| | | | ᠰᠢᠨᠬᠤᠧᠠ ᠬᠤᠷᠢᠶ᠎ᠠ ᠪᠡᠭᠡᠵᠢᠩ ᠤᠨ 11 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ | ᠦᠷᠨᠢᠯᠳᠠ ᠭᠠᠷᠭᠠᠬᠤ ᠶᠢᠨ ᠲᠦᠯᠤᠬᠡ᠂ ᠨᠠᠮ ᠤᠨ ᠲᠦᠪ ᠬᠤᠷᠢᠶ᠎ᠠ ᠠᠴᠠ ᠲᠦᠪ ᠤᠨ ᠤᠬᠠᠭᠤᠯᠬᠤ ᠬᠡᠯᠳᠡᠰ | ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠦᠪ ᠤᠨ ᠤᠬᠠᠭᠤᠯᠤᠨ ᠲᠠᠶᠢᠢᠯᠪᠤᠷᠢᠯᠠᠬᠤ ᠪᠦᠯᠬᠦᠮ | ᠪᠠᠶᠢᠢᠭᠤᠯᠬᠤ ᠪᠠᠷ ᠲᠤᠭᠳᠠᠪᠠ᠃ | ᠤᠶᠢᠢᠯᠠᠭᠠᠬᠰᠠᠨ ᠢᠶᠠᠷ᠂ ᠲᠦᠪ ᠤᠨ ᠤᠬᠠᠭᠤᠯᠤᠨ ᠲᠠᠶᠢᠢᠯᠪᠤᠷᠢᠯᠠᠬᠤ ᠪᠦᠯᠬᠦᠮ ᠨᠢ ᠭᠤᠤᠯᠳᠠᠭᠤ ᠨᠠᠮ ᠤᠨ | ᠠᠷᠪᠠ ᠶᠢᠰᠤᠳᠤᠭᠡᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤ ᠤᠷᠤᠯᠴᠠᠬᠰᠠᠨ ᠬᠤᠯᠪᠤᠬᠳᠠᠯ | ᠪᠦᠬᠦᠢ ᠨᠦᠬᠦᠳ ᠢᠶᠠᠷ ᠪᠦᠷᠢᠯᠳᠤᠵᠤ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ | ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠰᠠᠬᠢᠯᠭ᠎ᠠ ᠪᠠᠳᠤ ᠪᠠᠶᠢᠢᠴᠠᠭᠠᠬᠤ | ᠬᠤᠷᠢᠶᠠᠨ ᠤ ᠲᠡᠳ᠋ ᠱᠦᠵᠢ ᠶᠠᠩ ᠰᠢᠶᠤᠤ ᠳ᠋ᠦ᠋᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ | ᠲᠤᠪᠴᠢᠶᠠᠨ ᠤ ᠬᠡᠰᠢᠬᠦᠨ᠂ ᠴᠦᠩᠴᠢᠩ ᠬᠤᠳᠠ ᠶᠢᠨ ᠨᠠᠮ ᠤᠨ ᠬᠤᠷᠢᠶᠠᠨ ᠤ ᠱᠦᠵᠢ ᠴᠧᠨ ᠮᠢᠨ ᠡᠯ᠂ ᠨᠠᠮ ᠤᠨ | ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ | ᠱᠦᠵᠢ᠂ ᠲᠦᠪ ᠤᠨ ᠤᠬᠠᠭᠤᠯᠬᠤ ᠬᠡᠯᠳᠡᠰ ᠤᠨ ᠲᠠᠷᠤᠭ᠎ᠠ ᠬᠤᠧᠠᠩ ᠺᠦᠨ ᠮᠢᠩ ᠵᠡᠷᠬᠡ ᠨᠡᠶᠢᠢᠳᠠ 36 | ᠨᠦᠬᠦᠳ ᠢᠶᠠᠷ ᠪᠦᠷᠢᠯᠳᠤᠵᠠᠢ᠃ | 1 ᠤ ᠡᠳᠤᠷ ᠠᠴᠠ ᠡᠬᠢᠯᠠᠵᠤ᠂ ᠲᠦᠪ ᠤᠨ ᠤᠬᠠᠭᠤᠯᠤᠨ ᠲᠠᠶᠢᠢᠯᠪᠤᠷᠢᠯᠠᠬᠤ ᠪᠦᠯᠬᠦᠮ ᠤᠨ ᠪᠦᠷᠢᠯᠳᠤᠬᠦᠨ | ᠬᠠᠮᠳᠤᠪᠡᠷ ᠬᠢᠴᠢᠶᠠᠯ ᠪᠡᠯᠡᠳᠬᠡᠨ᠎ᠠ᠃ ᠤᠯᠠᠨ ᠢᠶᠠᠷ ᠢᠶᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ | ᠰᠠᠨᠠᠭ᠎ᠠ ᠶᠢ ᠬᠦᠨᠵᠡᠬᠡᠢ ᠰᠤᠷᠤᠯᠴᠠᠨ ᠤᠶᠢᠢᠯᠠᠭᠠᠵᠤ᠂ ᠨᠠᠮ ᠤᠨ ᠠᠷᠪᠠᠨ ᠶᠢᠰᠤᠳᠤᠭᠡᠷ ᠶᠡᠭᠡ ᠬᠤᠷᠠᠯ ᠠᠴᠠ | ᠲᠤᠷᠠᠳᠤᠬᠰᠠᠨ ᠠᠯᠢ ᠤᠯᠠᠨ ᠰᠢᠨ᠎ᠠ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠳᠠ᠂ ᠴᠢᠬᠤᠯᠠ ᠮᠠᠭᠠᠳᠯᠠᠯᠲᠠ᠂ | ᠴᠢᠬᠤᠯᠠ ᠠᠷᠭ᠎ᠠ ᠬᠡᠮᠵᠢᠶ᠎ᠠ ᠪᠠᠷ ᠭᠤᠤᠯᠯᠠᠭᠤᠯᠵᠤ᠂ ᠤᠳᠤᠬᠠᠨ ᠤ ᠺᠠᠳ᠋ᠷ ᠤᠯᠠᠨ ᠲᠦᠮᠡᠨ ᠤ ᠰᠤᠷᠤᠯᠴᠠᠨ | ᠲᠤᠤᠱᠯᠠᠭᠤᠯᠬᠤ ᠶᠠᠪᠤᠴᠠ ᠳᠤ ᠨᠡᠶᠢᠢᠳᠡᠮ ᠠᠩᠬᠠᠷᠤᠯ ᠲᠠᠯᠪᠢᠵᠤ ᠪᠠᠶᠢᠢᠭ᠎ᠠ ᠬᠠᠯᠠᠮᠰᠢᠯ ᠠᠰᠠᠭᠤᠳᠠᠯ ᠪᠤᠯᠤᠨ ᠤᠷᠤᠰᠢᠵᠤ | ᠪᠠᠶᠢᠢᠭ᠎ᠠ ᠦᠵᠡᠯ ᠰᠠᠨᠠᠭᠠᠨ ᠤ ᠲᠦᠭᠡᠷᠢᠭᠳᠡᠯ ᠢᠶᠠᠷ ᠭᠤᠤᠯᠯᠠᠭᠤᠯᠵᠤ᠂ ᠬᠦᠨᠵᠡᠬᠡᠢ ᠰᠡᠳᠬᠢᠬᠦ ᠪᠠ ᠰᠤᠳᠤᠯᠤᠨ | ᠶᠠᠷᠢᠯᠴᠠᠵᠤ᠂ ᠤᠬᠠᠭᠤᠯᠤᠨ ᠲᠠᠶᠢᠢᠯᠪᠤᠷᠢᠯᠠᠬᠤ ᠡᠬᠡ ᠪᠢᠴᠢᠭ ᠢᠶᠠᠨ ᠨᠠᠷᠢᠨ ᠬᠢᠨᠠᠮᠠᠭᠠᠢ ᠪᠡᠯᠡᠳᠬᠡᠵᠤ᠂ ᠪᠤᠳᠠᠳᠠᠢ ᠲᠠᠢ | ᠨᠡᠩ ᠰᠠᠶᠢᠢᠨ ᠤᠶᠠᠯᠳᠤᠭᠤᠯᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠢᠭ᠎ᠠ ᠠᠰᠠᠭᠤᠳᠠᠯ ᠳᠤ ᠬᠠᠷᠢᠭᠤ | ᠦᠭᠴᠤ᠂ ᠤᠬᠠᠭᠤᠯᠤᠨ ᠲᠠᠶᠢᠢᠯᠪᠤᠷᠢᠯᠠᠬᠤ ᠴᠢᠭᠯᠡᠯᠳᠤ ᠴᠢᠨᠠᠷ ᠪᠤᠯᠤᠨ ᠪᠤᠳᠠᠳᠠᠢ ᠦᠷ᠎ᠠ ᠪᠦᠲᠦᠮᠵᠢᠲᠦ ᠴᠢᠨᠠᠷ ᠢ | ᠲᠡᠭᠡᠭᠰᠢᠯᠡᠬᠦᠯᠬᠦ ᠪᠠᠷ ᠪᠠᠶᠢᠢᠨ᠎ᠠ᠃ ᠲᠦᠪ ᠤᠨ ᠤᠬᠠᠭᠤᠯᠤᠨ ᠲᠠᠶᠢᠢᠯᠪᠤᠷᠢᠯᠠᠬᠤ ᠪᠦᠯᠬᠦᠮ 5 ᠤ ᠡᠳᠤᠷ ᠠᠴᠠ ᠡᠬᠢᠯᠠᠵᠤ | ᠪᠦᠬᠦ ᠤᠯᠤᠰ ᠤᠨ ᠡᠯ᠎ᠠ ᠭᠠᠵᠠᠷ ᠲᠤ ᠬᠦᠷᠴᠦ ᠤᠬᠠᠭᠤᠯᠤᠨ ᠲᠠᠶᠢᠢᠯᠪᠤᠷᠢᠯᠠᠨᠠ᠃ | |