ᠤᠨ ᠰᠤᠶᠤᠯ ᠤᠨ ᠲᠦᠪ ᠤᠨ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2017/11/14
     ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 12᠎ ᠤᠨ ᠡᠳᠦᠷ ᠬᠠᠨᠤᠢ ᠳᠤ ᠸᠢᠶᠧᠲᠨᠠᠮ ᠳᠤᠮᠳᠠᠳᠤ ᠶᠢᠨ ᠨᠦᠬᠦᠷᠯᠡᠯ ᠤᠨ ᠤᠷᠳᠤᠨ ᠤ ᠪᠠᠷᠢᠯᠭ᠎ᠠ ᠳᠠᠭᠤᠰᠴᠤ ᠲᠥᠯᠬᠢᠬᠦᠷ ᠲᠤᠰᠢᠶᠠᠬᠤ ᠶᠤᠰᠤᠯᠠᠯ ᠵᠢᠴᠢ ᠬᠠᠨᠤᠢ ᠶᠢᠨ ᠳᠤᠮᠳᠠᠳᠤ ᠤᠯᠤᠰ ᠤᠨ ᠰᠤᠶᠤᠯ ᠤᠨ ᠲᠦᠪ ᠤᠨ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃      ᠰᠢ ᠶᠢᠨ ᠫᠢᠩ ᠨᠦᠬᠦᠷᠯᠡᠯ ᠤᠨ ᠤᠷᠳᠤᠨ ᠳᠤ ᠬᠦᠷᠬᠦ ᠳᠤ᠂ ᠳᠤᠮᠳᠠᠳᠤ ᠶᠢᠨ ᠪᠡᠯᠡᠲᠤ ᠠᠵᠤ ᠠᠬᠤᠶᠢᠢᠯᠠᠯ ᠤᠨ ᠲᠦᠯᠦᠭᠡᠯᠡᠭᠴᠢ ᠪᠠ ᠸᠢᠶᠧᠲᠨᠠᠮ ᠤᠨ ᠵᠠᠯᠠᠭᠤᠴᠤᠳ ᠮᠦᠷᠯᠡᠨ ᠵᠤᠭᠰᠤᠵᠥ ᠪᠠᠶᠠᠷᠯᠠᠨ ᠤᠬᠲᠤᠵᠤ᠂ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠷᠤᠸᠠᠨ ᠱᠢ ᠶᠢᠨ ᠶᠢᠨ ᠤᠷᠤᠬᠤ ᠡᠭᠦᠳᠡᠨ ᠤ ᠵᠠᠬ᠎ᠠ ᠳᠤ ᠤᠬᠲᠤᠪᠠ᠃ ᠷᠤᠸᠠᠨ ᠱᠢ ᠶᠢᠨ ᠶᠢᠨ ᠤ ᠪᠠᠷ᠎ᠠ ᠪᠤᠯᠤᠯᠭ᠎ᠠ ᠲᠠᠢ ᠪᠠᠷ᠂ ᠰᠢ ᠶᠢᠨ ᠫᠢᠩ ᠶᠤᠰᠤᠯᠠᠯ ᠤᠨ ᠲᠤᠬᠠᠢ ᠶᠢᠨ ᠲᠠᠯᠠᠪᠤᠷ ᠲᠤ ᠬᠦᠷᠪᠡ᠃ ᠸᠢᠶᠧᠲᠨᠠᠮ ᠳᠤᠮᠳᠠᠳᠤ ᠶᠢᠨ ᠨᠦᠬᠦᠷᠯᠡᠯ ᠤᠨ ᠤᠷᠳᠤᠨ ᠤ ᠪᠠᠷᠢᠯᠭ᠎ᠠ ᠳᠠᠭᠤᠰᠴᠤ ᠲᠥᠯᠬᠢᠬᠦᠷ ᠲᠤᠰᠢᠶᠠᠬᠤ ᠶᠤᠰᠤᠯᠠᠯ ᠡᠬᠢᠯᠡᠯ᠎ᠡ᠃ ᠲᠤᠬᠠᠢ ᠶᠢᠨ ᠲᠠᠯᠠᠪᠤᠷ ᠲᠤ ᠨᠦᠭᠦᠷᠯᠡᠯ ᠤᠨ ᠤᠷᠳᠤᠨ ᠤ ᠲᠦᠷᠦᠯ ᠵᠦᠢᠯ ᠢ ᠲᠠᠨᠢᠯᠴᠠᠭᠤᠯᠬᠤ ᠸᠢᠳᠢᠣ᠋ ᠶᠢᠨ ᠤᠬᠤᠷ ᠹᠢᠯᠢᠮ ᠢ ᠲᠠᠯᠪᠢᠪᠠ᠃ ᠰᠢ ᠶᠢᠨ ᠫᠢᠩ ᠪᠤᠯᠤᠨ ᠷᠤᠸᠠᠨ ᠱᠢ ᠶᠢᠨ ᠶᠢᠨ ᠲᠡᠷᠢᠭᠦᠯᠡᠭᠴᠢ ᠶᠢᠨ ᠲᠠᠶᠢᠰᠤᠨ ᠳᠤ ᠭᠠᠷᠴᠠᠢ᠃ ᠰᠢ ᠶᠢᠨ ᠫᠢᠩ ᠷᠤᠸᠠᠨ ᠱᠢ ᠶᠢᠨ ᠶᠢᠨ ᠳᠤ ᠲᠦᠷᠦᠯ ᠵᠦᠢᠯ ᠤᠨ ︽ᠠᠯᠲᠠᠨ ᠳᠦᠯᠬᠢᠭᠦᠷ︾᠎ ᠢ ᠲᠤᠰᠢᠶᠠᠪᠠ᠃ ᠬᠠᠨᠤᠢ ᠶᠢᠨ ᠳᠤᠮᠳᠠᠳᠤ ᠤᠯᠤᠰ ᠤᠨ ᠰᠤᠶᠤᠯ ᠤᠨ ᠲᠦᠪ ᠤᠨ ᠫᠠᠶᠢᠰᠠ ᠡᠯᠭᠦᠭᠦ ᠶᠤᠰᠤᠯᠠᠯ ᠡᠬᠢᠯᠡᠵᠠᠢ᠃ ᠰᠢ ᠶᠢᠨ ᠫᠢᠩ ᠷᠤᠸᠠᠨ ᠱᠢ ᠶᠢᠨ ᠶᠢᠨ ᠲᠠᠢ ᠬᠠᠮᠲᠤ ᠳᠤᠮᠳᠠᠳᠤ ᠤᠯᠤᠰ ᠤᠨ ᠰᠤᠶᠤᠯ ᠤᠨ ᠲᠦᠪ ᠤᠨ ᠫᠠᠶᠢᠰᠠ ᠶᠢ ᠰᠡᠭᠦᠵᠤ ᠦᠭᠪᠡ᠃      ᠷᠤᠸᠠᠨ ᠱᠢ ᠶᠢᠨ ᠶᠢᠨ ᠤ ᠪᠠᠷ᠎ᠠ ᠪᠤᠯᠤᠯᠭ᠎ᠠ ᠲᠠᠢ ᠪᠠᠷ᠂ ᠰᠢ ᠶᠢᠨ ᠫᠢᠩ ᠨᠦᠬᠦᠷᠯᠠᠯ ᠤᠨ ᠤᠷᠳᠤᠨ ᠳᠠᠬᠢ ᠳᠤᠮᠳᠠᠳᠤ ᠸᠢᠶᠧᠲᠨᠠᠮ ᠤᠨ ᠨᠦᠬᠦᠷᠯᠠᠯ ᠤᠨ ᠤᠷᠠᠯᠢᠬ ᠤᠨ ᠬᠦᠳᠤᠬᠦᠷ ᠱᠤᠭᠤᠮᠠᠯ ᠢ ᠰᠤᠨᠢᠷᠬᠠᠵᠤ᠂ ᠶᠡᠭᠡ ᠵᠦᠴᠤᠬᠡ ᠶᠢᠨ ᠬᠦᠷᠢᠶᠠᠯᠠᠩ ᠢᠶᠠᠷ ᠲᠤᠭᠤᠷᠢᠨ ᠦᠵᠡᠪᠡ᠃ ᠲᠤᠭᠤᠷᠢᠨ ᠦᠵᠡᠭᠰᠡᠨ ᠤ ᠲᠠᠷᠠᠭ᠎ᠠ᠂ ᠰᠢ ᠶᠢᠨ ᠫᠢᠩ ᠪᠤᠯᠤᠨ ᠷᠤᠸᠠᠨ ᠱᠢ ᠶᠢᠨ ᠶᠢᠨ ᠲᠤᠬᠠᠢ ᠶᠢᠨ ᠲᠠᠯᠠᠪᠠᠢ ᠶᠢᠨ ᠳᠤᠮᠳᠠᠳᠤ ᠸᠢᠶᠧᠲᠨᠠᠮ ᠤᠨ ᠨᠦᠬᠦᠷᠰᠡᠭ ᠬᠦᠮᠤᠰ ᠲᠠᠢ ᠳᠤᠳᠤᠨᠤ ᠪᠠᠷ ᠭᠠᠷ ᠠᠳᠬᠤᠨ ᠵᠤᠭᠤᠭᠳᠠᠵᠤ᠂ ᠲᠡᠳᠡᠨ ᠢ ᠬᠤᠶᠠᠷ ᠤᠯᠤᠰ ᠤᠨ ᠨᠦᠬᠦᠷᠰᠡᠭ ᠶᠠᠪᠤᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠠᠬᠤ ᠳᠤ ᠢᠯᠡᠭᠦᠬᠡᠨ ᠢᠳᠡᠪᠬᠢᠳᠠᠢ ᠬᠤᠪᠢ ᠨᠡᠮᠡᠷᠢ ᠦᠵᠡᠬᠦᠯᠬᠦ ᠶᠢ ᠵᠤᠷᠢᠬᠵᠢᠭᠤᠯᠪᠠ᠃ ᠸᠢᠶᠧᠲᠨᠠᠮ ᠳᠤᠮᠳᠠᠳᠤ ᠶᠢᠨ ᠨᠦᠬᠦᠷᠯᠠᠯ ᠤᠨ ᠤᠷᠳᠤᠨ ᠤ ᠲᠦᠷᠤᠯ ᠵᠦᠢᠯ ᠨᠢ ᠬᠠᠨᠤᠢ ᠬᠤᠳᠠ ᠳᠤ ᠪᠠᠶᠢᠷᠢᠰᠢᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 1.38 ᠲᠦᠮᠡᠨ ᠲᠡᠭᠰᠢ ᠲᠦᠷᠪᠡᠯᠵᠢᠨ ᠮᠧᠳ᠋ᠷ ᠤᠷᠴᠢᠮ ᠪᠠᠶᠢᠨ᠎ᠠ᠂ ᠳᠤᠮᠳᠠᠳᠤ ᠤᠯᠤᠰ ᠤᠨ ᠬᠢᠨ ᠤ ᠸᠢᠶᠧᠲᠨᠠᠮ ᠢ ᠲᠤᠰᠠᠯᠠᠬᠰᠠᠨ ᠪᠡᠯᠬᠡ ᠲᠡᠮᠳᠡᠭᠳᠤ ᠢᠨᠵᠧᠨᠧᠷᠢᠩ ᠪᠤᠯᠤᠨ᠎ᠠ᠃      ᠬᠠᠨᠤᠢ ᠶᠢᠨ ᠳᠤᠮᠳᠠᠳᠤ ᠤᠯᠤᠰ ᠤᠨ ᠰᠤᠶᠤᠯ ᠤᠨ ᠲᠦᠪ ᠪᠤᠯ ᠳᠤᠮᠳᠠᠳᠤ ᠤᠯᠤᠰ ᠤᠨ ᠸᠢᠶᠧᠲᠨᠠᠮ ᠳᠤ ᠲᠤᠮᠢᠯᠠᠨ ᠰᠠᠭᠤᠬᠤ ᠠᠯᠪᠠᠨ ᠤ ᠰᠤᠶᠤᠯ ᠤᠨ ᠪᠠᠶᠢᠭᠤᠯᠤᠮᠵᠢ ᠪᠤᠯᠤᠨ᠎ᠠ᠃ ᠳ᠋ᠢᠩ ᠰᠢᠤᠸᠠᠢ ᠰᠢᠶᠠᠩ᠂ ᠯᠢᠤ ᠡᡁᠧ᠂ ᠶᠠᠩ ᠵᠢᠶᠧ ᡂᠢ ᠵᠡᠷᠬᠡ ᠳᠤᠮᠳᠠᠳᠤ ᠶᠢᠨ ᠲᠠᠯ᠎ᠠ ᠶᠢᠨ ᠪᠠᠷ᠎ᠠ ᠪᠤᠯᠤᠬᠰᠠᠳ᠂ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠰᠤᠷᠳᠠᠯ ᠤᠬᠠᠭᠤᠯᠭ᠎ᠠ ᠰᠤᠷᠭᠠᠨ ᠬᠦᠮᠤᠵᠢᠯ ᠤᠨ ᠶᠠᠮᠤᠨ ᠤ ᠰᠠᠶᠢᠳ ᠦ᠋ ᠸᠧᠨ ᠱᠠᠩ᠂ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠦᠨᠳᠤᠰᠤᠳᠠᠨ ᠤ ᠬᠦᠳᠡᠯᠬᠡᠬᠡᠨ ᠤ ᠶᠠᠮᠤᠨ ᠤ ᠰᠠᠶᠢᠳ ᠵᠠᠩ ᠱᠢ ᠮᠸᠢ᠂ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠬᠤ᠋ ᡁᠢ ᠮᠢᠩ ᠤᠯᠤᠰ ᠤᠨ ᠤᠯᠤᠰ ᠲᠦᠷᠤ ᠶᠢᠨ ᠲᠡᠭᠡᠳᠤ ᠰᠤᠷᠭᠠᠭᠤᠯᠢ ᠶᠢᠨ ᠵᠠᠬᠢᠷᠤᠯ᠂ ᠸᠢᠶᠧᠲᠨᠠᠮ ᠳᠤᠮᠳᠠᠳᠤ ᠶᠢᠨ ᠨᠦᠬᠦᠷᠯᠠᠯ ᠤᠨ ᠨᠡᠶᠢᠭᠡᠮᠯᠢᠭ ᠤᠨ ᠲᠡᠷᠢᠬᠦᠯᠡᠭᠴᠢ ᠷᠤᠸᠠᠨ ᠴᠦᠨ ᠱᠧᠩ ᠨᠠᠷ ᠲᠡᠭᠡᠷᠡᠬᠢ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号