ᠠᠮᠢᠳᠤᠷᠠᠯ ᠳᠤ ᠲᠦᠭᠦᠮ ᠦᠢᠯᠡᠴᠢᠯᠡᠭᠡ ᠬᠠᠩᠭᠠᠬᠤ ᠰᠢᠨ᠎ᠡ ᠲᠦᠷᠢᠮ ᠤᠳ
ᠨᠡᠶᠢᠲᠡᠯᠡᠭᠰᠡᠨ ᠴᠠᠭ᠄
2017/11/24
       11 ᠰᠠᠷ᠎ᠠ ᠠᠴᠠ ᠡᠬᠢᠯᠡᠨ ᠨᠢᠭᠡ ᠪᠦᠯᠦᠭ ᠰᠢᠨ᠎ᠡ ᠲᠦᠷᠢᠮ ᠵᠢᠩᠬᠢᠨᠢ ᠪᠠᠷ ᠬᠡᠷᠡᠭᠵᠢᠭᠦᠯᠦᠭᠲᠡᠵᠦ᠂ ᠡᠲᠡᠭᠡᠷ ᠲᠦᠷᠢᠮ ᠤᠳ ᠨᠢ ᠲᠠ ᠪᠢᠲᠠᠨ ᠤ ᠠᠮᠢᠳᠤᠷᠠᠯ ᠲᠠᠢ ᠨᠢᠬᠲᠠ ᠬᠤᠯᠪᠤᠭ᠎ᠠ ᠲᠠᠢ ᠮᠦᠷᠲᠡᠭᠡᠨ ᠲᠦᠭᠦᠮ ᠦᠢᠯᠡᠴᠢᠯᠡᠭᠡ ᠬᠠᠩᠭᠠᠬᠤ ᠪᠤᠯᠤᠨ᠎ᠠ᠃ ᠲᠦᠷᠭᠡᠨ ᠤ ᠭᠠᠯᠳᠤ ᠲᠡᠷᠭᠡᠨ ᠪᠢᠯᠧᠲ ᠠᠪᠬᠤ ᠳᠤ ᠵᠢᠷᠬᠢᠶ᠎ᠡ ᠪᠠᠷ ᠲᠤᠭᠠᠴᠠᠭ᠎ᠠ ᠬᠢᠵᠦ ᠪᠤᠯᠤᠨ᠎ᠠ        ᠡᠨᠡ ᠵᠢᠯ ᠤᠨ 11 ᠰᠠᠷ᠎ᠠ ᠳᠤ᠂ ᠲᠡᠮᠤᠷ ᠵᠠᠮ ᠤᠨ ᠰᠠᠯᠠᠭ᠎ᠠ ᠮᠦᠴᠢᠷ ᠠᠴᠠ ᠢᠨᠲ᠋ᠧᠷ ᠰᠦᠯᠵᠢᠶ᠎ᠠ᠂ ᠲᠡᠷᠭᠡᠨ ᠦᠷᠳᠡᠭᠡ ᠶᠢᠨ ᠦᠢᠯᠡᠴᠢᠯᠡᠭᠡᠨ ᠤ ᠴᠤᠩᠬᠤ ᠵᠢᠴᠢ ATM ᠪᠢᠯᠧᠲ ᠬᠤᠳᠠᠯᠳᠤᠬᠤ ᠮᠠᠰᠢᠨ ᠠᠴᠠ ᠪᠢᠯᠧᠲ ᠬᠤᠳᠠᠯᠳᠤᠨ ᠠᠪᠬᠤ ᠳᠤ ᠵᠢᠷᠬᠢᠶ᠎ᠡ ᠪᠠᠷ ᠲᠤᠭᠠᠴᠠᠭ᠎ᠠ ᠬᠢᠵᠦ ᠪᠤᠯᠬᠤ ᠴᠢᠳᠠᠪᠬᠢ ᠲᠠᠢ ᠦᠢᠯᠡᠴᠢᠯᠡᠭᠡ ᠶᠢ ᠡᠬᠢᠯᠡᠭᠦᠯᠪᠡ᠃ ᠤᠳᠤᠬᠠᠨ ᠳᠤ ᠲᠡᠮᠤᠷ ᠵᠠᠮ ᠤᠨ ᠶᠡᠷᠦᠩᠭᠡᠢ ᠺᠤᠮᠫᠠᠨᠢ ᠠᠴᠠ ᠤᠷᠢᠳ ᠬᠤᠵᠢᠳ ᠤᠨᠳᠤᠤ ᠭᠠᠵᠠᠷ ᠲᠤ ᠪᠢᠯᠧᠲ ᠬᠤᠳᠠᠯᠳᠤᠨ ᠠᠪᠬᠤ ᠭᠠᠷ ᠬᠦᠢᠴᠡᠳᠭᠡᠯ ᠤᠨ ᠰᠦᠢᠳᠭᠡᠯ ᠢ ᠨᠢᠭᠡᠨᠳᠡ ᠦᠭᠡᠶᠢᠰᠭᠡᠵᠦ᠂ ᠬᠦᠳᠡᠯᠭᠡᠭᠦᠷᠳᠦ ᠲᠡᠷᠭᠡᠨ ᠳᠤ ᠪᠢᠯᠧᠲ ᠠᠪᠬᠤ ᠦᠶᠡᠰ ︽ᠦᠪᠡᠷ ᠢᠶᠠᠨ ᠤᠷᠤᠨ ᠰᠤᠩᠭᠤᠵᠦ ᠪᠤᠯᠬᠤ︾ ᠵᠡᠷᠭᠡ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡ ᠲᠤᠬᠢᠷᠠᠭᠤᠯᠪᠠ᠃ ᠬᠡᠰᠡᠭ ︽ᠬᠤᠤᠰ ᠬᠤᠭᠤᠰᠤᠨ︾ ᠪᠠᠩᠬᠢ ᠶᠢᠨ ᠺᠠᠷᠲ ᠤᠨ ᠬᠡᠷᠡᠭᠯᠡᠭᠡ ᠶᠢ ᠬᠢᠵᠠᠭᠠᠷᠯᠠᠨ᠎ᠠ        11 ᠰᠠᠷ᠎ᠠ ᠠᠴᠠ ᠡᠬᠢᠯᠡᠨ᠂ ᠫᠦ᠋ ᠹᠠ ᠪᠠᠩᠬᠢ 2016 ᠤᠨ ᠤ 12 ᠰᠠᠷ᠎ᠠ ᠶᠢᠨ 31᠎ ᠤ ᠡᠳᠦᠷ ᠠᠴᠠ ᠡᠮᠤᠨ᠎ᠡ ︵ᠲᠤᠰ ᠡᠳᠦᠷ ᠢ ᠪᠠᠭᠳᠠᠭᠠᠨ᠎ᠠ︶ ᠲᠠᠷᠬᠠᠭᠠᠭᠰᠠᠨ ᠪᠦᠭᠡᠳ ᠡᠨᠡ ᠵᠢᠯ ᠤᠨ ᠡᠮᠤᠨ᠎ᠡ ᠭᠤᠷᠪᠠᠨ ᠤᠯᠠᠷᠢᠯ ᠳᠤ ᠬᠡᠷᠡᠭᠯᠡᠭᠡ ᠬᠢᠭᠰᠡᠨ ᠦᠭᠡᠢ ᠦᠯᠡᠳᠡᠪᠦᠷᠢ ᠵᠤᠭᠤᠰ ᠦᠭᠡᠢ᠂ ᠬᠦᠦ ᠮᠦᠩᠬᠦ ᠨᠢ ᠬᠤᠭᠤᠰᠤᠨ ᠪᠠᠶᠢᠬᠤ ᠪᠠᠩᠬᠢ ᠶᠢᠨ ᠺᠠᠷᠲ ᠲᠤ ᠲᠠᠩᠰᠠᠨ ᠤ ᠮᠡᠳᠡᠭᠡ ᠵᠠᠩᠬᠢ ᠶᠢᠨ ᠬᠠᠮᠢᠶᠠᠷᠦᠯᠳᠠ ᠶᠢᠨ ᠲᠡᠰ ᠲᠡᠪᠰᠢᠭᠦᠯᠦᠨ᠎ᠡ᠂ ᠲᠡᠰ ᠲᠡᠪᠰᠢᠭᠦᠯᠦᠭᠰᠡᠨ ᠤ ᠲᠠᠷᠠᠭ᠎ᠠ᠂ ᠤᠷᠳᠤ ᠬᠤᠭᠤᠴᠠᠭᠠᠨ ᠤ ᠲᠤᠷᠰᠢ ᠬᠡᠷᠡᠭᠯᠡᠭᠰᠡᠨ ᠦᠭᠡᠢ ︽ᠬᠤᠤᠰ ᠬᠤᠭᠤᠰᠤᠨ ᠺᠠᠷᠲ︾᠎ ᠢ ᠲᠠᠬᠢᠨ ᠬᠡᠷᠡᠭᠯᠡᠵᠦ ᠲᠡᠶᠢᠯᠭᠦ ᠦᠭᠡᠢ ᠪᠤᠯᠤᠨ᠎ᠠ ᠭᠡᠰᠡᠨ ᠮᠡᠳᠡᠭᠳᠡᠯ ᠭᠠᠷᠭᠠᠵᠠᠢ᠃ ᠢᠨᠲ᠋ᠧᠷ ᠰᠦᠯᠵᠢᠶᠡᠨ ᠤ ᠬᠠᠶ᠋ᠢᠭ ᠢ ᠦᠨᠡᠨ ᠨᠡᠷ᠎ᠡ ᠪᠠᠷ ᠲᠠᠩᠰᠠᠯᠠᠭᠤᠯᠤᠨ᠎ᠠ        ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠢᠨᠲ᠋ᠧᠷ ᠰᠦᠯᠵᠢᠶᠡᠨ ᠤ ᠬᠠᠶ᠋ᠢᠭ ᠤᠨ ᠬᠠᠮᠢᠶᠠᠷᠤᠯᠳᠠ ᠶᠢᠨ ᠠᠷᠭ᠎ᠠ︾᠎ ᠶᠢ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠠᠷᠭ᠎ᠠ︾᠎ ᠳᠤ᠂ ᠬᠠᠶ᠋ᠢᠭ ᠲᠠᠩᠰᠠᠯᠠᠭᠤᠯᠬᠤ ᠳᠤ ᠦᠢᠯᠡᠴᠢᠯᠡᠭᠦ ᠪᠠᠶᠢᠭᠤᠯᠤᠮᠵᠢ ᠠᠴᠠ ᠬᠠᠶ᠋ᠢᠭ ᠲᠠᠩᠰᠠᠯᠠᠭᠤᠯᠬᠤ ᠦᠢᠯᠡᠴᠢᠯᠡᠭᠡ ᠬᠠᠩᠭᠠᠵᠦ᠂ ᠬᠠᠶ᠋ᠢᠭ ᠲᠠᠩᠰᠠᠯᠠᠭᠤᠯᠬᠤ ᠪᠠᠷ ᠭᠤᠶᠤᠴᠢᠯᠠᠬᠴᠢ ᠶᠢ ᠵᠡᠪᠠᠯ ᠦᠨᠡᠨ ᠪᠤᠳᠠᠳᠠᠢ᠂ ᠪᠦᠷᠢᠨ ᠪᠦᠳᠦᠨ ᠪᠡᠶ᠎ᠡ ᠶᠢᠨ ᠦᠨᠡᠮᠯᠡᠯ ᠤᠨ ᠰᠤᠷᠠᠭ ᠵᠠᠩᠬᠢ ᠵᠡᠷᠭᠡ ᠪᠠᠨ ᠬᠠᠩᠭᠠᠬᠤ ᠶᠢ ᠱᠠᠭᠠᠷᠳᠠᠨ᠎ᠠ ᠬᠡᠵᠦ ᠲᠤᠭᠳᠠᠭᠠᠭᠰᠠᠨ ᠪᠠᠶᠢᠨ᠎ᠠ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠨᠡᠷᠡᠶᠢᠳᠦᠯ ᠢ ᠪᠠᠷᠢᠮᠵᠢᠶᠠᠵᠢᠭᠤᠯᠤᠨ ᠨᠢᠭᠡᠳᠭᠡᠪᠡ        ᠤᠯᠤᠰ ᠤᠨ ᠡᠮ ᠡᠮᠨᠡᠯᠭᠡ ᠪᠠ ᠲᠦᠯᠦᠪᠯᠡᠭᠡᠳᠦ ᠦᠷᠡᠵᠢᠯ ᠤᠨ ᠵᠦᠪᠯᠡᠯ ᠠᠴᠠ ᠨᠡᠶᠢᠳᠡᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠬᠠᠶᠢᠢᠯᠠᠭᠰᠠᠨ ᠠᠵᠢᠯ ᠤᠨ ᠪᠠᠷᠢᠮᠵᠢᠶ᠎ᠠ ︽ᠡᠮ ᠡᠮᠨᠡᠯᠭᠡ ᠶᠢᠨ ᠪᠠᠶᠢᠭᠤᠯᠤᠮᠵᠢ ᠶᠢᠨ ᠨᠡᠶᠢᠳᠡᠮ ᠬᠡᠷᠡᠭᠯᠡᠭᠡᠨ ᠤ ᠡᠮ ᠡᠮᠨᠡᠯᠭᠡ ᠶᠢᠨ ᠦᠢᠯᠡᠴᠢᠯᠡᠭᠡᠨ ᠤ ᠭᠠᠵᠠᠷ ᠤᠨ ᠨᠡᠷᠡᠶᠢᠳᠦᠯ︾᠎ ᠢ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠃ ᠪᠠᠷᠢᠮᠵᠢᠶ᠎ᠠ ᠳᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠯ᠎ᠡ ᠰᠠᠯᠠᠭ᠎ᠠ ᠮᠦ᠋ᠴᠢᠷ ᠲᠠᠬᠢ ᠠᠳᠠᠯᠢ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠬᠢ ᠲᠠᠢ ᠭᠠᠵᠠᠷ ᠤᠨ ᠨᠡᠷ᠎ᠡ ᠶᠢ ᠲᠤᠭᠳᠠᠭᠠᠪᠠ᠂ ᠡᠭᠦᠨ ᠳᠤ ᠡᠮᠴᠢᠯᠡᠭᠡᠨ ᠤ ᠲᠠᠪᠴᠠᠩ᠂ ᠡᠮᠴᠢᠯᠡᠭᠡ ᠬᠦᠯᠢᠶᠡᠭᠦ ᠲᠠᠰᠤᠭ᠂ ᠰᠤᠪᠢᠯᠠᠭᠴᠢ ᠶᠢᠨ ᠦᠷᠳᠡᠭᠡ ᠵᠡᠷᠭᠡ 19 ᠲᠦᠷᠦᠯ ᠢ ᠪᠠᠭᠳᠠᠭᠠᠨ᠎ᠠ᠂ ᠡᠭᠦᠨ ᠤ ᠬᠠᠮᠳᠤ ᠪᠠᠰᠠ ᠡᠯ᠎ᠡ ᠲᠠᠯᠠᠪᠠᠢ ᠶᠢᠨ ᠴᠢᠳᠠᠪᠬᠢ᠂ ᠰᠠᠭᠤᠷᠢ ᠲᠦᠭᠦᠭᠡᠷᠦᠮᠵᠢ ᠵᠢᠴᠢ ᠤᠨᠴᠠᠭᠠᠢ ᠱᠠᠭᠠᠷᠳᠠᠯᠭ᠎ᠠ ᠳᠤ ᠨᠠᠷᠢᠨ ᠲᠤᠭᠳᠠᠭᠠᠯ ᠭᠠᠷᠭᠠᠭᠰᠠᠨ ᠪᠠᠶᠢᠨ᠎ᠠ᠃ ᠲᠠᠭᠠᠳᠬᠠᠯ ᠤᠨ ᠺᠤᠮᠫᠠᠨᠢ ︽ᠬᠤᠤᠰ ᠰᠢᠩᠭᠡᠭᠡᠯᠳᠡ︾᠎ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ        11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠲᠠᠭᠠᠳᠬᠠᠯ ᠤᠨ ᠺᠤᠮᠫᠠᠨᠢ ᠶᠢᠨ ᠪᠤᠷᠤᠯᠠᠭᠤᠯᠭ᠎ᠠ ᠶᠢᠨ ᠠᠵᠢᠯᠯᠠᠭ᠎ᠠ ᠶᠢ ᠬᠠᠷᠭᠤᠭᠤᠯᠬᠤ ᠬᠠᠮᠢᠶᠠᠷᠤᠯᠳᠠ ᠶᠢᠨ ᠲᠦᠷ ᠬᠡᠷᠡᠭᠵᠢᠭᠦᠯᠭᠦ ᠠᠷᠭ᠎ᠠ︾᠎ ᠳᠤ᠂ ᠲᠠᠭᠠᠳᠬᠠᠯ ᠤᠨ ᠺᠤᠮᠫᠠᠨᠢ᠂ ᠲᠠᠭᠠᠳᠬᠠᠯ ᠤᠨ ᠵᠠᠭᠤᠴᠢ ᠪᠠᠶᠢᠭᠤᠯᠤᠮᠵᠢ ᠲᠠᠭᠤ ᠰᠢᠩᠭᠡᠭᠡᠭᠦ ᠲᠦᠷᠰᠦ ᠰᠢᠩᠭᠡᠭᠡᠭᠦ ᠵᠡᠷᠭᠡ ᠮᠡᠷᠭᠡᠵᠢᠯ ᠤᠨ ᠠᠷᠭ᠎ᠠ ᠬᠡᠯᠪᠡᠷᠢ ᠪᠠᠷ᠂ ᠲᠠᠭᠠᠳᠬᠠᠯ ᠤᠨ ᠪᠤᠷᠤᠯᠠᠭᠤᠯᠭ᠎ᠠ ᠶᠢᠨ ᠶᠠᠪᠤᠴᠠ ᠳᠠᠬᠢ ᠵᠠᠩᠬᠢᠯᠠᠭ᠎ᠠ ᠶᠢᠨ ᠭᠤᠭᠴᠤᠭ᠎ᠠ ᠶᠢ ᠲᠡᠮᠳᠡᠭᠯᠡᠨ ᠬᠤᠷᠢᠶᠠᠵᠦ᠂ ᠪᠤᠷᠤᠯᠠᠭᠤᠯᠭ᠎ᠠ ᠶᠢᠨ ᠶᠠᠪᠤᠴᠠ ᠶᠢ ᠲᠠᠬᠢᠨ ᠬᠠᠷᠭᠤᠭᠤᠯᠵᠦ ᠦᠵᠡᠭᠦ᠂ ᠴᠢᠬᠤᠯᠠ ᠰᠤᠷᠠᠭ ᠵᠠᠩᠬᠢ ᠶᠢ ᠠᠰᠠᠭᠤᠨ ᠯᠠᠪᠯᠠᠬᠤ᠂ ᠠᠰᠠᠭᠤᠳᠠᠯ ᠤᠨ ᠬᠠᠷᠢᠭᠤᠴᠠᠯᠭ᠎ᠠ ᠶᠢ ᠲᠤᠳᠤᠯᠠᠬᠤ ᠶᠢ ᠪᠡᠶᠡᠯᠡᠭᠦᠯᠬᠦ ᠬᠡᠷᠡᠭᠲᠡᠢ᠃ ᠲᠠᠭᠠᠳᠬᠠᠯ ᠪᠤᠷᠤᠯᠠᠭᠤᠯᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠲᠠᠭᠤ ᠰᠢᠩᠭᠡᠭᠡᠯᠳᠡ ᠲᠦᠷᠰᠦ ᠰᠢᠩᠭᠡᠭᠡᠯᠳᠡ ᠨᠢ ᠬᠠᠮᠢᠶ᠎ᠠ ᠪᠦᠭᠦᠢ ᠲᠤᠬᠠᠶᠢᠢᠯᠠᠭᠰᠠᠨ ᠠᠵᠢᠯ ᠤᠨ ᠲᠦᠷᠢᠮ ᠤᠨ ᠱᠠᠭᠠᠷᠳᠠᠯᠭ᠎ᠠ ᠳᠤ ᠲᠤᠬᠢᠷᠠᠯᠴᠠᠭᠰᠠᠨ ᠪᠠᠶᠢᠵᠦ᠂ ᠰᠢᠩᠭᠡᠭᠡᠵᠦ ᠲᠠᠭᠤᠰᠤᠭᠰᠠᠨ ᠤ ᠲᠠᠷᠠᠭ᠎ᠠ ᠶᠠᠮᠠᠷᠴᠤ ᠬᠡᠯᠪᠡᠷᠢ ᠪᠠᠷ ᠡᠰᠭᠡᠵᠦ ᠨᠠᠶᠢᠷᠠᠭᠤᠯᠵᠦ ᠪᠤᠯᠬᠤ ᠦᠭᠡᠢ ᠭᠡᠵᠦ ᠳᠤᠭᠲᠠᠭᠠᠭᠰᠠᠨ ᠪᠠᠶᠢᠨ᠎ᠠ᠃ ᠦᠨ᠎ᠡ ᠬᠠᠶᠠᠯᠴᠠᠭᠴᠢ ᠪᠤᠰᠤ ᠬᠦᠮᠦᠨ ᠢ ᠬᠦᠯᠦᠰᠤᠯᠡᠨ ᠦᠨ᠎ᠡ ᠬᠠᠶᠠᠯᠴᠠᠭᠤᠯᠪᠠᠯ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ        ︽ᠦᠨ᠎ᠡ ᠬᠠᠶᠠᠯᠴᠠᠨ ᠬᠤᠳᠠᠯᠳᠤᠬᠤ ᠬᠢᠨᠠᠨ ᠬᠠᠮᠢᠶᠠᠷᠤᠯᠳᠠ ᠶᠢᠨ ᠠᠷᠭ᠎ᠠ︾᠎ ᠶᠢ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠠᠷᠭ᠎ᠠ︾᠎ ᠳᠤ᠂ ᠨᠠᠶᠢᠳᠠᠭᠴᠢ ᠠᠴᠠ ᠲᠤᠰ ᠤᠳᠠᠭᠠᠨ ᠤ ᠦᠨ᠎ᠡ ᠬᠠᠶᠠᠯᠴᠠᠨ ᠬᠤᠳᠠᠯᠳᠤᠬᠤ ᠠᠵᠢᠯᠯᠠᠭ᠎ᠠ ᠳᠤ ᠦᠨ᠎ᠡ ᠬᠠᠶᠠᠯᠴᠠᠨ ᠬᠤᠳᠠᠯᠳᠤᠬᠤ ᠪᠤᠶᠤ ᠪᠤᠰᠤᠳ ᠲᠤ ᠨᠠᠶᠢᠳᠠᠵᠦ ᠦᠨ᠎ᠡ ᠬᠠᠶᠠᠯᠴᠠᠨ ᠬᠤᠳᠠᠯᠳᠤᠵᠦ ᠪᠤᠯᠬᠤ ᠦᠭᠡᠢ᠃ ᠦᠨ᠎ᠠ ᠬᠠᠶᠠᠯᠴᠠᠨ ᠬᠤᠳᠠᠯᠳᠤᠭᠴᠢ ‍ᠦᠨ᠎ᠡ ᠬᠠᠶᠠᠯᠴᠠᠭᠴᠢ ᠪᠤᠰᠤ ᠬᠦᠮᠦᠨ ᠢᠶᠠᠷ ᠦᠨ᠎ᠡ ᠬᠠᠶᠠᠯᠴᠠᠨ ᠬᠤᠳᠠᠯᠳᠤᠬᠤ ᠠᠵᠢᠯᠯᠠᠭ᠎ᠠ ᠶᠢ ᠬᠦᠳᠦᠯᠦᠭᠦᠯᠪᠡᠯ᠂ ᠠᠷᠠᠯᠵᠢᠶ᠎ᠠ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠩᠭᠤᠳᠬᠤ ᠶᠢᠨ ᠬᠠᠮᠳᠤ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠦ ᠪᠤᠯᠤᠨ᠎ᠠ ᠭᠡᠵᠦ ᠲᠤᠭᠳᠠᠭᠠᠵᠠᠢ᠃ ᠠᠵᠢᠯ ᠤᠨ ᠲᠠᠷᠠᠭᠠᠯᠠᠯ ᠢ ᠲᠦᠭᠦᠮᠴᠢᠯᠡᠵᠦ ᠭᠠᠶᠢᠯᠢ ᠲᠤᠰᠢᠶᠠᠬᠤ ᠠᠵᠢᠯ ᠤᠨ ᠦᠷ᠎ᠡ ᠪᠦᠳᠤᠮᠵᠢ ᠶᠢ ᠲᠡᠭᠡᠭᠰᠢᠯᠡᠭᠦᠯᠦᠨ᠎ᠡ        ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠲᠤᠷᠭᠠᠭᠤᠯᠢ ᠶᠢᠨ ᠲᠤᠭᠳᠠᠭᠠᠯ ᠤᠨ ᠪᠢᠴᠢᠭ ︵ᠲᠦᠭᠦᠮ︶︾᠎ ᠢ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠃ ᠡᠭᠦᠨ ᠠᠴᠠ ᠡᠮᠤᠨ᠎ᠡ᠂ ᠲᠦᠭᠦᠮ ᠲᠤᠷᠭᠠᠭᠤᠯᠢ ᠶᠢᠨ ᠲᠡᠰ ᠲᠡᠷᠠᠭᠠᠯᠠᠯ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ︽ᠦᠮᠦᠭᠯᠡᠨ ᠲᠤᠭᠠᠴᠢᠬᠤ ᠲᠡᠮᠳᠡᠭᠯᠡᠯ︾᠎ ᠢ ᠡᠷᠭᠡᠪᠰᠢ ᠲᠠᠭᠯᠠᠵᠦ᠂ ᠲᠠᠷᠠᠭ᠎ᠠ ᠨᠢ ︽ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠲᠤᠷᠭᠠᠭᠤᠯᠢ ᠶᠢᠨ ᠲᠤᠭᠳᠠᠭᠠᠯ ᠤᠨ ᠪᠢᠴᠢᠭ ︵ᠲᠦᠭᠦᠮ︶︾᠎ ᠢ ᠭᠠᠷᠭᠠᠵᠦ᠂ ᠲᠠᠬᠢᠨ ︽ᠭᠠᠶᠢᠯᠢ ᠶᠢᠨ ᠶᠠᠪᠤᠳᠠᠯ ᠤᠨ ᠪᠢᠴᠢᠭ ᠮᠠᠲ᠋ᠧᠷᠢᠶᠠᠯ ᠢ ᠬᠦᠷᠭᠡᠭᠰᠡᠨ ᠬᠠᠷᠢᠭᠤ ᠭᠡᠷᠡᠴᠢ︾᠎ ᠶᠢ ᠦᠢᠯᠡᠳᠴᠤ᠂ ᠲᠡᠰ ᠲᠠᠷᠠᠭᠠᠯᠠᠯ ᠨᠢ ᠲᠤᠩ ᠨᠠᠷᠢᠨ ᠪᠤᠳᠤᠯᠢᠶᠠᠨᠳᠠᠢ ᠪᠠᠶᠢᠪᠠ᠃ ᠵᠠᠰᠠᠪᠤᠷᠢ ᠤᠷᠤᠭᠤᠯᠤᠭᠰᠠᠨ ᠤ ᠲᠠᠷᠠᠭᠠᠬᠢ ᠠᠷᠭ᠎ᠠ ᠨᠢ ᠭᠠᠶᠢᠯᠢ ᠲᠤᠰᠢᠶᠠᠭᠴᠢ ᠶᠢᠨ ᠲᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠵᠦ᠂ ᠭᠠᠶᠢᠯᠢ ᠲᠤᠰᠢᠶᠠᠬᠤ ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠭᠦᠯᠭᠦ ᠪᠤᠯᠤᠨ᠎ᠠ᠃ ᠲᠠᠷᠢᠶᠠᠨ ᠭᠠᠵᠠᠷ ᠲᠤ ᠪᠤᠵᠠᠷ ᠰᠢᠪᠠᠷ ᠵᠡᠷᠭᠡ ᠬᠠᠳᠠᠭᠤ ᠪᠡᠶᠡᠳᠦ ᠬᠠᠶᠠᠭᠳᠠᠮᠠᠯ ᠢ ᠬᠠᠶᠠᠬᠤ ᠶᠢ ᠴᠠᠭᠠᠵᠠᠯᠠᠨ᠎ᠠ        11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠲᠠᠷᠢᠶᠠᠨ ᠭᠠᠵᠠᠷ ᠤᠨ ᠬᠦᠷᠦᠰᠦ ᠰᠢᠷᠤᠢ ᠶᠢᠨ ᠤᠷᠴᠢᠨ ᠲᠤᠭᠤᠷᠢᠨ ᠤ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠭᠦ︶︾᠎ ᠳᠤ᠂ ᠲᠠᠷᠢᠶᠠᠨ ᠭᠠᠵᠠᠷ ᠲᠤ ᠪᠤᠵᠠᠷ ᠰᠢᠪᠠᠷ᠂ ᠬᠦᠳᠡᠷ ᠤᠨ ᠰᠢᠭᠠᠷᠤ ︵ᠬᠡᠮᠭᠡᠷᠭᠡᠢ︶ ᠵᠡᠷᠭᠡ ᠬᠦᠷᠦᠰᠦ ᠰᠢᠷᠤᠢ ᠶᠢ ᠪᠤᠬᠢᠷᠳᠤᠭᠤᠯᠬᠤ ᠬᠠᠳᠠᠭᠤ ᠪᠡᠶᠡᠳᠦ ᠬᠠᠶᠠᠭᠳᠠᠮᠠᠯ ᠢ ᠭᠠᠳᠠᠭᠰᠢᠯᠠᠭᠤᠯᠬᠤ᠂ ᠴᠢᠳᠬᠤᠬᠤ᠂ ᠬᠡᠷᠡᠭᠯᠡᠵᠦ ᠪᠤᠯᠬᠤ ᠦᠭᠡᠢ ᠬᠡᠵᠦ ᠲᠤᠬᠳᠠᠭᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号