ᠠᠩᠬᠠᠳᠤᠭᠠᠷ ᠬᠤᠭᠤᠴᠠᠭᠠᠨ ᠤ ᠲᠤᠷᠭᠠᠨ ᠵᠠᠮ ᠲᠠᠭᠠᠤ ᠤᠷᠤᠨ ᠤ ᠠᠷᠠᠳ ᠤᠨ ᠵᠤᠬᠢᠶᠡᠨ ᠪᠠᠶᠢᠭᠤᠯᠤᠯᠳᠡ ᠶᠢᠨ ᠬᠠᠮᠳᠤᠷᠠᠯᠴᠠᠭᠠᠨ ᠤ ᠰᠦᠯᠵᠢᠶᠡᠨ ᠤ ᠶᠠᠷᠢᠶᠡᠨ ᠤ ᠲᠠᠪᠴᠠᠩ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2017/11/23
                ᠰᠢ ᠶᠢᠨ ᠫᠢᠩ ᠪᠠᠶᠠᠷ ᠤᠨ ᠵᠡᠬᠢᠳᠡᠯ ᠢᠯᠡᠭᠡᠵᠠᠢ            ᠠᠩᠬᠠᠳᠤᠭᠠᠷ ᠬᠤᠭᠤᠴᠠᠭᠠᠨ ᠤ ᠲᠤᠷᠭᠠᠨ ᠵᠠᠮ ᠲᠠᠭᠠᠤ ᠤᠷᠤᠨ ᠤ ᠠᠷᠠᠳ ᠤᠨ ᠵᠤᠬᠢᠶᠡᠨ ᠪᠠᠶᠢᠭᠤᠯᠤᠯᠳᠡ ᠶᠢᠨ ᠬᠠᠮᠳᠤᠷᠠᠯᠴᠠᠭᠠᠨ ᠤ ᠰᠦᠯᠵᠢᠶᠡᠨ ᠤ ᠶᠠᠷᠢᠶᠡᠨ ᠤ ᠲᠠᠪᠴᠠᠩ 21᠎ ᠤ ᠡᠳᠤᠷ ᠪᠡᠭᠡᠵᠢᠩ ᠳᠤ ᠡᠬᠢᠯᠡᠪᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠠᠷᠢᠶᠡᠨ ᠤ ᠲᠠᠪᠴᠠᠩ ᠳᠤ ᠪᠡᠶᠡᠷ ᠤᠨ ᠵᠠᠬᠢᠳᠡᠯ ᠢᠯᠡᠭᠡᠵᠡᠢ᠃            ᠰᠢ ᠶᠢᠨ ᠫᠢᠩ ᠪᠠᠶᠠᠷ ᠤᠨ ᠵᠠᠬᠢᠳᠡᠯ ᠳᠠᠭᠠᠨ᠂ ᠲᠤᠷᠭᠠᠨ ᠵᠠᠮ ᠲᠠᠭᠠᠤ ᠤᠷᠤᠨ ᠤ ᠠᠷᠠᠳ ᠤᠨ ᠵᠤᠬᠢᠶᠡᠨ ᠪᠠᠶᠢᠭᠤᠯᠤᠯᠳᠡ ᠶᠢᠨ ᠬᠠᠮᠳᠤᠷᠠᠯᠴᠠᠭᠠᠨ ᠤ ᠰᠦᠯᠵᠢᠶ᠎ᠡ ᠶᠢ ᠪᠠᠶᠢᠭᠤᠯᠬᠤ ᠪᠤᠯ ᠵᠠᠮ ᠲᠠᠭᠠᠤ ᠶᠢᠨ ᠡᠯ᠎ᠡ ᠤᠯᠤᠰ ᠤᠨ ᠠᠷᠠᠳ ᠤᠨ ᠬᠤᠭᠤᠷᠤᠨᠳᠤᠬᠢ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠵᠤ᠂ ᠠᠷᠠᠳ ᠤᠨ ᠰᠡᠳᠬᠢᠯ ᠤᠨ ᠨᠡᠪᠳᠡᠷᠡᠯᠴᠡᠭᠡ ᠶᠢ ᠠᠬᠢᠭᠤᠯᠬᠤ ᠴᠢᠬᠤᠯᠡ ᠠᠷᠭ᠎ᠠ ᠬᠡᠮᠵᠢᠶ᠎ᠡ ᠪᠤᠯᠤᠨ᠎ᠡ᠃            ᠬᠤᠷᠠᠯ ᠳᠤ ᠤᠷᠤᠯᠴᠠᠬᠰᠡᠨ ᠲᠦᠯᠦᠭᠡᠯᠡᠭᠴᠢ ᠲᠤᠰ ᠤᠳᠠᠭ᠎ᠠ ᠶᠢᠨ ᠶᠠᠷᠢᠶᠡᠨ ᠤ ᠲᠠᠪᠴᠠᠩ ᠢᠶᠠᠷ ᠠᠵᠨ ᠲᠤᠬᠢᠶᠡᠯ ᠪᠤᠯᠭᠠᠵᠤ᠂ ᠠᠷᠠᠳ ᠤᠨ ᠰᠡᠳᠬᠢᠯ ᠤᠨ ᠨᠡᠪᠳᠡᠷᠡᠯᠴᠡᠭᠡ ᠶᠢ ᠠᠬᠢᠭᠤᠯᠬᠤ ᠶᠡᠭᠡ ᠪᠤᠳᠤᠯᠭ᠎ᠠ ᠶᠢ ᠬᠠᠮᠳᠤᠪᠡᠷ ᠵᠦᠪᠳᠡᠯᠴᠡᠵᠤ᠂ ᠡᠯ᠎ᠡ ᠤᠯᠤᠰ ᠤᠨ ᠠᠷᠠᠳ ᠲᠦᠮᠡᠨ ᠤ ᠦᠢᠯᠠᠭᠠᠯᠴᠠᠭ᠎ᠠ ᠪᠡ ᠨᠦᠭᠦᠷᠯᠡᠯ ᠢ ᠨᠡᠮᠡᠭᠳᠡᠭᠦᠯᠭᠦ᠂ ᠡᠯ᠎ᠡ ᠤᠯᠤᠰ ᠤᠨ ᠬᠠᠮᠳᠦ ᠶᠢᠨ ᠬᠦᠭᠵᠢᠯᠳᠠ ᠶᠢ ᠠᠬᠢᠭᠤᠯᠬᠤ᠂ ᠬᠦᠮᠤᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠡ ᠶᠢ ᠪᠠᠶᠢᠭᠤᠯᠬᠤ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠭᠦᠰᠡᠵᠤ ᠪᠠᠶᠢᠨ᠎ᠡ ᠭᠡᠵᠤ ᠢᠯᠡᠳᠭᠡᠪᠡ᠃            ᠲᠦᠪ ᠤᠨ ᠭᠠᠳᠠᠭᠠᠳᠦ ᠲᠠᠢ ᠬᠤᠯᠪᠤᠭ᠎ᠠ ᠠᠪᠬᠤ ᠬᠡᠯᠳᠡᠰ ᠤᠨ ᠳᠠᠷᠤᠭ᠎ᠠ ᠰᠦᠩ ᠲᠤᠤ ᠡᠬᠢᠯᠡᠯᠳᠡ ᠶᠢᠨ ᠶᠤᠰᠤᠯᠡᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠡᠯ ᠢ ᠤᠩᠰᠢᠨ ᠨᠡᠶᠢᠳᠡᠯᠡᠭᠰᠡᠨ ᠪᠦᠭᠡᠳ ᠶᠠᠷᠢᠶ᠎ᠡ ᠲᠡᠯᠪᠢᠵᠡᠢ᠃ ᠲᠡᠷᠡ᠂ ᠲᠡᠷᠢᠭᠦᠯᠡᠭᠴᠢ ᠰᠢ ᠶᠢᠨ ᠫᠢᠩ ᠠᠷᠠᠳ ᠤᠨ ᠵᠤᠬᠢᠶᠡᠨ ᠪᠠᠶᠢᠭᠤᠯᠤᠯᠳᠡ ᠶᠢᠨ ᠬᠠᠮᠳᠤᠷᠠᠯᠴᠠᠭᠠᠨ ᠤ ᠰᠦᠯᠵᠢᠶ᠎ᠡ ᠶᠢᠨ ᠪᠠᠶᠢᠭᠤᠯᠤᠯᠳᠡ ᠶᠢ ᠲᠦᠢᠯ ᠢᠶᠠᠷ ᠴᠢᠬᠤᠯᠡᠴᠢᠯᠡᠨ ᠬᠠᠯᠠᠮᠵᠢᠯᠠᠵᠤ᠂ ᠲᠤᠰ ᠤᠳᠠᠭ᠎ᠠ ᠶᠢᠨ ᠶᠠᠷᠢᠶᠡᠨ ᠤ ᠲᠠᠪᠴᠠᠩ ᠳᠤ ᠲᠤᠰᠬᠠᠶᠢᠢᠯᠡᠨ ᠪᠡᠶᠡᠷ ᠤᠨ ᠵᠠᠬᠢᠳᠡᠯ ᠢᠯᠡᠭᠡᠵᠡᠢ᠃            ᠡᠯ᠎ᠡ ᠤᠯᠤᠰ ᠤᠨ ᠠᠷᠠᠳ ᠤᠨ ᠵᠤᠬᠢᠶᠡᠨ ᠪᠠᠶᠢᠭᠤᠯᠤᠯᠳᠡ ᠡᠵᠡᠨ ᠬᠦᠮᠤᠨ ᠤ ᠵᠤᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾᠎ ᠤᠨ ᠪᠠᠶᠢᠭᠤᠯᠤᠯᠳᠡ᠂ ᠬᠦᠮᠤᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠡ ᠶᠢ ᠪᠠᠶᠢᠭᠤᠯᠬᠤ ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠦᠵᠡᠭᠦᠯᠭᠦ ᠶᠢ ᠭᠦᠰᠡᠵᠤ ᠪᠠᠶᠢᠨ᠎ᠡ ᠭᠡᠵᠤ ᠢᠯᠡᠳᠭᠡᠪᠡ᠃            ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠨᠠᠷᠢᠨ ᠪᠢᠴᠢᠭ ᠤᠨ ᠲᠠᠷᠤᠭ᠎ᠠ ᠺᠦᠲ᠋ᠧᠯᠸᠢᠢᠰ ᠪᠠᠶᠠᠷ ᠤᠨ ᠵᠠᠬᠢᠳᠡᠯ ᠢᠷᠡᠬᠦᠯᠵᠦ᠂ ᠶᠧᠵᠢᠫᠲ ᠤᠨ ᠤᠤᠯ ᠤᠨ ᠶᠡᠷᠦᠩᠬᠡᠢ ᠰᠠᠶᠢᠳ ᠱᠠᠯᠠᠹ᠂ ᠷᠤᠮᠠᠨᠢᠶ᠎ᠡ ᠶᠢᠨ ᠤᠤᠯ ᠤᠨ ᠶᠡᠷᠦᠩᠬᠡᠢ ᠰᠠᠶᠢᠳ ᠫᠧᠩᠲ᠋ᠠ ᠪᠡ ᠳᠤᠮᠳᠠᠳᠦ ᠤᠯᠤᠰ ᠤᠨ ᠠᠷᠠᠳ ᠤᠨ ᠵᠤᠬᠢᠶᠠᠨ ᠪᠠᠶᠢᠭᠤᠯᠤᠯᠲᠠ ᠶᠢᠨ ᠤᠯᠠᠨ ᠤᠯᠤᠰ ᠤᠨ ᠰᠤᠯᠢᠯᠴᠠᠭ᠎ᠠ ᠶᠢ ᠠᠬᠢᠭᠤᠯᠬᠤ ᠬᠤᠷᠠᠯ ᠤᠨ ᠲᠠᠷᠤᠭ᠎ᠠ ᠰᠦᠨ ᠵᠢᠶᠠ ᠵᠧᠩ ᠲᠤᠰ ᠲᠤᠰ ᠪᠠᠶᠠᠷ ᠤᠨ ᠦᠭᠡ ᠭᠡᠯᠡᠵᠡᠢ᠃            ᠡᠨᠡ ᠵᠢᠯ ᠤᠨ 5 ᠰᠠᠷ᠎ᠡ ᠳᠤ᠂ ᠰᠢ ᠶᠢᠨ ᠫᠢᠩ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠡᠨ ᠤ ᠲᠠᠪᠴᠠᠩ ᠤᠨ ᠡᠬᠢᠯᠡᠯᠳᠡ ᠶᠢᠨ ᠶᠤᠰᠤᠯᠡᠯ ᠳᠡᠭᠡᠷ᠎ᠡ ︽ᠲᠤᠷᠭᠠᠨ ᠵᠠᠮ ᠲᠠᠭᠠᠤ ᠤᠷᠤᠨ ᠤ ᠠᠷᠠᠳ ᠤᠨ ᠵᠤᠬᠢᠶᠡᠨ ᠪᠠᠶᠢᠭᠤᠯᠤᠯᠳᠡ ᠶᠢᠨ ᠬᠠᠮᠳᠤᠷᠠᠯᠴᠠᠭᠠᠨ ᠤ ᠰᠦᠯᠵᠢᠶ᠎ᠡ ᠶᠢ ᠪᠠᠶᠢᠭᠤᠯᠤᠨ᠎ᠠ︾ ᠭᠡᠵᠦ ᠨᠡᠶᠢᠳᠡᠯᠡᠵᠡᠢ᠃ ᠰᠢ ᠶᠢᠨ ᠫᠢᠩ ᠤᠨ ᠴᠢᠬᠤᠯᠡ ᠶᠠᠷᠢᠶᠡᠨ ᠤ ᠵᠤᠷᠢᠭ ᠰᠠᠨᠠᠭ᠎ᠠ ᠶᠢ ᠨᠠᠶᠢᠳᠠᠪᠦᠷᠢᠵᠢᠭᠤᠯᠬᠤ ᠶᠢᠨ ᠲᠦᠯᠦᠭᠡ᠂ ᠲᠤᠮᠳᠠᠳᠤ ᠤᠯᠤᠰ ᠤᠨ ᠠᠷᠠᠳ ᠤᠨ ᠵᠤᠬᠢᠶᠡᠨ ᠪᠠᠶᠢᠭᠤᠯᠤᠯᠳᠡ ᠶᠢᠨ ᠤᠯᠠᠨ ᠤᠯᠤᠰ ᠤᠨ ᠰᠤᠯᠢᠯᠴᠠᠭ᠎ᠠ ᠶᠢ ᠠᠬᠢᠭᠤᠯᠬᠤ ᠬᠤᠷᠠᠯ ᠤᠨ ᠬᠢᠨ ᠲᠤᠷᠭᠠᠨ ᠵᠠᠮ ᠲᠠᠭᠠᠤ ᠤᠷᠤᠨ ᠤ ᠠᠷᠠᠳ ᠤᠨ ᠵᠤᠬᠢᠶᠡᠨ ᠪᠠᠶᠢᠭᠤᠯᠤᠯᠳᠡ ᠶᠢᠨ ᠬᠠᠮᠳᠤᠷᠠᠯᠴᠠᠭᠠᠨ ᠤ ᠰᠦᠯᠵᠢᠶ᠎ᠡ ᠶᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠵᠠᠮ ᠲᠠᠭᠠᠤ ᠤᠷᠤᠨ ᠤ ᠡᠯ᠎ᠡ ᠤᠯᠤᠰ ᠤᠨ ᠠᠷᠠᠳ ᠤᠨ ᠵᠤᠬᠢᠶᠡᠨ ᠪᠠᠶᠢᠭᠤᠯᠤᠯᠳᠡ ᠶᠢᠨ ᠰᠤᠯᠢᠯᠴᠠᠭᠠᠨ ᠤ ᠮᠡᠳᠡᠭᠡ ᠵᠠᠩᠬᠢ᠂ ᠵᠤᠬᠢᠴᠠᠭᠤᠯᠬᠤ ᠠᠵᠢᠯᠯᠠᠭ᠎ᠠ᠂ ᠬᠠᠮᠳᠤᠷᠠᠯᠴᠠᠭ᠎ᠠ ᠶᠢ ᠴᠢᠩᠭᠠᠳᠬᠠᠬᠤ ᠳᠤ ᠪᠦᠳᠦᠮᠵᠢᠳᠡᠢ ᠲᠠᠪᠴᠡᠩ ᠢ ᠪᠠᠶᠢᠭᠤᠯᠬᠤ ᠪᠠᠷ ᠬᠦᠴᠦᠯᠡᠨ ᠴᠢᠷᠮᠠᠶᠢᠪᠠ᠃            ᠤᠳᠤᠬᠠᠨ ᠳᠤ ᠨᠢᠭᠡᠨᠳᠡ 60 ᠭᠠᠷᠤᠢ ᠤᠯᠤᠰ ᠪᠡ ᠭᠠᠵᠠᠷ ᠤᠷᠤᠨ ᠤ 300 ᠭᠠᠷᠤᠢ ᠠᠷᠠᠳ ᠤᠨ ᠵᠤᠬᠢᠶᠡᠨ ᠪᠠᠶᠢᠭᠤᠯᠤᠯᠳᠡ ᠬᠠᠮᠳᠤᠷᠠᠯᠴᠠᠭᠠᠨ ᠤ ᠰᠦᠯᠵᠢᠶ᠎ᠡ ᠳᠤ ᠤᠷᠤᠯᠴᠡᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号