| 11 ᠳ᠋ᠤᠭᠡᠷ ᠰᠠᠷ᠎ᠠ ᠶᠢᠨ19 ᠤ ᠡᠳᠤᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠤᠨ | ᠲᠠᠶᠢᠯᠪᠤᠷᠢᠯᠠᠬᠤ ᠪᠦᠯᠭᠦᠮ ᠤᠨ ᠭᠡᠰᠢᠭᠦᠨ᠂ ᠠᠶᠢᠮᠠᠭ ᠤᠨ ᠤᠯᠤᠰ ᠲᠦᠷᠤ ᠶᠢᠨ ᠵᠦᠪᠯᠡᠯᠭᠡᠨ ᠤ ᠰᠤᠶᠤᠯ ᠲᠡᠤᠭᠡ ᠶᠢᠨ | ᠮᠠᠲ᠋ᠧᠷᠢᠶᠠᠯ ᠤᠨ ᠵᠦᠪᠯᠡᠯ ᠤᠨ ᠡᠷᠬᠢᠯᠡᠭᠴᠢ ᠯᠢᠨ ᠵᠠᠨ ᠵᠢᠶᠦ᠋ᠨ᠂ ᠠᠶᠢᠮᠠᠭ ᠤᠨ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠠ ᠶᠢᠨ ᠠᠵᠢᠯᠯᠠᠬᠤ ᠵᠦᠪᠯᠡᠯ ᠤᠨ ᠱᠦᠵᠢ ᠡᠤ ᠯᠢᠨ ᠵᠦᠡᠭ᠂ ᠰᠢᠯᠢ ᠶᠢᠨ ᠬᠤᠳᠠ ᠶᠢᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ ᠪᠠᠳᠤᠴᠢᠯᠠᠭᠤ ᠰᠢᠯᠤᠭᠤᠨ ᠭᠦᠭᠡ | ᠬᠤᠰᠢᠭᠤᠨ ᠳᠤ ᠢᠷᠡᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠠᠶᠢᠯᠪᠤᠷᠢᠯᠠᠭᠰᠠᠨ | ᠪᠠᠶᠢᠨ᠎ᠠ᠃ ᠭᠤᠤᠯ ᠬᠤᠷᠠᠯ ᠤᠨ ᠲᠠᠯᠠᠪᠠᠢ ᠪᠤᠯᠬᠤ ᠬᠤᠰᠢᠭᠤ ᠬᠤᠷᠠᠯ ᠤᠨ ᠲᠦᠪ᠂ ᠬᠤᠪᠢᠶᠠᠷᠢ ᠬᠤᠷᠠᠯ ᠤᠨ ᠲᠠᠯᠠᠪᠠᠢ | ᠪᠤᠯᠬᠤ ᠪᠤᠷᠤᠬᠤᠳᠠ ᠵᠢᠱᠢᠶ᠎ᠡ ᠦᠵᠡᠭᠦᠯᠭᠦ ᠲᠤᠭᠤᠷᠢᠭ ᠪᠠ ᠰᠠᠶᠢᠨᠬᠤᠳᠳᠤᠭ ᠰᠤᠮᠤᠨ ᠤ ᠨᠠᠷᠠᠰᠤᠳᠤ ᠭᠠᠴᠠᠭᠠᠨ ᠳᠤ | ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠠᠭᠤᠯᠬᠤᠨ ᠢ ᠭᠦᠨᠵᠡᠭᠡᠢ ᠲᠠᠶᠢᠯᠪᠤᠷᠢᠯᠠᠭᠰᠠᠨ | ᠤ ᠬᠠᠮᠳᠤ ᠱᠠᠩᠳᠤ ᠪᠠᠯᠭᠠᠰᠤᠨ ᠤ ᠰᠢᠷ᠎ᠡ ᠲᠡᠨᠵᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠤᠨ ᠲᠠᠢ ᠰᠠᠭᠤᠳᠠᠯ ᠤᠨ | ᠬᠤᠷᠠᠯ ᠬᠤᠷᠠᠯᠳᠤᠭᠤᠯᠵᠤ᠂ ᠦᠷᠭᠡᠨ ᠤᠯᠠᠨ ᠰᠠᠭᠤᠭᠠᠯᠢ ᠠᠷᠠᠤᠨ᠂ ᠤᠯᠠᠨ ᠲᠦᠮᠡᠨ ᠲᠠᠢ ᠲᠡᠳᠡ ᠨᠠᠷ ᠤᠨ ᠰᠠᠨᠠᠭ᠎ᠠ | ᠪᠤᠯᠵᠤ ᠪᠠᠶᠢᠭ᠎ᠠ ᠵᠤᠶᠢᠯ ᠢ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠤᠨ ᠲᠤᠰᠬᠠᠢ | ᠲᠠᠶᠢᠯᠤᠮᠵᠢ ᠬᠢᠭᠰᠡᠨ ᠪᠠᠶᠢᠨ᠎ᠠ᠃ | ᠭᠤᠤᠯ ᠬᠤᠷᠠᠯ ᠤᠨ ᠲᠠᠯᠠᠪᠠᠢ ᠳᠠᠬᠢ ᠮᠡᠳᠡᠭᠦᠯᠦᠯᠳᠡ ᠶᠢᠨ ᠬᠤᠷᠠᠯ ᠢ ᠬᠤᠰᠢᠭᠤ ᠵᠠᠰᠠᠭ ᠤᠨ ᠤᠷᠳᠤᠨ ᠤ | ᠲᠠᠷᠤᠭ᠎ᠠ ᠪᠤᠶᠠᠨᠳᠤ ᠡᠷᠬᠢᠯᠡᠵᠠᠢ᠃ ᠲᠡᠷᠡ ᠴᠢᠬᠤᠯᠠᠴᠢᠯᠠᠬᠤ ᠳᠠᠭᠠᠨ᠄ ᠪᠦᠭᠦ ᠬᠤᠰᠢᠭᠤᠨ ᠤ ᠦᠷᠭᠡᠨ ᠤᠯᠠᠨ ᠺᠠᠳ᠋ᠷ | ᠤᠯᠠᠨ ᠲᠦᠮᠡᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠴᠢᠬᠤᠯᠠ ᠶᠡᠭᠡ ᠤᠳᠬ᠎ᠠ | ᠠᠭᠤᠯᠭ᠎ᠠ ᠶᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠲᠦᠪ᠂ ᠦᠪᠡᠷᠳᠡᠭᠡᠨ ᠵᠠᠰᠠᠬᠤ ᠤᠷᠤᠨ᠂ | ᠠᠶᠢᠮᠠᠭ᠂ ᠬᠤᠰᠢᠭᠤᠨ ᠤ ᠨᠠᠮ ᠤᠨ ᠬᠤᠷᠢᠶᠠᠨ ᠤ ᠪᠠᠶᠢᠯᠳᠤᠬᠤ ᠪᠤᠳᠤᠯᠭ᠎ᠠ ᠲᠡᠭᠡᠷ᠎ᠡ ᠲᠦᠪᠯᠡᠷᠡᠭᠦᠯᠵᠤ᠂ ᠨᠠᠮ ᠤᠨ | ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ | ᠤᠯᠤᠰ ᠲᠦᠷᠤ ᠶᠢᠨ ᠡᠭᠦᠷᠭᠡ ᠪᠤᠯᠭᠠᠵᠤ᠂ ᠡᠳᠤᠷ ᠲᠤᠳᠤᠮ ᠤᠨ ᠵᠦᠪᠯᠡᠭᠦ ᠵᠤᠶᠢᠯ ᠳᠡᠭᠡᠨ ᠤᠷᠤᠭᠤᠯᠵᠤ᠂ ᠲᠡᠭᠡᠳᠤ | ᠱᠠᠳᠤ ᠪᠠ ᠬᠤᠰᠢᠭᠤ ᠨᠠᠮ ᠤᠨ ᠬᠤᠷᠢᠶᠠᠨ ᠤ ᠨᠢᠭᠡᠳᠤᠯᠳᠠᠢ ᠪᠠᠶᠢᠷᠢᠯᠠᠭᠤᠯᠤᠯᠳᠠ ᠶᠤᠰᠤᠭᠠᠷ᠂ ᠨᠠᠷᠢᠯᠢᠭ ᠵᠤᠬᠢᠶᠠᠨ | ᠪᠠᠶᠢᠭᠤᠯᠤᠨ᠂ ᠨᠢᠭᠡᠳᠤᠯᠳᠠᠢ ᠪᠠᠶᠢᠷᠢᠯᠠᠭᠤᠯᠵᠤ᠂ ᠠᠵᠢᠯ ᠤᠨ ᠲᠦᠰᠤᠯ ᠢᠶᠠᠨ ᠲᠤᠭᠳᠠᠭᠠᠨ᠂ ᠰᠠᠶᠢᠳᠤᠷ ᠰᠤᠷᠤᠯᠴᠠᠨ | ᠲᠤᠤᠱᠯᠠᠭᠤᠯᠬᠤ ᠪᠠ ᠨᠠᠶᠢᠳᠠᠪᠤᠷᠢᠵᠢᠭᠤᠯᠤᠨ᠂ ᠡᠯ᠎ᠡ ᠲᠦᠷᠤᠯ ᠤᠨ ᠠᠵᠢᠯ ᠤᠨ ᠯᠠᠪᠳᠠᠭᠤᠨ᠂ ᠦᠷ᠎ᠡ ᠪᠦᠳᠤᠮᠵᠢᠳᠠᠢ | ᠦᠷᠨᠢᠭᠦ ᠶᠢ ᠪᠠᠳᠤᠯᠠᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠮᠵᠢ | ᠪᠤᠯᠭᠠᠨ᠂ ᠬᠢᠨᠠᠭᠤᠷ ᠯᠠᠪᠳᠠᠭᠤᠨ ᠠᠵᠢᠯᠯᠠᠵᠤ᠂ ᠡᠯ᠎ᠡ ᠲᠦᠷᠤᠯ ᠤᠨ ᠠᠵᠢᠯ ᠦᠢᠯᠡᠰ ᠤᠨ ᠤᠷᠤᠭᠰᠢ ᠠᠬᠢᠬᠤ ᠳᠤ | ᠪᠠᠳᠤᠯᠠᠭ᠎ᠠ ᠬᠠᠩᠭᠠᠬᠤ ᠭᠡᠷᠡᠭᠳᠠᠢ ᠭᠡᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠬᠤᠷᠴᠠ᠄ ᠦᠨᠤᠳᠤᠷ ᠠᠶᠢᠮᠠᠭ ᠤᠨ | ᠤᠬᠠᠭᠤᠯᠤᠨ ᠲᠠᠶᠢᠯᠪᠤᠷᠢᠯᠠᠬᠤ ᠪᠦᠯᠭᠦᠮ ᠮᠠᠨ ᠤ ᠬᠤᠰᠢᠭᠤᠨ ᠳᠤ ᠢᠷᠡᠵᠤ᠂ ᠨᠠᠮ ᠤᠨ ᠠᠷᠪᠠ ᠶᠢᠰᠤᠳᠤᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠲᠠᠶᠢᠯᠪᠤᠷᠢᠯᠠᠯ᠎ᠠ᠃ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ | ᠭᠡᠰᠢᠭᠦᠨ ᠭᠤᠤᠯ ᠨᠢ ᠭᠤᠷᠪᠠᠨ ᠲᠠᠯ᠎ᠠ ᠠᠴᠠ ᠲᠠᠶᠢᠯᠪᠤᠷᠢᠯᠠᠵᠤ᠂ ᠠᠷᠢᠭᠤᠨ ᠵᠤᠷᠢᠯᠳᠠ ᠪᠠᠨ ᠮᠠᠷᠳᠠᠬᠤ ᠦᠭᠡᠢ | ᠰᠢᠭᠤᠷᠬᠠᠶᠢᠯᠠᠨ ᠤᠷᠤᠭᠰᠢᠯᠠᠬᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ | ᠳᠤ ᠤᠷᠤᠭᠰᠠᠨ᠃ ᠲᠠᠪᠰᠢᠵᠤ ᠭᠦᠴᠤᠷᠭᠡᠭᠵᠢᠭᠦ ᠭᠦᠷᠳᠡᠯ᠎ᠡ ᠰᠠᠶᠢᠬᠠᠨ ᠶᠠᠷᠢᠯ᠎ᠠ᠃ ᠪᠢᠳᠡ ᠰᠤᠷᠤᠭᠰᠠᠨ ᠠᠯᠢᠪᠠ ᠵᠤᠶᠢᠯ | ᠢᠶᠠᠨ ᠬᠤᠶᠢᠰᠢᠳᠡ ᠶᠢᠨ ᠠᠵᠢᠯ ᠲᠤᠮᠳᠠ ᠪᠠᠨ ᠦᠢᠯᠡᠳᠤᠯᠭᠡᠵᠢᠭᠦᠯᠤᠨᠠ᠃ | ᠪᠤᠷᠤᠬᠤᠳᠠ ᠵᠢᠱᠢᠶ᠎ᠡ ᠦᠵᠡᠭᠦᠯᠭᠦ ᠲᠤᠭᠤᠷᠢᠭ ᠤᠨ ᠲᠦᠷᠪᠡᠳᠤᠭᠡᠷ ᠰᠠᠭᠤᠭᠠᠯᠢ ᠵᠦᠪᠯᠡᠯ ᠤᠨ ᠨᠠᠮ ᠤᠨ ᠡᠭᠦᠷ | ᠤᠨ ᠱᠦᠵᠢ ᠴᠧᠨ ᠶᠤᠤ ᠴᠢᠤᠸᠠᠨ᠄ ᠡᠤ ᠱᠦᠵᠢ ᠶᠢᠨ ᠬᠢᠭᠰᠡᠨ ᠲᠠᠶᠢᠯᠤᠮᠵᠢ ᠨᠢ ᠦᠨᠳᠤᠰᠤᠨ ᠱᠠᠳᠤᠨ ᠤ ᠺᠠᠳ᠋ᠷ | ᠤᠯᠠᠨ ᠲᠦᠮᠡᠨ ᠳᠤ ᠮᠠᠰᠢ ᠪᠤᠳᠠᠳᠠᠢ ᠰᠠᠶᠢᠬᠠᠨ ᠲᠠᠶᠢᠯᠤᠮᠵᠢ ᠪᠤᠯᠤᠯ᠎ᠠ᠃ ᠪᠢ ᠨᠠᠮ ᠤᠨ ᠡᠭᠦᠷ ᠤᠨ ᠱᠦᠵᠢ | ᠪᠤᠯᠤᠭᠰᠠᠨ ᠤ ᠬᠤᠪᠢ ᠳᠤ ᠪᠡᠶ᠎ᠡ ᠪᠠᠨ ᠴᠢᠩᠭ᠎ᠠ ᠱᠠᠭᠠᠷᠳᠠᠨ᠂ ᠨᠠᠮ ᠤᠨ ᠰᠢᠨ᠎ᠡ ᠲᠦᠷᠢᠮ ᠪᠠ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠮ ᠤᠨ ᠭᠡᠰᠢᠭᠦᠨ ᠳᠡᠭᠡᠨ ᠤᠬᠠᠭᠤᠯᠤᠨ ᠲᠠᠶᠢᠯᠪᠤᠷᠢᠯᠠᠨ᠎ᠠ᠃ | ᠰᠠᠶᠢᠨᠬᠤᠳᠳᠤᠭ ᠰᠤᠮᠤᠨ ᠤ ᠨᠠᠷᠠᠰᠤᠳᠤ ᠭᠠᠴᠠᠭᠠᠨ ᠤ ᠨᠠᠮ ᠤᠨ ᠭᠡᠰᠢᠭᠦᠨ ᠭᠤᠤᠯᠯᠠᠬᠤ ᠡᠷᠤᠭᠡ ᠶᠢᠨ | ᠮᠤᠩᠭᠤᠯ ᠭᠡᠷ ᠲᠤ ᠬᠤᠰᠢᠭᠤ ᠰᠤᠮᠤ ᠭᠠᠴᠠᠭᠠᠨ ᠤ ᠬᠠᠷᠢᠭᠤᠴᠠᠯᠭᠠᠳᠠᠨ ᠪᠠ ᠨᠠᠮ ᠤᠨ ᠭᠡᠰᠢᠭᠦᠨ ᠺᠠᠳ᠋ᠷ᠂ ᠮᠠᠯᠴᠢᠤᠨ | ᠤᠨ ᠲᠦᠯᠦᠭᠡᠯᠡᠭᠴᠢ ᠰᠢᠯᠢ ᠶᠢᠨ ᠬᠤᠳᠠ ᠶᠢᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ | ᠪᠠᠳᠤᠴᠢᠯᠠᠭᠤ ᠶᠢᠨ ᠬᠢᠴᠢᠶᠡᠯ ᠲᠠᠶᠢᠯᠤᠮᠵᠢ ᠶᠢ ᠰᠤᠨᠤᠰᠤᠭᠠᠤᠨ ᠮᠠᠯᠴᠢᠤᠨ ᠭᠠᠵᠠᠷ ᠰᠢᠷᠤᠢ ᠶᠢᠨ ᠲᠠᠭᠠᠭᠠᠴᠢᠯᠠᠯᠳᠠ᠂ | ᠠᠮᠢ ᠠᠬᠤᠢ ᠶᠢᠨ ᠬᠠᠮᠠᠭᠠᠯᠠᠯᠳᠠ᠂ ᠬᠠᠮᠳᠤ ᠶᠢᠨ ᠠᠵᠤ ᠠᠬᠤᠢ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠵᠡᠷᠭᠡ ᠲᠠᠯ᠎ᠠ ᠶᠢᠨ ᠠᠰᠠᠭᠤᠯᠳᠠ ᠲᠤᠷᠠᠳᠴᠤ᠂ ᠪᠠᠳᠤᠴᠢᠯᠠᠭᠤ ᠲᠤᠬᠠᠢ ᠶᠢᠨ ᠲᠠᠯᠠᠪᠤᠷ ᠲᠤ ᠮᠠᠯᠴᠢᠤᠨ ᠤᠨ | ᠠᠰᠠᠭᠤᠭᠰᠠᠨ ᠠᠰᠠᠭᠤᠯᠳᠠ ᠶᠢ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠮᠡᠳᠡᠭᠦᠯᠦᠯᠳᠡ ᠲᠠᠢ | ᠤᠶᠠᠯᠳᠤᠭᠤᠯᠤᠨ᠂ ᠲᠤᠰ ᠭᠠᠴᠠᠭᠠᠨ ᠤ ᠪᠤᠳᠠᠳᠤ ᠪᠠᠶᠢᠳᠠᠯ ᠳᠤ ᠴᠢᠭᠯᠡᠭᠦᠯᠤᠨ᠂ ᠨᠠᠷᠢᠨ ᠬᠢᠨᠨᠠᠮᠭᠠᠢ ᠲᠠᠶᠢᠯᠪᠤᠷᠢᠯᠠᠭᠰᠠᠨ | ᠪᠠᠶᠢᠨ᠎ᠠ᠃ ᠮᠠᠯᠴᠢᠤᠨ ᠢᠯᠡᠷᠭᠡᠶᠢᠯᠡᠭᠦ ᠳᠡᠭᠡᠨ᠄ ᠮᠡᠳᠡᠭᠦᠯᠦᠯᠳᠡ ᠶᠢ ᠰᠤᠨᠤᠰᠬᠤ ᠪᠠ ᠨᠢᠭᠤᠷᠳᠠᠨ ᠶᠠᠷᠢᠯᠴᠠᠬᠤ ᠪᠠᠷ | ᠲᠠᠮᠵᠢᠨ ᠨᠠᠮ ᠤᠨ ᠮᠠᠯᠴᠢᠤᠨ ᠲᠤ ᠬᠤᠯᠪᠤᠭᠳᠠᠬᠤ ᠲᠦᠷᠤ ᠶᠢᠨ ᠪᠤᠳᠤᠯᠭ᠎ᠠ ᠶᠢᠨ ᠤᠶᠢᠯᠠᠭᠠᠯᠳᠠ ᠪᠠᠨ | ᠭᠦᠨᠵᠡᠭᠡᠶᠢᠷᠡᠭᠦᠯᠤᠨ᠂ ᠢᠷᠡᠭᠡᠳᠤᠢ ᠳᠡᠭᠡᠨ ᠨᠡᠩ ᠢᠳᠡᠭᠡᠯ ᠲᠡᠭᠦᠯᠳᠡᠷ ᠪᠤᠯᠵᠤ᠂ ᠮᠠᠯᠴᠢᠤᠨ ᠤᠨ ᠠᠮᠢᠳᠤᠷᠠᠯ ᠡᠳᠤᠷ | ᠠᠴᠠ ᠡᠳᠤᠷ ᠤᠯᠠᠮ ᠰᠠᠶᠢᠨ ᠪᠤᠯᠤᠨ᠎ᠠ ᠭᠡᠳᠡᠭ ᠢ ᠤᠶᠢᠯᠠᠭᠠᠯ᠎ᠠ ᠭᠡᠵᠡᠭᠡᠭᠰᠡᠨ ᠪᠠᠶᠢᠨ᠎ᠠ᠃ | ᠮᠠᠯᠴᠢᠨ ᠰᠤᠶᠤᠯᠳᠤ᠄ ᠦᠨᠤᠳᠤᠷ ᠮᠠᠨ ᠤ ᠭᠡᠷ ᠲᠤ ᠢᠷᠡᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ | ᠤᠨ ᠵᠤᠷᠢᠭ ᠰᠠᠨᠠᠭ᠎ᠠ ᠶᠢ ᠤᠬᠠᠭᠤᠯᠬᠤ ᠠᠵᠢᠯᠯᠠᠭ᠎ᠠ ᠦᠷᠨᠢᠭᠦᠯᠤᠯᠠ᠃ ᠡᠭᠦᠨ ᠠᠴᠠ ᠪᠢ ᠮᠠᠯᠴᠢᠤᠨ ᠲᠤ ᠠᠰᠢᠭᠳᠠᠢ | ᠲᠤᠩ ᠤᠯᠠᠨ ᠲᠦᠷᠤ ᠶᠢᠨ ᠪᠤᠳᠤᠯᠭ᠎ᠠ ᠪᠠᠶᠢᠬᠤ ᠶᠢ ᠤᠶᠢᠯᠠᠭᠠᠯ᠎ᠠ᠃ ᠢᠯᠠᠩᠭᠤᠶ᠎ᠠ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠤᠭᠤᠴᠠᠭ᠎ᠠ ᠲᠠᠭᠤᠰᠤᠭᠰᠠᠨ ᠤ ᠲᠠᠷᠠᠭ᠎ᠠ ᠦᠷᠭᠦᠯᠵᠢᠯᠡᠨ 30 ᠵᠢᠯ ᠤᠷᠳᠤᠳᠬᠠᠨ᠎ᠠ᠃ ᠡᠨᠡ | ᠨᠢ ᠮᠠᠯᠴᠢᠤᠨ ᠤᠨ ᠢᠷᠡᠭᠡᠳᠤᠢ ᠶᠢᠨ ᠦᠢᠯᠡᠳᠪᠤᠷᠢᠯᠡᠯ ᠠᠮᠢᠳᠤᠷᠠᠯ᠂ ᠡᠵᠡᠩᠨᠡᠯᠳᠡ ᠬᠠᠮᠢᠶᠠᠷᠤᠯᠳᠠ᠂ ᠪᠦᠳᠤᠭᠡᠨ | ᠪᠠᠶᠢᠭᠤᠯᠤᠯᠳᠠ ᠵᠡᠷᠭᠡ ᠲᠠᠯ᠎ᠠ ᠳᠤ ᠶᠡᠭᠡ ᠢᠳᠡᠭᠡᠯ ᠲᠠᠢ ᠪᠤᠯᠤᠯ᠎ᠠ᠃ ᠡᠨᠡ ᠪᠤᠯ ᠪᠢᠳᠡᠨ ᠤ ᠬᠠᠮᠤᠭ ᠤᠨ | ᠪᠠᠶᠠᠷᠯᠠᠭᠤᠰᠢᠳᠠᠢ ᠶᠠᠪᠤᠳᠠᠯ ᠪᠤᠯᠤᠨ᠎ᠠ᠃ | 19 ᠤ ᠦᠳᠡ ᠶᠢᠨ ᠬᠤᠶᠢᠨ᠎ᠠ᠂ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠪᠠ ᠬᠤᠰᠢᠭᠤᠨ ᠤ | ᠤᠬᠠᠭᠤᠯᠤᠨ ᠲᠠᠶᠢᠯᠪᠤᠷᠢᠯᠠᠬᠤ ᠪᠦᠯᠭᠦᠮ ᠨᠢ ᠱᠠᠩᠳᠤ ᠪᠠᠯᠭᠠᠰᠤᠨ ᠤ ᠰᠢᠷ᠎ᠡ ᠲᠠᠨᠵᠢ ᠨᠡᠶᠢᠭᠡᠮ ᠲᠤᠭᠤᠷᠢᠭ ᠲᠤ | ᠢᠷᠡᠭᠡᠤᠨ᠂ ᠨᠡᠶᠢᠭᠡᠮ ᠲᠤᠭᠤᠷᠢᠭ ᠤᠨ ᠠᠵᠢᠯᠳᠠᠨ ᠪᠠ ᠨᠠᠰᠤᠳᠠᠶᠢᠴᠤᠤᠨ ᠲᠤ ᠨᠠᠮ ᠤᠨ ᠠᠷᠪᠠ ᠶᠢᠰᠤᠳᠤᠭᠡᠷ ᠶᠡᠭᠡ | ᠬᠤᠷᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠲᠡᠳᠡᠨ ᠤ ᠦᠢᠯᠡᠳᠪᠤᠷᠢᠯᠡᠯ ᠠᠮᠢᠳᠤᠷᠠᠯ ᠳᠤ | ᠬᠤᠯᠪᠤᠭᠳᠠᠭᠰᠠᠨ ᠠᠰᠠᠭᠤᠳᠠᠯ ᠤᠨ ᠲᠤᠭᠤᠷᠢᠨ ᠳᠤ ᠲᠠᠶᠢᠯᠤᠮᠵᠢ ᠬᠢᠯ᠎ᠡ᠃ ︵ᠣᠶᠣᠩᠭᠤᠸᠡ︶ |