ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠡᠰᠢᠬᠦᠳ ᠲᠤ ᠪᠢᠴᠢᠭᠰᠡᠨ ᠬᠠᠷᠢᠭᠤ ᠵᠠᠬᠢᠳᠠᠯ
ᠨᠡᠶᠢᠲᠡᠯᠡᠭᠰᠡᠨ ᠴᠠᠭ᠄
2017/11/23
ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠡᠰᠢᠬᠦᠳ ᠲᠤ᠄                           ᠰᠠᠶᠢᠨ ᠪᠠᠶᠢᠵᠠᠭᠠᠨ᠎ᠠ ᠤᠤ︕        ᠲᠠᠨᠠᠷ ᠤᠨ ᠢᠷᠡᠬᠦᠯᠦᠭᠰᠡᠨ ᠵᠠᠬᠢᠳᠠᠯ ᠠᠴᠠ ᠪᠢ ᠤᠯᠠᠭᠠᠨᠮᠦ᠋ᠴᠢᠷ ᠤᠨ ᠦᠰᠦᠨ ᠪᠤᠶᠢᠵᠢᠯᠳᠠ ᠬᠢᠬᠡᠳ ᠠᠬᠢᠯᠳᠠ ᠳᠠᠪᠰᠢᠯᠳᠠ ᠶᠢ ᠮᠡᠳᠡᠷᠡᠵᠤ᠂ ᠮᠦᠨ ᠲᠠᠨᠠᠷ ᠤᠨ ᠠᠵᠢᠯ ᠦᠢᠯᠡᠰ ᠲᠡᠭᠡᠨ ᠬᠠᠨᠳᠤᠭᠰᠠᠨ ᠬᠠᠯᠠᠭᠤᠨ ᠰᠡᠳᠬᠢᠯ᠂ ᠨᠠᠮ ᠠᠷᠠᠳ ᠳᠦᠮᠡᠨ ᠳᠤ ᠬᠠᠨᠳᠤᠭᠰᠠᠨ ᠬᠦᠨ ᠰᠡᠳᠬᠢᠯᠬᠡ ᠶᠢ ᠮᠡᠳᠡᠷᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃        ᠤᠯᠠᠭᠠᠨᠮᠦ᠋ᠴᠢᠷ ᠪᠤᠯ ᠤᠯᠤᠰ ᠲᠠᠶᠠᠭᠠᠷ ᠤᠨ ᠤᠳᠬ᠎ᠠ ᠤᠷᠠᠯᠢᠭ ᠤᠨ ᠹᠷᠤᠨᠲ ᠲᠠᠬᠢ ᠨᠢᠬᠡᠨ ᠳᠠᠯᠪᠠᠭ᠎ᠠ ᠶᠤᠮ ᠂ ᠠᠩᠬᠠᠨ ᠤ ᠤᠯᠠᠭᠠᠨᠮᠦ᠋ᠴᠢᠷ ᠲᠠᠨᠠᠷ ᠤᠨ ᠨᠤᠳᠤᠭ ᠲᠤ ᠮᠡᠨᠳᠦᠯᠡᠭᠰᠡᠨ ᠢ ᠪᠢ ᠰᠠᠨᠠᠵᠤ ᠪᠠᠶᠢᠨ᠎ᠠ᠃ 60 ᠵᠢᠯ ᠤᠨ ᠳᠤᠷᠰᠢ᠂ ᠦᠶ᠎ᠡ ᠦᠶ᠎ᠡ ᠶᠢᠨ ᠤᠯᠠᠭᠠᠨᠮᠦ᠋ᠴᠢᠷ ᠤᠨ ᠬᠡᠰᠢᠬᠦᠳ ᠰᠠᠯᠬᠢ ᠰᠢᠭᠤᠷᠭ᠎ᠠ ᠶᠢ ᠰᠦᠷᠦᠨ᠂ ᠬᠠᠬᠢᠷ ᠬᠦᠢᠳᠡᠨ ᠢ ᠳᠤᠭᠤᠯᠵᠤ᠂ ᠤᠷᠳᠤ ᠬᠤᠭᠤᠴᠠᠭ᠎ᠠ ᠪᠠᠷ ᠭᠤᠪᠢ ᠶᠢᠨ ᠬᠦᠨ᠂ ᠳᠠᠯ᠎ᠠ ᠶᠢᠨ ᠦᠷᠦᠴᠡᠨ ᠳᠤ ᠳᠤᠪᠳᠤᠯᠤᠨ᠂ ᠬᠦᠬᠡ ᠳᠡᠭᠷᠢ ᠪᠠᠷ ᠬᠦᠰᠢᠬᠡ ᠬᠢᠵᠤ᠂ ᠬᠦᠷᠦᠰᠦᠳᠤ ᠭᠠᠵᠠᠷ ᠢᠶᠠᠷ ᠳᠠᠶᠢᠰᠠ ᠪᠤᠯᠭᠠᠨ ᠦᠷᠬᠡᠨ ᠤᠯᠠᠨ ᠮᠠᠯᠴᠢᠨ ᠳᠦᠮᠡᠨ ᠳᠤ ᠪᠠᠶᠠᠷ ᠪᠠᠭ᠋ᠠᠳᠤᠯ ᠤᠯᠭᠤᠨ᠂ ᠪᠤᠯᠪᠠᠰᠤᠨ ᠤ ᠬᠡᠷᠡᠯ ᠬᠡᠬᠡ ᠶᠢ ᠬᠦᠷᠳᠡᠬᠡᠵᠤ᠂ ᠨᠠᠮ ᠤᠨ ᠳᠠᠭᠤ ᠪᠤᠯᠤᠨ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ᠃        ᠤᠯᠠᠭᠠᠨᠮᠦ᠋ᠴᠢᠷ ᠡᠬᠦᠷᠢᠳᠡ ᠬᠦᠭᠵᠢᠨ ᠪᠠᠳᠠᠷᠠᠳᠠᠭ ᠨᠢ ᠤᠷᠠᠯᠢᠭ ᠠᠷᠠᠳ ᠳᠦᠮᠡᠨ ᠤ ᠬᠡᠷᠡᠭᠴᠡᠭᠡ ᠶᠢ ᠬᠠᠩᠭᠠᠳᠠᠭ᠂ ᠠᠷᠠᠳ ᠳᠦᠮᠡᠨ ᠴᠤ ᠤᠷᠠᠯᠢᠭ ᠤᠨ ᠬᠡᠷᠡᠭᠴᠡᠭᠡ ᠶᠢ ᠬᠠᠩᠭᠠᠳᠠᠭ ᠬᠡᠰᠡᠨ ᠢ ᠬᠠᠷᠠᠭᠤᠯᠤᠭᠰᠠᠨ᠃ ᠰᠢᠨ᠎ᠡ ᠴᠠᠭ ᠦᠶ᠎ᠡ ᠳᠤ᠂ ᠲᠠᠨᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠤᠨ᠂ ᠠᠮᠢᠳᠤᠷᠠᠯ ᠤᠨ ᠰᠢᠮᠡᠯᠢᠭ ᠬᠦᠷᠦᠰᠦᠨ ᠳᠤ ᠦᠨᠳᠦᠰᠦᠯᠡᠵᠤ᠂ ᠮᠠᠯᠴᠢᠨ ᠳᠦᠮᠡᠨ ᠳᠤ ᠦᠢᠯᠡᠴᠢᠯᠡᠨ᠂ ᠤᠳᠬ᠎ᠠ ᠤᠷᠠᠯᠢᠭ ᠤᠨ ᠰᠢᠨ᠎ᠡ ᠶᠢ ᠡᠬᠦᠳᠴᠤ᠂ ᠤᠯᠠᠨ ᠳᠦᠮᠡᠨ ᠳᠤ ᠤᠶᠢᠷᠠᠳᠤᠭᠰᠠᠨ᠂ ᠤᠯᠠᠮᠵᠢᠯᠠᠭᠳᠠᠨ ᠦᠯᠡᠳᠡᠬᠦ ᠨᠡᠩ ᠤᠯᠠᠨ ᠰᠢᠯᠢᠳᠡᠭ ᠪᠦᠳᠦᠬᠡᠯ ᠭᠠᠷᠭᠠᠵᠤ᠂ ᠦᠨᠢ ᠡᠬᠦᠷᠢᠳᠡ ᠳᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠳᠤᠭᠠᠢ᠃                                                 ᠰᠢ ᠶᠢᠨ ᠫᠢᠩ                                          2017 ᠤᠨ ᠤ 11 ᠰᠠᠷ᠎ᠠ ᠶᠢᠨ 21᠎ ᠤ ᠡᠳᠦᠷ
 
ᠢᠷᠡᠯᠲᠡ᠄ ᠰᠢᠨᠬᠤᠧᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号